ᠥᠪᠡᠷᠲᠡᠭᠡᠨ
ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ
ᠢᠯᠡᠳᠭᠡᠯ ᠨᠢ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶᠠᠨ᠎ᠤ ᠺᠠᠳ᠋ᠷ ᠤᠯᠠᠨ ᠲᠦᠮᠡᠨ᠎ᠦ
ᠳᠤᠮᠳᠠ ᠴᠢᠩᠭ᠎ᠠ ᠲᠤᠰᠭᠠᠯ ᠭᠠᠷᠪᠠ᠃
ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠎ᠶ᠋ᠢᠨ
ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠯᠢᠦ ᠬᠤ᠌ ᠴᠧᠩ᠄ 《ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶ᠋ᠢᠨ ᠨᠠᠮ ᠤᠨ ᠲᠥᠯᠥᠭᠡᠯᠡᠭ᠌ᠴᠢᠳ᠎ᠦᠨ
ᠶᠡᠬᠡ ᠬᠤᠷᠠᠯ᠎ᠤᠨ ᠢᠯᠡᠳᠭᠡᠯ᠎ᠦᠨ ᠡᠬᠢᠯᠡᠯᠲᠡ᠎ᠶ᠋ᠢᠨ ᠴᠡᠭ᠎ᠨᠢ ᠥᠨᠳᠥᠷ᠂ ᠪᠠᠢᠷᠢ ᠲᠣᠭ᠍ᠲᠠᠭᠠᠯᠲᠠ᠎ᠨᠢ ᠣᠨᠣᠪᠴᠢᠲᠠᠶ᠂ ᠵᠢᠯᠣᠭᠣᠳᠭᠤ ᠴᠢᠨᠠᠷ᠂ ᠬᠠᠷᠠᠯᠳᠠᠳᠤ ᠴᠢᠨᠠᠷ ᠪᠠ ᠱᠢᠨ᠎ᠡ᠎ᠶ᠋ᠢ ᠡᠭᠦᠳᠬᠦ᠌ ᠴᠢᠨᠠᠷᠲᠠᠶ ᠪᠠᠢᠵᠤ᠂ ᠨᠡᠢᠭᠡᠮ
ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠱᠢᠨ᠎ᠡ ᠠᠶᠠᠨ᠎ᠳᠤ ᠥᠪᠥᠷ
ᠮᠣᠩᠭᠣᠯ᠎ᠤᠨ ᠴᠢᠬᠤᠯᠠ ᠶᠡᠬᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ᠎ᠳᠦ ᠪᠤᠰᠤᠳᠴᠢ ᠵᠠᠳᠠᠯᠤᠯᠲᠠ
ᠬᠢᠭ᠌ᠰᠡᠨ ᠪᠥᠭᠡᠳ ᠪᠠᠰᠠ ᠪᠥᠬᠥ᠌ ᠣᠷᠣᠨ᠎ᠤ ᠪᠣᠳᠠᠲᠤ ᠪᠠᠢᠳᠠᠯ᠎ᠠᠴᠠ ᠡᠭᠦᠰᠴᠦ᠍᠂ ᠬᠣᠢᠱᠢᠳᠠ᠎ᠶ᠋ᠢᠨ ᠥᠪᠡᠷᠲᠡᠭᠡᠨ ᠵᠠᠰᠠᠬᠤ ᠣᠷᠣᠨ᠎ᠤ ᠬᠥᠭ᠌ᠵᠢᠯᠲᠡ᠎ᠶ᠋ᠢᠨ
ᠵᠠᠮ᠎ᠢ ᠲᠣᠳᠣᠷᠬᠠᠶ ᠵᠢᠭᠠᠵᠤ ᠥᠭ᠌ᠴᠡᠶ᠃ ᠨᠠᠮ᠎ᠤᠨ ᠭᠡᠱᠢᠭᠦᠨ ᠪᠠ ᠪᠡᠶ᠎ᠡ᠎ᠶ᠋ᠢᠨ ᠲᠠᠮᠢᠷ᠎ᠤᠨ ᠠᠵᠢᠯᠲᠠᠨ ᠪᠣᠯᠤᠭ᠍ᠰᠠᠨ᠎ᠤ
ᠬᠤᠪᠢ᠎ᠳᠤ᠂ ᠪᠢᠳᠠ ᠬᠠᠷᠢᠭᠤᠴᠠᠯᠭᠠᠲᠤ ᠰᠡᠳᠭᠢᠯᠭᠡ ᠪᠠ ᠡᠭᠦᠷᠭᠡᠲᠦ
ᠪᠤᠳᠤᠯ᠎ᠢ ᠪᠠᠷᠢᠮᠲᠠᠯᠠᠵᠤ᠂ ᠶᠡᠷᠦᠩᠬᠡᠢ ᠱᠦᠵᠢ ᠰᠢ᠎ᠶ᠋ᠢᠨ
ᠫᠢᠩ᠎ᠦᠨ ᠪᠡᠶᠡᠶ᠋ᠢᠨᠲᠠᠮᠢᠷᠤᠨᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ
ᠵᠣᠷᠢᠭ ᠰᠠᠨᠠᠭ᠎ᠠ᠎ᠪᠠᠷ ᠦᠨᠳᠦᠰᠦᠨ ᠵᠢᠷᠤᠮᠯᠠᠯ ᠪᠣᠯᠭᠠᠵᠤ᠂ ᠠᠷᠠᠳ ᠲᠦᠮᠡᠨ᠎ᠢᠶᠡᠷ ᠭᠣᠣᠯ ᠪᠣᠯᠭᠠᠬᠤ᠎ᠶ᠋ᠢ ᠪᠠᠷᠢᠮᠲᠠᠯᠠᠵᠤ᠂
ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠰᠠᠭᠤᠷᠢᠯᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠵᠤ᠂
ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠠᠭᠤᠰᠤᠯᠴᠠᠵᠤ᠂ ᠡᠷᠡᠭᠦᠯ ᠡᠩᠬᠡ ᠳᠤᠮᠳᠠᠳᠤ ᠤᠯᠤᠰ᠎ᠤᠨ ᠪᠠᠢᠯᠳᠤᠬᠤ
ᠪᠤᠳᠤᠯᠭ᠎ᠠ ᠪᠠ ᠪᠦᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠤᠯᠤᠰ᠎ᠤᠨ ᠪᠠᠢᠯᠳᠤᠬᠤ ᠪᠤᠳᠤᠯᠭ᠎ᠠ᠎ᠶ᠋ᠢ ᠭᠦᠨᠵᠡᠭᠡᠢ
ᠬᠡᠷᠡᠭ᠌ᠵᠢᠭᠦᠯᠵᠦ᠍᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠡᠷᠡᠭᠦᠯ ᠮᠡᠨᠳᠦ᠍᠎ᠶ᠋ᠢᠨ
ᠲᠦᠪᠱᠢᠨ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠠᠷᠠᠳ ᠤᠯᠠᠨ᠎ᠤ ᠬᠦᠷᠲᠡᠮᠵᠢ᠎ᠶ᠋ᠢᠨ ᠲᠦᠷᠦᠭ᠌ᠳᠡᠯ ᠪᠠ
ᠵᠢᠷᠭᠠᠯᠲᠤ ᠲᠦᠷᠦᠭ᠌ᠳᠡᠯ᠎ᠢ ᠨᠡᠮᠡᠭᠳᠡᠭᠦᠯᠦᠨ᠎ᠡ》 ᠭᠡᠪᠡ᠃
ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠎ᠶ᠋ᠢᠨ
ᠣᠯᠠᠨ ᠲᠦᠮᠡᠨᠴᠢ ᠪᠡᠶ᠎ᠡ᠎ᠶ᠋ᠢᠨ ᠲᠠᠮᠢᠷ᠎ᠤᠨ ᠭᠠᠵᠠᠷ᠎ᠤᠨ ᠳᠠᠷᠤᠭ᠎ᠠ ᠴᠢᠨ ᠶᠢᠩ᠄ 《ᠥᠪᠡᠷᠲᠡᠭᠡᠨ ᠵᠠᠰᠠᠬᠤ ᠣᠷᠣᠨᠤᠠᠷᠪᠠᠨᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ
ᠶᠡᠬᠡ ᠬᠤᠷᠠᠯ᠎ᠠᠴᠠ ᠥᠪᠥᠷ ᠮᠣᠩᠭᠣᠯ᠎ᠤᠨ ᠥᠩᠭᠡᠷᠡᠭ᠌ᠰᠡᠨ ᠲᠠᠪᠤᠨ ᠵᠢᠯ᠎ᠦᠨ ᠬᠥᠭ᠌ᠵᠢᠯᠲᠡ᠎ᠳᠦ ᠣᠯᠤᠭ᠍ᠰᠠᠨ ᠠᠮᠵᠢᠯᠲᠠ
ᠪᠦᠲᠦᠮᠵᠢ᠎ᠶ᠋ᠢ ᠪᠥᠬᠥ᠌ ᠲᠠᠯ᠎ᠠ᠎ᠪᠠᠷ ᠣᠨᠣᠪᠴᠢᠲᠠᠶ ᠳ᠋ᠦᠩᠨᠡᠵᠦ᠍᠂ ᠢᠷᠡᠬᠦ᠌ ᠲᠠᠪᠤᠨ ᠵᠢᠯ᠎ᠦᠨ ᠬᠥᠭ᠌ᠵᠢᠯᠲᠡ᠎ᠳᠦ
ᠪᠦᠬᠦᠯᠢ ᠴᠣᠭ᠍ᠴᠠ᠎ᠶ᠋ᠢᠨ ᠲᠥᠯᠥᠪᠵᠢᠭᠦᠯᠭᠡ ᠬᠢᠭᠰᠡᠨ ᠪᠠᠢᠨ᠎ᠠ᠃ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠦᠶ᠋ᠯᠡᠰ᠎ᠦᠨ ᠬᠥᠭ᠌ᠵᠢᠯᠲᠡ᠎ᠳᠦ᠂ ᠥᠪᠡᠷᠲᠡᠭᠡᠨ ᠵᠠᠰᠠᠬᠤ
ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ
ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠰᠠᠭᠤᠷᠢᠯᠠᠵᠤ᠂ ᠨᠠᠩ ᠥᠨᠳᠥᠷ ᠲᠦᠪᠱᠢᠨ ᠪᠥᠬᠥᠶ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ
ᠱᠢᠰᠲ᠋ᠧᠮ᠎ᠢ ᠪᠠᠢᠭᠤᠯᠤᠨ᠎ᠠ;ᠱᠢᠨ᠎ᠡ ᠬᠥᠭ᠌ᠵᠢᠯᠲᠡ᠎ᠶ᠋ᠢᠨ
ᠪᠠᠢᠷᠢᠱᠢᠯ᠎ᠳᠤ ᠬᠦᠴᠦᠯᠡᠨ ᠦᠶ᠋ᠯᠡᠴᠢᠯᠡᠬᠦ᠌ ᠪᠠ ᠠᠭᠤᠰᠤᠯᠴᠠᠵᠤ᠂ ᠨᠠᠩ ᠴᠢᠨᠠᠷ ᠰᠠᠢᠲᠠᠶ᠂ ᠨᠠᠩ ᠦᠷ᠎ᠡ ᠪᠦᠲᠦᠮᠵᠢᠲᠡᠶ᠂
ᠨᠠᠩ ᠲᠥᠪ ᠭᠤᠤᠯᠴᠢ᠂ ᠨᠠᠩ ᠦᠷᠭᠦᠯᠵᠢᠯᠡᠬᠦ ᠴᠢᠨᠠᠷ ᠲᠠᠢ᠂ ᠨᠠᠩ ᠠᠮᠤᠷ ᠲᠦᠪᠱᠢᠨ ᠬᠥᠭ᠌ᠵᠢᠯᠲᠡ᠎ᠶ᠋ᠢ ᠪᠡᠶᠡᠯᠡᠭᠦᠯᠵᠦ᠍᠂
ᠠᠷᠠᠳ ᠣᠯᠠᠨ᠎ᠤ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ᠎ᠢ
ᠲᠠᠰᠤᠷᠠᠯᠲᠠ ᠥᠬᠡᠶ ᠨᠡᠮᠡᠭ᠌ᠳᠡᠭᠦᠯᠵᠦ᠍᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠥᠬᠥ᠌ ᠲᠠᠯ᠎ᠠ᠎ᠪᠠᠷ
ᠪᠥᠲᠥᠭᠡᠨ ᠪᠠᠢᠭᠤᠯᠬᠤ ᠱᠢᠨ᠎ᠡ ᠠᠶᠠᠨ᠎ᠳᠤ ᠥᠪᠥᠷ ᠮᠣᠩᠭᠣᠯ᠎ᠤᠨ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ
ᠦᠶ᠋ᠯᠡᠰ᠎ᠦᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠨ᠎ᠡ》ᠭᠡᠵᠦ ᠶᠠᠷᠢᠨ᠎ᠠ᠃