ᠲᠠᠪᠤᠨ ᠡᠷᠬᠡᠪᠰᠢ
2021-12-10 10:58:53
ᠵᠣᠬᠢᠶᠠᠭ᠍ᠴᠢ᠄
ᠬᠠ ᠯᠢ ᠴᠢᠨ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ᠎ᠤᠨ ᠠᠵᠤ ᠠᠬᠤᠢ ᠶᠠᠭ ᠲᠤᠢᠯ᠎ᠤᠨ ᠬᠦᠴᠢᠷ ᠪᠡᠷᠬᠡᠱᠢᠶᠡᠯ᠎ᠲᠡᠶ ᠪᠥᠭᠡᠳ ᠬᠡᠯᠪᠡᠷᠢ᠎ᠪᠡᠨ ᠬᠤᠪᠢᠷᠠᠭᠤᠯᠬᠤ ᠲᠤᠢᠯ᠎ᠤᠨ ᠴᠢᠬᠤᠯᠠ ᠬᠤᠭᠤᠴᠠᠭᠠᠨ᠎ᠳᠤ ᠣᠷᠣᠱᠢᠵᠤ ᠪᠠᠢᠨ᠎ᠠ᠂ ᠡᠷᠬᠡᠪᠰᠢ ᠪᠣᠬᠢᠷᠲᠤᠯ ᠦᠭᠡᠢ ᠬᠥᠭ᠌ᠵᠢᠯᠲᠡ᠂ ᠴᠢᠨᠠᠷ ᠰᠠᠢᠲᠠᠢ ᠬᠥᠭ᠌ᠵᠢᠯᠲᠡ᠎ᠶ᠋ᠢ ᠭᠤᠢᠪᠢᠰᠢ ᠦᠭᠡᠢ ᠪᠠᠷᠢᠮᠲᠠᠯᠠᠵᠤ᠂ ᠠᠵᠤ ᠠᠬᠤᠢ᠎ᠶ᠋ᠢᠨ ᠬᠡᠯᠪᠡᠷᠢ᠎ᠪᠡᠨ ᠬᠤᠪᠢᠷᠠᠭᠤᠯᠬᠤ᠎ᠶ᠋ᠢ ᠡᠷᠡᠰ ᠭᠤᠢᠪᠢᠰᠢ ᠦᠭᠡᠢ ᠠᠬᠢᠭᠤᠯᠵᠤ᠂ ᠪᠦᠲᠦᠴᠡ᠎ᠶ᠋ᠢ ᠲᠤᠬᠢᠷᠠᠭᠤᠯᠬᠤ᠂ ᠴᠢᠳᠠᠮᠵᠢ᠎ᠶ᠋ᠢ ᠬᠤᠪᠢᠷᠠᠭᠤᠯᠬᠤ᠂ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠪᠡᠷ ᠪᠦᠬᠦ᠌ ᠬᠦᠴᠦ᠍᠎ᠪᠡᠷ᠎ᠢᠶᠡᠨ ᠴᠢᠷᠮᠠᠢᠵᠤ᠂ ᠠᠮᠢ ᠠᠬᠤᠢ ᠣᠷᠴᠢᠨ ᠲᠣᠭᠣᠷᠢᠨ᠎ᠢ ᠪᠦᠲᠦᠮᠵᠢᠲᠡᠢ ᠬᠠᠮᠠᠭᠠᠯᠠᠵᠤ᠂ ᠡᠨᠧᠷᠭᠢ ᠡᠬᠢ ᠪᠠᠶᠠᠯᠢᠭ᠎ᠢ ᠥᠨᠳᠥᠷ ᠪᠦᠲᠦᠮᠵᠢᠲᠡᠢ ᠠᠱᠢᠭ᠍ᠯᠠᠵᠤ᠂ ᠶᠠᠰᠤ ᠴᠢᠨᠠᠷ ᠦᠷ᠎ᠡ ᠠᠱᠢᠭ᠎ᠢ ᠲᠣᠭ᠍ᠲᠠᠭᠤᠨ᠎ᠢᠶᠠᠷ ᠳᠡᠭᠡᠭ᠌ᠰᠢᠯᠡᠭᠦᠯᠦᠭ᠌ᠰᠡᠨ ᠰᠠᠭᠤᠷᠢᠨ ᠳᠡᠭᠡᠷ᠎ᠡ ᠠᠵᠤ ᠠᠬᠤᠢ᠎ᠶ᠋ᠢᠨ ᠦᠷᠭᠦᠯᠵᠢᠯᠡᠨ ᠡᠷᠡᠭᠦᠯ᠎ᠢᠶᠡᠷ ᠬᠥᠭ᠌ᠵᠢᠬᠦ᠌᠎ᠶ᠋ᠢ ᠪᠡᠶᠡᠯᠡᠭᠦᠯᠬᠦ ᠭᠡᠷᠡᠭᠲᠡᠢ᠃ ᠬᠥᠭ᠌ᠵᠢᠯᠲᠡ᠎ᠶ᠋ᠢᠨ ᠣᠷᠴᠢᠨ ᠨᠥᠬᠥᠴᠡᠯ᠂ ᠬᠥᠭ᠌ᠵᠢᠯᠲᠡ᠎ᠶ᠋ᠢᠨ ᠨᠥᠬᠥᠴᠡᠯ ᠬᠡᠷᠬᠢᠨ ᠬᠤᠪᠢᠷᠠᠭ᠍ᠰᠠᠨ ᠴᠤ᠌᠂ ᠠᠮᠢ ᠠᠬᠤᠢ᠎ᠶ᠋ᠢᠨ ᠣᠷᠴᠢᠨ ᠨᠥᠬᠥᠴᠡᠯ᠎ᠢ ᠦᠷᠡᠭ᠌ᠳᠡᠭᠦᠯᠵᠦ᠍ ᠪᠠᠢᠭᠠᠳ ᠲᠦᠷ ᠴᠠᠭ᠎ᠤᠨ ᠪᠠ ᠭᠠᠵᠠᠷ ᠣᠷᠣᠨ᠎ᠤ ᠠᠵᠤ ᠠᠬᠤᠢ᠎ᠶ᠋ᠢᠨ ᠨᠡᠮᠡᠭ᠌ᠳᠡᠯ᠎ᠢ ᠰᠣᠯᠢᠵᠤ ᠠᠪᠴᠢᠷᠠᠬᠤ ᠨᠢᠳᠦᠨ ᠡᠮᠦᠨᠡᠬᠢ ᠪᠠᠨ ᠬᠠᠷᠠᠭᠰᠠᠨ ᠠᠷᠭ᠎ᠠ ᠬᠢᠳᠡᠯ᠎ᠢ ᠡᠷᠬᠡᠪᠰᠢ ᠲᠤᠢᠯᠪᠤᠷᠢᠲᠠᠢ ᠲᠠᠶᠠᠭ᠍ᠳᠠᠵᠤ᠂ ᠡᠬᠢ ᠪᠠᠶᠠᠯᠢᠭ᠎ᠤᠨ ᠨᠡᠭᠡᠭᠡᠨ ᠬᠥᠭ᠌ᠵᠢᠭᠦᠯᠦᠯᠲᠡ᠂ ᠡᠬᠢ ᠪᠠᠶᠠᠯᠢᠭ᠎ᠤᠨ ᠬᠣᠷᠣᠭ᠍ᠳᠠᠯ ᠳ᠋ᠦ ᠭᠡᠳᠦᠷᠭᠡᠢ ᠲᠦᠰᠢᠭᠯᠡᠨ ᠠᠵᠤ ᠦᠢᠯᠡᠰ᠎ᠦᠨ ᠬᠥᠭ᠌ᠵᠢᠯᠲᠡ᠎ᠶ᠋ᠢ ᠠᠬᠢᠭᠤᠯᠬᠤ ᠵᠦᠢ ᠵᠤᠬᠢᠰ ᠦᠭᠡᠢ ᠠᠷᠭ᠎ᠠ ᠬᠢᠳᠡᠯ᠎ᠢ ᠡᠷᠬᠡᠪᠰᠢ ᠲᠤᠢᠯᠪᠤᠷᠢᠲᠠᠢ ᠲᠠᠶᠠᠭ᠍ᠳᠠᠵᠤ᠂ ᠡᠨᠧᠷᠭᠢ᠎ᠶ᠋ᠢᠨ ᠬᠣᠷᠣᠭ᠍ᠳᠠᠭᠤᠯᠤᠯ ᠶᠡᠬᠡᠲᠡᠢ᠂ ᠭᠠᠳᠠᠭ᠍ᠰᠢᠯᠠᠭᠤᠯᠤᠯᠲᠠ ᠶᠡᠬᠡᠲᠡᠢ᠎ᠵᠦᠢᠯᠡᠰ᠎ᠢ᠎ᠡᠷᠬᠡᠪᠰᠢ᠎ᠡᠷᠡᠰ᠎ᠴᠢᠩᠭ᠎ᠠ᠎ᠬᠢᠵᠠᠭᠠᠷᠯᠠᠵᠤ᠂᠎ᠬᠣᠴᠣᠷᠤᠩᠭᠤᠢ ᠪᠠ ᠦᠯᠡᠭᠦᠳᠡᠭ᠌ᠰᠡᠨ ᠦᠢᠯᠡᠳᠪᠦᠷᠢᠯᠡᠬᠦ᠌ ᠴᠢᠳᠠᠪᠤᠷᠢ᠎ᠶ᠋ᠢ ᠡᠷᠬᠡᠪᠰᠢ ᠡᠷᠡᠰ᠎ᠢᠶᠡᠷ ᠰᠢᠭᠰᠢᠭ᠌ᠳᠡᠭᠦᠯᠵᠦ᠍᠂ ᠬᠡᠷᠡᠭ᠌ᠯᠡᠵᠦ᠍ ᠪᠣᠯᠬᠤ ᠡᠳ᠋᠎ᠦᠨ ᠬᠦᠴᠦᠨ᠎ᠢ ᠦᠯᠦ᠍ ᠬᠠᠢᠬᠤᠷᠤᠨ ᠬᠡᠲᠦᠷᠬᠡᠢ ᠶᠡᠬᠡ ᠥᠷᠢ ᠲᠠᠯᠪᠢᠵᠤ ᠪᠦᠳᠦᠭᠡᠨ ᠪᠠᠢᠭᠤᠯᠤᠯᠲᠠ ᠬᠢᠬᠦ᠌᠂ ᠠᠵᠤ ᠦᠢᠯᠡᠰ᠎ᠦᠨ ᠰᠠᠭᠤᠷᠢ᠎ᠶ᠋ᠢ ᠦᠯᠦ᠍ ᠬᠠᠢᠬᠤᠷᠤᠨ ᠰᠣᠬᠣᠷ ᠪᠠᠯᠠᠢ᠎ᠪᠠᠷ ᠪᠡᠯᠡ ᠣᠷᠣᠭᠤᠯᠬᠤ ᠪᠠ ᠳᠠᠪᠬᠤᠷᠳᠠᠭᠤᠯᠤᠨ ᠪᠦᠳᠦᠭᠡᠨ ᠪᠠᠢᠭᠤᠯᠬᠤ ᠦᠢᠯᠡ ᠠᠵᠢᠯᠯᠠᠭ᠎ᠠ᠎ᠶ᠋ᠢ ᠡᠷᠬᠡᠪᠰᠢ ᠡᠷᠡᠰ ᠲᠡᠪᠴᠢᠬᠦ ᠭᠡᠷᠡᠭᠲᠡᠢ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号