ᠤᠢ᠍ᠢᠷ᠎ᠠ᠎ᠳᠤ᠂ ᠪᠦᠬᠦ᠌ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠱᠢᠰᠲᠸᠮ᠎ᠤᠨ ᠥᠷᠭᠡᠨ ᠤᠯᠠᠨ ᠺᠠᠳ᠋ᠷ ᠠᠵᠢᠯᠳᠠᠨ ᠤᠯᠠᠨ ᠵᠦᠢᠯ᠎ᠦᠨ ᠠᠷᠭ᠎ᠠ ᠬᠡᠯᠪᠡᠷᠢ᠎ᠪᠡᠷ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠪᠡᠳᠡᠭ᠌ᠰᠢ ᠪᠠᠢᠳᠠᠯ᠎ᠢ ᠬᠦᠯᠢᠶᠠᠨ ᠠᠪᠴᠤ᠌ ᠦᠵᠡᠵᠦ ᠰᠣᠨᠣᠰᠤᠭ᠍ᠰᠠᠨ ᠪᠥᠭᠡᠳ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠦᠨ ᠲᠣᠭᠣᠷᠢᠨ᠎ᠳᠤ ᠬᠥᠭ᠌ᠵᠢᠶᠡᠨᠲᠡᠢ ᠶᠠᠷᠢᠯᠴᠠᠪᠠ᠃ ᠣᠯᠠᠨ᠎ᠢᠶᠠᠷ᠎ᠢᠶᠠᠨ ᠢᠯᠡᠳᠭᠡᠯ᠎ᠳᠦ ᠥᠩᠭᠡᠷᠡᠭ᠌ᠰᠡᠨ ᠲᠠᠪᠤᠨ ᠵᠢᠯ᠎ᠦᠨ ᠲᠤᠷᠱᠢᠬᠢ ᠥᠪᠥᠷ ᠮᠣᠩᠭᠣᠯ᠎ᠤᠨ ᠣᠯᠤᠭ᠍ᠰᠠᠨ ᠬᠡᠷᠡᠯ ᠰᠠᠴᠤᠷᠠᠩᠭᠤᠶ ᠠᠮᠵᠢᠯᠲᠠ ᠪᠦᠲᠦᠮᠵᠢ᠎ᠶ᠋ᠢ ᠳ᠋ᠦᠩᠨᠡᠵᠦ᠍᠂ ᠢᠷᠡᠬᠦ᠌ ᠲᠠᠪᠤᠨ ᠵᠢᠯ᠎ᠦᠨ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠪᠥᠬᠥ᠌ ᠲᠠᠯ᠎ᠠ ᠪᠠᠷ ᠠᠬᠢᠭᠤᠯᠬᠤ ᠠᠸ᠋ᠭ᠎ᠠ ᠲᠥᠰᠦᠪ᠎ᠢ ᠵᠢᠷᠤᠭ᠍ᠯᠠᠨ᠂ ᠬᠥᠮᠦᠰ᠎ᠢ ᠤᠷᠮᠠᠱᠢᠭᠤᠯᠤᠨ ᠵᠣᠷᠢᠭ᠍ᠵᠢᠭᠤᠯᠤᠭᠰᠠᠨ ᠪᠠᠢᠨ᠎ᠠ ᠭᠡᠵᠦ᠍ ᠦᠵᠡᠵᠡᠭᠡᠪᠡ᠃
ᠮᠠᠨ᠎ᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠱᠢᠰᠲ᠋ᠧᠮ᠎ᠦᠨ ᠪᠦᠬᠦ᠌ ᠺᠠᠳ᠋ᠷ ᠠᠵᠢᠯᠳᠠᠨ ᠠᠵᠢᠯᠴᠢᠨ ᠡᠴᠡ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠵᠢᠷᠭᠤᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠶ᠋ᠢ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠲᠠᠶ ᠨᠢᠭ᠍ᠲᠠ ᠤᠶᠠᠯᠳᠤᠭᠤᠯᠵᠦ᠂ ᠨᠠᠮ᠎ᠤᠨ ᠦᠭᠡ᠎ᠶ᠋ᠢ ᠤᠯᠠᠮ ᠨᠢᠭᠡ ᠠᠯᠬᠤᠮ ᠡᠷᠡᠰ ᠰᠣᠨᠣᠰᠴᠤ᠂ ᠨᠠᠮ᠎ᠳᠠᠭᠠᠨ ᠲᠠᠯᠠᠷᠬᠠᠨ᠂ ᠨᠠᠮ᠎ᠢᠶᠠᠨ ᠳᠠᠭᠠᠬᠤ ᠢᠲᠡᠭᠡᠯ ᠵᠣᠷᠢᠭ ᠵᠢᠡᠨ ᠬᠦᠪᠴᠢᠯᠡᠵᠦ᠂ ᠮᠡᠳᠡᠭᠦᠯᠦᠯᠲᠡ᠎ᠳᠦ ᠲᠣᠭ᠍ᠲᠠᠭᠠᠭ᠍ᠰᠠᠨ ᠬᠠᠷᠠᠯᠲᠠ ᠡᠭᠦᠷᠭᠡ᠎ᠶ᠋ᠢᠨ ᠲᠣᠭᠣᠷᠢᠨ᠎ᠳᠤ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠦᠢᠯᠡᠰ᠎ᠦᠨ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠲᠠᠶ ᠤᠶᠠᠯᠳᠤᠭᠤᠯᠤᠨ᠂ ᠲᠤᠬᠠᠢᠯᠠᠭ᠍ᠰᠠᠨ ᠠᠵᠢᠯ᠎ᠳᠠᠭᠠᠨ ᠰᠠᠭᠤᠷᠢᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠴᠢᠩᠭᠠᠳᠬᠠᠨ᠂ ᠨᠠᠩ ᠪᠣᠳᠠᠲᠠᠶ᠎ᠶ᠋ᠢ ᠡᠷᠬᠢᠮᠯᠡᠬᠦ᠌ ᠰᠤᠷᠲᠠᠯ ᠪᠠ ᠣᠷᠭᠢᠯᠤᠮ᠎ᠠ ᠬᠠᠯᠠᠭᠤᠨ ᠰᠡᠳᠭᠢᠯᠭᠡ᠎ᠪᠡᠷ ᠠᠵᠢᠯᠯᠠᠵᠦ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠶ᠋ᠯᠡᠳᠦᠯᠭᠡᠵᠢᠭᠦᠯᠦᠨ᠂ ᠵᠠᠮ ᠬᠠᠷᠢᠯᠴᠠᠭᠠᠨ᠎ᠤ ᠱᠢᠨ᠎ᠡ ᠠᠮᠵᠢᠯᠲᠠ ᠪᠦᠲᠦᠮᠵᠢ᠎ᠶ᠋ᠢ ᠡᠭᠦᠳᠦᠨ᠂ ᠵᠠᠮ ᠬᠠᠷᠢᠯᠴᠠᠭᠠᠨ᠎ᠤ ᠱᠢᠨ᠎ᠡ ᠡᠭᠦᠷᠭᠡᠯᠡᠯ᠎ᠢ ᠢᠯᠡᠷᠡᠭᠦᠯᠤᠨ᠂ ᠵᠠᠮ ᠬᠠᠷᠢᠯᠴᠠᠭᠠᠨ᠎ᠤ ᠬᠦᠭᠵᠢᠯᠳᠡ᠎ᠳᠤ ᠱᠢᠨ᠎ᠡ ᠬᠦᠴᠦᠨ᠎ᠢ ᠨᠡᠮᠡᠷᠢᠯᠡᠨ᠎ᠡ ᠬᠡᠵᠦ ᠢᠯᠡᠳᠭᠡᠪᠡ᠃
ᠥᠩᠭᠡᠷᠡᠭ᠌ᠰᠡᠨ ᠲᠠᠪᠤᠨ ᠵᠢᠯ᠂ ᠪᠦᠬᠦ᠌ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠱᠢᠰᠲᠧᠮ ᠥᠪᠡᠷᠲᠡᠭᠡᠨ ᠵᠠᠰᠠᠬᠤ ᠣᠷᠣᠨ᠎ᠤ 《ᠳᠣᠯᠣᠭᠠᠨ ᠲᠣᠣᠷ》᠎ᠤ᠋ᠨ ᠪᠠᠢᠭᠤᠯᠤᠯᠲᠠ᠎ᠶ᠋ᠢ ᠲᠦᠷᠭᠡᠳᠭᠡᠬᠦ᠌ ᠪᠠᠢᠯᠳᠤᠬᠤ ᠪᠣᠳᠣᠯᠭ᠎ᠠ᠎ᠶ᠋ᠢᠨ ᠠᠵᠠ ᠲᠣᠬᠢᠶᠠᠯ᠎ᠢ ᠪᠦᠬᠦ᠌ ᠲᠠᠯ᠎ᠠ᠎ᠪᠠᠷ ᠡᠵᠡᠮᠳᠡᠨ᠂ ᠵᠠᠰᠠᠮᠠᠯ ᠵᠠᠮ᠎ᠤᠨ ᠪᠦᠲᠦᠭᠡᠨ ᠪᠠᠢᠭᠤᠯᠤᠯᠲᠠ᠎ᠶ᠋ᠢᠨ ᠠᠬᠢᠴᠠ᠎ᠶ᠋ᠢ ᠲᠦᠷᠭᠡᠳᠭᠡᠨ᠂ ᠵᠠᠰᠠᠮᠠᠯ ᠵᠠᠮ᠎ᠤᠨ ᠪᠦᠲᠦᠭᠡᠨ ᠪᠠᠢᠭᠤᠯᠤᠯᠲᠠ᠎ᠶ᠋ᠢᠨ ᠵᠡᠷᠭᠡ ᠳᠡᠰ ᠪᠣᠯᠤᠨ ᠶᠠᠰᠤ ᠴᠢᠨᠠᠷ᠎ᠢ ᠳᠡᠭᠡᠭ᠌ᠰᠢᠯᠡᠭᠦᠯᠵᠤ᠂ ᠦᠢᠯᠡᠴᠢᠯᠡᠭᠡᠨ᠎ᠦ ᠴᠢᠳᠠᠮᠵᠢ᠎ᠶ᠋ᠢ ᠲᠡᠭᠦᠯᠳᠡᠷᠵᠢᠭᠦᠯᠦᠨ ᠱᠢᠯᠢᠳᠡᠭ᠌ᠵᠢᠭᠦᠯᠵᠦ᠂ ᠶᠡᠷᠦᠩᠬᠡᠢᠯᠡᠭ᠌ᠰᠡᠨ ᠵᠠᠮ ᠬᠠᠷᠢᠯᠴᠠᠭ᠎ᠠ᠎ᠶ᠋ᠢ ᠢᠳᠡᠪᠬᠢᠲᠡᠢ ᠰᠦᠪᠡᠭ᠌ᠴᠢᠯᠡᠵᠤ᠂ ᠪᠣᠰᠣᠭ᠎ᠠ ᠴᠤᠭᠴᠠᠲᠤ ᠵᠠᠮ ᠬᠠᠷᠢᠯᠴᠠᠭ᠎ᠠ᠂ ᠤᠶᠤᠨᠲᠤ ᠵᠠᠮ ᠬᠠᠷᠢᠯᠴᠠᠭ᠎ᠠ᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠌ ᠱᠢᠨ᠎ᠡ ᠵᠠᠮ᠂ ᠵᠠᠮ ᠬᠠᠷᠢᠯᠴᠠᠭᠠᠨ᠎ᠤ ᠠᠵᠤ ᠦᠶ᠋ᠯᠡᠰ᠎ᠦᠨ ᠬᠥᠭ᠌ᠵᠢᠯᠲᠡ᠎ᠶ᠋ᠢ ᠭᠦᠶ᠋ᠴᠡᠳ ᠪᠠᠳᠠᠷᠠᠭᠤᠯᠤᠨ᠂ ᠨᠠᠷᠢᠯᠢᠭ ᠣᠨᠣᠴᠠᠲᠠᠶ᠎ᠪᠠᠷ ᠶᠠᠳᠠᠭᠤ᠎ᠶ᠋ᠢ ᠲᠡᠳᠬᠦᠬᠦ᠌ ᠪᠠ ᠴᠠᠭ ᠬᠤᠭᠤᠴᠠᠭ᠎ᠠ ᠣᠷᠣᠨ ᠵᠠᠶ᠎ᠶ᠋ᠢ ᠬᠤᠪᠢᠷᠠᠭᠤᠯᠬᠤ ᠲᠠᠯ᠎ᠠ᠎ᠪᠠᠷ ᠬᠢ ᠲᠤᠯᠭᠠᠭᠤᠷᠢᠯᠠᠬᠤ ᠪᠠ ᠪᠠᠲᠤᠯᠠᠬᠤ ᠦᠶ᠋ᠯᠡᠳᠦᠯ᠂ ᠳᠡᠭᠡᠳᠦ ᠳᠡᠰ᠎ᠤᠨ ᠵᠠᠰᠠᠮᠠᠯ ᠵᠠᠮ᠎ᠢ ᠪᠦᠬᠦ᠌ ᠲᠠᠯ᠎ᠠ᠎ᠪᠠᠷ ᠲᠦᠷᠭᠡᠳᠭᠡᠨ᠂ ᠮᠠᠯᠵᠢᠬᠤ ᠲᠠᠷᠢᠶᠠᠯᠠᠬᠤ ᠣᠷᠣᠨ᠎ᠤ ᠵᠠᠰᠠᠮᠠᠯ ᠵᠠᠮ᠂ ᠱᠢᠭᠤᠢᠲᠤ ᠣᠷᠣᠨ᠎ᠤ ᠵᠠᠰᠠᠮᠠᠯ ᠵᠠᠮ᠂ ᠵᠢᠭᠤᠯᠴᠢᠯᠠᠯ᠎ᠤᠨ ᠵᠠᠰᠠᠮᠠᠯ ᠵᠠᠮ᠎ᠤᠨ ᠪᠦᠲᠦᠭᠡᠨ ᠪᠠᠢᠭᠤᠯᠤᠯᠲᠠ ᠵᠢᠴᠢ ᠪᠣᠭᠣᠮᠲᠠ᠎ᠶ᠋ᠢᠨ ᠵᠠᠰᠠᠮᠠᠯ ᠵᠠᠮ ᠪᠠ ᠬᠢᠯᠢ᠎ᠶ᠋ᠢᠨ ᠬᠠᠮᠠᠭᠠᠯᠠᠯᠲᠠ ᠶ᠋ᠢᠨ ᠵᠠᠰᠠᠮᠠᠯ ᠵᠠᠮ᠎ᠤᠨ ᠪᠦᠲᠦᠭᠡᠨ ᠪᠠᠢᠭᠤᠯᠤᠯᠲᠠ᠎ᠶᠢ ᠲᠦᠷᠭᠡᠳᠭᠡᠪᠡ᠃
《ᠲᠠᠷᠠᠭᠠᠴᠢ ᠪᠡᠷ ᠪᠥᠬᠥ᠌ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠱᠢᠰᠲ᠋ᠧᠮ᠎ᠦᠨ ᠬᠢᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ᠂ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠪᠠᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠱᠢᠶ᠋ᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ ᠳᠡᠭᠡᠷ᠎ᠡ ᠨᠢᠭᠡᠳᠭᠡᠵᠦ᠍᠂ ᠥᠪᠡᠷᠲᠡᠭᠡᠨ ᠵᠠᠰᠠᠬᠤ ᠣᠷᠣᠨ᠎ᠤ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠲᠠᠶ ᠨᠢᠭ᠍ᠲᠠ ᠤᠶᠠᠯᠳᠤᠭᠤᠯᠤᠨ᠂ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠦᠶ᠋ᠯᠡᠴᠢᠯᠡᠵᠦ᠍᠂ ᠠᠷᠠᠳ ᠲᠦᠮᠡᠨ᠎ᠦ ᠰᠡᠳᠭᠢᠯ ᠬᠠᠨᠤᠮᠵᠢᠲᠠᠶ ᠵᠠᠮ ᠬᠠᠷᠢᠯᠴᠠᠭ᠎ᠠ᠎ᠶ᠋ᠢ ᠴᠢᠷᠮᠠᠢᠨ ᠪᠠᠢᠭᠤᠯᠵᠤ᠂ ᠵᠠᠮ ᠬᠠᠷᠢᠯᠴᠠᠭᠠᠨ᠎ᠤ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢᠨ ᠲᠤᠷᠱᠢᠯᠲᠠ᠎ᠶ᠋ᠢᠨ ᠡᠭᠦᠷᠭᠡ᠎ᠶ᠋ᠢ ᠴᠢᠨᠠᠷᠵᠢᠭᠤᠨ ᠪᠡᠶᠡᠯᠡᠭᠦᠯᠦᠨ᠎ᠡ》ᠭᠡᠵᠦ᠍ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠦᠨ ᠬᠠᠤᠯᠢ ᠲᠤᠭᠳᠠᠭᠠᠬᠤ ᠭᠠᠵᠠᠷ᠎ᠤᠨ ᠳᠠᠷᠤᠭ᠎ᠠ ᠭᠤᠤ ᠱᠢᠶᠤᠤ ᠸᠧᠶ ᠬᠡᠯᠡᠪᠡ᠃