12 ᠰᠠᠷ᠎ᠠ᠎ᠶ᠋ᠢᠨ 10᠎ᠤ ᠡᠳᠦᠷ᠎ᠦᠨ 0 ᠴᠠᠭ ᠡᠴᠡ 24 ᠴᠠᠭ ᠪᠤᠯᠲᠠᠯᠠᠬᠢ ᠦᠪᠦᠷ ᠮᠤᠩᠭᠤᠯ ᠤᠷᠤᠨ ᠳ᠋ᠡᠬᠢ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢᠳᠠᠯ
2021-12-11 21:04:26
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

12 ᠰᠠᠷ᠎ᠠ᠎ᠶ᠋ᠢᠨ 10᠎ᠤ ᠡᠳᠦᠷ᠎ᠦᠨ 0 ᠴᠠᠭ ᠡᠴᠡ 24 ᠴᠠᠭ᠎ᠪᠤᠯᠲᠠᠯ᠎ᠠ᠂ ᠦᠪᠤᠷ ᠮᠤᠨᠭᠭᠤᠯ᠎ᠤᠨ ᠦᠪᠡᠷᠳᠡᠭᠡᠨ ᠵᠠᠰᠠᠬᠤ ᠤᠷᠤᠨ ᠳ᠋ᠤ ᠰᠡᠵᠢᠭ᠌ᠯᠡᠯᠲᠡᠶ ᠡᠪᠡᠳᠴᠢᠨ᠎ᠦ ᠵᠢᠱ᠌ᠢᠶ᠎ᠡ ᠪᠠ ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠳᠠᠭᠴᠢ ᠱᠢᠨ᠎ᠡ᠎ᠪᠡᠷ ᠨᠡᠮᠡᠭ᠌ᠳᠡᠭᠰᠡᠨ ᠥᠬᠡᠶ᠃ ᠲᠤᠬᠠᠢ᠎ᠶᠢᠨ ᠭᠠᠵᠠᠷ᠎ᠤᠨ ᠲᠤᠳᠤᠯᠠᠭᠰᠠᠨ ᠡᠪᠡᠳᠴᠢᠨ᠎ᠦ ᠵᠢᠱ᠌ᠢᠶ᠎ᠡ15(ᠬᠦᠯᠦᠨ ᠪᠤᠢᠷ ᠬᠤᠲᠠ᠎ᠶᠢᠨ ᠮᠠᠨᠵᠤᠤᠷ ᠬᠤᠲᠠ ᠳ᠋ᠤ 12 ᠡᠪᠡᠳᠴᠢᠨ᠎ᠤ ᠵᠢᠱ᠌ᠢᠶ᠎ᠡ᠂ ᠰᠢᠨ᠎ᠠ ᠪᠠᠷᠭᠤ ᠪᠠᠷᠠᠭᠤᠨ ᠬᠤᠰᠢᠭᠤᠨ ᠳ᠋ᠦ 3 ᠡᠪᠡᠳᠴᠢᠨ᠎ᠤ ᠵᠢᠱ᠌ᠢᠶ᠎ᠡ)ᠨᠡᠮᠡᠭᠳᠡᠵᠡᠢ᠃ ᠰᠢᠨ᠎ᠠ ᠪᠡᠷ ᠨᠡᠮᠡᠭᠳᠡᠭᠰᠡᠨ 5 ᠳᠤᠬᠠᠢ ᠵᠢᠨ ᠭᠠᠵᠠᠷ᠎ᠤᠨ ᠤᠨᠤᠰᠢᠯᠠᠭᠳᠠᠭᠰᠠᠨ ᠡᠪᠡᠳᠴᠢᠨ᠎ᠤ ᠵᠢᠱ᠌ᠢᠶ᠎ᠡ ᠢᠯᠡᠷᠢᠰᠢᠵᠤ ᠡᠮᠨᠡᠯᠭᠡ ᠡᠴᠡ ᠭᠠᠷᠤᠭᠰᠠᠨ ᠪᠠᠢᠨ᠎ᠠ(ᠴᠦᠮ ᠭᠦᠯᠦᠨ ᠪᠤᠢᠷ ᠬᠤᠳᠠ ᠵᠢᠨ ᠮᠠᠨᠵᠤᠤᠷ ᠬᠤᠳᠠ ᠳ᠋ᠦ ᠪᠤᠢ)᠃

ᠱᠢᠨ᠎ᠡ ᠪᠡᠷ ᠨᠡᠮᠡᠭ᠌ᠳᠡᠭᠰᠡᠨ ᠲᠤᠬᠠᠢ ᠎ᠶᠢᠨ ᠭᠠᠵᠠᠷ ᠎ᠤᠨ ᠲᠤᠳᠤᠯᠠᠭᠰᠠᠨ ᠡᠪᠡᠳᠴᠢᠨ᠎ᠦ ᠵᠢᠱ᠌ᠢᠶ᠎ᠡ ᠎ᠶ᠋ᠢᠨ ᠪᠣᠳᠠᠲᠠᠢ ᠪᠠᠢᠳᠠᠯ ᠨᠢ ᠳᠠᠷᠠᠭᠠᠬᠢ ᠮᠡᠲᠦ᠄

ᠲᠤᠳᠤᠯᠠᠭᠰᠠᠨ ᠡᠪᠡᠳᠴᠢᠨ᠎ᠤ ᠵᠢᠱ᠌ᠢᠶ᠎ᠡ 514 ᠡᠴᠡ 516᠄ ᠰᠢᠨ᠎ᠠ ᠪᠠᠷᠭᠤ ᠪᠠᠷᠠᠭᠤᠨ ᠬᠤᠰᠢᠭᠤᠨ᠎ᠤ ᠪᠢᠲᠡᠭᠦᠮᠵᠢᠯᠡᠨ ᠬᠠᠮᠢᠶᠠᠷᠤᠭᠰᠠᠨ ᠲᠣᠭᠣᠷᠢᠭ᠎ᠤᠨ ᠬᠥᠮᠦᠰ᠎ᠦᠨ ᠪᠥᠭᠡᠮ ᠬᠦᠴᠢᠯ᠎ᠢ ᠱᠢᠭ᠌ᠰᠢᠨ ᠪᠠᠢᠴᠠᠭᠠᠬᠤ᠎ᠳᠤ ᠠᠷᠭ᠎ᠠ ᠴᠢᠨᠠᠷ ᠢᠯᠡᠷᠡᠭᠴᠢ ᠪᠠᠢᠵᠤ᠂ ᠲᠤᠰᠭᠠᠶ ᠮᠡᠷᠭᠡᠵᠢᠯᠲᠡᠨ᠎ᠦ ᠳᠤᠭᠤᠢᠯᠠᠩ ᠬᠠᠮᠲᠤᠷᠠᠨ ᠣᠨᠣᠱᠢᠯᠠᠭ᠍ᠰᠠᠨ᠎ᠤ ᠳ᠋ᠦᠩ᠎ᠳᠦ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠲᠤᠳᠤᠯᠠᠭᠰᠠᠨ ᠡᠪᠡᠳᠴᠢᠨ᠎ᠤ ᠵᠢᠱ᠌ᠢᠶ᠎ᠡ᠎ᠪᠡᠷ ᠣᠨᠣᠱᠢᠯᠠᠵᠠᠶ᠃

ᠲᠤᠳᠤᠯᠠᠭᠰᠠᠨ ᠡᠪᠡᠳᠴᠢᠨ᠎ᠤ ᠵᠢᠱ᠌ᠢᠶ᠎ᠡ 517᠎ᠠᠴᠠ 527᠄ ᠴᠥᠮ ᠮᠠᠨᠵᠤᠸ᠋ᠷ ᠬᠣᠲᠠ᠎ᠶ᠋ᠢᠨ ᠲᠥᠪᠯᠡᠷᠡᠭᠦᠯᠦᠨ ᠲᠤᠰᠠᠭᠠᠷᠯᠠᠭ᠍ᠰᠠᠨ ᠬᠦᠮᠦᠰ᠎ᠤᠨ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ᠎ᠳᠤ ᠠᠷᠭ᠎ᠠ ᠴᠢᠨᠠᠷ ᠢᠯᠡᠷᠡᠭᠰᠡᠳ ᠪᠠᠢᠵᠤ᠂ ᠲᠤᠰᠭᠠᠶ ᠮᠡᠷᠭᠡᠵᠢᠯᠲᠡᠨ᠎ᠦ ᠳᠤᠭᠤᠢᠯᠠᠩ ᠬᠠᠮᠲᠤᠷᠠᠨ ᠣᠨᠣᠱᠢᠯᠠᠭᠠᠳ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠲᠤᠳᠤᠯᠠᠭᠰᠠᠨ ᠡᠪᠡᠳᠴᠢᠨ᠎ᠤ ᠵᠢᠱ᠌ᠢᠶ᠎ᠡ ᠭᠡᠵᠦ᠍ ᠣᠨᠣᠱᠢᠯᠠᠵᠠᠶ ᠃

ᠲᠤᠳᠤᠯᠠᠭᠰᠠᠨ ᠡᠪᠡᠳᠴᠢᠨ᠎ᠤ ᠵᠢᠱ᠌ᠢᠶ᠎ᠡ 528᠄ ᠮᠠᠨᠵᠤᠤᠷ ᠬᠤᠳᠠ ᠵᠢᠨ ᠭᠡᠷ ᠳᠡᠭᠡᠨ ᠳᠤᠰᠠᠭᠠᠷᠯᠠᠵᠤ ᠪᠠᠢᠭ᠎ᠠ ᠭᠦᠮᠤᠨ᠎ᠳᠦ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ᠎ᠭᠢᠭᠦ ᠪᠡᠷ ᠳᠠᠮᠵᠢᠨ ᠠᠷᠭ᠎ᠠ ᠴᠢᠨᠠᠷ ᠢᠯᠡᠷᠡᠵᠤ᠂ ᠲᠤᠰᠭᠠᠶ ᠮᠡᠷᠭᠡᠵᠢᠯᠲᠡᠨ᠎ᠦ ᠳᠤᠭᠤᠢᠯᠠᠩ ᠬᠠᠮᠲᠤᠷᠠᠨ ᠣᠨᠣᠱᠢᠯᠠᠭᠠᠳ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠲᠤᠳᠤᠯᠠᠭᠰᠠᠨ ᠡᠪᠡᠳᠴᠢᠨ᠎ᠤ ᠵᠢᠱ᠌ᠢᠶ᠎ᠡ ᠭᠡᠵᠦ᠍ ᠣᠨᠣᠱᠢᠯᠠᠵᠠᠶ ᠃

ᠣᠳᠣᠬᠠᠨ᠎ᠳᠤ᠂ ᠳᠡᠭᠡᠷ᠎ᠡ ᠳᠤᠷᠠᠳᠤᠭ᠍ᠰᠠᠨ ᠬᠥᠮᠦᠰ᠎ᠢ ᠨᠢᠭᠡᠨᠲᠡ ᠲᠣᠭ᠍ᠲᠠᠭᠰᠠᠨ ᠡᠮᠨᠡᠯᠭᠡ᠎ᠶ᠋ᠢᠨ ᠬᠣᠷᠢᠶᠠᠨ᠎ᠳᠤ ᠱᠢᠯᠵᠢᠭᠦᠯᠦᠨ ᠬᠦᠷᠭᠡᠵᠦ᠍ ᠲᠤᠰᠠᠭᠠᠷᠯᠠᠨ ᠡᠮᠨᠡᠭᠦᠯᠵᠦ ᠲᠤᠰᠠᠭᠠᠷᠯᠠᠨ ᠠᠵᠢᠬᠯᠠᠵᠤ ᠪᠤᠢ᠂ ᠬᠠᠮᠢᠶ᠎ᠠ ᠪᠦᠬᠦᠢ ᠲᠠᠬᠤᠯ ᠡᠪᠡᠳᠴᠢᠨ᠎ᠤ ᠪᠠᠢᠴᠠᠭᠠᠯᠲᠠ᠂ ᠰᠢᠭᠰᠢᠨ ᠪᠠᠢᠴᠠᠭᠠᠯᠲᠠ ᠵᠡᠷᠭᠡ ᠠᠵᠢᠯ ᠶᠠᠭ ᠶᠠᠪᠤᠭᠳᠠᠵᠤ ᠪᠠᠢᠨ᠎ᠠ᠃

12 ᠰᠠᠷ᠎ᠠ᠎ᠶ᠋ᠢᠨ 10᠎ᠦ ᠡᠳᠦᠷ᠎ᠦᠨ 24 ᠴᠠᠭ ᠪᠣᠯᠲᠠᠯ᠎ᠠ᠂ ᠦᠪᠤᠷ ᠮᠤᠨᠭᠭᠤᠯ᠎ᠤᠨ ᠦᠪᠡᠷᠳᠡᠭᠡᠨ ᠵᠠᠰᠠᠬᠤ ᠤᠷᠤᠨ ᠳ᠋ᠤ ᠲᠤᠬᠠᠢ ᠎ᠶᠢᠨ ᠭᠠᠵᠠᠷ᠎ᠤᠨ ᠲᠤᠳᠤᠯᠠᠭᠰᠠᠨ ᠡᠪᠡᠳᠴᠢᠨ᠎ᠦ ᠵᠢᠱ᠌ᠢᠶ᠎ᠡ 525(ᠬᠦᠯᠦᠨ ᠪᠤᠢᠷ ᠬᠤᠲᠠ᠎ᠶᠢᠨ ᠮᠠᠨᠵᠤᠤᠷ ᠬᠤᠲᠠ ᠳ᠋ᠤ 514᠂ ᠰᠢᠨ᠎ᠡ ᠪᠠᠷᠭᠤ ᠪᠠᠷᠠᠭᠤᠨ ᠬᠤᠰᠢᠭᠤᠨ ᠳ᠋ᠤ 9 ᠪᠤᠢ; ᠮᠠᠨᠵᠤᠤᠷ ᠬᠤᠲᠠ᠎ᠶᠢᠨ ᠬᠢᠵᠢᠭ ᠲᠠᠢ ᠬᠤᠯᠪᠤᠭᠳᠠᠯ ᠲᠠᠢ ᠲᠤᠳᠤᠯᠠᠭᠰᠠᠨ ᠡᠪᠡᠳᠴᠢᠨ᠎ᠤ ᠵᠢᠱ᠌ᠢᠶ᠎ᠡ 2᠂ ᠲᠦᠩᠯᠢᠶᠤᠤ ᠬᠤᠲᠠ᠎ᠶᠢᠨ ᠬᠤᠷᠴᠢᠨ ᠲᠤᠭᠤᠷᠢᠭ ᠲᠤ᠌ ᠪᠤᠢ)ᠪᠠᠢᠨ᠎ᠠ᠃ ᠪᠦᠬᠦᠨ᠎ᠢ ᠲᠣᠭ᠍ᠲᠠᠭ᠍ᠰᠠᠨ ᠡᠮᠨᠡᠯᠭᠡ᠎ᠶ᠋ᠢᠨ ᠬᠣᠷᠢᠶ᠎ᠠ᠎ᠳᠤ ᠲᠤᠰᠠᠭᠠᠷᠯᠠᠨ ᠡᠮᠴᠢᠯᠡᠵᠦ᠍᠂ ᠨᠢᠭᠲᠠ ᠣᠢᠷᠠᠲᠤᠭ᠍ᠰᠠᠳ᠎ᠢ ᠨᠢ ᠴᠦᠮ ᠲᠣᠭ᠍ᠲᠠᠭ᠍ᠰᠠᠨ ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ᠎ᠤ ᠠᠵᠢᠭ᠍ᠯᠠᠯᠲᠠ ᠬᠢᠵᠦ᠂ ᠬᠢᠵᠢᠭ᠎ᠲᠠᠷᠬᠠᠬᠤ᠎ᠶ᠋ᠢ ᠴᠢᠩᠭ᠎ᠠ ᠰᠡᠷᠭᠡᠢᠯᠡᠵᠤ ᠪᠤᠢ᠃

ᠪᠦᠬᠦ ᠤᠯᠤᠰ᠎ᠤᠨ ᠬᠢᠵᠢᠭ᠎ᠤᠨ ᠪᠠᠢᠳᠠᠯ

12 ᠰᠠᠷ᠎ᠠ᠎ᠶᠢᠨ 10᠎ᠤ 0 ᠴᠠᠭ ᠡᠴᠡ 24 ᠴᠠᠭ ᠪᠤᠯᠲᠠᠯ᠎ᠠ᠂ ᠪᠦᠬᠦ ᠤᠯᠤᠰ ᠲᠡᠬᠢ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠲᠤᠳᠤᠯᠠᠭᠰᠠᠨ ᠡᠪᠡᠳᠴᠢᠨ᠎ᠤ ᠵᠢᠱ᠌ᠢᠶ᠎ᠡ ᠲᠦᠷᠦᠭᠦᠦ ᠡᠳᠦᠷ ᠡᠴᠡ ᠪᠠᠨ 87 ᠨᠡᠮᠡᠭᠳᠡᠪᠡ᠃ ᠡᠭᠦᠨ ᠳ᠋ᠤ ᠬᠢᠯᠢ᠎ᠶᠢᠨ ᠭᠠᠳᠠᠨ᠎ᠠ ᠡᠴᠡ ᠤᠷᠤᠵᠤ ᠢᠷᠡᠭᠰᠡᠨ ᠡᠪᠡᠳᠴᠢᠨ᠎ᠤ ᠵᠢᠱ᠌ᠢᠶ᠎ᠡ 36(ᠭᠤᠸᠠᠩᠰᠢ ᠳ᠋ᠤ 15᠂ ᠰᠸᠴᠤᠸᠠᠨ ᠳ᠋ᠦ 5᠂ ᠱᠠᠨᠳᠦ᠋ᠡᠭ ᠳ᠋ᠦ 7᠂ ᠱᠠᠨᠰᠢ ᠳ᠋ᠤ 2᠂ ᠱᠠᠩᠬᠠᠢ ᠳ᠋ᠤ 6᠂ ᠶᠦᠨᠨᠠᠨ ᠳ᠋ᠤ 1)ᠪᠤᠢ; ᠡᠭᠦᠨ ᠳ᠋ᠤ ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠳᠠᠭᠴᠢ ᠡᠴᠡ ᠲᠤᠳᠤᠯᠠᠭᠰᠠᠨ ᠡᠪᠡᠳᠴᠢᠨ᠎ᠤ ᠵᠢᠱ᠌ᠢᠶ᠎ᠡ ᠪᠤᠯᠤᠭᠰᠠᠨ ᠡᠪᠡᠳᠴᠢᠨ᠎ᠤ ᠵᠢᠱ᠌ᠢᠶ᠎ᠡ8(ᠰᠸᠴᠤᠸᠠᠨ ᠳ᠋ᠦ 4᠂ ᠭᠤᠸᠠᠡᠭᠰᠢ ᠳ᠋ᠦ 4)ᠪᠤᠢ; ᠲᠤᠬᠠᠢ᠎ᠶᠢᠨ ᠭᠠᠵᠠᠷ ᠎ᠤᠨ ᠡᠪᠡᠳᠴᠢᠨ᠎ᠤ ᠵᠢᠱ᠌ᠢᠶ᠎ᠡ 51 (ᠵᠸᠵᠢᠶᠠᠩ ᠳ᠋ᠤ 35᠂ ᠡᠭᠦᠨ᠎ᠤ ᠳᠤᠳᠤᠷ᠎ᠠ ᠱᠤᠤᠰᠢᠡᠭ ᠬᠤᠳᠠ ᠳ᠋ᠦ 17 ᠵᠢᠱ᠌ᠢᠶ᠎ᠡ᠂ ᠨᠢᠡᠭᠪᠦᠢ᠍ᠸᠸ ᠬᠤᠳᠠ ᠳ᠋ᠦ 14 ᠵᠢᠱ᠌ᠢᠶ᠎ᠡ ᠂ ᠬᠠᠡᠭᠵᠸᠦ ᠬᠤᠳᠠ ᠳ᠋ᠦ 4 ᠵᠢᠱ᠌ᠢᠶ᠎ᠡ ᠪᠤᠢ; ᠦᠪᠦᠷ ᠮᠤᠩᠭᠤᠯ ᠳ᠋ᠤ 15  ᠵᠢᠱ᠌ᠢᠶ᠎ᠡ᠂ ᠴᠦᠮ ᠭᠦᠯᠦᠨ ᠪᠤᠢᠷ ᠬᠤᠳᠠ ᠳ᠋ᠦ ᠪᠤᠢ; ᠶᠦᠨᠨᠠᠨ ᠳ᠋ᠤ 1 ᠵᠢᠱ᠌ᠢᠶ᠎ᠡ) ᠪᠤᠢ᠃  

ᠰᠢᠨ᠎ᠡ ᠪᠡᠷ ᠨᠡᠮᠡᠭᠳᠡᠭᠰᠡᠨ ᠰᠡᠵᠢᠭᠯᠡᠯᠲᠡᠢ ᠡᠪᠡᠳᠴᠢᠨ᠎ᠤ ᠵᠢᠱ᠌ᠢᠶ᠎ᠡ᠂ ᠨᠠᠰᠤ ᠪᠠᠷᠠᠭᠰᠠᠨ ᠡᠪᠡᠳᠴᠢᠨ᠎ᠤ ᠵᠢᠱ᠌ᠢᠶ᠎ᠡ ᠦᠭᠡᠢ ᠃

 

ᠢᠷᠡᠯᠲᠡ᠄ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠦᠪᠯᠡᠯ᠂ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠦᠪᠯᠡᠯ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号