ᠣᠢᠷ᠎ᠠ᠎ᠳᠤ᠂
ᠬᠥᠬᠡᠬᠣᠲᠠ ᠶ᠋ᠢᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠦᠨ ᠬᠠᠮᠠᠭᠠᠯᠠᠯᠲᠠ ᠬᠢᠭᠡᠳ ᠬᠠᠭᠤᠴᠢ ᠰᠤᠳᠤᠯᠤᠯ᠎ᠤᠨ
ᠲᠥᠪ᠎ᠦᠨ ᠥᠪᠥᠷ ᠮᠣᠩᠭᠣᠯ᠎ᠤᠨ ᠬᠠᠨᠠᠨ ᠵᠢᠷᠤᠭ᠎ᠤᠨ ᠬᠠᠮᠠᠭᠠᠯᠠᠯᠲᠠ᠎ᠶ᠋ᠢᠨ ᠲᠥᠪ᠎ᠡᠴᠡ ᠪᠥᠬᠥ᠌ ᠣᠷᠣᠨ᠎ᠤ ᠡᠷᠲᠡᠨ᠎ᠦ
ᠬᠠᠨᠠᠨ ᠵᠢᠷᠤᠭ᠎ᠢ ᠬᠠᠮᠠᠭᠠᠯᠠᠬᠤ ᠡᠮᠦᠨᠡᠬᠢ ᠬᠤᠭᠤᠴᠠᠭᠠᠨ᠎ᠤ ᠬᠠᠢᠨ ᠱᠢᠨᠵᠢᠯᠡᠭᠡᠨ᠎ᠦ ᠰᠤᠳᠤᠯᠭᠠᠨ᠎ᠤ ᠲᠥᠷᠥᠯ
ᠵᠦᠶ᠋ᠯ᠎ᠢ ᠡᠬᠢᠯᠡᠭᠦᠯᠪᠡ᠃ ᠲᠤᠰ ᠲᠥᠪ᠎ᠡᠴᠡ ᠲᠤᠰᠭᠠᠶ ᠮᠡᠷᠭᠡᠵᠢᠯ᠎ᠦᠨ ᠠᠵᠢᠯᠲᠠᠨ ᠲᠣᠮᠢᠯᠠᠵᠤ ᠣᠷᠳᠣᠰᠬᠣᠲᠠᠶ᠋ᠢᠨᠣᠲᠣᠭ ᠬᠣᠱᠢᠭᠤᠨ᠎ᠤ ᠤᠯᠠᠭᠠᠨ ᠪᠠᠯᠭᠠᠰᠤᠨ᠎ᠤ ᠱᠢᠨ ᠵᠧᠸ᠋ ᠶᠤᠸᠠᠨ᠎ᠳᠠᠬᠢ ᠬᠠᠨ ᠤᠯᠤᠰ᠎ᠤᠨ ᠣᠩᠭᠣᠨ (ᠣᠩᠭᠣᠨᠤᠬᠠᠨᠠᠶ᠋ᠢᠨ ᠵᠢᠷᠤᠭ) ᠪᠠ ᠦᠦᠱᠢᠨ ᠬᠣᠱᠢᠭᠤᠨ᠎ᠤ ᠦᠦᠱᠢᠨ
ᠵᠣᠣ ( ᠰᠦᠮ᠎ᠡ ᠬᠡᠢᠳ᠎ᠦᠨ ᠬᠠᠨ᠎ᠠ᠎ᠶ᠋ᠢᠨ
ᠵᠢᠷᠤᠭ)
ᠳ᠋ᠤ ᠬᠠᠨ᠎ᠠ᠎ᠶ᠋ᠢᠨ ᠵᠢᠷᠤᠭ᠎ᠤᠨ ᠳᠠᠭᠠᠯᠲᠠ ᠣᠷᠴᠢᠨ
ᠲᠣᠭᠣᠷᠢᠨ᠎ᠤ ᠬᠢᠨᠠᠨ ᠬᠡᠮᠵᠢᠯᠲᠡ ᠪᠠ ᠮᠠᠲ᠋ᠧᠷᠢᠶᠠᠯ᠎ᠤᠨ ᠱᠢᠯᠭᠠᠨ ᠪᠠᠢᠴᠠᠭᠠᠯᠲᠠ ᠬᠢᠵᠦ᠍ ᠥᠯᠢᠭᠡᠷ ᠠᠪᠤᠭᠰᠠᠨ
ᠪᠠᠢᠨ᠎ᠠ᠃
ᠡᠷᠲᠡᠨ᠎ᠦ ᠬᠠᠨ᠎ᠠ᠎ᠶ᠋ᠢᠨ ᠵᠢᠷᠤᠭ᠎ᠤᠨ ᠮᠠᠲ᠋ᠧᠷᠢᠶᠠᠯ᠎ᠢ ᠪᠠᠢᠴᠠᠭᠠᠨ ᠬᠡᠮᠵᠢᠵᠦ᠍
ᠵᠠᠳᠠᠯᠬᠤ ᠵᠢᠴᠢ ᠳᠠᠭᠠᠯᠲᠠ ᠵᠢᠵᠢᠭ ᠣᠷᠴᠢᠨ ᠲᠣᠭᠣᠷᠢᠨ᠎ᠢ ᠬᠢᠨᠠᠨ ᠬᠡᠮᠵᠢᠬᠦ᠌ ᠪᠣᠯ 《ᠥᠪᠥᠷ ᠮᠣᠩᠭᠣᠯ᠎ᠤᠨ ᠡᠷᠲᠡᠨ᠎ᠦ ᠬᠠᠨ᠎ᠠ᠎ᠶ᠋ᠢᠨ ᠵᠢᠷᠤᠭ᠎ᠢ ᠬᠠᠮᠠᠭᠠᠯᠠᠬᠤ ᠡᠮᠦᠨᠡᠬᠢ ᠬᠤᠭᠤᠴᠠᠭᠠᠨ᠎ᠤ
ᠬᠠᠢᠨ ᠱᠢᠨᠵᠢᠯᠡᠬᠦ᠌ ᠰᠤᠳᠤᠯᠭᠠᠨ᠎ᠤ ᠲᠥᠷᠥᠯ ᠵᠦᠶ᠋ᠯ》᠎ᠤ᠋ᠨ ᠴᠢᠬᠤᠯᠠ ᠪᠦᠷᠢᠯᠳᠦᠬᠦᠨ ᠬᠡᠰᠡᠭ ᠮᠥᠨ᠃ ᠮᠡᠷᠭᠡᠵᠢᠯ᠎ᠦᠨ ᠠᠵᠢᠯᠲᠠᠨ ᠲᠤᠬᠠᠶ᠎ᠶ᠋ᠢᠨ
ᠲᠠᠯᠠᠪᠠᠶ᠎ᠳᠤ ᠳᠤᠯᠠᠭᠠᠨ᠎ᠤ ᠬᠡᠮᠵᠢᠶ᠎ᠡ ᠪᠠ ᠴᠢᠭᠢᠭ᠎ᠦᠨ ᠬᠡᠮᠵᠢᠶ᠎ᠡ᠎ᠶ᠋ᠢ ᠬᠢᠨᠠᠨ ᠬᠡᠮᠵᠢᠬᠦ᠌᠎ᠶ᠋ᠢᠨ ᠬᠠᠮᠲᠤ
ᠠᠳᠠᠯᠢ ᠪᠤᠰᠤ ᠪᠦᠲᠦᠴᠡ ᠵᠢᠨ ᠳᠠᠪᠬᠤᠷᠭ᠎ᠠ᠂ ᠠᠳᠠᠯᠢ ᠪᠤᠰᠤ ᠪᠤᠳᠤᠭ᠂ ᠠᠳᠠᠯᠢ ᠪᠤᠰᠤ ᠡᠪᠡᠳᠴᠢᠨ᠎ᠦ ᠬᠥᠨᠥᠭᠡᠯ᠎ᠦᠨ
ᠥᠯᠢᠭᠡᠷ ᠶᠠᠩᠵᠤ ᠵᠢᠴᠢ ᠡᠳᠦᠶ ᠲᠡᠳᠦᠶ ᠬᠣᠭᠣᠰᠣᠨ ᠬᠠᠷᠢᠴᠠᠭᠤᠯᠤᠯ᠎ᠢ ᠰᠣᠩᠭᠣᠨ ᠠᠪᠴᠤ᠌᠂ ᠡᠪᠡᠳᠴᠢᠨ᠎ᠦ ᠬᠥᠨᠥᠭᠡᠯ᠎ᠦᠨ
ᠡᠭᠦᠰᠭᠦ ᠠᠷᠭ᠎ᠠ ᠵᠠᠮ᠂ ᠵᠢᠮ᠎ᠡ ᠬᠠᠤᠯᠢ᠎ᠶ᠋ᠢᠨ ᠵᠠᠳᠠᠯᠤᠯᠲᠠ ᠵᠢᠴᠢ ᠣᠷᠴᠢᠨ ᠲᠣᠭᠣᠷᠢᠨ᠎ᠤ ᠬᠠᠨ᠎ᠠ᠎ᠶ᠋ᠢᠨ ᠵᠢᠷᠤᠭᠲᠤ
ᠦᠵᠡᠭᠦᠯᠬᠦ᠌ ᠨᠥᠯᠥᠭᠡ᠎ᠶ᠋ᠢ ᠰᠤᠳᠤᠯᠬᠤ᠎ᠳᠤ ᠬᠡᠷᠡᠭ᠌ᠯᠡᠳᠡᠭ᠃
ᠡᠷᠲᠡᠨ᠎ᠦ ᠬᠠᠨ᠎ᠠ᠎ᠶ᠋ᠢᠨ ᠵᠢᠷᠤᠭ ᠨᠢ ᠮᠠᠲ᠋ᠧᠷᠢᠶᠠᠯ᠎ᠢᠶᠠᠷ ᠨᠡᠯᠢᠶᠡᠳ ᠪᠤᠳᠤᠯᠢᠶᠠᠨᠲᠠᠶ᠂
ᠬᠠᠨ᠎ᠠ᠎ᠶ᠋ᠢᠨ ᠵᠢᠷᠤᠭ᠎ᠤᠨ ᠪᠤᠳᠤᠭ᠎ᠤᠨ ᠣᠯᠠᠩᠬᠢ ᠨᠢ ᠣᠷᠭᠠᠨᠢᠭ ᠪᠤᠰᠤ ᠡᠷᠦᠳᠡᠰᠦ᠎ᠶ᠋ᠢᠨ ᠪᠤᠳᠤᠭ᠂ ᠬᠠᠨ᠎ᠠ᠎ᠶ᠋ᠢᠨ
ᠵᠢᠷᠤᠭ᠎ᠤᠨ ᠲᠤᠯᠭᠠᠭᠤᠷ ᠪᠡᠶ᠎ᠡ᠂ ᠬᠦᠷᠦᠰᠦᠨ᠎ᠤ ᠳᠠᠪᠬᠤᠷᠭ᠎ᠠ ᠵᠡᠷᠭᠡ ᠠᠳᠠᠯᠢ ᠪᠤᠰᠤ ᠪᠦᠲᠦᠴᠡ᠎ᠶ᠋ᠢᠨ ᠳᠠᠪᠬᠤᠷᠭ᠎ᠠ᠎ᠳᠤ
ᠪᠠᠰᠠ ᠬᠥᠪᠥᠩ᠂ ᠣᠯᠣᠰᠣ᠂ ᠪᠤᠭᠤᠳᠠᠶ᠎ᠶ᠋ᠢᠨ ᠰᠦᠷᠡᠯ ᠵᠡᠷᠭᠡ ᠣᠷᠭᠠᠨᠢᠭ ᠮᠠᠲ᠋ᠧᠷᠢᠶᠠᠯ ᠠᠭᠤᠯᠵᠤ᠂ ᠵᠠᠷᠢᠮ ᠬᠠᠨ᠎ᠠ᠎ᠶ᠋ᠢᠨ
ᠵᠢᠷᠤᠭ᠎ᠤᠨ ᠥᠩᠭᠡᠨ ᠲᠠᠯ᠎ᠠ ᠨᠢ ᠬᠠᠮᠠᠭᠠᠯᠠᠬᠤ ᠵᠣᠷᠢᠯᠭ᠎ᠠ᠎ᠪᠠᠷ ᠣᠷᠭᠠᠨᠢᠭ ᠪᠦᠷᠢᠯᠳᠦᠬᠦᠨ᠎ᠢᠶᠡᠷ ᠭᠣᠣᠯ ᠪᠣᠯᠭᠠᠭ᠍ᠰᠠᠨ
ᠪᠢᠲᠡᠭᠦᠮᠵᠢᠯᠡᠬᠦ᠌ ᠳᠠᠪᠬᠤᠷᠭ᠎ᠠ᠎ᠶ᠋ᠢ ᠬᠠᠮᠠᠭᠠᠯᠠᠳᠠᠭ᠃ ᠮᠠᠨ᠎ᠤ ᠤᠯᠤᠰ ᠳᠡᠭᠡᠷ᠎ᠡ ᠵᠠᠭᠤᠨ᠎ᠤ ᠲᠠᠪᠢᠭᠠᠳ ᠣᠨ᠎ᠠᠴᠠ
ᠡᠬᠢᠯᠡᠨ᠂ ᠳᠤᠮᠳᠠᠳᠤ ᠤᠯᠤᠰ᠎ᠤᠨ ᠰᠣᠶᠣᠯ᠎ᠤᠨ ᠥᠪ᠎ᠦᠨ ᠰᠤᠳᠤᠯᠭᠠᠨ᠎ᠤ ᠬᠦᠷᠢᠶᠡᠯᠡᠩ ᠪᠣᠯᠤᠨᠳ᠋ᠦᠨᠬᠤᠸᠠᠩᠤᠨ ᠰᠤᠳᠤᠯᠭᠠᠨ᠎ᠤ
ᠬᠦᠷᠢᠶᠡᠯᠡᠩ᠎ᠢᠶᠡᠷ ᠲᠥᠯᠥᠭᠡᠯᠡᠭᠦᠯᠦᠭ᠌ᠰᠡᠨ᠂ ᠬᠠᠨ᠎ᠠ᠎ᠶ᠋ᠢᠨ ᠵᠢᠷᠤᠭᠢᠵᠠᠰᠠᠨᠰᠡᠷᠭᠦᠭᠡᠬᠦ᠌ᠮᠠᠲ᠋ᠧᠷᠢᠶᠠᠯᠪᠣᠯᠤᠨᠭᠠᠷᠤᠷᠠᠯᠠᠯᠤᠨ ᠰᠤᠳᠤᠯᠭᠠᠨ᠎ᠢ ᠥᠷᠨᠢᠭᠦᠯᠵᠦ᠍᠂ ᠲᠠᠰᠤᠷᠠᠯᠳ᠋ᠠ ᠦᠭᠡᠢ ᠲᠤᠯᠢ ᠪᠣᠯᠭᠠᠨ ᠪᠤᠰᠤᠳ ᠱᠢᠨᠵᠢᠯᠡᠭᠡᠨ᠎ᠦ
ᠰᠠᠯᠠᠭ᠎ᠠ ( ᠹᠢᠽᠢᠺ᠎ᠦᠨ ᠤᠬᠠᠭᠠᠨ᠂ ᠬᠢᠮᠢ᠂
ᠬᠦᠴᠦᠨ᠎ᠦ ᠤᠬᠠᠭᠠᠨ᠂ ᠠᠮᠢᠳᠤ ᠪᠣᠳᠠᠰ᠎ᠤᠨ ᠤᠬᠠᠭᠠᠨ᠂ ᠴᠠᠭ ᠠᠭᠤᠷ᠎ᠤᠨ ᠤᠬᠠᠭᠠᠨ᠂ ᠬᠠᠳ᠋ᠠᠨ ᠱᠢᠷᠣᠢ᠎ᠶ᠋ᠢᠨ ᠢᠨᠵᠧᠨᠧᠷᠢᠩ᠎ᠦᠨ
ᠤᠬᠠᠭᠠᠨ ᠵᠡᠷᠭᠡ
) ᠶ᠋ᠢᠨ ᠳᠣᠲᠣᠷᠠᠬᠢ ᠨᠡᠯᠢᠶᠡᠳ ᠪᠣᠯᠪᠠᠰᠤᠷᠠᠩᠭᠤᠢ ᠲᠤᠷᠱᠢᠯᠲᠠ᠎ᠶ᠋ᠢᠨ
ᠱᠢᠯᠭᠠᠨ ᠬᠡᠮᠵᠢᠬᠦ᠌ ᠬᠡᠮᠵᠢᠭᠦᠷᠯᠢᠭ᠎ᠢ ᠣᠷᠣᠭᠤᠯᠤᠨ ᠠᠪᠴᠢᠷᠠᠵᠤ᠂ ᠲᠠᠬᠢᠨ ᠳᠠᠪᠲᠠᠨ ᠲᠤᠷᠱᠢᠬᠤ᠎ᠪᠠᠷ ᠲᠠᠮᠵᠢᠨ
ᠠᠭᠠᠵᠢᠮ᠎ᠢᠶᠠᠷ ᠨᠢᠭᠡ ᠪᠦᠯᠦᠭ ᠲᠡᠦᠬᠡ᠎ᠶ᠋ᠢᠨ ᠳᠤᠷᠠᠰᠭᠠᠯᠲᠤ ᠵᠦᠢᠯ᠎ᠦᠨ ᠬᠠᠮᠠᠭᠠᠯᠠᠯᠲᠠ᠎ᠳᠤ ᠲᠤᠬᠢᠷᠠᠬᠤ ᠱᠢᠯᠭᠠᠨ
ᠬᠡᠮᠵᠢᠬᠦ᠌ ᠪᠠ ᠬᠢᠨᠠᠨ ᠬᠡᠮᠵᠢᠬᠦ᠌ ᠬᠡᠮᠵᠢᠭᠦᠷᠯᠢᠭ᠎ᠢ ᠪᠦᠷᠢᠯᠳᠦᠭᠦᠯᠵᠠᠢ᠃
ᠥᠪᠥᠷ ᠮᠣᠩᠭᠣᠯ᠎ᠤᠨ ᠬᠠᠨ᠎ᠠ᠎ᠶ᠋ᠢᠨ ᠵᠢᠷᠤᠭ᠎ᠤᠨ ᠬᠠᠮᠠᠭᠠᠯᠠᠯᠲᠠ᠎ᠶ᠋ᠢᠨ ᠲᠥᠪ
2000
ᠣᠨᠳᠤᠪᠠᠢᠭᠤᠯᠤᠭ᠍ᠳᠠᠭ᠍ᠰᠠᠨᠠᠴᠠᠨᠠᠭᠠᠰᠢ᠂ᠵᠣᠬᠢᠶᠠᠮᠠᠯ ᠲᠤᠷᠱᠢᠯᠭ᠎ᠠ᠎ᠶ᠋ᠢᠨ ᠬᠠᠮᠠᠭᠠᠯᠠᠯᠲᠠ᠎ᠠᠴᠠ ᠱᠢᠨᠵᠢᠯᠡᠬᠦ᠌
ᠤᠬᠠᠭᠠᠨ ᠲᠧᠭ᠌ᠨᠢᠭ ᠮᠡᠷᠭᠡᠵᠢᠯ᠎ᠦᠨ ᠬᠠᠮᠠᠭᠠᠯᠠᠯᠲᠠ ᠲᠡᠢᠰᠢ ᠱᠢᠯᠵᠢᠬᠦ᠌ ᠶᠠᠪᠤᠴᠠ᠎ᠶ᠋ᠢ ᠥᠩᠭᠡᠷᠡᠭᠡᠭᠡᠳ᠂ 2010
ᠣᠨ᠎ᠳᠤ ᠲᠥᠪ
ᠬᠢᠭᠡᠳ ᠳ᠋ᠦᠨᠬᠤᠸᠠᠩ᠎ᠤᠨ ᠰᠤᠳᠤᠯᠭᠠᠨ᠎ᠤ ᠬᠦᠷᠢᠶᠡᠯᠡᠩ ᠬᠠᠮᠲᠤᠷᠠᠨ 《ᠤᠯᠤᠰ᠎ᠤᠨ ᠡᠷᠲᠡᠨ᠎ᠦ
ᠬᠠᠨ᠎ᠠ᠎ᠶ᠋ᠢᠨ ᠵᠢᠷᠤᠭ ᠬᠢᠭᠡᠳ ᠱᠢᠷᠣᠢ᠎ᠶ᠋ᠢᠨ ᠪᠠᠭᠤᠷᠢ᠎ᠶ᠋ᠢ ᠬᠠᠮᠠᠭᠠᠯᠠᠬᠤ ᠢᠨᠵᠧᠨᠧᠷᠢᠩ᠎ᠦᠨ ᠮᠡᠷᠭᠡᠵᠢᠯ᠎ᠦᠨ
ᠰᠤᠳᠤᠯᠭᠠᠨ᠎ᠤ ᠲᠥᠪ》᠎ᠢ᠋ ᠪᠠᠢᠭᠤᠯᠪᠠ᠃
ᠣᠯᠠᠨ ᠵᠢᠯ᠎ᠦᠨ ᠲᠤᠷᠰᠢ᠂ ᠥᠪᠥᠷ ᠮᠣᠩᠭᠣᠯ᠎ᠤᠨ ᠬᠠᠨᠠᠨ ᠵᠢᠷᠤᠭ᠎ᠤᠨ ᠬᠠᠮᠠᠭᠠᠯᠠᠯᠲᠠ᠎ᠶ᠋ᠢᠨ ᠲᠥᠪ ᠨᠢ ᠳᠤᠮᠳᠠᠳᠤ
ᠤᠯᠤᠰ᠎ᠤᠨ ᠰᠣᠶᠣᠯ᠎ᠤᠨ ᠥᠪ᠎ᠦᠨ ᠰᠤᠳᠤᠯᠭᠠᠨ᠎ᠤ ᠬᠦᠷᠢᠶᠡᠯᠡᠩ᠂ ᠳ᠋ᠦᠨᠬᠤᠸᠠᠩ᠎ᠤᠨ ᠰᠤᠳᠤᠯᠭᠠᠨ᠎ᠤ ᠬᠦᠷᠢᠶᠡᠯᠡᠩ᠂
ᠪᠡᠭᠡᠵᠢᠩ᠎ᠦᠨ ᠱᠢᠨᠵᠢᠯᠡᠬᠦ᠌ ᠤᠬᠠᠭᠠᠨ ᠮᠡᠷᠭᠡᠵᠢᠯ᠎ᠦᠨ ᠶᠡᠬᠡ ᠰᠤᠷᠭᠠᠭᠤᠯᠢ᠎ᠶ᠋ᠢᠨ ᠱᠢᠨᠵᠢᠯᠡᠬᠦ᠌ ᠤᠬᠠᠭᠠᠨ ᠮᠡᠷᠭᠡᠵᠢᠯ᠎ᠦᠨ
ᠲᠡᠦᠬᠡ ᠬᠢᠭᠡᠳ ᠰᠣᠶᠣᠯ᠎ᠤᠨ ᠥᠪ᠎ᠦᠨ ᠰᠤᠳᠤᠯᠭᠠᠨ᠎ᠤ ᠬᠦᠷᠢᠶᠡᠯᠡᠩ ᠵᠡᠷᠭᠡ ᠭᠠᠵᠠᠷ᠎ᠤᠨ ᠮᠡᠷᠭᠡᠵᠢᠯ᠎ᠦᠨ ᠬᠦᠴᠦᠨ᠎ᠲᠡᠶ
ᠬᠠᠮᠲᠤᠷᠠᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠲᠡᠨ᠎ᠦ ᠬᠠᠨᠠᠨᠵᠢᠷᠤᠭᠤᠨᠱᠢᠨᠵᠢᠯᠡᠬᠦ᠌ᠤᠬᠠᠭᠠᠨᠴᠢᠬᠠᠮᠠᠭᠠᠯᠠᠯᠲᠠᠶ᠋ᠢᠨᠡᠷᠴᠢᠮᠢᠠᠯᠬᠤᠮ ᠠᠯᠬᠤᠮ᠎ᠢᠶᠠᠷ ᠴᠢᠩᠭᠠᠷᠠᠭᠤᠯᠵᠤ᠂ 2021ᠣᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ
ᠣᠷᠣᠨ᠎ᠤ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠲᠣᠪᠴᠢᠶ᠎ᠠ᠎ᠶ᠋ᠢᠨ ᠨᠠᠢᠳᠠᠭ᠍ᠰᠠᠨ《ᠥᠪᠥᠷ ᠮᠣᠩᠭᠣᠯᠤᠨᠥᠪᠡᠷᠲᠡᠭᠡᠨᠵᠠᠰᠠᠬᠤᠣᠷᠣᠨᠤᠡᠷᠲᠡᠨᠦᠬᠠᠨᠠᠨᠵᠢᠷᠤᠭᠤᠨ ᠬᠠᠮᠠᠭᠠᠯᠠᠯᠲᠠ᠎ᠶ᠋ᠢᠨ
ᠣᠳᠣᠬᠢ ᠪᠠᠢᠳᠠᠯ᠎ᠤᠨ ᠪᠠᠢᠴᠠᠭᠠᠯᠲᠠ》ᠵᠢᠨ ᠲᠥᠷᠥᠯ ᠵᠦᠶ᠋ᠯ᠎ᠢ ᠪᠡᠶᠡᠯᠡᠭᠦᠯᠤᠨ᠂ ᠪᠥᠬᠥ᠌ ᠣᠷᠣᠨ᠎ᠤ ᠡᠷᠲᠡᠨ᠎ᠦ ᠬᠠᠨᠠᠨ ᠵᠢᠷᠤᠭ᠎ᠤᠨ
ᠬᠠᠮᠠᠭᠠᠯᠠᠯᠲᠠ᠎ᠶ᠋ᠢᠨ ᠮᠠᠲ᠋ᠧᠷᠢᠶᠠᠯ᠎ᠢ ᠡᠮᠬᠢᠯᠡᠨ ᠨᠡᠢᠯᠡᠭᠦᠯᠬᠦ᠌᠎ᠳᠦ
ᠠᠰᠢᠬᠳᠠᠢ ᠨᠦᠬᠦᠴᠡᠯ ᠬᠠᠩᠭᠠᠪᠠ᠃