ᠳᠤᠮᠳᠠᠳᠤ ᠤᠯᠤᠰ᠎ᠤᠨ
ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ
ᠲᠥᠯᠥᠭᠡᠯᠡᠭ᠌ᠴᠢᠳ᠎ᠦᠨ ᠶᠡᠬᠡ ᠬᠤᠷᠠᠯ ᠡᠬᠢᠯᠡᠭ᠌ᠰᠡᠨ᠎ᠦ ᠲᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ
ᠬᠣᠷᠢᠶ᠎ᠠ ᠵᠢᠨ ᠰᠦᠯᠵᠢᠶᠡᠨ᠎ᠤ ᠠᠮᠤᠷ ᠲᠦᠪᠰᠢᠨ ᠪᠠ ᠮᠡᠳᠡᠭᠡ
ᠵᠠᠩᠭᠢᠵᠢᠯᠲᠠ ᠵᠢᠨ ᠬᠣᠷᠢᠶ᠎ᠠ ᠵᠢᠨ ᠠᠯᠪᠠᠨ ᠭᠡᠷ ᠳᠡᠭᠡᠳᠦ
ᠬᠡᠮᠵᠢᠶᠡᠨ᠎ᠦ ᠤᠯᠤᠰ ᠲᠦᠷᠦ᠍᠎ᠶ᠋ᠢᠨ ᠬᠠᠷᠢᠭᠤᠴᠠᠯᠭᠠᠲᠤ ᠰᠡᠳᠭᠢᠯᠭᠡ ᠪᠡᠷ ᠨᠠᠮ᠎ᠤᠨ ᠲᠥᠯᠥᠭᠡᠯᠡᠭ᠌ᠴᠢᠳ᠎ᠦᠨ ᠶᠡᠬᠡ
ᠬᠤᠷᠠᠯ᠎ᠤᠨ ᠰᠦᠯᠵᠢᠶᠡᠨ ᠳᠡᠭᠡᠷᠡᠬᠢ ᠤᠬᠠᠭᠤᠯᠭ᠎ᠠ᠎ᠶ᠋ᠢᠨ ᠠᠵᠢᠯ᠎ᠢ ᠰᠠᠢᠲᠤᠷ ᠬᠢᠬᠦ᠌᠎ᠶ᠋ᠢᠨ ᠬᠠᠮᠲᠤ ᠲᠡᠷᠡ ᠳᠠᠷᠤᠢ᠎ᠳᠤ᠎ᠨᠢ
ᠪᠦᠬᠦ᠌ ᠺᠠᠳ᠋ᠷᠴᠤᠳ᠎ᠤᠨ ᠶᠡᠬᠡ ᠬᠤᠷᠠᠯ᠎ᠢ ᠬᠤᠷᠠᠯᠳᠤᠭᠤᠯᠵᠤ᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ
ᠵᠣᠷᠢᠭ ᠰᠠᠨᠠᠭ᠎ᠠ᠎ᠶ᠋ᠢ ᠤᠯᠠᠮᠵᠢᠯᠠᠨᠰᠤᠷᠤᠯᠴᠠᠵᠤ᠂ᠣᠯᠤᠯᠲᠠᠲᠦᠷᠦᠭ᠌ᠳᠡᠯᠢᠶᠡᠨᠭᠦᠨᠵᠡᠭᠡᠢ ᠰᠣᠯᠢᠯᠴᠠᠵᠤ᠂
ᠲᠠᠷᠠᠭᠠᠴᠢ᠎ᠶ᠋ᠢᠨ ᠱᠠᠲᠤᠨ᠎ᠤ ᠢᠨᠲ᠋ᠸᠷ ᠰᠦᠯᠵᠢᠶᠡᠨ᠎ᠦ ᠮᠡᠳᠡᠭᠡ ᠵᠠᠩᠭᠢ᠎ᠶ᠋ᠢᠨ ᠠᠵᠢᠯ᠎ᠢ ᠲᠤᠬᠢᠷᠠᠭᠤᠯᠤᠨ ᠪᠠᠢᠷᠢᠯᠠᠭᠤᠯᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠦᠯᠵᠢᠶᠡᠨ᠎ᠦ ᠠᠮᠤᠷ ᠲᠦᠪᠱᠢᠨ ᠪᠠ ᠮᠡᠳᠡᠭᠡ ᠵᠠᠩᠭᠢᠵᠢᠯᠲᠠ ᠵᠢᠨ ᠬᠣᠷᠢᠶ᠎ᠠ ᠵᠢᠨ ᠠᠯᠪᠠᠨ ᠬᠡᠷ᠎ᠦᠨ ᠪᠥᠬᠥ᠌ ᠨᠠᠮ᠎ᠤᠨ ᠭᠡᠱᠢᠭᠦᠨ ᠺᠠᠳ᠋ᠷᠴᠤᠳ
ᠡᠴᠡ᠂ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ
ᠬᠤᠷᠠᠯ᠎ᠠᠴᠠ ᠨᠠᠭᠠᠰᠢ᠂ ᠪᠥᠬᠥ᠌ ᠣᠷᠣᠨ᠎ᠤ ᠡᠯ᠎ᠡ ᠵᠦᠶ᠋ᠯ᠎ᠦᠨ ᠠᠵᠢᠯ ᠦᠶ᠋ᠯᠡᠰ ᠥᠷᠨᠢᠭᠦᠨ ᠬᠦᠭᠵᠢᠵᠦ᠂ ᠡᠳᠦᠷ᠎ᠡᠴᠡ
ᠡᠳᠦᠷ ᠥᠭᠡᠳᠡᠯᠡᠨ ᠳᠡᠪᠱᠢᠪᠡ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ
ᠲᠥᠯᠥᠭᠡᠯᠡᠭ᠌ᠴᠢᠳ᠎ᠦᠨ ᠶᠡᠬᠡ ᠬᠤᠷᠠᠯ ᠪᠣᠯ ᠮᠠᠨ᠎ᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠦᠨ ᠤᠢ᠎ᠶ᠋ᠢᠨ
ᠲᠠᠱᠢᠷᠠᠮ᠎ᠳᠤ᠂ ᠮᠠᠨ᠎ᠤ ᠤᠯᠤᠰ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ
ᠪᠠᠢᠭᠤᠯᠬᠤ ᠱᠢᠨ᠎ᠡ ᠠᠶᠠᠨ᠎ᠳᠤ ᠤᠷᠤᠬ᠍ᠰᠠᠨ ᠴᠢᠬᠤᠯᠠ ᠴᠠᠭ ᠮᠥᠴᠡ᠎ᠳᠦ ᠬᠤᠷᠠᠯᠳᠤᠭ᠍ᠰᠠᠨ ᠨᠢᠭᠡ ᠤᠳᠠᠭ᠎ᠠ᠎ᠶ᠋ᠢᠨ
ᠲᠤᠢᠯ᠎ᠤᠨ ᠴᠢᠬᠤᠯᠠ ᠶᠡᠬᠡ ᠬᠤᠷᠠᠯ ᠪᠣᠯᠤᠨ᠎ᠠ᠂ ᠪᠦᠬᠦ᠌ ᠣᠷᠣᠨ ᠤ ᠦᠨᠳᠦᠰᠦᠲᠡᠨ ᠨᠦᠭᠦᠳ ᠦᠨ ᠠᠷᠠᠳ ᠲᠦᠮᠡᠨ ᠦ ᠤᠯᠤᠰ ᠲᠦᠷᠦ᠍ᠶ᠋ᠢᠨᠠᠮᠢᠳᠤᠷᠠᠯᠳᠠᠬᠢᠨᠢᠭᠡᠨᠲᠤᠮᠤᠶᠠᠪᠤᠳᠠᠯᠪᠣᠯᠤᠨᠠ᠃ ᠨᠠᠮ᠎ᠤᠨ ᠲᠥᠯᠥᠭᠡᠯᠡᠭ᠌ᠴᠢᠳ᠎ᠦᠨ
ᠶᠡᠬᠡ ᠬᠤᠷᠠᠯ᠎ᠤᠨ ᠢᠯᠡᠳᠭᠡᠯ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠵᠦ᠍᠂ ᠬᠥᠮᠦᠰ᠎ᠦᠨ ᠰᠡᠳᠭᠢᠯ᠎ᠢ
ᠬᠥᠭ᠌ᠵᠢᠭᠡᠵᠦ᠍᠂ ᠥᠩᠭᠡᠷᠡᠭ᠌ᠰᠡᠨ ᠲᠠᠪᠤᠨ ᠵᠢᠯ᠎ᠦᠨ ᠥᠪᠥᠷ ᠮᠣᠩᠭᠣᠯ᠎ᠤᠨ ᠣᠯᠤᠭ᠍ᠰᠠᠨ ᠭᠡᠷᠡᠯ ᠰᠠᠴᠤᠷᠠᠩᠭᠤᠢ ᠠᠮᠵᠢᠯᠲᠠ᠎ᠶ᠋ᠢ
ᠪᠦᠬᠦ᠌ ᠲᠠᠯ᠎ᠠ᠎ᠪᠠᠷ ᠳ᠋ᠦᠩᠨᠡᠵᠦ᠍᠂ ᠢᠷᠡᠭᠡᠳᠦᠢ ᠵᠢᠨ ᠲᠠᠪᠤᠨ ᠵᠢᠯ ᠤᠨ ᠥᠪᠥᠷ ᠮᠣᠩᠭᠣᠯ᠎ᠤᠨ ᠴᠢᠨᠠᠷ ᠰᠠᠢᠲᠠᠢ
ᠬᠥᠭ᠌ᠵᠢᠯᠲᠡ᠎ᠶ᠋ᠢᠨ ᠠᠤᠭ᠎ᠠ ᠲᠥᠰᠦᠪ᠎ᠢ ᠵᠢᠷᠤᠭ᠍ᠯᠠᠭᠰᠠᠨ ᠪᠠᠢᠨ᠎ᠠ ᠭᠡᠵᠦ ᠦᠵᠡᠵᠡᠭᠡᠪᠡ᠃
ᠤᠯᠠᠨ᠎ᠢᠶᠠᠷ᠎ᠢᠶᠠᠨ᠂ 《ᠬᠣᠶᠠᠷ ᠬᠠᠯᠬᠠᠪᠴᠢ》᠂《ᠬᠣᠶᠠᠷ ᠰᠠᠭᠤᠷᠢᠨ》᠂《ᠨᠢᠭᠡ ᠪᠡᠬᠢᠯᠡᠯᠲᠡ》ᠵᠢ ᠲᠦᠷᠭᠡᠳᠭᠡᠨ
ᠪᠠᠢᠭᠤᠯᠬᠤ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂
ᠢᠨᠲ᠋ᠸᠷ ᠰᠦᠯᠵᠢᠶᠡᠨ᠎ᠦ ᠮᠡᠳᠡᠭᠡ ᠵᠠᠩᠭᠢ᠎ᠶ᠋ᠢᠨ ᠠᠵᠢᠯ᠎ᠤᠨ ᠡᠭᠦᠷᠭᠡ ᠬᠠᠷᠢᠭᠤᠴᠠᠯᠭ᠎ᠠ᠎ᠳᠠᠭᠠᠨ ᠰᠠᠭᠤᠷᠢᠯᠠᠨ᠂
ᠡᠯ᠎ᠡ ᠵᠦᠢᠯ᠎ᠦᠨ ᠠᠵᠢᠯ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠨᠡᠢᠭᠡᠮ ᠵᠢᠷᠤᠮᠲᠤ ᠣᠳᠣᠬᠢᠴᠢᠯᠠᠭ᠍ᠰᠠᠨ
ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ
ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠰᠦᠯᠵᠢᠶᠡᠨ᠎ᠦ ᠮᠡᠳᠡᠭᠡ ᠵᠠᠩᠭᠢ᠎ᠶ᠋ᠢᠨ ᠬᠦᠷᠢᠶ᠎ᠡ ᠴᠠᠷᠠᠭᠠᠨ᠎ᠦ
ᠦᠵᠡᠭᠦᠯᠪᠡᠰᠦ ᠵᠣᠬᠢᠬᠤ ᠬᠤᠪᠢ ᠨᠡᠮᠡᠷᠢ᠎ᠪᠡᠨ ᠦᠵᠡᠭᠦᠯᠦᠨ᠎ᠡ;ᠨᠠᠮ᠎ᠤᠨ ᠲᠥᠯᠥᠭᠡᠯᠡᠭ᠌ᠴᠢᠳ᠎ᠦᠨ
ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠦᠯᠵᠢᠶ᠎ᠡ ᠪᠡᠷ
ᠤᠬᠠᠭᠤᠯᠤᠨ ᠲᠠᠢᠯᠪᠤᠷᠢᠯᠠᠬᠤ ᠠᠵᠢᠯ᠎ᠢ ᠦᠷᠭᠦᠯᠵᠢᠯᠡᠨ ᠭᠦᠨᠵᠡᠭᠡᠢ ᠰᠠᠢᠲᠤᠷ ᠬᠢᠵᠦ᠍᠂ ᠡᠬᠡ ᠤᠯᠤᠰ᠎ᠤᠨ ᠤᠮᠠᠷᠠᠲᠤ᠎ᠶ᠋ᠢᠨ ᠦᠵᠡᠮᠵᠢ᠎ᠶ᠋ᠢᠨ ᠣᠷᠣᠨ᠎ᠢ ᠨᠡᠩ
ᠦᠵᠡᠰᠭᠦᠯᠡᠩᠲᠦ ᠰᠠᠢᠬᠠᠨ ᠪᠣᠯᠭᠠᠨ ᠪᠦᠳᠦᠭᠡᠨ ᠪᠠᠢᠭᠤᠯᠬᠤ᠎ᠳᠤ ᠰᠦᠯᠵᠢᠶᠡᠨ᠎ᠦ ᠶᠠᠷᠢᠶ᠎ᠠ ᠬᠡᠯᠡᠯᠴᠡᠭᠡᠨ᠎ᠦ ᠳᠡᠮᠵᠢᠯᠭᠡ
ᠬᠠᠩᠭᠠᠵᠤ᠂ ᠠᠤᠭ᠎ᠠ ᠶᠡᠬᠡ ᠬᠦᠴᠦᠨ᠎ᠢ ᠨᠢᠭ᠍ᠲᠠᠷᠠᠭᠤᠯᠤᠨ᠎ᠠ; ᠠᠷᠠᠳ ᠲᠦᠮᠡᠨ᠎ᠢᠶᠡᠷ
ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠰᠦᠯᠵᠢᠶᠡᠨ᠎ᠦ ᠶᠡᠷᠦᠩᠬᠡᠢᠯᠡᠭ᠌ᠰᠡᠨ
ᠵᠠᠰᠠᠯᠲᠠ᠎ᠶ᠋ᠢᠨ ᠱᠢᠰᠲ᠋ᠧᠮ᠎ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ᠰᠦᠯᠵᠢᠶᠡᠨᠦᠪᠥᠲᠥᠭᠡᠨᠪᠠᠢᠭᠤᠯᠤᠯᠲᠠ᠂
ᠬᠡᠷᠡᠭ᠌ᠯᠡᠯᠲᠡ᠂ ᠬᠠᠮᠢᠶᠠᠷᠤᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠵᠦ᠍᠂ ᠰᠦᠯᠵᠢᠶᠡᠨ᠎ᠦ ᠠᠮᠤᠷ ᠲᠦᠪᠱᠢᠨ᠎ᠦ
ᠬᠠᠮᠠᠭᠠᠯᠠᠯᠲᠠ᠎ᠶ᠋ᠢᠨ ᠱᠢᠰᠲ᠋ᠧᠮ᠎ᠢ ᠴᠢᠩᠭᠠᠳᠭᠠᠵᠤ᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠪᠠᠲᠤᠯᠠᠭ᠎ᠠ
ᠬᠠᠩᠭᠠᠨ᠎ᠠ; ᠲᠣᠭᠠᠴᠢᠯᠠᠭ᠍ᠰᠠᠨ ᠠᠵᠤ ᠠᠬᠤᠢ᠎ᠶ᠋ᠢᠨ ᠬᠥᠭ᠌ᠵᠢᠯᠲᠡ᠎ᠶ᠋ᠢ ᠠᠬᠢᠭᠤᠯᠬᠤ᠎ᠪᠠᠷ ᠵᠢᠯᠣᠭᠣᠳᠤᠮᠵᠢ ᠪᠣᠯᠭᠠᠵᠤ᠂
ᠱᠢᠨ᠎ᠡ ᠬᠥᠭ᠌ᠵᠢᠯᠲᠡ᠎ᠶ᠋ᠢᠨ ᠱᠠᠳᠤ᠎ᠶ᠋ᠢ ᠣᠨᠣᠪᠴᠢᠲᠠᠢ ᠡᠵᠡᠮᠳᠡᠨ᠂ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ
ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠠᠭᠤᠰᠤᠯᠴᠠᠨ᠂ ᠴᠢᠨᠠᠷ ᠰᠠᠢᠲᠠᠢ ᠬᠥᠭ᠌ᠵᠢᠯᠲᠡ᠎ᠶ᠋ᠢ
ᠪᠡᠶᠡᠯᠡᠭᠦᠯᠵᠦ᠍᠂ ᠲᠣᠭᠠᠴᠢᠯᠠᠭ᠍ᠰᠠᠨ ᠪᠣᠬᠢᠷᠲᠤᠯ ᠦᠭᠡᠢ ᠬᠠᠮᠵᠢᠯᠴᠠᠨ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌᠎ᠶ᠋ᠢ
ᠠᠬᠢᠭᠤᠯᠤᠨ᠎ᠠ ᠭᠡᠵᠦ ᠢᠯᠡᠳᠬᠡᠵᠡᠭᠡᠪᠡ᠃