ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠬᠤᠷᠠᠯᠳᠤᠭ᠍ᠰᠠᠨᠤ ᠲᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠲᠣᠪᠴᠢᠢ᠎ᠠ᠎ᠶ᠋ᠢᠨ ᠪᠦᠬᠦ᠌ ᠺᠠᠳ᠋ᠷ ᠠᠵᠢᠯᠳᠠᠨ ᠴᠠᠭ ᠲᠤᠬᠠᠢᠳᠤᠨᠢ ᠬᠤᠷᠠᠯ᠎ᠤᠨ ᠠᠭᠤᠯᠭ᠎ᠠ᠎ᠶ᠋ᠢ ᠬᠦᠯᠢᠶᠠᠨ ᠠᠪᠴᠤ᠌ ᠰᠣᠨᠣᠰᠤᠭ᠍ᠰᠠᠨ ᠪᠠ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠬᠠᠯᠠᠭᠤᠨ ᠥᠷᠨᠢᠯᠲᠡ ᠭᠠᠷᠪᠠ᠃
ᠤᠯᠠᠨ᠎ᠢᠶᠠᠷ᠎ᠢᠶᠠᠨ᠂ ᠢᠯᠡᠳᠭᠡᠯ᠎ᠦᠨ ᠭᠣᠣᠯ ᠰᠡᠳᠦᠪ ᠢᠯᠡ ᠲᠣᠳᠣ᠂ ᠤᠳᠭ᠎ᠠ ᠭᠦᠨ᠂ ᠦᠵᠡᠯ ᠰᠠᠨᠠᠭ᠎ᠠ ᠭᠦᠨᠵᠡᠭᠡᠢ᠂ ᠠᠭᠤᠯᠤᠭ᠍ᠳᠠᠬᠤᠨ ᠪᠠᠶᠠᠯᠢᠭ ᠭᠡᠵᠦ᠍ ᠦᠵᠡᠵᠡᠭᠡᠪᠡ᠃ ᠢᠯᠡᠳᠭᠡᠯ᠎ᠳᠦ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠠᠴᠠ ᠨᠠᠭᠠᠱᠢᠬᠢ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ ᠪᠣᠯᠤᠨ ᠲᠤᠷᠱᠢᠯᠭ᠎ᠠ᠎ᠶ᠋ᠢ ᠱᠢᠰᠲ᠋ᠧᠮ᠎ᠲᠡᠶ ᠳ᠋ᠦᠩᠨᠡᠵᠦ᠍᠂ ᠬᠣᠢᠱᠢᠳᠠ᠎ᠶ᠋ᠢᠨ ᠲᠠᠪᠤᠨ ᠵᠢᠯ᠎ᠦᠨ ᠬᠥᠭ᠌ᠵᠢᠯᠲᠡ᠎ᠶ᠋ᠢᠨ ᠪᠠᠢᠳᠠᠯ᠎ᠢ ᠪᠤᠰᠤᠳᠴᠢ᠎ᠪᠠᠷ ᠵᠠᠳᠠᠯᠵᠤ᠂ ᠬᠣᠢᠱᠢᠳᠠ᠎ᠶ᠋ᠢᠨ ᠲᠠᠪᠤᠨ ᠵᠢᠯ᠎ᠳᠦ ᠣᠷᠣᠨ ᠪᠦᠰᠡ᠎ᠶ᠋ᠢᠨ ᠵᠦᠷᠢᠶᠡᠴᠢᠯᠡᠭ᠌ᠰᠡᠨ ᠵᠣᠬᠢᠴᠠᠩᠭᠤᠢ ᠬᠥᠭ᠌ᠵᠢᠯᠲᠡ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠣᠷᠣᠨ ᠪᠦᠰᠡ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢᠨ ᠱᠢᠰᠲ᠋ᠧᠮ᠎ᠢ ᠲᠤᠬᠢᠷᠠᠭᠤᠯᠤᠨ ᠲᠡᠭᠦᠯᠳᠡᠷᠵᠢᠭᠦᠯᠦᠨ᠎ᠡ ᠭᠡᠵᠦ᠍ ᠳᠤᠷᠠᠳᠪᠠ ; ᠠᠢᠮᠠᠭ ᠬᠣᠲᠠ᠂ ᠬᠣᠱᠢᠭᠤ ᠱᠢᠶᠠᠨ᠎ᠤ ᠪᠠᠢᠭ᠎ᠠ ᠭᠠᠵᠠᠷ᠎ᠤᠨ ᠠᠵᠢᠯᠯᠠᠵᠤ ᠠᠮᠢᠳᠤᠷᠠᠬᠤ᠎ᠳᠤ ᠲᠣᠬᠢᠷᠠᠮᠵᠢᠲᠠᠶ ᠴᠢᠳᠠᠮᠵᠢ᠎ᠶ᠋ᠢ ᠲᠡᠭᠦᠯᠳᠡᠷᠵᠢᠭᠦᠯᠦᠨ᠎ᠡ; ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠬᠥᠳᠡᠭᠡ ᠲᠣᠰᠭᠣᠨ᠎ᠤ ᠪᠦᠲᠦᠭᠡᠨ ᠪᠠᠢᠭᠤᠯᠤᠯᠲᠠ ᠶ᠋ᠢᠨ ᠠᠵᠢᠯᠯᠠᠭ᠎ᠠ᠎ᠶ᠋ᠢ ᠬᠡᠷᠡᠭ᠌ᠵᠢᠭᠦᠯᠦᠨ᠎ᠡ ; ᠶᠠᠳᠠᠭᠤ᠎ᠠᠴᠠ ᠠᠩᠭᠢᠵᠢᠷᠠᠭᠤᠯᠵᠤ ᠪᠣᠭᠣᠮᠲᠠ ᠰᠢᠪᠳᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌ ᠶ᠋ᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠯᠤᠭ᠎ᠠ ᠪᠦᠲᠦᠮᠵᠢᠲᠡᠢ ᠵᠣᠯᠭᠠᠭᠤᠯᠬᠤ᠎ᠶ᠋ᠢ ᠠᠬᠢᠭᠤᠯᠤᠨ᠎ᠠ᠃
ᠮᠠᠨ᠎ᠤ ᠣᠷᠣᠨ᠎ᠤ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠡᠭᠦᠳᠬᠦ᠌᠂ ᠢᠯᠠᠩᠭᠤᠶ᠎ᠠ ᠶᠠᠳᠠᠭᠤ᠎ᠠᠴᠠ ᠠᠩᠭᠢᠵᠢᠷᠠᠭᠤᠯᠵᠤ ᠪᠣᠭᠣᠮᠲᠠ ᠰᠢᠪᠳᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌ ᠪᠠ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠲᠦᠮᠵᠢᠲᠡᠶ ᠵᠣᠯᠭᠠᠭᠤᠯᠬᠤ᠎ᠳᠤ ᠴᠢᠬᠤᠯᠠ ᠠᠴᠢ ᠬᠣᠯᠪᠣᠭ᠍ᠳᠠᠯ᠎ᠲᠠᠶ ᠶᠤᠮ᠃ ᠪᠥᠬᠥ᠌ ᠳᠤᠪᠴᠢᠶ᠎ᠠ ᠪᠡᠷ᠎ᠢ᠋ᠢᠡᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠩ ᠬᠦᠴᠦᠲᠡᠶ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠌᠂ ᠬᠡᠪᠴᠢᠶᠡᠵᠢᠯ᠎ᠦᠨ ᠴᠢᠨᠠᠷᠲᠠᠶ ᠳᠠᠬᠢᠨ ᠶᠠᠳᠠᠭᠤᠷᠠᠬᠤ ᠥᠬᠡᠶ ᠪᠠᠢᠬᠤ ᠬᠣᠷᠢᠭ᠎ᠠ ᠱᠤᠭᠤᠮ᠎ᠢ ᠡᠷᠡᠰ ᠰᠠᠬᠢᠵᠤ᠂ ᠳᠠᠬᠢᠨ ᠶᠠᠳᠠᠭᠤᠷᠠᠬᠤ ᠪᠠ ᠶᠠᠳᠠᠭᠤᠷᠠᠬᠤ ᠶ᠋ᠢ ᠰᠡᠷᠭᠡᠢᠯᠡᠬᠦ᠌ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠦᠨ ᠰᠠᠢᠲᠤᠷ ᠨᠠᠢᠳᠠᠪᠤᠷᠢᠵᠢᠭᠤᠯᠵᠤ᠂ ᠶᠠᠳᠠᠭᠤ᠎ᠠᠴᠠ ᠠᠩᠭᠢᠵᠢᠷᠠᠭ᠍ᠰᠠᠨ ᠬᠥᠮᠦᠨ ᠠᠮᠠ᠎ᠶ᠋ᠢ ᠲᠠᠰᠤᠷᠠᠯᠲᠠ ᠥᠬᠡᠶ ᠳᠠᠢᠴᠢᠯᠠᠨ ᠣᠷᠣᠯᠭ᠎ᠠ᠎ᠶ᠋ᠢ᠎ᠨᠢ ᠨᠡᠮᠡᠭ᠌ᠳᠡᠭᠦᠯᠦᠨ ᠪᠠᠶᠠᠵᠢᠭᠤᠯᠤᠨ᠎ᠠ; ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠪᠠᠷ ᠶᠠᠳᠠᠭᠤ᠎ᠠᠴᠠ ᠠᠩᠭᠢᠵᠢᠷᠠᠭᠤᠯᠵᠤ ᠪᠣᠭᠣᠮᠲᠠ ᠱᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌᠎ᠶ᠋ᠢ ᠪᠠᠷᠢᠮᠲᠠᠯᠠᠵᠤ᠂ 《ᠬᠣᠷᠢᠭ᠎ᠠ ᠱᠤᠭᠤᠮ᠎ᠢ ᠰᠠᠬᠢᠬᠤ᠂ ᠵᠣᠯᠭᠠᠯᠴᠠᠭ᠎ᠠ᠎ᠶ᠋ᠢ ᠠᠳᠭᠤᠬᠤ᠂ ᠬᠥᠭ᠌ᠵᠢᠭᠦᠯᠦᠨ ᠮᠠᠨᠳᠤᠭᠤᠯᠬᠤ ᠶ᠋ᠢ ᠠᠬᠢᠭᠤᠯᠬᠤ》ᠠᠵᠢᠯ᠎ᠤᠨ ᠭᠤᠤᠯ ᠬᠥᠭ ᠠᠶᠠᠰ᠎ᠢ ᠪᠠᠷᠢᠮᠲᠠᠯᠠᠵᠤ᠂ ᠪᠡᠬᠢᠵᠢᠭᠦᠯᠬᠦ᠌ ᠪᠠ ᠵᠣᠯᠭᠠᠭᠤᠯᠬᠤ᠂ ᠬᠠᠮᠲᠤ᠎ᠪᠠᠷ ᠤᠷᠤᠭ᠍ᠰᠢᠯᠠᠬᠤ᠂ ᠥᠷᠭᠡᠳᠭᠡᠬᠦ᠌ ᠪᠠ ᠬᠥᠭ᠌ᠵᠢᠭᠦᠯᠦᠨ ᠮᠠᠨᠳᠤᠭᠤᠯᠬᠤ᠂ ᠬᠠᠮᠲᠤ᠎ᠪᠠᠷ ᠠᠱᠢᠭ ᠭᠥᠷᠳᠡᠬᠦ᠌᠎ᠶ᠋ᠢ ᠪᠡᠶᠡᠯᠡᠭᠦᠯᠬᠦ᠌᠎ᠶ᠋ᠢ ᠠᠬᠢᠭᠤᠯᠵᠤ᠂ ᠶᠠᠳᠠᠭᠤ᠎ᠠᠴᠠ ᠠᠩᠭᠢᠵᠢᠷᠠᠭᠤᠯᠵᠤ ᠪᠣᠭᠣᠮᠲᠠ ᠱᠢᠪᠲᠤᠯᠤᠭᠰᠠᠨ ᠦᠷ᠎ᠡ ᠪᠦᠲᠦᠭᠡᠯ᠎ᠢ ᠪᠥᠬᠥ᠌ ᠬᠦᠴᠦᠨ᠎ᠢᠶᠡᠷ᠎ᠢᠶᠡᠨ ᠪᠡᠬᠢᠵᠢᠭᠦᠯᠦᠨ ᠥᠷᠭᠡᠳᠭᠡᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠥᠬᠥ᠌ ᠲᠠᠯ᠎ᠠ᠎ᠪᠠᠷ ᠠᠬᠢᠭᠤᠯᠤᠨ᠎ᠠ ᠭᠡᠪᠡ᠃