11 ᠰᠠᠷ᠎ᠠ᠎ᠶ᠋ᠢᠨ
27 ᠤ᠋ ᠦᠳᠡ᠎ᠶ᠋ᠢᠨ ᠡᠮᠦᠨ᠎ᠡ᠂ ᠥᠪᠡᠷᠲᠡᠭᠡᠨ ᠵᠠᠰᠠᠬᠤ
ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠦᠪᠡᠳᠡᠭ᠌ᠰᠢ
ᠶᠡᠬᠡᠪᠡᠷ ᠡᠬᠢᠯᠡᠵᠦ᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ ᠮᠠᠨ᠎ᠤ ᠣᠷᠣᠨ᠎ᠤ
ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠰᠲ᠋ᠧᠮ᠎ᠦᠨ ᠥᠷᠭᠡᠨ ᠣᠯᠠᠨ ᠺᠠᠳ᠋ᠷ ᠣᠯᠠᠨ ᠲᠦᠮᠡᠨ᠎ᠦ ᠳᠤᠮᠳᠠ
ᠬᠠᠯᠠᠭᠤᠨ ᠲᠤᠰᠭᠠᠯ ᠭᠠᠷᠪᠠ᠃
ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ
ᠮᠡᠷᠭᠡᠵᠢᠯ᠎ᠦᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠂ ᠳᠡᠳ᠋ ᠲᠢᠩᠬᠢᠮ᠎ᠦᠨ ᠳᠠᠷᠤᠭ᠎ᠠ
ᠬᠤᠸᠠᠩ ᠶᠠᠨ ᠪᠢᠨ᠄ 《ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ
ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠡᠷᠡᠰ ᠰᠠᠢᠲᠤᠷ ᠲᠤᠭᠤᠱᠢᠯᠠᠭᠤᠯᠤᠨ
ᠰᠠᠢᠲᠤᠷ ᠨᠠᠢᠳᠠᠪᠤᠷᠢᠵᠢᠭᠤᠯᠵᠤ᠂ ᠨᠠᠮ᠎ᠤᠨ ᠱᠢᠨᠵᠢᠯᠡᠬᠦ᠌ᠤᠬᠠᠭᠠᠨᠲᠧᠭ᠌ᠨᠢᠭᠮᠡᠷᠭᠡᠵᠢᠯᠦᠨ ᠱᠢᠨ᠎ᠡ᠎ᠶ᠋ᠢ
ᠡᠭᠦᠳᠬᠦ᠌ ᠠᠵᠢᠯ᠎ᠳᠠᠬᠢ ᠤᠳᠤᠷᠢᠳᠤᠯᠭ᠎ᠠ᠎ᠶ᠋ᠢ ᠪᠥᠬᠥ᠌ ᠲᠠᠯ᠎ᠠ᠎ᠪᠠᠷ ᠴᠢᠩᠭᠠᠳᠭᠠᠨ᠂〈ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ〉 ᠠᠵᠢᠯᠯᠠᠭ᠎ᠠ᠎ᠪᠠᠷ ᠶᠡᠷᠦᠩᠬᠡᠢᠯᠡᠨ ᠵᠢᠯᠣᠭᠣᠳᠣᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ
ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠡᠷᠡᠰ
ᠰᠠᠢᠲᠤᠷ ᠬᠢᠵᠦ᠍᠂ ᠱᠢᠨ᠎ᠡ᠎ᠶ᠋ᠢ ᠡᠭᠦᠳᠬᠦ᠌ ᠲᠠᠪᠴᠠᠩ᠎ᠤᠨ
ᠱᠢᠰᠲ᠋ᠧᠮᠢᠲᠡᠭᠦᠯᠳᠡᠷᠵᠢᠭᠦᠯᠦᠨ᠂ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ᠎ᠶ᠋ᠢᠨ ᠪᠠᠢᠷᠢ
ᠰᠠᠭᠤᠷᠢ᠎ᠶ᠋ᠢ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢ
ᠭᠦᠨᠵᠡᠭᠡᠶ ᠠᠬᠢᠭᠤᠯᠵᠤ᠂ ᠱᠢᠨ᠎ᠡ᠎ᠶ᠋ᠢ ᠡᠭᠦᠳᠬᠦ ᠬᠡᠯᠪᠡᠷᠢ ᠵᠢᠨᠦᠪᠦᠷᠮᠤᠩᠭᠤᠯᠢᠪᠦᠲᠦᠭᠡᠨᠪᠠᠢᠭᠤᠯᠬᠤᠳ᠋ᠤ
ᠨᠡᠩ ᠶᠡᠬᠡ ᠬᠤᠪᠢ ᠨᠡᠮᠡᠷᠢ ᠦᠵᠡᠭᠦᠯᠦᠨ᠎ᠡ》 ᠭᠡᠪᠡ᠃
ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ
ᠮᠡᠷᠭᠡᠵᠢᠯ᠎ᠦᠨ ᠲᠢᠩᠬᠢᠮ᠎ᠦᠨ ᠪᠠᠢᠭᠤᠯᠭ᠎ᠠ᠎ᠶ᠋ᠢᠨ ᠨᠠᠮ᠎ᠤᠨ ᠬᠤᠷᠢᠶ᠎ᠠ ᠵᠢᠨ ᠲᠤᠰᠭᠠᠢ ᠲᠤᠱᠢᠶᠠᠯ᠎ᠳᠤ ᠳᠡᠳ᠋ ᠱᠦᠵᠢ ᠲᠠᠯᠢᠨ᠄《ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ ᠨᠢ ᠮᠠᠨ᠎ᠤ ᠣᠷᠣᠨ᠎ᠤ ᠥᠩᠭᠡᠷᠡᠭ᠌ᠰᠡᠨ
ᠲᠠᠪᠤᠨ ᠵᠢᠯ᠎ᠦᠨ ᠲᠤᠷᠱᠢᠬᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠠᠵᠢᠯ᠎ᠤᠨ
ᠣᠯᠤᠭ᠍ᠰᠠᠨ ᠠᠮᠵᠢᠯᠲᠠ᠎ᠶ᠋ᠢ ᠭᠦᠢᠴᠡᠳ ᠨᠤᠲᠠᠯᠠᠵᠤ᠂ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ
ᠦᠢᠯᠡᠰ᠎ᠦᠨ ᠬᠥᠭ᠌ᠵᠢᠯᠲᠡ᠎ᠶ᠋ᠢᠨ ᠱᠢᠨ᠎ᠡ ᠵᠢᠷᠤᠭ ᠲᠥᠯᠥᠪᠯᠡᠭᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠥᠰᠦᠪᠯᠡᠵᠦ᠍᠂
ᠬᠥᠮᠦᠰ᠎ᠦᠨ ᠰᠡᠳᠭᠢᠯ᠎ᠢ ᠵᠣᠷᠢᠭ᠍ᠵᠢᠭᠤᠯᠪᠠ᠃ ᠦᠨᠳᠦᠰᠦᠨ ᠱᠠᠲᠤᠨ᠎ᠤ ᠨᠠᠮ᠎ᠤᠨ ᠠᠵᠢᠯᠲᠠᠨ ᠪᠣᠯᠤᠭ᠍ᠰᠠᠨ᠎ᠤ ᠬᠤᠪᠢ᠎ᠳᠤ᠂ᠪᠢᠳᠡ ᠭᠤᠤᠯ ᠬᠠᠷᠢᠭᠤᠴᠠᠯᠭ᠎ᠠ ᠭᠤᠤᠯ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨ᠎ᠡ ᠴᠠᠭ ᠦᠶ᠎ᠡ᠎ᠶ᠋ᠢᠨ
ᠨᠠᠮ᠎ᠤᠨ ᠪᠠᠢᠭᠤᠯᠤᠯᠲᠠ᠎ᠶ᠋ᠢᠨ ᠶᠡᠷᠦᠩᠬᠡᠶ ᠱᠠᠭᠠᠷᠳᠠᠯᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂
ᠨᠠᠮ᠎ᠤᠨ ᠤᠯᠤᠰ ᠲᠥᠷᠥ᠎ᠶ᠋ᠢᠨ ᠪᠠᠢᠭᠤᠯᠤᠯᠲᠠ᠎ᠪᠠᠷ ᠨᠠᠮ᠎ᠤᠨ ᠡᠯ᠎ᠡ ᠲᠠᠯ᠎ᠠ᠎ᠶ᠋ᠢᠨ ᠪᠠᠢᠭᠤᠯᠤᠯᠲᠠ᠎ᠶ᠋ᠢ ᠶᠡᠷᠦᠩᠬᠡᠢᠯᠡᠨ
ᠵᠢᠯᠣᠭᠣᠳᠣᠭᠤᠯᠵᠤ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ
ᠡᠭᠦᠳᠬᠦ᠌ ᠦᠶ᠋ᠯᠡᠰ᠎ᠦᠨ ᠬᠥᠭ᠌ᠵᠢᠯᠲᠡ᠎ᠶ᠋ᠢ ᠠᠬᠢᠭᠤᠯᠬᠤ᠎ᠳᠤ ᠪᠠᠲᠤ ᠴᠢᠩᠭ᠎ᠠ ᠤᠯᠤᠰ ᠲᠥᠷᠥ᠎ᠶ᠋ᠢᠨ ᠪᠠᠲᠤᠯᠠᠭ᠎ᠠ
ᠬᠠᠩᠭᠠᠨ᠎ᠠ》ᠭᠡᠪᠡ᠃
ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ
ᠮᠡᠷᠭᠡᠵᠢᠯ᠎ᠦᠨ ᠲᠢᠩᠬᠢᠮᠦᠨᠲᠥᠷᠥᠶ᠋ᠢᠨᠪᠣᠳᠣᠯᠭᠠᠬᠠᠤᠯᠢᠲᠣᠭ᠍ᠲᠠᠭᠠᠯ ᠬᠢᠭᠡᠳ ᠬᠢᠨᠠᠯᠲᠠ ᠲᠠᠯᠪᠢᠬᠤ ᠭᠠᠵᠠᠷ᠎ᠤᠨ
ᠳᠠᠷᠤᠭ᠎ᠠ ᠰᠥᠩ ᡁᠢ ᠸᠸᠨ᠄《ᠪᠢᠳᠡ ᠨᠠᠮ᠎ᠤᠨ
ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂
ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠦᠨ ᠪᠠᠢᠭᠤᠯᠤᠮᠵᠢ ᠲᠣᠭ᠍ᠲᠠᠴᠠ ᠵᠢᠨ ᠥᠭᠡᠷᠡᠴᠢᠯᠡᠯᠲᠡ᠎ᠶ᠋ᠢ ᠦᠷᠭᠦᠯᠵᠢᠯᠡᠨ
ᠭᠦᠨᠵᠡᠭᠡᠢᠷᠡᠭᠦᠯᠵᠦ᠍᠂ ᠨᠠᠩ ᠶᠡᠬᠡ ᠰᠥᠰᠥ᠍ ᠵᠣᠷᠢᠭ᠎ᠢᠶᠠᠷ ᠵᠠᠰᠠᠭ᠎ᠤᠨ ᠣᠷᠳᠣᠨ᠎ᠤ ᠱᠢᠨᠵᠢᠯᠡᠬᠦ᠌ ᠤᠬᠠᠭᠠᠨ ᠲᠧᠭ᠌ᠨᠢᠭ
ᠮᠡᠷᠭᠡᠵᠢᠯ᠎ᠦᠨ ᠬᠠᠮᠢᠶᠠᠷᠤᠯᠲᠠ᠎ᠶ᠋ᠢᠨ ᠡᠭᠦᠷᠭᠡ ᠴᠢᠳᠠᠪᠬᠢ᠎ᠶ᠋ᠢ ᠲᠦᠷᠭᠡᠳᠭᠡᠨ ᠬᠤᠪᠢᠷᠠᠭᠤᠯᠵᠤ᠂ ᠱᠢᠨᠵᠢᠯᠡᠬᠦ᠌
ᠤᠬᠠᠭᠠᠨ ᠲᠧᠭ᠌ᠨᠢᠭ ᠮᠡᠷᠭᠡᠵᠢᠯ᠎ᠦᠨ ᠬᠦᠴᠦᠨ᠎ᠦ ᠪᠦᠲᠦᠴᠡ᠎ᠶ᠋ᠢ ᠱᠢᠯᠢᠳᠡᠭ᠌ᠵᠢᠭᠦᠯᠵᠦ᠍᠂ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ᠂ ᠶᠡᠬᠡ ᠳᠡᠭᠡᠳᠦ ᠰᠤᠷᠭᠠᠭᠤᠯᠢ
ᠬᠦᠷᠢᠶᠡᠯᠡᠩ ᠭᠠᠵᠠᠷ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯᠲᠠᠳ᠎ᠲᠤ ᠨᠠᠩ ᠣᠯᠠᠨ ᠦᠨᠡᠨ
ᠪᠣᠳᠠᠲᠠᠶ ᠲᠥᠷᠥ᠎ᠶ᠋ᠢᠨ ᠪᠣᠳᠣᠯᠭ᠎ᠠ᠎ᠶ᠋ᠢᠨ ᠠᠱᠢᠭ ᠬᠦᠷᠲᠡᠭᠡᠨ᠎ᠡ》ᠭᠡᠵᠦ ᠶᠠᠷᠢᠨ᠎ᠠ᠃