《ᠬᠠᠷᠢᠭᠤᠴᠠᠯᠭ᠎ᠠ ᠪᠣᠯ ᠳᠠᠷᠤᠢ ᠶᠡᠬᠡ ᠲᠠᠯ᠎ᠠ᠂ ᠡᠭᠦᠷᠭᠡ ᠪᠣᠯ ᠳᠠᠷᠤᠢ ᠬᠥᠳᠡᠯᠭᠡᠬᠦ᠌ ᠬᠦᠴᠦᠨ
ᠮᠥᠨ》᠃ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ
ᠶᠡᠬᠡ ᠬᠤᠷᠠᠯ᠎ᠤᠨ ᠢᠯᠡᠳᠭᠡᠯ᠎ᠢ ᠰᠣᠨᠣᠰᠤᠭᠠᠳ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ
ᠪᠠᠢᠭᠤᠯᠭ᠎ᠠ᠎ᠶ᠋ᠢᠨ ᠨᠠᠮ᠎ᠤᠨ ᠬᠣᠷᠢᠶᠠᠨ᠎ᠤ ᠲᠤᠰᠭᠠᠢ ᠲᠤᠱᠢᠶᠠᠯᠳᠦ ᠳᠡᠳ᠋ ᠱᠦᠵᠢ ᠾᠧᠦ ᠵᠢᠩ ᠮᠢᠨ᠄ 《2021 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ
ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ
ᠨᠠᠮ᠎ᠤᠨ ᠤᠳᠤᠷᠢᠳᠭᠤ ᠳᠤᠭᠤᠢᠯᠠᠩ ᠪᠦᠬᠦ᠌ ᠣᠷᠣᠨ᠎ᠤ ᠥᠷᠭᠡᠨ ᠤᠯᠠᠨ ᠰᠤᠷᠭᠠᠨ ᠬᠥᠮᠦᠵᠢᠯ᠎ᠦᠨ ᠠᠵᠢᠯᠲᠠᠳ᠎ᠢ ᠳᠠᠭᠠᠭᠤᠯᠤᠨ
ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠶ᠋ᠢ ᠰᠠᠢᠲᠤᠷ ᠲᠤᠭᠤᠱᠢᠯᠠᠭᠤᠯᠤᠨ
ᠨᠠᠢᠳᠠᠪᠤᠷᠢᠵᠢᠭᠤᠯᠬᠤ᠎ᠶ᠋ᠢ ᠲᠡᠷᠢᠭᠦᠨ ᠴᠢᠬᠤᠯᠠ ᠡᠭᠦᠷᠭᠡᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ
ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ
ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠬᠦ᠌᠂〈ᠬᠣᠶᠠᠷ᠎ᠢ ᠬᠦᠩᠭᠡᠷᠡᠭᠦᠯᠬᠦ〉ᠠᠵᠢᠯ ᠵᠢᠴᠢ ᠬᠡᠯᠪᠡᠢᠭᠦᠦ ᠦᠵᠡᠯ᠎ᠢ ᠵᠠᠯᠠᠷᠠᠭᠤᠯᠬᠤ ᠵᠡᠷᠭᠡ ᠲᠠᠯ᠎ᠠ᠎ᠪᠠᠷ ᠦᠷᠭᠦᠯᠵᠢᠯᠡᠨ ᠬᠦᠴᠦᠯᠡᠵᠦ᠍᠂
ᠢᠯᠡᠳᠲᠡ ᠦᠷ᠎ᠡ ᠪᠦᠲᠦᠮᠵᠢ ᠤᠯᠪᠠ᠃ ᠰᠤᠷᠭᠠᠨ ᠬᠥᠮᠦᠵᠢᠯ᠎ᠦᠨ ᠹᠷᠣᠨᠲᠲᠡᠬᠢ ᠨᠠᠮ᠎ᠤᠨ ᠠᠵᠢᠯᠲᠠᠨ ᠪᠣᠯᠤᠭ᠍ᠰᠠᠨ᠎ᠤ
ᠬᠤᠪᠢ᠎ᠳᠤ᠂ ᠪᠢ ᠨᠠᠩ ᠴᠢᠩᠭ᠎ᠠ ᠡᠭᠦᠷᠭᠡᠲᠦ ᠰᠡᠳᠭᠢᠯᠭᠡ᠂ ᠬᠠᠷᠢᠭᠤᠴᠠᠯᠭᠠᠲᠤ ᠰᠡᠳᠭᠢᠯᠭᠡ ᠪᠣᠯᠤᠨ ᠨᠠᠩ ᠤᠷᠬᠢᠯᠤᠮ᠎ᠠ
ᠰᠡᠳᠭᠢᠯᠭᠡ᠎ᠪᠡᠷ ᠥᠪᠥᠷ ᠮᠣᠩᠭᠣᠯ᠎ᠤᠨ ᠰᠤᠷᠭᠠᠨ ᠬᠥᠮᠦᠵᠢᠯ᠎ᠦᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢᠨ
ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠣᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠨ᠎ᠡ》 ᠭᠡᠪᠡ᠃
ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ
ᠬᠦᠭᠵᠢᠭᠦᠯᠦᠯᠲᠡ ᠲᠥᠯᠥᠪᠵᠢᠭᠦᠯᠭᠡ᠎ᠶ᠋ᠢᠨ ᠭᠠᠵᠠᠷ᠎ᠤᠨ ᠳᠠᠷᠤᠭ᠎ᠠ ᠶᠠᠨ ᠯᠢ ᠱᠢᠶᠠᠩ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠠᠵᠢᠯ ᠦᠷᠭᠦᠯᠵᠢᠯᠡᠨ
ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌᠎ᠪᠡᠷ ᠦᠨᠳᠦᠰᠦᠨ ᠡᠭᠦᠷᠭᠡ ᠪᠣᠯᠭᠠᠵᠤ᠂ 《ᠶᠠᠮᠠᠷ ᠬᠥᠮᠦᠨ᠎ᠢ ᠬᠥᠮᠦᠵᠢᠭᠦᠯᠬᠦ᠌᠂ ᠬᠥᠮᠦᠨ᠎ᠢ ᠬᠡᠷᠬᠢᠨ ᠬᠥᠮᠦᠵᠢᠭᠦᠯᠬᠦ᠌᠂ ᠬᠡᠨ᠎ᠦ ᠲᠥᠯᠥᠭᠡ
ᠬᠥᠮᠦᠨ᠎ᠢ ᠬᠥᠮᠦᠵᠢᠭᠦᠯᠬᠦ᠌》ᠦᠨᠳᠦᠰᠦᠨ ᠠᠰᠠᠭᠤᠳᠠᠯ᠎ᠤᠨ
ᠲᠣᠭᠣᠷᠢᠨ᠎ᠳᠤ᠂ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠢᠳᠠᠯ᠎ᠠᠴᠠ ᠡᠭᠦᠰᠴᠦ᠍᠂ ᠬᠠᠷᠠᠯᠲᠠ᠎ᠪᠠᠷ ᠤᠳᠤᠷᠢᠳᠤᠮᠵᠢ
ᠪᠣᠯᠭᠠᠬᠤ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ᠎ᠢᠶᠡᠷ ᠤᠳᠤᠷᠢᠳᠤᠮᠵᠢ ᠪᠣᠯᠭᠠᠬᠤ᠎ᠶ᠋ᠢ
ᠪᠠᠷᠢᠮᠲᠠᠯᠠᠨ᠂ ᠰᠤᠷᠭᠠᠨ ᠬᠥᠮᠦᠵᠢᠯ᠎ᠦᠨ ᠵᠢᠮ᠎ᠡ ᠶᠣᠰᠣ᠎ᠶ᠋ᠢ ᠵᠢᠷᠤᠮᠯᠠᠵᠤ᠂ ᠴᠢᠨᠠᠷ ᠰᠠᠢᠲᠠᠶ ᠰᠤᠷᠭᠠᠨ ᠬᠥᠮᠦᠵᠢᠯ᠎ᠦᠨ
ᠱᠢᠰᠲ᠋ᠧᠮ᠎ᠢ ᠲᠦᠷᠭᠡᠳᠭᠡᠨ ᠪᠠᠢᠭᠤᠯᠤᠨ᠎ᠠ ᠭᠡᠪᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠤᠷᠭᠠᠨ ᠬᠥᠮᠦᠵᠢᠯ᠎ᠦᠨ ᠠᠵᠢᠯ᠎ᠤᠨ ᠤᠳᠤᠷᠢᠳᠭᠤ ᠳᠤᠭᠤᠢᠯᠠᠩ᠎ᠤᠨ
ᠨᠠᠷᠢᠨ ᠪᠢᠴᠢᠭ᠎ᠦᠨ ᠳᠤᠭᠤᠢᠯᠠᠩ᠎ᠤᠨ ᠨᠠᠷᠢᠨ ᠪᠢᠴᠢᠭ᠎ᠤᠨ ᠭᠠᠵᠠᠷ᠎ᠤᠨ ᠳᠠᠷᠤᠭ᠎ᠠ ᠠᠨ ᠶᠦᠩ ᠮᠢᠩ᠂ ᠢᠯᠡᠳᠭᠡᠯ᠎ᠳᠡᠬᠢ《ᠴᠢᠨᠠᠷ ᠰᠠᠢᠲᠠᠢ ᠰᠤᠷᠭᠠᠨ ᠬᠥᠮᠦᠵᠢᠯ᠎ᠦᠨ ᠱᠢᠰᠲᠸᠮ᠎ᠢ ᠪᠠᠢᠭᠤᠯᠬᠤ》ᠪᠠᠢᠷᠢᠯᠠᠭᠤᠯᠤᠯᠲᠠ ᠪᠣᠯ ᠪᠦᠬᠦ᠌ ᠣᠷᠣᠨ᠎ᠤ ᠰᠤᠷᠭᠠᠨ ᠬᠥᠮᠦᠵᠢᠯ᠎ᠦᠨ ᠦᠢᠯᠡᠰ᠎ᠲᠦ ᠲᠤᠢᠯ᠎ᠤᠨ ᠶᠡᠬᠡ
ᠵᠣᠷᠢᠭ᠍ᠵᠢᠭᠤᠯᠤᠯ ᠪᠣᠯᠬᠤ ᠪᠥᠭᠡᠳ ᠰᠤᠷᠭᠠᠨ ᠬᠥᠮᠦᠵᠢᠯ᠎ᠦᠨ ᠠᠵᠢᠯ᠎ᠳᠤ ᠲᠠᠯᠪᠢᠭ᠍ᠰᠠᠨ ᠬᠦᠨᠳᠦ ᠬᠦᠰᠡᠯ ᠡᠷᠡᠮᠡᠯᠵᠡᠯ
ᠪᠣᠯᠤᠨ᠎ᠠ᠃ ᠨᠢᠭᠡ ᠲᠠᠯ᠎ᠠ᠎ᠪᠠᠷ᠂ ᠰᠤᠷᠭᠠᠨ ᠬᠥᠮᠦᠵᠢᠯ᠎ᠦᠨ ᠱᠢᠰᠲ᠋ᠧᠮ᠎ᠦᠨ ᠬᠢᠨ ᠨᠠᠮ᠎ᠤᠨ ᠲᠥᠯᠥᠭᠡ ᠬᠥᠮᠦᠨ ᠢ᠋
ᠬᠥᠮᠦᠵᠢᠭᠦᠯᠬᠦ᠌᠂ ᠤᠯᠤᠰ᠎ᠤᠨ ᠲᠥᠯᠥᠭᠡ ᠴᠢᠳᠠᠪᠤᠷᠢᠲᠠᠨ ᠢ᠋ ᠬᠥᠮᠦᠵᠢᠭᠦᠯᠬᠦ᠌᠎ᠶ᠋ᠢ ᠪᠠᠷᠢᠮᠲᠠᠯᠠᠵᠤ᠂ ᠠᠵᠤ ᠠᠬᠤᠢ᠎ᠶ᠋ᠢᠨ
ᠴᠢᠨᠠᠷ ᠰᠠᠢᠲᠠᠢ ᠬᠥᠭ᠌ᠵᠢᠯᠲᠡ᠂ ᠠᠮᠢ ᠠᠬᠤᠢ ᠣᠷᠴᠢᠨ ᠲᠣᠭᠣᠷᠢᠨ᠎ᠤ ᠥᠨᠳᠥᠷ ᠲᠦᠪᠱᠢᠨ ᠪᠦᠬᠦᠢ ᠬᠠᠮᠠᠭᠠᠯᠠᠯᠲᠠ᠂
ᠠᠷᠠᠳ ᠤᠯᠠᠨ᠎ᠤ ᠴᠢᠨᠠᠷ ᠰᠠᠢᠲᠠᠢ ᠠᠮᠢᠳᠤᠷᠠᠯ᠂ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠥᠨᠳᠥᠷ
ᠪᠦᠲᠦᠮᠵᠢᠲᠡᠢ ᠵᠠᠰᠠᠯᠲᠠ᠎ᠶ᠋ᠢᠨ ᠬᠠᠷᠠᠯᠲᠠ᠎ᠶ᠋ᠢ ᠪᠡᠶᠡᠯᠡᠭᠦᠯᠬᠦ᠌᠎ᠳᠦ ᠴᠢᠳᠠᠪᠤᠷᠢᠲᠠᠨ᠎ᠤ ᠲᠤᠯᠭᠠᠭᠤᠷᠢᠯᠠᠯ ᠪᠠ
ᠤᠶᠤᠨ᠎ᠤ ᠳᠡᠮᠵᠢᠯᠭᠡ᠎ᠶ᠋ᠢ ᠲᠠᠰᠤᠷᠠᠯᠳᠠ ᠦᠭᠡᠢ ᠬᠠᠩᠭᠠᠨ᠎ᠠ᠃ ᠨᠦᠬᠦᠭᠡ ᠲᠠᠯ᠎ᠠ᠎ᠪᠠᠷ᠂《ᠴᠢᠨᠠᠷ ᠰᠠᠢᠲᠠᠢ ᠰᠤᠷᠭᠠᠨ ᠬᠥᠮᠦᠵᠢᠯ᠎ᠦᠨ ᠱᠢᠰᠲ᠋ᠧᠮ᠎ᠢ ᠪᠠᠢᠭᠤᠯᠬᠤ》ᠡᠨᠡ ᠬᠦ᠌ ᠭᠣᠣᠯ ᠰᠡᠳᠦᠪ᠎ᠢ ᠲᠤᠪᠤᠢ᠌ᠯᠭᠠᠨ᠂《ᠳᠤᠮᠳᠠᠳᠤᠶ᠋ᠢᠨᠦᠨᠳᠦᠰᠦᠲᠡᠨᠦᠬᠠᠮᠲᠤᠶ᠋ᠢᠨᠴᠣᠭ᠍ᠴᠠᠶ᠋ᠢᠨᠤᠬᠠᠮᠰᠠᠷᠢ ᠪᠠᠲᠤ ᠴᠣᠭ᠍ᠴᠠᠯᠠᠬᠤ》ᠡᠨᠡ ᠬᠦ᠌ ᠭᠣᠣᠯ ᠰᠢᠵᠢᠮ᠎ᠢᠶᠡᠷ ᠭᠣᠣᠯᠳᠠᠭᠤᠯᠵᠤ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ
ᠴᠢᠩᠭᠠᠳᠭᠠᠨ᠂ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌ ᠦᠨᠳᠦᠰᠦᠨ ᠡᠭᠦᠷᠭᠡ᠎ᠶ᠋ᠢ ᠨᠠᠢᠳᠠᠪᠤᠷᠢᠵᠢᠭᠤᠯᠵᠤ᠂
ᠰᠤᠷᠭᠠᠨ ᠬᠥᠮᠦᠵᠢᠯ᠎ᠦᠨ ᠣᠳᠣᠬᠢᠴᠢᠯᠠᠯᠲᠠ᠎ᠶ᠋ᠢ ᠲᠦᠷᠭᠡᠳᠭᠡᠨ᠂ ᠠᠷᠠᠳ ᠲᠦᠮᠡᠨ ᠰᠡᠳᠭᠢᠯ ᠬᠠᠨᠤᠮᠵᠢᠲᠠᠢ ᠰᠤᠷᠭᠠᠨ
ᠬᠥᠮᠦᠵᠢᠯ᠎ᠢ ᠴᠢᠷᠮᠠᠢᠨ ᠰᠠᠢᠲᠤᠷ ᠡᠷᠬᠢᠯᠡᠨ᠎ᠡ ᠭᠡᠵᠦ ᠬᠡᠯᠡᠨ᠎ᠡ᠃