ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠭᠡᠯ᠎ᠦᠨ ᠲᠣᠪᠴᠢᠶ᠎ᠡ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠲᠣᠭ᠎ᠠ ᠪᠦᠷᠢᠳᠭᠡᠯ᠎ᠦᠨ ᠬᠦᠴᠦᠨ ᠴᠢᠳᠠᠯ᠎ᠢᠶᠠᠨ ᠨᠡᠮᠡᠷᠢᠯᠡᠨ᠎ᠡ
2021-12-01 10:06:37
ᠵᠣᠬᠢᠶᠠᠭ᠍ᠴᠢ᠄
​ᠶᠠᠩ ᠹᠠᠨ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠬᠤᠷᠠᠯᠳᠤᠭ᠍ᠰᠠᠨ᠎ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠭᠡᠯ᠎ᠦᠨ ᠲᠣᠪᠴᠢᠶᠠᠨ᠎ᠤ ᠥᠷᠭᠡᠨ ᠤᠯᠠᠨ ᠨᠠᠮ᠎ᠤᠨ ᠭᠡᠱᠢᠭᠦᠨ ᠪᠣᠯᠤᠨ ᠺᠠᠳ᠋ᠷ ᠠᠵᠢᠯᠳᠠᠨ ᠷᠠᠳᠢᠣ᠋ ᠲᠧᠯᠸᠢᠰ᠂ ᠰᠣᠨᠢᠨ᠂ ᠭᠠᠷ ᠤᠲᠠᠰᠤ ᠵᠡᠷᠭᠡ ᠤᠯᠠᠨ ᠵᠦᠢᠯ᠎ᠦᠨ ᠬᠡᠯᠪᠡᠷᠢ᠎ᠪᠡᠷ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠪᠡᠳᠡᠭ᠌ᠰᠢ ᠪᠠᠢᠳᠠᠯ᠎ᠢ ᠬᠦᠯᠢᠶᠠᠨ ᠠᠪᠴᠤ᠌ ᠰᠣᠨᠣᠰᠴᠤ᠌ ᠦᠵᠡᠭ᠌ᠰᠡᠨ ᠪᠥᠭᠡᠳ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠦᠨ ᠲᠣᠭᠣᠷᠢᠨ᠎ᠳᠤ ᠲᠠᠨᠢᠯᠲᠠ᠂ ᠬᠦᠰᠡᠯ ᠡᠷᠡᠮᠡᠯᠵᠡᠯ᠎ᠢᠶᠡᠨ ᠶᠠᠷᠢᠵᠤ᠂ ᠲᠠᠪᠤᠨ ᠵᠢᠯ᠎ᠦᠨ ᠲᠤᠷᠱᠢᠬᠢ ᠪᠦᠬᠦ᠌ ᠣᠷᠣᠨ᠎ᠤ ᠡᠯ᠎ᠡ ᠵᠦᠢᠯ᠎ᠦᠨ ᠠᠵᠢᠯ ᠦᠢᠯᠡᠰ᠎ᠦᠨ ᠬᠥᠭ᠌ᠵᠢᠯᠲᠡ ᠶ᠋ᠢᠨ ᠠᠮᠵᠢᠯᠲᠠ᠎ᠶ᠋ᠢ ᠣᠢᠯᠠᠭᠠᠨ᠂ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠡᠶᠡᠯᠡᠭᠦᠯᠬᠦ ᠱᠢᠨ᠎ᠡ ᠠᠶᠠᠨ᠎ᠳᠠᠬᠢ ᠥᠪᠥᠷ ᠮᠣᠩᠭᠣᠯ᠎ᠤᠨ ᠴᠢᠬᠤᠯᠠ ᠶᠡᠬᠡ ᠬᠠᠷᠢᠭᠤᠴᠠᠯᠭ᠎ᠠ ᠪᠣᠯᠤᠨ ᠢᠷᠠᠭᠤ ᠠᠯᠳᠠᠷᠲᠤ ᠡᠭᠦᠷᠭᠡ᠎ᠶ᠋ᠢ ᠭᠦᠨᠵᠡᠭᠡᠢ ᠣᠢᠯᠠᠭᠠᠵᠤ᠂ ᠬᠣᠢᠱᠢᠳᠠ ᠶ᠋ᠢᠨ ᠪᠦᠬᠦ᠌ ᠣᠷᠣᠨ᠎ᠤ ᠲᠣᠭ᠎ᠠ ᠪᠦᠷᠢᠳᠭᠡᠯ᠎ᠦᠨ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠴᠢᠭ᠌ᠯᠡᠯ ᠪᠣᠯᠤᠨ ᠬᠠᠷᠠᠯᠲᠠ᠎ᠪᠠᠨ ᠨᠡᠩ ᠲᠣᠳᠣᠷᠬᠠᠢ ᠪᠣᠯᠭᠠᠪᠠ᠃

ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠭᠡᠯ᠎ᠦᠨ ᠲᠣᠪᠴᠢᠶ᠎ᠠ᠎ᠶ᠋ᠢᠨ ᠪᠠᠢᠭᠤᠯᠭ᠎ᠠ᠎ᠶ᠋ᠢᠨ ᠨᠠᠮ᠎ᠤᠨ ᠬᠤᠷᠢᠶ᠎ᠠ ᠵᠢᠨ ᠲᠤᠰᠭᠠᠶ ᠲᠤᠱᠢᠶᠠᠯᠲᠤ ᠳᠡᠳ᠋ ᠱᠦᠵᠢ ᠯᠢ ᠢᠦᠶ ᠬᠤᠸᠠ᠄ 《ᠲᠠᠪᠤᠨ ᠵᠢᠯ᠎ᠦᠨ ᠲᠤᠷᠱᠢᠬᠢ ᠪᠥᠬᠥ᠌ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ ᠎ᠶ᠋ᠢᠨ ᠣᠯᠤᠭ᠍ᠰᠠᠨ ᠠᠮᠵᠢᠯᠲᠠ ᠪᠦᠲᠦᠮᠵᠢ᠎ᠶ᠋ᠢ ᠣᠢᠯᠠᠭᠠᠵᠤ᠂ ᠨᠠᠮ ᠪᠣᠯᠤᠨ ᠤᠯᠤᠰ ᠎ᠤᠨ ᠠᠵᠢᠯ᠎ᠤᠨ ᠶᠡᠬᠡ ᠲᠠᠯ᠎ᠠ᠎ᠳᠠᠬᠢ ᠥᠪᠥᠷ ᠮᠣᠩᠭᠣᠯ᠎ᠤᠨ ᠴᠢᠬᠤᠯᠠ ᠪᠠᠢᠯᠳᠤᠬᠤ ᠪᠣᠳᠣᠯᠭ᠎ᠠ ᠶ᠋ᠢᠨ ᠪᠠᠢᠷᠢ ᠰᠠᠭᠤᠷᠢ᠎ᠶ᠋ᠢ ᠪᠠᠲᠤ ᠡᠵᠡᠮᠳᠡᠬᠦ᠌᠎ᠶ᠋ᠢᠨ ᠬᠠᠮᠲᠤ ᠲᠣᠳᠣᠷᠬᠠᠶ ᠲᠠᠨᠢᠬᠤ ᠨᠢ ᠪᠢᠳᠡᠨ᠎ᠦ ᠬᠠᠮᠲᠤ᠎ᠶ᠋ᠢᠨ ᠲᠠᠨᠢᠯᠲᠠ᠎ᠪᠠᠨ ᠤᠯᠠᠮ ᠨᠢᠭᠡ ᠠᠯᠬᠤᠮ ᠨᠢᠭ᠍ᠲᠠᠷᠠᠭᠤᠯᠬᠤ᠂ ᠡᠷᠴᠢ ᠵᠣᠷᠢᠭ᠎ᠵᠢᠡᠨ ᠬᠥᠪᠴᠢᠯᠡᠬᠦ᠌᠎ᠳᠦ ᠬᠠᠪᠰᠤᠷᠤᠯᠭ᠎ᠠ ᠦᠵᠡᠭᠦᠯᠵᠦ᠍᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠨᠠᠩ ᠡᠷᠡᠰ ᠪᠠᠲᠤ᠂ ᠨᠠᠩ ᠤᠬᠠᠮᠰᠠᠷ᠎ᠠᠴᠠ᠎ᠪᠠᠨ ᠦᠢᠯᠡᠳᠦᠯᠭᠡᠵᠢᠭᠦᠯᠤᠨ᠂ ᠱᠢᠨ᠎ᠡ ᠴᠠᠭ ᠦᠶ᠎ᠡ ᠱᠢᠨ᠎ᠡ ᠠᠶᠠᠨ ᠵᠠᠮ᠎ᠳᠤ ᠥᠪᠥᠷ ᠮᠣᠩᠭᠣᠯ᠎ᠤᠨ ᠲᠣᠭ᠎ᠠ ᠪᠦᠷᠢᠳᠭᠡᠯ᠎ᠦᠨ ᠦᠶ᠋ᠯᠡᠰ᠎ᠦᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠨ᠎ᠡ》ᠭᠡᠪᠡ᠃ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠢ ᠰᠤᠷᠤᠯᠴᠠᠬᠤ᠎ᠪᠠᠷ ᠳᠠᠮᠵᠢᠨ᠂ ᠲᠣᠭ᠎ᠠ ᠪᠦᠷᠢᠳᠭᠡᠯ᠎ᠦᠨ ᠲᠣᠪᠴᠢᠶᠠᠨ᠎ᠤ ᠥᠷᠭᠡᠨ ᠤᠯᠠᠨ ᠨᠠᠮ᠎ᠤᠨ ᠭᠡᠱᠢᠭᠦᠨ ᠪᠣᠯᠤᠨ ᠺᠠᠳ᠋ᠷ ᠠᠵᠢᠯᠳᠠᠨ᠄ ᠥᠩᠭᠡᠷᠡᠭ᠌ᠰᠡᠨ ᠲᠠᠪᠤᠨ ᠵᠢᠯ᠎ᠳᠦ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢᠯ᠎ᠦᠨ ᠠᠵᠢᠯ ᠦᠢᠯᠡᠰ ᠪᠦᠬᠦ᠌ ᠲᠠᠯ᠎ᠠ᠎ᠪᠠᠷ ᠬᠥᠭ᠌ᠵᠢᠨ ᠲᠠᠪᠱᠢᠵᠤ ᠴᠢᠳᠠᠭ᠍ᠰᠠᠨ᠎ᠤ ᠦᠨᠳᠦᠰᠦᠨ ᠰᠢᠯᠲᠠᠭᠠᠨ ᠪᠤᠯ ᠰᠢ᠎ᠶ᠋ᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠎ᠳᠤ ᠪᠠᠢᠨ᠎ᠠ᠂ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠲᠠᠶ ᠨᠡᠢᠭᠡᠮ ᠵᠢᠷᠤᠮ᠎ᠤᠨ᠎ᠦᠵᠡᠯ᠎ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠠᠢᠨ᠎ᠠ᠂ ᠶᠡᠷᠦᠩᠬᠡᠢ ᠱᠦᠵᠢ ᠰᠢ᠎ᠶ᠋ᠢᠨ ᠫᠢᠩ ᠪᠡᠶ᠎ᠡ᠎ᠪᠡᠷ᠎ᠢᠶᠡᠨ ᠥᠪᠥᠷ ᠮᠣᠩᠭᠣᠯ᠎ᠤᠨ ᠰᠤᠳᠠᠯ᠎ᠢ ᠪᠠᠷᠢᠨ ᠴᠢᠭ᠌ᠯᠡᠯ᠎ᠢ ᠲᠣᠭ᠍ᠲᠠᠭᠠᠵᠤ᠂ ᠵᠠᠮ᠎ᠢ ᠵᠢᠭᠠᠨ ᠠᠶᠠᠯᠠᠯ᠎ᠢ ᠵᠢᠯᠣᠭᠣᠳᠤᠭ᠍ᠰᠠᠨ᠎ᠳᠤ ᠪᠠᠢᠨ᠎ᠠ ᠭᠡᠳᠡᠭ᠎ᠢ ᠭᠦᠨᠵᠡᠭᠡᠢ ᠤᠢᠯᠠᠭᠠᠵᠠᠢ᠃

ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠭᠡᠯ᠎ᠦᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠠᠴᠠ᠂ ᠪᠥᠬᠥ᠌ ᠣᠷᠣᠨ᠎ᠤ ᠲᠣᠭ᠎ᠠ ᠪᠦᠷᠢᠳᠭᠡᠯ᠎ᠦᠨ ᠱᠢᠰᠲ᠋ᠧᠮ᠎ᠦᠨ ᠥᠷᠭᠡᠨ ᠣᠯᠠᠨ ᠨᠠᠮ᠎ᠤᠨ ᠭᠡᠱᠢᠭᠦᠨ ᠪᠣᠯᠤᠨ ᠺᠠᠳ᠋ᠷ ᠠᠵᠢᠯᠲᠠᠨ ᠠᠵᠢᠯᠴᠢᠨ ᠡᠨᠡ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠬᠤᠷᠠᠯ᠎ᠢᠶᠠᠷ ᠠᠵᠠ ᠲᠣᠬᠢᠶᠠᠯ ᠪᠣᠯᠭᠠᠵᠤ᠂ ᠤᠯᠤᠰ ᠲᠥᠷᠥ᠎ᠶ᠋ᠢᠨ ᠵᠣᠭ᠍ᠰᠣᠴᠠ᠎ᠪᠠᠨ ᠤᠯᠠᠮ ᠴᠢᠨᠠᠭ᠍ᠰᠢᠳᠠ ᠳᠡᠭᠡᠭ᠌ᠰᠢᠯᠡᠭᠦᠯᠤᠨ᠂ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠲᠣᠭ᠎ᠠ ᠪᠦᠷᠢᠳᠭᠡᠯ᠎ᠦᠨ ᠣᠳᠣᠬᠢᠴᠢᠯᠠᠯᠲᠠ᠎ᠶ᠋ᠢᠨ ᠥᠭᠡᠷᠡᠴᠢᠯᠡᠯᠲᠡ᠎ᠶ᠋ᠢ ᠲᠠᠰᠤᠷᠠᠯᠲᠠ ᠥᠬᠡᠶ ᠭᠦᠨᠵᠡᠭᠡᠢᠷᠡᠭᠦᠯᠤᠨ᠂ ᠲᠣᠭ᠎ᠠ ᠪᠦᠷᠢᠳᠭᠡᠯ᠎ᠦᠨ ᠦᠨᠳᠦᠰᠦᠨ ᠱᠠᠲᠤᠨ᠎ᠤ ᠰᠠᠭᠤᠷᠢ ᠪᠥᠲᠥᠭᠡᠨ ᠪᠠᠢᠭᠤᠯᠤᠯᠲᠠ ᠪᠣᠯᠤᠨ ᠮᠡᠳᠡᠭᠡ ᠵᠠᠩᠬᠢᠵᠢᠯᠳᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠠᠵᠤ  ᠠᠬᠤᠶ᠎ᠶ᠋ᠢᠨ ᠡᠷᠭᠢᠯᠲᠡ᠎ᠶ᠋ᠢᠨ ᠬᠢᠨᠠᠨ ᠬᠡᠮᠵᠢᠯᠲᠡ ᠪᠣᠯᠤᠨ ᠵᠠᠳᠠᠯᠤᠯᠲᠠ ᠰᠤᠳᠤᠯᠭᠠᠨ᠎ᠢ ᠴᠢᠩᠭᠠᠳᠭᠠᠵᠤ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠲᠣᠭ᠎ᠠ ᠪᠦᠷᠢᠳᠭᠡᠯ᠎ᠦᠨ ᠬᠦᠴᠦᠨ ᠴᠢᠳᠠᠯ᠎ᠢᠶᠠᠨ ᠨᠡᠮᠡᠷᠢᠯᠡᠬᠦ ᠬᠡᠷᠡᠭᠲᠡᠢ ᠭᠡᠵᠦ ᠱᠠᠭᠠᠷᠳᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号