ᠤᠢ᠍ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠦᠨ ᠥᠷᠭᠡᠨ ᠤᠯᠠᠨ ᠨᠠᠮ᠎ᠤᠨ ᠭᠡᠱᠢᠭᠦᠨ ᠪᠣᠯᠤᠨ ᠺᠠᠳ᠋ᠷ ᠠᠵᠢᠯᠳᠠᠨ᠎ᠤ ᠳᠤᠮᠳᠠ ᠴᠢᠩᠭ᠎ᠠ ᠲᠤᠰᠭᠠᠯ ᠭᠠᠷᠪᠠ᠃ ᠡᠭᠦᠨ᠎ᠦ ᠬᠠᠮᠲᠤ᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯᠤᠨᠢᠯᠡᠳᠭᠡᠯᠪᠠᠪᠥᠬᠥ᠌ ᠣᠷᠣᠨ᠎ᠤ ᠡᠳ᠋᠎ᠦᠨ ᠵᠠᠰᠠᠭ᠎ᠤᠨ ᠠᠵᠢᠯ᠎ᠤᠨ ᠪᠣᠳᠠᠲᠤ ᠪᠠᠢᠳᠠᠯ᠎ᠲᠠᠶ ᠤᠶᠠᠯᠳᠤᠭᠤᠯᠤᠨ᠂ ᠱᠢᠨ᠎ᠡ ᠠᠶᠠᠨ᠎ᠳᠤ ᠥᠪᠥᠷ ᠮᠣᠩᠭᠣᠯ᠎ᠤᠨ ᠡᠳ᠋᠎ᠦᠨ ᠵᠠᠰᠠᠭ᠎ᠤᠨ ᠠᠵᠢᠯ᠎ᠤᠨ ᠱᠢᠨ᠎ᠡ ᠪᠠᠢᠳᠠᠯ᠎ᠢ ᠬᠡᠷᠬᠢᠨ ᠡᠭᠦᠳᠬᠦ᠌᠂ ᠪᠥᠬᠥ᠌ ᠣᠷᠣᠨ᠎ᠤ ᠡᠳ᠋᠎ᠦᠨ ᠵᠠᠰᠠᠭ᠎ᠤᠨ ᠠᠵᠢᠯ᠎ᠤᠨ ᠱᠢᠨ᠎ᠡ ᠬᠠᠭᠤᠳᠠᠰᠤᠶ᠋ᠢᠬᠡᠷᠬᠢᠨ ᠪᠢᠴᠢᠭ᠌ᠯᠡᠬᠦ᠌ ᠲᠤᠬᠠᠶ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ ᠱᠢᠨ᠎ᠡ ᠱᠠᠭᠠᠷᠳᠠᠯᠭ᠎ᠠ ᠳᠤᠷᠠᠳᠪᠠ᠃
ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠦᠨ ᠨᠠᠮ᠎ᠤᠨ ᠭᠡᠱᠢᠭᠦᠨ ᠪᠣᠯᠤᠨ ᠺᠠᠳ᠋ᠷ ᠠᠵᠢᠯᠳᠠᠨ ᠡᠴᠡ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠦᠨ ᠬᠠᠷᠠᠭᠠᠰᠤ ᠥᠷᠭᠡᠨ᠂ ᠠᠯᠤᠰ ᠬᠡᠳᠤ᠎ᠶ᠋ᠢᠨ ᠵᠣᠷᠢᠯᠲᠠ᠎ᠲᠠᠶ᠂ ᠱᠢᠨ᠎ᠡ᠎ᠶ᠋ᠢ ᠡᠭᠦᠳᠴᠦ᠍᠂ ᠬᠠᠷᠠᠯᠲᠠ ᠲᠣᠳᠣᠷᠬᠠᠢ᠂ ᠢᠷᠡᠭᠡᠳᠦᠢ᠎ᠶ᠋ᠢᠨ ᠲᠠᠪᠤᠨ ᠵᠢᠯ᠎ᠦᠨ ᠥᠪᠥᠷ ᠮᠣᠩᠭᠣᠯ᠎ᠤᠨ ᠬᠥᠭ᠌ᠵᠢᠯᠲᠡ ᠶ᠋ᠢᠨ ᠠᠤᠭ᠎ᠠ ᠲᠥᠰᠦᠪ᠎ᠢ ᠵᠢᠷᠤᠭ᠍ᠯᠠᠨ᠂ ᠠᠭᠤᠯᠤᠭ᠍ᠳᠠᠬᠤᠨ ᠪᠠᠶᠠᠯᠢᠭ ᠪᠠᠢᠵᠤ᠂ ᠬᠥᠮᠦᠰ᠎ᠢ ᠵᠣᠷᠢᠭ᠍ᠵᠢᠭᠤᠯᠪᠠ ᠭᠡᠵᠦ᠍ ᠢᠯᠡᠳᠭᠡᠵᠡᠭᠡᠪᠡ᠃ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠵᠠᠩ ᠯᠸᠢ᠄《ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠳᠦ ᠥᠩᠭᠡᠷᠡᠭ᠌ᠰᠡᠨ ᠲᠠᠪᠤᠨ ᠵᠢᠯ᠎ᠦᠨ ᠥᠪᠥᠷ ᠮᠣᠩᠭᠣᠯ᠎ᠤᠨ ᠣᠯᠤᠭ᠍ᠰᠠᠨ ᠠᠮᠵᠢᠯᠲᠠ ᠪᠦᠲᠦᠮᠵᠢ᠎ᠶ᠋ᠢ ᠦᠨᠡᠨᠪᠤᠳᠠᠲᠠᠢ ᠳ᠋ᠦᠩᠨᠡᠵᠦ᠍᠂ ᠡᠭᠡ ᠤᠯᠤᠰ᠎ᠤᠨ ᠤᠮᠠᠷᠠᠲᠤ᠎ᠶ᠋ᠢᠨ ᠦᠵᠡᠰᠭᠦᠯᠡᠩᠲᠦ ᠰᠠᠢᠬᠠᠨ ᠦᠵᠡᠮᠵᠢ᠎ᠶ᠋ᠢᠨ ᠣᠷᠣᠨ᠎ᠢ ᠪᠦᠳᠦᠭᠡᠨ ᠪᠠᠢᠭᠤᠯᠬᠤ ᠢᠳᠡᠷᠡᠭᠦᠨ ᠠᠯᠬᠤᠭ᠎ᠠ᠎ᠶ᠋ᠢ ᠠᠯᠬᠤᠪᠠ᠃ ᠢᠷᠡᠭᠡᠳᠦᠢ᠎ᠳᠦ ᠬᠠᠨᠳᠤᠨ᠂ ᠢᠯᠡᠳᠭᠡᠯ ᠨᠢ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤᠤᠯᠤᠰᠤᠨᠣᠨᠴᠠᠯᠢᠭᠲᠠᠶᠨᠡᠢᠭᠡᠮᠵᠢᠷᠤᠮᠤᠨᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠱᠢᠨ᠎ᠡ ᠠᠶᠠᠨ᠎ᠳᠠᠭᠠᠨ ᠱᠢᠨ᠎ᠡ ᠬᠠᠭᠤᠳᠠᠰᠤ᠎ᠶ᠋ᠢ ᠪᠢᠴᠢᠭ᠌ᠯᠡᠪᠡ᠃ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠰᠠᠭᠤᠷᠢᠯᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨᠪᠦᠲᠦᠨ᠂ᠣᠨᠣᠪᠴᠢᠲᠠᠢ᠂ ᠪᠦᠬᠦ᠌ ᠲᠠᠯ᠎ᠠ᠎ᠪᠠᠷ ᠲᠤᠭᠤᠱᠢᠯᠠᠭᠤᠯᠤᠨ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠬᠦᠴᠦᠯᠡᠨ ᠦᠢᠯᠡᠴᠢᠯᠡᠬᠦ᠌ ᠪᠠ ᠠᠭᠤᠰᠤᠯᠴᠠᠵᠤ᠂ ᠶᠡᠷᠦᠩᠬᠡᠢ ᠱᠦᠵᠢ ᠰᠢ᠎ᠶ᠋ᠢᠨ ᠫᠢᠩᠦᠨᠥᠪᠥᠷᠮᠣᠩᠭᠣᠯᠤᠨᠲᠤᠬᠠᠢᠴᠢᠬᠤᠯᠠᠶᠠᠷᠢᠶᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭᠰᠠᠨᠠᠭᠠᠲᠠᠢᠴᠢᠩᠭᠠᠤᠶᠠᠯᠳᠤᠭᠤᠯᠵᠤ᠂ᠬᠠᠷᠢᠭᠤᠴᠠᠯᠭ᠎ᠠ ᠡᠭᠦᠷᠭᠡ᠎ᠪᠡᠨ ᠲᠣᠳᠣᠷᠬᠠᠢᠯᠠᠨ᠂ ᠬᠠᠷᠠᠯᠲᠠ ᠱᠠᠭᠠᠷᠳᠠᠯᠭ᠎ᠠ᠎ᠪᠠᠨ ᠳᠤᠷᠠᠳᠴᠤ᠌᠂ ᠭᠣᠣᠯᠳᠠᠯᠭ᠎ᠠ᠎ᠲᠠᠶ ᠡᠭᠦᠷᠭᠡ᠎ᠪᠡᠨ ᠪᠠᠢᠷᠢᠯᠠᠭᠤᠯᠤᠨ᠂ ᠤᠯᠤᠰ ᠲᠦᠷᠦᠴᠢ ᠴᠢᠨᠠᠷ᠂ ᠦᠵᠡᠯ ᠰᠠᠨᠠᠭᠠᠲᠤ ᠴᠢᠨᠠᠷ᠂ ᠦᠢᠯᠡᠳᠦᠯᠭᠡ᠎ᠶ᠋ᠢᠨ ᠴᠢᠨᠠᠷ᠎ᠢᠶᠠᠷ ᠮᠠᠰᠢ ᠴᠢᠩᠭ᠎ᠠ ᠪᠠᠢᠵᠤ᠂ ᠬᠣᠢᠱᠢᠳᠠ᠎ᠶ᠋ᠢᠨ ᠲᠠᠪᠤᠨ ᠵᠢᠯ᠎ᠦᠨ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ〈ᠵᠠᠮ ᠱᠤᠭᠤᠮ᠎ᠤᠨ ᠵᠢᠷᠤᠭ〉 ᠪᠣᠯᠤᠨ 〈ᠪᠠᠷᠢᠯᠭ᠎ᠠ᠎ᠶ᠋ᠢᠨ ᠵᠢᠷᠤᠭ〉᠎ᠢ᠋ ᠵᠢᠷᠤᠭ᠍ᠯᠠᠪᠠ᠃ ᠢᠷᠡᠬᠦ᠌ ᠲᠠᠪᠤᠨ ᠵᠢᠯ᠎ᠳᠦ᠂ ᠪᠥᠬᠥ᠌ ᠣᠷᠣᠨ᠎ᠤ ᠡᠳ᠋᠎ᠦᠨ ᠵᠠᠰᠠᠭ᠎ᠤᠨ ᠠᠵᠢᠯ ᠨᠢᠭᠡᠳᠦᠯᠲᠡᠶ ᠲᠥᠯᠥᠪᠵᠢᠭᠦᠯᠦᠨ ᠨᠡᠢᠲᠡ᠎ᠳᠦᠨᠢ ᠬᠠᠷᠠᠭᠠᠯᠵᠠᠬᠤ᠂ ᠭᠤᠤᠯᠳᠠᠯᠭ᠎ᠠ ᠶ᠋ᠢ ᠪᠠᠲᠤᠯᠠᠬᠤ᠂ ᠠᠶᠤᠯ ᠲᠦᠭ᠌ᠰᠢᠭᠦᠷᠢ᠎ᠡᠴᠡ ᠰᠡᠷᠭᠡᠢᠯᠡᠬᠦ᠌᠎ᠶ᠋ᠢ ᠪᠠᠷᠢᠮᠲᠠᠯᠠᠵᠤ᠂ ᠮᠠᠨ᠎ᠤ ᠣᠷᠣᠨ᠎ᠤ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯᠥᠬᠡᠶᠬᠥᠭ᠌ᠵᠢᠬᠦᠯᠬᠦᠪᠡᠷᠤᠳᠤᠷᠢᠳᠤᠮᠵᠢᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨᠡᠵᠠᠮᠢᠶᠠᠷᠰᠠᠢᠲᠤᠷ ᠵᠠᠮᠨᠠᠬᠤ᠎ᠳᠤ ᠨᠠᠩ ᠬᠦᠴᠦᠲᠡᠶ ᠲᠤᠯᠭᠠᠭᠤᠷᠢᠯᠠᠯ ᠬᠠᠩᠭᠠᠨ᠎ᠠ》 ᠭᠡᠪᠡ᠃
ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ ᠱᠠᠭᠠᠷᠳᠠᠯᠭ᠎ᠠ ᠳᠤᠷᠠᠳᠴᠤ᠂ ᠪᠥᠬᠥ᠌ ᠣᠷᠣᠨ᠎ᠤ ᠡᠳ᠋᠎ᠦᠨ ᠵᠠᠰᠠᠭ᠎ᠤᠨ ᠱᠢᠰᠲ᠋ᠧᠮ᠎ᠦᠨ ᠨᠠᠮ᠎ᠤᠨ ᠭᠡᠱᠢᠭᠦᠨ ᠪᠣᠯᠤᠨ ᠺᠠᠳ᠋ᠷ ᠠᠵᠢᠯᠲᠠᠨ ᠠᠵᠢᠯᠴᠢᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠢᠶᠠᠷ ᠱᠢᠨ᠎ᠡ ᠭᠠᠷᠤᠭ᠎ᠠ᠎ᠪᠠᠨ ᠪᠤᠯᠭᠠᠨ᠂ ᠪᠦᠬᠦ᠌ ᠣᠷᠣᠨ᠎ᠤ ᠡᠳ᠋᠎ᠦᠨ ᠵᠠᠰᠠᠭ᠎ᠤᠨ ᠠᠵᠢᠯ᠎ᠤᠨ ᠪᠣᠳᠠᠲᠤ ᠪᠠᠢᠳᠠᠯ᠎ᠲᠠᠶ ᠤᠶᠠᠯᠳᠤᠭᠤᠯᠤᠨ᠂ ᠭᠤᠤᠯᠳᠠᠯᠭ᠎ᠠ᠎ᠲᠠᠶ ᠠᠵᠢᠯ᠎ᠤᠨ ᠤᠶᠠᠯᠳᠤᠯ᠎ᠤᠨ ᠴᠡᠭ ᠪᠠ ᠭᠠᠷᠳᠠᠬᠤ ᠴᠡᠭ᠂ ᠠᠮᠵᠢᠯᠲᠠ ᠪᠠ ᠲᠡᠦᠬᠡ᠎ᠶ᠋ᠢᠨ ᠲᠤᠷᠱᠢᠯᠭ᠎ᠠ᠎ᠠᠴᠠ ᠣᠶᠤᠨ ᠤᠬᠠᠭᠠᠨ ᠪᠠ ᠬᠦᠴᠦᠨ ᠴᠢᠳᠠᠯ ᠣᠯᠵᠤ᠂ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠦᠷᠭᠦᠯᠵᠢᠯᠡᠨ ᠨᠠᠷᠢᠯᠢᠬ᠍ᠵᠢᠭᠤᠯᠵᠤ ᠪᠣᠳᠠᠲᠠᠢᠵᠢᠭᠤᠯᠤᠨ᠂ ᠲᠥᠰᠦᠪ᠎ᠦᠨ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠦᠨ ᠪᠠᠯᠠ ᠮᠥᠩᠭᠥ᠌ ᠬᠡᠷᠡᠭ᠌ᠯᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ᠂ ᠤᠯᠤᠰ᠎ᠤᠨ ᠵᠠᠰᠠᠯᠲᠠ ᠳᠤᠮᠳᠠᠬᠢ ᠡᠳ᠋᠎ᠦᠨ ᠵᠠᠰᠠᠭ᠎ᠤᠨ ᠰᠠᠭᠤᠷᠢ ᠪᠠ ᠴᠢᠬᠤᠯᠠ ᠲᠤᠯᠭᠠᠭᠤᠷᠢᠯᠠᠬᠤ ᠦᠢᠯᠡᠳᠦᠯ᠎ᠢ ᠨᠡᠩ ᠰᠠᠢᠲᠤᠷ ᠪᠠᠳᠠᠷᠠᠭᠤᠯᠤᠨ᠎ᠠ᠂ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠥᠪᠥᠷ ᠮᠣᠩᠭᠣᠯ᠎ᠤᠨ ᠡᠳ᠋᠎ᠦᠨ ᠵᠠᠰᠠᠭ᠎ᠤᠨ ᠬᠦᠴᠦᠨ ᠴᠢᠳᠠᠯ᠎ᠢᠶᠠᠨ ᠡᠷᠭᠦᠨ᠎ᠡ ᠭᠡᠵᠦ ᠢᠯᠡᠷᠬᠡᠢᠯᠡᠪᠡ᠃