ᠦᠪᠡᠷᠳᠡᠭᠡᠨ ᠵᠠᠰᠠᠬᠤ ᠤᠷᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠪᠠ
2021-12-10 10:31:26
ᠵᠣᠬᠢᠶᠠᠭ᠍ᠴᠢ᠄
ᠦᠷᠴᠠᠢᠬᠤ
ᠣᠩᠱᠢᠭ᠍ᠰᠠᠨ ᠣᠳᠠᠭ᠎ᠠ᠄
★★★☆☆

ᠲᠦᠷᠦᠬᠦᠭᠡᠨ᠂ ᠦᠪᠡᠷᠳᠡᠭᠡᠨ ᠵᠠᠰᠠᠬᠤ ᠤᠷᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ ᠥᠷᠭᠡᠳᠭᠡᠭ᠌ᠰᠡᠨ ᠬᠤᠷᠠᠯ ᠬᠤᠷᠠᠯᠳᠤᠭᠤᠯᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠬᠤ᠎ᠶ᠋ᠢᠨ ᠬᠠᠮᠲᠤ᠂ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠲᠤᠬᠠᠶ ᠪᠠᠢᠷᠢᠯᠠᠭᠤᠯᠤᠯᠲᠠ ᠬᠢᠪᠠ᠃

ᠬᠤᠷᠠᠯ ᠡᠴᠡ᠂ ᠪᠥᠬᠥ᠌ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠱᠢᠰᠲ᠋ᠧᠮ᠎ᠦᠨ ᠬᠢᠨ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢᠨ ᠰᠤᠷᠤᠯᠴᠠᠯᠭ᠎ᠠ᠎ᠶ᠋ᠢ ᠨᠠᠡᠭ ᠴᠢᠩᠭᠠᠳᠭᠠᠵᠤ᠂ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠪᠠᠨ ᠪᠥᠬᠥᠳᠡ ᠬᠤᠷᠠᠯ᠎ᠤᠨ ᠵᠣᠷᠢᠭ ᠰᠠᠨᠠᠭ᠎ᠠ ᠳᠡᠭᠡᠷ᠎ᠡ ᠨᠢᠭᠡᠳᠭᠡᠵᠦ᠍᠂ ᠪᠥᠬᠥᠳᠡ ᠬᠤᠷᠠᠯ᠎ᠤᠨ ᠡᠯ᠎ᠡ ᠵᠦᠶ᠋ᠯ᠎ᠦᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠳᠡᠭᠡᠷ᠎ᠡ ᠨᠢᠭᠡᠳᠭᠡᠵᠦ᠍᠂ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ᠎ᠶ᠋ᠢ ᠣᠳᠣᠬᠠᠨ ᠪᠠ ᠬᠣᠢᠱᠢᠳᠠ᠎ᠶ᠋ᠢᠨ ᠨᠢᠭᠡ ᠬᠤᠭᠤᠴᠠᠭᠠᠨ᠎ᠤ ᠴᠢᠬᠤᠯᠠ ᠶᠡᠬᠡ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠳᠦ ᠣᠷᠣᠭᠤᠯᠵᠤ᠂ ᠤᠳᠤᠷᠢᠳᠤᠯᠭ᠎ᠠ᠎ᠪᠠᠨ᠎ᠴᠢᠩᠭᠠᠳᠭᠠᠵᠤ᠂᠎ᠨᠠᠢᠳᠠᠪᠤᠷᠢᠵᠢᠭᠤᠯᠤᠯᠲᠠ᠎ᠶ᠋ᠢ᠎ᠰᠠᠢᠲᠤᠷ ᠠᠳᠭᠤᠬᠤ ᠬᠡᠷᠡᠭ᠌ᠲᠡᠶ ᠭᠡᠵᠤ ᠴᠢᠬᠤᠯᠠᠴᠢᠯᠠᠪᠠ᠃

ᠬᠤᠷᠠᠯ ᠡᠴᠡ᠂ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠡᠷᠡ ᠬᠡᠪ᠎ᠢᠶᠡᠷ ᠨᠢ ᠰᠤᠷᠤᠯᠴᠠᠬᠤ᠂ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ᠌ ᠲᠠᠯ᠎ᠠ᠎ᠪᠠᠷ ᠭᠦᠨᠵᠡᠭᠡᠢ ᠰᠤᠷᠤᠯᠴᠠᠨ ᠲᠤᠭᠤᠱᠢᠯᠠᠭᠤᠯᠬᠤ᠎ᠶ᠋ᠢ ᠪᠠᠷᠢᠮᠲᠠᠯᠠᠵᠤ᠂ ᠰᠤᠷᠤᠯᠴᠠᠨ ᠲᠤᠭᠤᠱᠢᠯᠠᠭᠤᠯᠬᠤ᠎ᠶ᠋ᠢ ᠲᠠᠰᠤᠷᠠᠯᠳᠠ ᠦᠭᠡᠢ ᠭᠦᠨᠵᠡᠭᠡᠢᠷᠡᠭᠦᠯᠬᠦ᠌ ᠬᠡᠷᠡᠭ᠌ᠲᠡᠢ᠃ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠬᠤ᠎ᠶ᠋ᠢ ᠨᠠᠮ᠎ᠤᠨ ᠭᠡᠱᠢᠭᠦᠨ ᠺᠠᠳ᠋ᠷᠴᠤᠳ᠎ᠤᠨ 《ᠵᠠᠪᠠᠯ᠎ᠰᠤᠷᠬᠤ᠎ᠬᠢᠴᠢᠶᠡᠯ》 ᠪᠣᠯᠭᠠᠵᠤ᠂ ᠣᠨᠣᠯ ᠰᠤᠷᠤᠯᠴᠠᠬᠤ ᠭᠤᠤᠯ ᠳᠤᠭᠤᠢᠯᠠᠩ᠎ᠤᠨ ᠵᠢᠱ᠌ᠢᠶ᠎ᠡ ᠦᠵᠡᠭᠦᠯᠦᠨ ᠳᠠᠢᠴᠢᠯᠠᠬᠤ ᠦᠢᠯᠡᠳᠦᠯ ᠪᠠ ᠤᠳᠤᠷᠢᠳᠭᠤ ᠺᠠᠳ᠋ᠷᠴᠤᠳ᠎ᠤᠨ ᠳᠠᠭᠠᠭᠤᠯᠤᠨ ᠰᠤᠷᠤᠯᠴᠠᠵᠤ᠂ ᠰᠤᠷᠤᠯᠴᠠᠯᠭ᠎ᠠ᠎ᠶ᠋ᠢ ᠠᠬᠢᠭᠤᠯᠬᠤ ᠦᠶ᠋ᠯᠡᠳᠦᠯ᠎ᠢ ᠭᠦᠶ᠋ᠴᠡᠳ ᠪᠠᠳᠠᠷᠠᠭᠤᠯᠤᠨ᠂ ᠤᠯᠠᠮᠵᠢᠯᠠᠨ ᠰᠤᠷᠤᠯᠴᠠᠬᠤ᠎ᠶ᠋ᠢ ᠬᠢᠨᠠᠮᠠᠭᠠᠶ ᠵᠣᠬᠢᠶᠠᠨ ᠪᠠᠢᠭᠤᠯᠵᠤ᠂ ᠪᠥᠬᠥᠳᠡ ᠬᠤᠷᠠᠯ ᠎ᠤᠨ ᠵᠣᠷᠢᠭ ᠰᠠᠨᠠᠭ᠎ᠠ᠎ᠶ᠋ᠢ ᠱᠢᠰᠲ᠋ᠧᠮ᠎ᠲᠡᠶ ᠰᠤᠷᠤᠯᠴᠠᠬᠤ ᠬᠠᠯᠠᠭᠤᠨ ᠥᠷᠨᠢᠯᠲᠡ᠎ᠭᠠᠷᠭᠠᠬᠤ ᠬᠡᠷᠡᠭᠳᠡᠢ᠃ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠣᠳᠣᠬᠠᠨ᠎ᠤ ᠠᠵᠢᠯ᠎ᠢᠶᠠᠨ ᠠᠬᠢᠭᠤᠯᠬᠤ᠎ᠯᠤᠭ᠎ᠠ ᠨᠢᠭ᠍ᠲᠠ ᠤᠶᠠᠯᠳᠤᠭᠤᠯᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ᠎ᠰᠤᠷᠤᠯᠴᠠᠨ ᠲᠤᠭᠤᠱᠢᠯᠠᠭᠤᠯᠬᠤ᠎ᠶ᠋ᠢ ᠪᠥᠬᠥ᠌ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠱᠢᠰᠲ᠋ᠧᠮ᠎ᠦᠨ ᠠᠵᠢᠯ ᠬᠢᠵᠦ᠍ ᠦᠶ᠋ᠯᠡᠰ ᠪᠤᠰᠭᠠᠬᠤ᠂ ᠱᠢᠷᠭᠠᠭᠤ ᠬᠠᠲᠠᠭᠤᠵᠢᠯᠲᠠᠶ ᠲᠡᠮᠡᠴᠡᠬᠦ᠌ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠬᠤ᠌ ᠬᠡᠷᠡᠭ᠌ᠲᠡᠶ᠃ ᠬᠠᠮᠠᠭᠠᠯᠠᠬᠤ ᠪᠠ ᠬᠥᠭ᠌ᠵᠢᠭᠦᠯᠬᠦ᠌᠎ᠶ᠋ᠢᠨ ᠬᠠᠷᠢᠴᠠᠭ᠎ᠠ᠂ ᠬᠥᠮᠦᠨ ᠪᠠ  ᠪᠠᠢᠭᠠᠯᠢ᠎ᠶ᠋ᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠱᠢᠬᠤ ᠬᠠᠷᠢᠴᠠᠭ᠎ᠠ᠎ᠶ᠋ᠢ ᠰᠠᠢᠲᠤᠷ ᠱᠢᠢᠳᠪᠦᠷᠢᠯᠡᠵᠦ᠍᠂ ᠬᠣᠷᠢᠭ᠎ᠠ ᠱᠤᠭᠤᠮ᠎ᠢ ᠰᠠᠬᠢᠬᠤ᠂ ᠠᠷᠪᠢᠯᠠᠨ ᠭᠠᠮᠨᠠᠵᠤ ᠡᠷᠴᠢᠮᠵᠢᠭᠦᠯᠬᠦ᠌᠂ ᠤᠯᠠᠨ ᠬᠠᠷᠠᠯᠲᠠ᠎ᠶ᠋ᠢ ᠲᠡᠩᠴᠡᠭᠦᠷᠢᠲᠡᠢ  ᠪᠠᠢᠯᠭᠠᠬᠤ ᠪᠠ ᠬᠠᠮᠲᠤ᠎ᠪᠠᠷ᠎ᠴᠢᠨᠡᠭᠡᠯᠢᠭ᠌ᠵᠢᠬᠦ᠌᠎ᠶ᠋ᠢ ᠠᠬᠢᠭᠤᠯᠬᠤ ᠳᠤᠮᠳᠠ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ᠃ ᠎ᠪᠥᠬᠥᠳᠡ ᠬᠤᠷᠠᠯ ᠎ᠤᠨ ᠵᠣᠷᠢᠭ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ ᠱᠢᠨ᠎ᠡ᠎ᠬᠥᠭ᠌ᠵᠢᠯᠲᠡ᠎ᠶ᠋ᠢᠨ᠎ᠱᠠᠲᠤᠨ᠎ᠳᠤ᠎ᠰᠠᠭᠤᠷᠢᠯᠠᠨ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠴᠣᠭ᠍ᠴᠠᠯᠠᠨ᠂ ᠢᠷᠡᠬᠦ᠌ ᠵᠢᠯ᠎ᠦᠨ ᠠᠵᠢᠯ᠎ᠢ ᠤᠷᠢᠳᠴᠢᠯᠠᠨ ᠲᠥᠯᠥᠪᠵᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠶ᠋ᠯ᠎ᠦᠨ ᠬᠥᠭ᠌ᠵᠢᠯᠲᠡ᠎ᠶ᠋ᠢᠨ ᠬᠠᠷᠠᠯᠲᠠ᠎ᠶ᠋ᠢ ᠪᠡᠶᠡᠯᠡᠭᠦᠯᠬᠦ᠌᠎ᠳᠦ ᠪᠠᠢᠭᠠᠯᠢ᠎ᠶ᠋ᠢᠨ ᠡᠬᠢ ᠪᠠᠶᠠᠯᠢᠭ᠎ᠤᠨ ᠬᠦᠴᠦᠨ ᠵᠦᠶ᠋ᠯ᠎ᠦᠨ ᠪᠠᠲᠤ ᠪᠠᠬᠢ ᠪᠠᠲᠤᠯᠠᠭ᠎ᠠ ᠬᠠᠩᠭᠠᠬᠤ ᠬᠡᠷᠡᠭ᠌ᠲᠡᠶ ᠭᠡᠵᠤ ᠱᠠᠭᠠᠷᠳᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号