ᠭᠣᠷᠪᠠᠨ ᠬᠤᠪᠢᠷᠠᠭᠤᠯᠤᠯᠳᠠ
2021-12-11 20:31:57
ᠵᠣᠬᠢᠶᠠᠭ᠍ᠴᠢ᠄
ᠬᠠ ᠯᠢ ᠴᠢᠨ
ᠣᠩᠱᠢᠭ᠍ᠰᠠᠨ ᠣᠳᠠᠭ᠎ᠠ᠄
★★★☆☆

ᠠᠵᠤ ᠠᠬᠤᠢ᠎ᠶ᠋ᠢᠨ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌᠎ᠶ᠋ᠢ ᠲᠦᠷᠭᠡᠳᠭᠡᠵᠦ᠍᠂ ᠣᠳᠣᠬᠢᠴᠢᠯᠠᠭ᠍ᠰᠠᠨ ᠠᠵᠤ ᠠᠬᠤᠢ᠎ᠶ᠋ᠢᠨ ᠱᠢᠰᠲ᠋ᠧᠮ᠎ᠢ ᠪᠠᠢᠭᠤᠯᠬᠤ᠎ᠳᠤ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠢ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠪᠡᠷ ᠭᠣᠣᠯ ᠱᠢᠵᠢᠮ ᠪᠣᠯᠭᠠᠵᠤ᠂ ᠠᠵᠤ ᠠᠬᠤᠢ᠎ᠶ᠋ᠢᠨ ᠬᠥᠭ᠌ᠵᠢᠯᠲᠡ᠎ᠶ᠋ᠢ ᠡᠬᠢ ᠪᠠᠶᠠᠯᠢᠭ᠎ᠲᠤ ᠲᠦᠱᠢᠭ᠌ᠯᠡᠬᠦ᠌ ᠬᠡᠯᠪᠡᠷᠢ᠎ᠡᠴᠡ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠡᠯᠪᠡᠷᠢ ᠲᠡᠢᠰᠢ ᠬᠤᠪᠢᠷᠠᠭᠤᠯᠬᠤ᠂ ᠪᠦᠳᠦᠭᠦᠯᠢᠭ ᠨᠡᠭᠦᠷᠡᠰᠦᠲᠥ᠋ᠷᠥᠭ᠌ᠴᠢᠲᠦ ᠬᠡᠯᠪᠡᠷᠢ᠎ᠡᠴᠡ ᠪᠣᠬᠢᠷᠲᠤᠯ ᠦᠭᠡᠢ ᠨᠡᠭᠦᠷᠡᠰᠦᠲᠥ᠋ᠷᠥᠭ᠌ᠴᠢ ᠪᠠᠭ᠎ᠠ ᠬᠡᠯᠪᠡᠷᠢ ᠲᠡᠢᠰᠢ ᠬᠤᠪᠢᠷᠠᠭᠤᠯᠬᠤ᠂ ᠲᠠᠷᠠᠬᠠᠢ ᠪᠤᠲᠠᠷᠬᠠᠢ ᠦᠷ᠎ᠡ ᠠᠱᠢᠭ ᠳᠣᠣᠷ᠎ᠠ ᠬᠡᠯᠪᠡᠷᠢ᠎ᠡᠴᠡ ᠡᠷᠴᠢᠮᠯᠢᠭ ᠥᠨᠳᠥᠷ ᠪᠦᠲᠦᠮᠵᠢᠲᠡᠢ ᠬᠡᠯᠪᠡᠷᠢ ᠲᠡᠢᠰᠢ ᠬᠤᠪᠢᠷᠠᠭᠤᠯᠬᠤ᠎ᠶ᠋ᠢ ᠬᠦᠴᠦᠯᠡᠨ ᠠᠬᠢᠭᠤᠯᠵᠤ᠂ ᠣᠳᠣᠬᠢᠴᠢᠯᠠᠭ᠍ᠰᠠᠨ ᠠᠵᠤ ᠠᠬᠤᠢ᠎ᠶ᠋ᠢᠨ ᠱᠢᠰᠲ᠋ᠧᠮ᠎ᠢ ᠲᠦᠷᠭᠡᠳᠭᠡᠨ ᠪᠠᠢᠭᠤᠯᠤᠨ᠎ᠠ᠃ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠬᠦ᠌᠎ᠶ᠋ᠢ ᠣᠳᠣᠬᠢᠴᠢᠯᠠᠭ᠍ᠰᠠᠨ ᠠᠵᠤ ᠠᠬᠤᠢ᠎ᠶ᠋ᠢᠨ ᠱᠢᠰᠲ᠋ᠧᠮ᠎ᠢ ᠪᠠᠢᠭᠤᠯᠬᠤ᠎ᠶ᠋ᠢᠨ ᠤᠷᠢᠳᠠᠴᠢ ᠠᠯᠬᠤᠮ ᠪᠣᠯᠭᠠᠵᠤ᠂ ᠭᠣᠣᠯ ᠴᠣᠭ᠍ᠴᠠ᠎ᠶ᠋ᠢᠨ ᠴᠢᠳᠠᠮᠵᠢ᠎ᠶ᠋ᠢᠨ᠎ᠪᠠᠢᠷᠢ᠎ᠲᠣᠭ᠍ᠲᠠᠭᠠᠯᠲᠠ ᠪᠠ ᠡᠬᠢ ᠪᠠᠶᠠᠯᠢᠭ ᠣᠷᠴᠢᠨ ᠲᠣᠭᠣᠷᠢᠨ᠎ᠤ ᠳᠠᠭᠠᠭᠠᠴᠠ᠎ᠳᠤ ᠰᠠᠭᠤᠷᠢᠯᠠᠵᠤ᠂ ᠤᠯᠤᠰ᠎ᠤᠨ ᠨᠤᠲᠤᠭ ᠳᠡᠪᠢᠰᠭᠡᠷ᠎ᠦᠨ ᠣᠷᠣᠨ ᠵᠠᠢ᠂ ᠠᠵᠤ ᠦᠢᠯᠡᠰ᠎ᠦᠨ ᠰᠠᠭᠤᠷᠢᠨ᠂ ᠣᠷᠣᠨ ᠪᠦᠰᠡ᠎ᠶ᠋ᠢᠨ ᠠᠵᠤ ᠠᠬᠤᠢ᠂ ᠬᠤᠳᠠ ᠬᠥᠳᠡᠭᠡ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠪᠠᠢᠷᠢᠱᠢᠭᠤᠯᠤᠯᠲᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠤᠬᠢᠷᠠᠭᠤᠯᠵᠤ᠂ ᠴᠢᠬᠤᠯᠠ ᠶᠡᠬᠡ ᠦᠢᠯᠡᠳᠪᠦᠷᠢᠯᠡᠯ᠎ᠦᠨ ᠬᠦᠴᠦᠨ᠂ ᠴᠢᠬᠤᠯᠠ ᠶᠡᠬᠡ ᠰᠠᠭᠤᠷᠢ ᠲᠥᠬᠥᠭᠡᠷᠦᠮᠵᠢ ᠪᠠ ᠤᠯᠠᠨ ᠨᠡᠢᠲᠡ᠎ᠶ᠋ᠢᠨ ᠡᠬᠢ ᠪᠠᠶᠠᠯᠢᠭ᠎ᠤᠨ ᠪᠠᠢᠷᠢᠱᠢᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ ᠱᠢᠯᠢᠳᠡᠭ᠌ᠵᠢᠭᠦᠯᠵᠦ᠍᠂ ᠡᠯ᠎ᠡ ᠲᠦᠷᠦᠯ᠎ᠦᠨ ᠡᠯᠧᠮᠧᠨ᠋ᠲ᠎ᠦᠨ ᠵᠣᠬᠢᠰᠲᠠᠢ ᠱᠢᠯᠵᠢᠯᠲᠡ ᠪᠠ ᠥᠨᠳᠥᠷ ᠪᠦᠲᠦᠮᠵᠢᠲᠡᠢ ᠲᠥᠪᠯᠡᠷᠡᠯ ᠎ᠢ ᠠᠬᠢᠭᠤᠯᠤᠨ᠎ᠠ᠃ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠪᠥᠬᠥ᠌ ᠲᠠᠯ᠎ᠠ ᠳᠤᠮᠳᠠᠬᠢ ᠱᠢᠨ᠎ᠡ᠎ᠶ᠋ᠢ ᠡᠭᠦᠳᠬᠦ᠌ ᠭᠤᠤᠯᠯᠠᠬᠤ ᠪᠠᠢᠷᠢ ᠰᠠᠭᠤᠷᠢ᠎ᠶ᠋ᠢ ᠪᠠᠷᠢᠮᠲᠠᠯᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠣᠳᠣᠬᠢᠴᠢᠯᠠᠭ᠍ᠰᠠᠨ ᠠᠵᠤ ᠠᠬᠤᠶ᠎ᠶ᠋ᠢᠨ ᠱᠢᠰᠲ᠋ᠧᠮ᠎ᠢ ᠪᠠᠢᠭᠤᠯᠬᠤ ᠪᠠᠢᠯᠳᠤᠬᠤ ᠪᠣᠳᠣᠯᠭ᠎ᠠ᠎ᠶ᠋ᠢᠨ ᠲᠤᠯᠭᠠᠭᠤᠷᠢᠯᠠᠯ ᠪᠣᠯᠭᠠᠵᠤ᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ》ᠠᠵᠢᠯᠯᠠᠭ᠎ᠠ᠎ᠶ᠋ᠢ ᠶᠡᠬᠡ᠎ᠪᠡᠷ ᠬᠡᠷᠡᠭ᠌ᠵᠢᠭᠦᠯᠵᠦ᠍᠂ ᠱᠢᠨ᠎ᠡ᠎ᠶ᠋ᠢ ᠡᠭᠦᠳᠦᠭᠰᠡᠨ ᠠᠮᠢ ᠠᠬᠤᠶ ᠣᠷᠴᠢᠨ ᠲᠣᠭᠣᠷᠢᠨ᠎ᠢ ᠰᠠᠢᠵᠢᠷᠠᠭᠤᠯᠵᠤ᠂ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢᠨ ᠪᠦᠬᠦᠯᠢ ᠴᠣᠭ᠍ᠴᠠ᠎ᠶ᠋ᠢᠨ ᠬᠦᠴᠦᠨ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠴᠢᠳᠠᠪᠤᠷᠢ᠎ᠶ᠋ᠢ ᠪᠣᠢᠵᠢᠭᠤᠯᠤᠨ ᠪᠤᠵᠠᠭᠠᠢᠷᠠᠭᠤᠯᠤᠨ᠎ᠠ᠃ ᠪᠣᠬᠢᠷᠲᠤᠯ ᠥᠬᠡᠶ ᠤᠨᠴᠠᠯᠢᠬ᠍ᠳᠤ ᠳᠠᠪᠠᠭᠤᠯᠢᠭ ᠣᠲᠣ ᠦᠶ᠎ᠡ᠎ᠶ᠋ᠢᠨ ᠠᠵᠤ ᠦᠶ᠋ᠯᠡᠰ᠎ᠦᠨ ᠱᠢᠰᠲ᠋ᠧᠮ᠎ᠢ᠎ᠲᠦᠷᠭᠡᠳᠭᠡᠨ ᠪᠠᠢᠭᠤᠯᠵᠤ᠂ ᠬᠡᠯᠬᠢᠶ᠎ᠡ᠎ᠶ᠋ᠢ ᠤᠷᠲᠤᠳᠭᠠᠨ ᠬᠡᠯᠬᠢᠶ᠎ᠡ᠎ᠶ᠋ᠢ ᠨᠥᠬᠥᠪᠥᠷᠢᠯᠡᠵᠦ᠍ ᠬᠡᠯᠬᠢᠶ᠎ᠡ᠎ᠶ᠋ᠢ ᠬᠦᠴᠦᠷᠬᠡᠭ᠌ᠵᠢᠭᠦᠯᠬᠦ᠌ ᠠᠵᠢᠯᠯᠠᠭ᠎ᠠ ᠪᠣᠯᠤᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠤᠯᠠᠮᠵᠢᠯᠠᠯᠲᠤ ᠠᠵᠤ ᠦᠶ᠋ᠯᠡᠰ᠎ᠦᠨ ᠳᠡᠭᠡᠳᠦ ᠲᠡᠰᠵᠢᠯᠳᠠ ᠤᠶᠤᠨᠴᠢᠯᠠᠯᠳᠠ ᠪᠣᠬᠢᠷᠲᠤᠯ ᠥᠬᠡᠶ ᠬᠥᠭ᠌ᠵᠢᠯᠲᠡ᠎ᠶ᠋ᠢ ᠠᠬᠢᠭᠤᠯᠵᠤ᠂ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠦᠨ ᠬᠥᠭ᠌ᠵᠢᠨ ᠪᠣᠵᠠᠭᠠᠢᠷᠠᠬᠣ᠎ᠶ᠋ᠢ ᠠᠬᠢᠭᠤᠯᠵᠤ᠂᠎ᠠᠵᠤ ᠦᠶ᠋ᠯᠡᠰ᠎ᠦᠨ ᠬᠡᠯᠬᠢᠶ᠎ᠡ ᠬᠠᠩᠭᠠᠯᠭ᠎ᠠ ᠶ᠋ᠢᠨ ᠬᠡᠯᠬᠢᠶ᠎ᠡ ᠶ᠋ᠢᠨ ᠣᠳᠣᠬᠢᠴᠢᠯᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠦᠨ᠎ᠡ᠃  

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号