ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠬᠤᠷᠠᠯᠳᠤᠭ᠍ᠰᠠᠨ᠎ᠠᠴᠠ ᠨᠠᠭᠠᠰᠢ᠂ ᠮᠠᠨ᠎ᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠱᠢᠰᠲᠸᠮ᠎ᠤᠨ ᠥᠷᠭᠡᠨ ᠤᠯᠠᠨ ᠺᠠᠳ᠋ᠷ ᠠᠵᠢᠯᠳᠠᠨ ᠲᠧᠯᠸᠢᠰ᠂ ᠷᠠᠳᠢᠣ᠋ ᠵᠢᠴᠢ ᠱᠢᠨ᠎ᠡ ᠵᠠᠭᠤᠴᠢᠯᠠᠭᠤᠷ ᠵᠡᠷᠭᠡ ᠤᠯᠠᠨ ᠵᠦᠢᠯ᠎ᠦᠨ ᠬᠡᠯᠪᠡᠷᠢ᠎ᠪᠡᠷ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠪᠡᠳᠡᠭ᠌ᠰᠢ ᠪᠠᠢᠳᠠᠯ ᠪᠣᠯᠤᠨ ᠬᠣᠯᠪᠣᠭ᠍ᠳᠠᠯ ᠪᠦᠬᠦᠢ ᠮᠡᠳᠡᠭᠡᠯᠡᠯ᠎ᠢ ᠬᠦᠯᠢᠶᠡᠨ ᠠᠪᠴᠤ᠌ ᠰᠣᠨᠣᠰᠪᠠ᠃
11ᠰᠠᠷ᠎ᠠ᠎ᠶ᠋ᠢᠨ 29᠎ᠤ᠋ ᠦᠳᠡ᠎ᠶ᠋ᠢᠨ ᠬᠣᠢᠨ᠎ᠠ᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ ᠲᠢᠩᠬᠢᠮ᠎ᠦᠨ ᠪᠠᠢᠭᠤᠯᠭ᠎ᠠ᠎ᠶ᠋ᠢᠨ ᠰᠠᠯᠠᠭ᠎ᠠ ᠲᠠᠰᠤᠭ(ᠲᠣᠪᠴᠢᠶ᠎ᠠ)ᠵᠢᠴᠢ ᠲᠢᠩᠬᠢᠮ᠎ᠦᠨ ᠬᠠᠷᠢᠶ᠎ᠠ ᠨᠢᠭᠡᠴᠢ᠎ᠶ᠋ᠢᠨ ᠬᠠᠷᠢᠭᠤᠴᠠᠯᠭᠠᠲᠠᠨ᠎ᠤ ᠲᠤᠰᠭᠠᠶ ᠰᠡᠳᠦᠪ᠎ᠢᠶᠡᠷ ᠰᠤᠷᠤᠯᠴᠠᠵᠤ ᠰᠤᠳᠤᠯᠤᠨ ᠶᠠᠷᠢᠯᠴᠠᠬᠤ ᠬᠤᠷᠠᠯ᠎ᠢ ᠵᠣᠬᠢᠶᠠᠨ ᠪᠠᠢᠭᠤᠯᠤᠨ ᠬᠤᠷᠠᠯᠳᠤᠭᠤᠯᠵᠤ᠂ ᠣᠯᠠᠨ᠎ᠢᠶᠠᠷ᠎ᠢᠶᠠᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠬᠡᠯ᠎ᠤᠨ ᠲᠣᠭᠣᠷᠢᠨ᠎ᠳᠤ᠂ ᠪᠥᠬᠥ᠌ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠠᠵᠢᠯ᠎ᠤᠨ ᠪᠣᠳᠠᠲᠠᠶ᠎ᠲᠠᠶ ᠤᠶᠠᠯᠳᠤᠭᠤᠯᠤᠨ᠂ ᠦᠵᠡᠯ ᠰᠠᠨᠠᠭ᠎ᠠ ᠲᠠᠨᠢᠯᠲᠠ᠎ᠪᠠᠨ ᠠᠭᠤᠵᠢᠷᠠᠲᠠᠯ᠎ᠠ ᠶᠠᠷᠢᠯᠴᠠᠵᠤ ᠂ ᠮᠠᠨᠤᠣᠷᠣᠨᠤᠲᠠᠪᠤᠨᠵᠢᠯᠦᠨᠳᠤᠷᠰᠢᠬᠢᠯᠤᠲᠤᠶᠡᠬᠡ ᠠᠮᠵᠢᠯᠲᠠ᠎ᠶ᠋ᠢ ᠭᠦᠨᠵᠡᠭᠡᠶ ᠤᠢᠯᠠᠭᠠᠵᠦ᠂ ᠥᠪᠡᠷᠲᠡᠭᠡᠨ ᠵᠠᠰᠠᠬᠤ ᠣᠷᠣᠨ᠎ᠤ ᠢᠷᠡᠭᠡᠳᠦᠶ᠎ᠶ᠋ᠢᠨ ᠲᠠᠪᠤᠨ ᠵᠢᠯ᠎ᠦᠨ ᠬᠥᠭ᠌ᠵᠢᠯᠲᠡ ᠶ᠋ᠢᠨ ᠲᠥᠯᠥᠪᠵᠢᠭᠦᠯᠭᠡ ᠶ᠋ᠢ ᠭᠦᠨᠵᠡᠭᠡᠶ ᠣᠢᠯᠠᠭᠠᠵᠠᠶ ᠃ ᠣᠯᠠᠨ ᠢᠶᠠᠷ ᠢᠶᠠᠨ ᠂ᠨᠠᠮ ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠣᠳᠠᠲᠠᠶ ᠠᠵᠢᠯ᠎ᠳᠠᠭᠠᠨ ᠠᠭᠤᠰᠤᠯᠴᠠᠭᠤᠯᠵᠤ᠂ ᠪᠠᠢᠭᠠᠯᠢ᠎ᠶ᠋ᠢᠨ ᠡᠬᠢ ᠪᠠᠶᠠᠯᠢᠭ᠎ᠤᠨ ᠡᠯ᠎ᠡ ᠵᠦᠶ᠋ᠯ᠎ᠦᠨ ᠠᠵᠢᠯ᠎ᠢ ᠰᠠᠢᠲᠤᠷ ᠬᠢᠬᠦ᠌ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠬᠤ᠎ᠶ᠋ᠢᠨ ᠬᠠᠮᠲᠤ ᠪᠠᠢᠭᠠᠯᠢ ᠶ᠋ᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠦᠨ ᠱᠢᠨ᠎ᠡ ᠪᠠᠢᠳᠠᠯ ᠳᠤᠤᠷ᠎ᠠ ᠡᠭᠦᠷᠭᠡᠯᠡᠵᠦ᠍ ᠪᠦᠬᠦᠢ ᠲᠡᠦᠬᠡᠲᠦ ᠬᠦᠨᠳᠦ ᠡᠭᠦᠷᠭᠡ᠎ᠶ᠋ᠢ ᠣᠨᠣᠪᠴᠢᠲᠠᠶ ᠡᠵᠡᠮᠳᠡᠵᠦ᠍᠂ ᠱᠢᠨ᠎ᠡ ᠡᠭᠦᠷᠭᠡᠯᠡᠯ᠂ ᠱᠢᠨ᠎ᠡ ᠵᠢᠳᠬᠦᠯ ᠴᠢᠷᠮᠠᠢᠯᠭ᠎ᠠ᠎ᠪᠠᠷ᠎ᠢᠶᠠᠨ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠳᠤ ᠨᠠᠩ ᠶᠡᠬᠡ ᠱᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ᠍ ᠢᠯᠡᠳᠭᠡᠵᠡᠭᠡᠪᠡ᠃
ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠦᠨ ᠤᠯᠤᠰ᠎ᠤᠨ ᠨᠤᠲᠤᠭ ᠳᠡᠪᠢᠰᠭᠡᠷ᠎ᠦᠨ ᠣᠷᠣᠨ ᠵᠠᠶ᠎ᠶ᠋ᠢᠨ ᠠᠮᠢ ᠠᠬᠤᠶ᠎ᠶ᠋ᠢ ᠰᠡᠷᠭᠦᠭᠡᠨ ᠵᠠᠰᠠᠬᠤ᠌ ᠭᠠᠵᠠᠷ᠎ᠤᠨ ᠳᠠᠷᠤᠭ᠎ᠠ ᠫᠠᠨ ᠱᠢᠤᠸᠠᠢ ᠹᠸᠢ᠄ 《ᠪᠢᠳᠡ ᠤᠯᠤᠰ ᠲᠥᠷᠥ᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠥᠷᠥ᠎ᠶ᠋ᠢᠨ ᠤᠬᠠᠬᠤ ᠴᠢᠳᠠᠪᠤᠷᠢ᠂ ᠤᠯᠤᠰ ᠲᠥᠷᠥ᠎ᠶ᠋ᠢᠨ ᠬᠡᠷᠡᠭ᠌ᠵᠢᠭᠦᠯᠬᠦ᠌ ᠴᠢᠳᠠᠪᠤᠷᠢ᠎ᠪᠠᠨ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠦᠨᠳᠦᠰᠦᠨ ᠪᠠᠢᠳᠠᠯ᠎ᠳᠤ ᠰᠠᠭᠤᠷᠢᠯᠠᠨ᠂ ᠠᠮᠢ ᠠᠬᠤᠶ᠎ᠶ᠋ᠢ ᠰᠡᠷᠭᠦᠭᠡᠨ ᠵᠠᠰᠠᠬᠤ᠌ ᠠᠰᠠᠭᠤᠳᠠᠯ᠎ᠢ ᠱᠢᠨᠵᠢᠯᠡᠬᠦ᠌ ᠤᠬᠠᠭᠠᠨᠴᠢ᠎ᠪᠠᠷ ᠢᠯᠭᠠᠨ ᠲᠠᠨᠢᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠪᠣᠯ ᠠᠮᠢ ᠨᠠᠰᠤᠨ᠎ᠤ ᠬᠠᠮᠲᠤ᠎ᠶ᠋ᠢᠨ ᠴᠣᠭ᠍ᠴᠠ ᠮᠥᠨ ᠭᠡᠬᠦ᠌ ᠣᠢᠯᠠᠭᠠᠭ᠍ᠳᠠᠬᠤᠨ᠎ᠢᠶᠠᠷ ᠵᠢᠯᠣᠭᠣᠳᠣᠯᠭ᠎ᠠ ᠪᠣᠯᠭᠠᠵᠤ᠂ ᠤᠯᠤᠰᠤᠨᠳᠠᠪᠬᠤᠷ ᠲᠥᠯᠥᠪᠵᠢᠭᠦᠯᠭᠡ᠎ᠶ᠋ᠢᠨ ᠠᠮᠢ ᠠᠬᠤᠶ᠎ᠶ᠋ᠢᠨ ᠪᠠᠢᠷᠢᠱᠢᠯ᠎ᠢ ᠵᠠᠯᠭᠠᠮᠵᠢᠯᠠᠬᠤ᠎ᠪᠠᠷ ᠳᠠᠮᠵᠢᠭᠤᠯᠤᠨ᠂ ᠪᠥᠬᠥ᠌ ᠣᠷᠣᠨ᠎ᠤ ᠠᠮᠢ ᠠᠬᠤᠶ᠎ᠶ᠋ᠢ ᠰᠡᠷᠭᠦᠭᠡᠨ ᠵᠠᠰᠠᠬᠤ᠌ ᠭᠤᠤᠯᠳᠠᠯᠭ᠎ᠠ᠎ᠲᠠᠶ ᠡᠭᠦᠷᠭᠡ᠎ᠶ᠋ᠢ ᠳᠠᠮᠵᠢᠭᠤᠯᠵᠤ᠂ ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠨ᠂ ᠡᠯ᠎ᠡ ᠠᠵᠢᠯ ᠲᠥᠷᠥᠯ᠎ᠢ ᠵᠤᠬᠢᠴᠠᠭᠤᠯᠵᠦ ᠠᠮᠢ ᠠᠬᠤᠶ᠎ᠶ᠋ᠢ ᠰᠡᠷᠭᠦᠭᠡᠬᠦ᠌ ᠠᠵᠢᠯ᠎ᠢ ᠬᠠᠮᠳᠤ ᠪᠠᠷ ᠠᠬᠢᠭᠤᠯᠤᠨ᠎ᠠ》 ᠭᠡᠪᠡ᠃