ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ᠌ ᠵᠥᠪᠯᠡᠯ᠄《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠎ᠤ᠋ ᠡᠷᠬᠢᠮ ᠳᠡᠭᠡᠳᠦ ᠢᠷᠠᠭᠤ ᠠᠯᠳᠠᠷ᠎ᠢ ᠪᠦᠬᠦ᠌ ᠬᠦᠴᠦᠨ᠎ᠢᠶᠠᠷ᠎ᠢᠶᠠᠨ ᠰᠠᠢᠲᠤᠷ ᠬᠠᠮᠠᠭᠠᠯᠠᠨ᠎ᠠ
2021-12-01 09:39:57
ᠵᠣᠬᠢᠶᠠᠭ᠍ᠴᠢ᠄
ᠯᠢ ᠼᠦᠨ ᠱᠢᠶᠠ
ᠣᠩᠱᠢᠭ᠍ᠰᠠᠨ ᠣᠳᠠᠭ᠎ᠠ᠄
★★★☆☆

11ᠰᠠᠷ᠎ᠠ᠎ᠶ᠋ᠢᠨ 27 ᠎ᠤ᠋ ᠦᠳᠡ᠎ᠶ᠋ᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠦᠪᠡᠳᠡᠭ᠌ᠰᠢ ᠶᠡᠭᠡ᠎ᠪᠠᠷ ᠡᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ᠌ ᠵᠥᠪᠯᠡᠯ᠎ᠤᠨ ᠨᠠᠮ᠎ᠤᠨ ᠭᠡᠱᠢᠭᠦᠨ ᠺᠠᠳ᠋ᠷ ᠠᠵᠢᠯᠲᠠᠨ ᠲᠧᠯᠸᠢᠰ᠂ ᠰᠦᠯᠵᠢᠶ᠎ᠡ᠂ ᠭᠠᠷ ᠤᠲᠠᠰᠤ ᠵᠡᠷᠭᠡ ᠣᠯᠠᠨ ᠵᠦᠶ᠋ᠯ᠎ᠤᠨ ᠠᠷᠭ᠎ᠠ ᠬᠡᠯᠪᠡᠷᠢ᠎ᠪᠠᠷ ᠨᠠᠮ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ᠎ᠦᠪᠡᠳᠡᠭ᠌ᠰᠢ᠎ᠪᠠᠢᠳᠠᠯ᠎ᠢ᠎ᠭᠥᠯᠢᠶᠡᠨ ᠠᠪᠴᠤ᠌ ᠦᠵᠡᠵᠦ᠍᠂ ᠨᠠᠮ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠮᠡᠳᠡᠭᠦᠯᠦᠯᠲᠡ᠎ᠶ᠋ᠢ ᠨᠠᠷᠢᠨ ᠬᠢᠨᠠᠮᠠᠭᠠᠶ ᠰᠣᠨᠣᠰᠪᠠ᠃

ᠣᠯᠠᠨ᠎ᠢᠶᠠᠷ᠎ᠢᠶᠠᠨ᠂ ᠨᠠᠮ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠢᠯᠡᠳᠭᠡᠯ᠎ᠳᠤ ᠥᠪᠥᠷ ᠮᠣᠩᠭᠤᠯ᠎ᠤᠨ ᠥᠩᠭᠡᠷᠡᠭ᠌ᠰᠡᠨ ᠲᠠᠪᠤᠨ ᠵᠢᠯ᠎ᠤᠨ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ ᠪᠣᠯᠤᠨ ᠠᠮᠵᠢᠯᠲᠠ᠎ᠲᠠᠢ ᠲᠤᠷᠱᠢᠯᠭ᠎ᠠ᠎ᠶ᠋ᠢ ᠪᠥᠬᠦ᠌ ᠲᠠᠯ᠎ᠠ᠎ᠪᠠᠷ ᠳ᠋ᠦᠩᠨᠡᠵᠦ᠍᠂ ᠢᠷᠡᠬᠦ᠌ ᠲᠠᠪᠤᠨ ᠵᠢᠯ᠎ᠤᠨ ᠬᠥᠭ᠌ᠵᠢᠯᠲᠡ᠎ᠶ᠋ᠢᠨ ᠰᠡᠳᠭᠢᠴᠡ ᠪᠣᠯᠤᠨ ᠪᠡᠶᠡᠯᠡᠭᠦᠯᠬᠦ᠌ ᠠᠷᠭ᠎ᠠ ᠵᠠᠮ᠎ᠢ ᠲᠣᠳᠣᠷᠬᠠᠶ ᠳᠤᠷᠠᠳᠴᠤ᠌᠂ ᠠᠯᠤᠰ ᠬᠡᠲᠦ᠍᠎ᠶ᠋ᠢᠨ ᠵᠣᠷᠢᠯᠲᠠ᠎ᠲᠠᠢ ᠪᠠᠢᠵᠤ᠂ ᠬᠥᠮᠦᠰ᠎ᠢ ᠤᠷᠮᠠᠱᠢᠭᠤᠯᠤᠨ ᠵᠤᠷᠢᠬᠵᠢᠭᠤᠯᠵᠤ᠂ ᠮᠠᠨ᠎ᠤ ᠣᠷᠣᠨ᠎ᠤ ᠡᠯ᠎ᠡ ᠵᠦᠶ᠋ᠯ᠎ᠤᠨ ᠠᠵᠢᠯ ᠦᠶ᠋ᠯᠡᠰ᠎ᠤᠨ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠡᠭᠦᠳᠬᠦ᠌ ᠎ᠳᠤ ᠴᠢᠬᠤᠯᠠ ᠶᠡᠭᠡ ᠠᠴᠢ ᠬᠤᠯᠪᠣᠭ᠍ᠳᠠᠯ᠎ᠲᠠᠢ ᠪᠠᠢᠵᠤ᠂  ᠪᠥᠬᠦ᠌ ᠣᠷᠣᠨ᠎ᠤ ᠦᠨᠳᠦᠰᠦᠲᠡᠨ᠎ᠨᠦᠭᠦᠳ᠎ᠤᠨ᠎ᠠᠷᠠᠳ᠎ᠲᠦᠮᠡᠨ᠎ᠤ᠎ᠰᠠᠬᠢᠨ᠎ᠪᠡᠷᠡᠯᠡᠵᠦ᠍ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠍᠂ ᠱᠢᠨ᠎ᠡ ᠴᠠᠭ ᠦᠶ᠎ᠡ᠎ᠶ᠋ᠢᠨ《ᠦᠵᠡᠰᠭᠦᠯᠡᠩᠲᠦ ᠰᠠᠢᠬᠠᠨ ᠥᠪᠥᠷ ᠮᠣᠩᠭᠤᠯ᠎ᠢᠶᠠᠨ ᠪᠥᠲᠥᠭᠡᠨ ᠪᠠᠢᠭᠤᠯᠵᠤ᠂ ᠠᠭᠤᠤ ᠶᠡᠭᠡ ᠳᠤᠮᠳᠠᠳᠤ᠎ᠶ᠋ᠢᠨ ᠵᠡᠭᠦᠳᠦ᠍᠎ᠪᠠᠨ ᠬᠠᠮᠲᠤ᠎ᠪᠠᠷ ᠲᠡᠷᠭᠡᠯᠱᠢᠭᠦᠯᠬᠦ᠌》ᠰᠦᠷᠯᠢᠭ ᠰᠠᠢᠬᠠᠨ ᠬᠠᠭᠤᠳᠠᠰᠤ᠎ᠶ᠋ᠢ ᠪᠢᠴᠢᠭ᠌ᠯᠡᠬᠦ᠌᠎ᠨᠢ ᠯᠠᠪᠲᠠᠶ ᠭᠡᠵᠦ᠍ ᠦᠵᠡᠵᠡᠭᠡᠪᠡ᠃

ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ᠌ ᠵᠥᠪᠯᠡᠯ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠂ ᠳᠡᠳ᠋ ᠡᠷᠬᠢᠯᠡᠭ᠌ᠴᠢ ᠶᠦᠨ ᠭᠦᠸᠧ ᠱᠧᠩ᠂ ᠨᠠᠮ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠢᠯᠡᠳᠭᠡᠯ᠎ᠳᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ ᠭᠡᠵᠦ᠍ ᠳᠤᠷᠠᠳᠪᠠ᠃ ᠪᠢᠳᠠ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠦᠨᠳᠦᠰᠦᠲᠡᠨ᠎ᠤ ᠠᠵᠢᠯ᠎ᠤᠨ ᠭᠤᠣᠯ ᠱᠢᠵᠢᠮ᠎ᠤᠨ ᠲᠣᠭᠤᠷᠢᠨ᠎ᠳᠤ᠂ ᠳᠤᠮᠳᠠᠳᠤ᠎ᠶ᠋ᠢᠨ ᠦᠨᠳᠦᠰᠦᠲᠡᠨ᠎ᠤ᠎ᠬᠠᠮᠲᠤ᠎ᠶ᠋ᠢᠨ᠎ᠤᠶᠤᠨ᠎ᠰᠠᠨᠠᠭᠠᠨ᠎ᠤ᠎ᠭᠡᠷ ᠣᠷᠣᠨ᠎ᠤ ᠪᠠᠢᠭᠤᠯᠤᠯᠲᠠ᠎ᠶ᠋ᠢ ᠠᠬᠢᠭᠤᠯᠬᠤ᠂ ᠦᠨᠳᠦᠰᠦᠲᠡᠨ ᠎ᠨᠦᠭᠦᠳ ᠎ᠤᠨ ᠎ᠨᠡᠢᠭᠡᠮ ᠎ᠵᠢᠷᠤᠮᠳᠤ ᠎ᠣᠳᠣᠬᠢᠴᠢᠯᠠᠯᠲᠠ ᠲᠡᠢᠰᠢ ᠬᠠᠮᠲᠤ᠎ᠪᠠᠷ᠎ᠤᠷᠤᠭ᠍ᠰᠢᠯᠠᠬᠤ᠎ᠶ᠋ᠢ ᠠᠬᠢᠭᠤᠯᠬᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ᠎ᠠᠭᠤᠰᠤᠯᠴᠠᠯ᠎ᠢ ᠠᠬᠢᠭᠤᠯᠬᠤ᠂ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌ ᠲᠠᠯ᠎ᠠ᠎ᠪᠠᠷ ᠦᠯᠢᠭᠡᠷ ᠳᠠᠭᠤᠷᠢᠶᠠᠯ ᠪᠤᠯᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠂ 《ᠵᠢᠱ᠌ᠢᠶᠡᠴᠢ ᠥᠪᠡᠷᠲᠡᠭᠡᠨ᠎ᠵᠠᠰᠠᠬᠤ᠎ᠣᠷᠣᠨ》ᠤ᠋᠎ᠡᠷᠬᠢᠮ᠎ᠳᠡᠭᠡᠳᠦ᠎ᠢᠷᠠᠭᠤ ᠠᠯᠳᠠᠷ᠎ᠢ ᠰᠠᠢᠲᠤᠷ ᠬᠠᠮᠠᠭᠠᠯᠠᠬᠤ᠎ᠳᠤ ᠬᠦᠴᠦᠨ ᠴᠢᠳᠠᠯ᠎ᠢᠶᠠᠨ ᠡᠷᠭᠦᠨ᠎ᠡ ᠭᠡᠪᠡ᠃

ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ᠌ ᠵᠥᠪᠯᠡᠯ᠎ᠤᠨ ᠬᠢᠨᠠᠯᠲᠠ ᠲᠠᠯᠪᠢᠵᠤ ᠪᠠᠢᠴᠠᠭᠠᠬᠤ ᠭᠠᠵᠠᠷ᠎ᠤᠨ ᠳᠠᠷᠤᠭ᠎ᠠ ᠯᠢ ᡁᠢ ᠲᠢᠶᠠᠨ᠄ 《ᠪᠢᠳᠡ ᠥᠪᠡᠷᠲᠡᠭᠡᠨ᠎ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠣᠬᠢᠷᠠᠭᠤᠯᠤᠯᠲᠠ ᠪᠠᠢᠷᠢᠯᠠᠭᠤᠯᠤᠯᠲᠠ ᠶᠣᠰᠣᠭᠠᠷ᠂ ᠳᠤᠮᠳᠠᠳᠤ᠎ᠶ᠋ᠢᠨ᠎ᠦᠨᠳᠦᠰᠦᠲᠡᠨ᠎ᠤ᠎ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠦ᠂ 〈ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠲᠦᠷᠢᠮ〉 ᠎ᠢ᠋ ᠭᠦᠨᠵᠡᠭᠡᠶ ᠲᠤᠭᠤᠱᠢᠯᠠᠭᠤᠯᠵᠤ᠂  ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠲᠥᠯᠥᠪᠵᠢᠭᠦᠯᠭᠡ᠎ᠶ᠋ᠢ ᠰᠠᠢᠲᠤᠷ ᠬᠡᠷᠡᠭ᠌ᠵᠢᠭᠦᠯᠵᠦ᠍᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠥᠷᠭᠡᠨ ᠳᠡᠯᠭᠡᠷ ᠶᠠᠪᠤᠯᠴᠠᠭ᠎ᠠ᠂ ᠪᠥᠬᠦ᠌ ᠲᠠᠯ᠎ᠠ᠎ᠶ᠋ᠢᠨ ᠰᠣᠯᠢᠯᠴᠠᠭ᠎ᠠ᠂ ᠭᠦᠨᠵᠡᠭᠡᠶ ᠠᠭᠤᠰᠤᠯᠴᠠᠯ᠎ᠢ ᠠᠬᠢᠭᠤᠯᠵᠤ᠂ 〈ᠵᠢᠱ᠌ᠢᠶᠡᠴᠢ ᠥᠪᠡᠷᠲᠡᠭᠡᠨ ᠵᠠᠰᠠᠬᠤ ᠣᠷᠣᠨ〉 ᠎ᠤ᠋ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠬᠠᠮᠠᠭᠠᠯᠠᠨ᠎ᠠ》 ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号