ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠤᠯᠠᠭᠠᠨᠬᠠᠳᠠ ᠬᠣᠲᠠ᠎ᠳᠤ ᠭᠦᠨᠵᠡᠭᠡᠢᠷᠡᠵᠦ ᠤᠬᠠᠭᠤᠯᠤᠨ ᠲᠠᠢᠯᠪᠤᠷᠢᠯᠠᠪᠠ
2021-12-12 20:41:29
ᠵᠣᠬᠢᠶᠠᠭ᠍ᠴᠢ᠄
ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

12 ᠰᠠᠷ᠎ᠠ᠎ᠶ᠋ᠢᠨ 10 ᠎ᠤ᠋ ᠡᠳᠦᠷ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠡ᠎ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠤᠯᠠᠭᠠᠨᠬᠠᠳᠠ ᠬᠤᠳᠠ᠎ᠳᠤ ᠭᠦᠨᠵᠡᠭᠡᠢᠷᠡᠵᠦ ᠤᠬᠠᠭᠤᠯᠤᠨ ᠲᠠᠢᠯᠪᠤᠷᠢᠯᠠᠵᠤ᠂ ᠪᠦᠬᠦ᠌ ᠬᠤᠳᠠ ᠵᠢᠨ 6 ᠲᠦᠮᠡ ᠭᠠᠷᠤᠢ ᠺᠠᠳ᠋ᠷ ᠤᠯᠠᠨ ᠲᠦᠮᠡᠨ ᠲᠤᠰ ᠲᠤᠰ ᠭᠣᠣᠯ ᠬᠤᠷᠠᠯ᠎ᠤᠨ ᠲᠠᠯᠠᠪᠠᠢ᠂ ᠬᠤᠪᠢᠶᠠᠷᠢ ᠬᠤᠷᠠᠯ᠎ᠤᠨ ᠲᠠᠯᠠᠪᠠᠢ᠎ᠳᠤ ᠮᠡᠳᠡᠭᠦᠯᠦᠯᠲᠡ᠎ᠶ᠋ᠢ ᠰᠣᠨᠣᠰᠪᠠ᠃

10᠎ᠤ᠋ ᠦᠳᠡ᠎ᠶ᠋ᠢᠨ ᠡᠮᠦᠨ᠎ᠡ᠂ ᠤᠯᠠᠭᠠᠨᠬᠠᠳᠠ ᠬᠣᠲᠠ᠎ᠶ᠋ᠢᠨ ᠠᠷᠠᠳ᠎ᠤᠨ ᠪᠠᠢᠴᠠᠭᠠᠬᠤ ᠬᠣᠷᠢᠶᠠᠨ᠎ᠤ ᠮᠡᠳᠡᠭᠦᠯᠦᠯᠲᠡ᠎ᠶ᠋ᠢᠨ ᠲᠢᠩᠬᠢᠮ᠎ᠳᠦ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠦᠨ ᠬᠣᠶᠠᠳᠤᠭᠠᠷ ᠳᠡᠰ᠎ᠤᠨ ᠲᠣᠭᠣᠷᠢᠨ ᠪᠠᠢᠴᠠᠭᠠᠭ᠍ᠴᠢ ᠵᠠᠩ ᠱᠸ᠋ ᠯᠢ 《ᠪᠥᠬᠥ᠌ ᠲᠠᠯ᠎ᠠ ᠪᠠ ᠪᠠᠢᠯᠳᠤᠬᠤ ᠪᠣᠳᠣᠯᠭ᠎ᠠ᠎ᠶ᠋ᠢᠨ ᠦᠨᠳᠦᠷᠴᠡ᠎ᠠᠴᠠ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠶ ᠲᠠᠨᠢᠬᠤ》᠂ 《ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠡ ᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭᠠᠨ᠎ᠤ ᠪᠠᠶᠠᠯᠢᠭ ᠠᠭᠤᠯᠤᠭ᠍ᠳᠠᠬᠤᠨ ᠪᠠ ᠭᠤᠤᠯ ᠴᠢᠬᠤᠯᠠ ᠠᠭᠤᠯᠭ᠎ᠠ᠎ᠶ᠋ᠢ ᠭᠦᠨᠵᠡᠭᠡᠶ ᠣᠢᠯᠠᠭᠠᠬᠤ》᠂《ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠡ ᠵᠢᠨ ᠵᠢᠷᠭᠤᠳᠤᠭᠠᠷ᠎ᠪᠥᠬᠥᠳᠡ᠎ᠬᠤᠷᠠᠯ᠎ᠤᠨ᠎ᠵᠣᠷᠢᠭ ᠰᠠᠨᠠᠭ᠎ᠠ᠎ᠶ᠋ᠢ ᠥᠪᠥᠷ ᠮᠣᠩᠭᠣᠯ᠎ᠳᠤ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠯᠠᠪᠳᠠᠭᠤᠨ ᠪᠠᠲᠤᠲᠠᠶ ᠠᠬᠢᠭᠤᠯᠬᠤ》 ᠵᠡᠷᠭᠡ 3 ᠲᠠᠯ᠎ᠠ᠎ᠠᠴᠠ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠬᠣᠲᠠ᠎ᠶ᠋ᠢᠨ ᠱᠢᠭᠤᠳ ᠬᠠᠷᠢᠶ᠎ᠠ ᠨᠢᠭᠡᠴᠢ᠎ᠶ᠋ᠢᠨ ᠺᠠᠳ᠋ᠷ ᠠᠵᠢᠯᠲᠠᠳ ᠲᠦ᠍ ᠭᠦᠨᠵᠡᠭᠡᠶ ᠨᠠᠷᠢᠯᠢᠭ ᠲᠠᠢᠯᠪᠤᠷᠢᠯᠠᠪᠠ᠃

ᠤᠯᠠᠭᠠᠨᠬᠠᠳᠠ ᠬᠤᠳᠠ᠎ᠶ᠋ᠢᠨ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠦᠨ ᠪᠠᠢ᠌ᠭᠤᠯᠭ᠎ᠠ ᠵᠢᠨ ᠨᠠᠮ᠎ᠤᠨ ᠬᠣᠷᠢᠶᠠᠨ᠎ᠤ ᠳᠡᠳ᠋ ᠱᠦᠵᠢ ᠮᠤᠤ ᡁᠢ ᠮᠢᠨ᠄《ᠮᠡᠳᠡᠭᠦᠯᠦᠯᠲᠡ᠎ᠶ᠋ᠢ ᠰᠣᠨᠣᠰᠤᠭᠠᠳ ᠮᠠᠰᠢ ᠶᠡᠬᠡ ᠣᠯᠤᠯᠲᠠ᠎ᠲᠠᠶ ᠪᠤᠯᠵᠠᠢ᠃ ᠰᠤᠷᠳᠠᠯ ᠤᠬᠠᠭᠤᠯᠭ᠎ᠠ ᠦᠵᠡᠯ ᠰᠠᠨᠠᠭᠠᠨ᠎ᠤ ᠺᠠᠳ᠋ᠷ ᠪᠠ ᠨᠠᠮ᠎ᠤᠨ ᠠᠵᠢᠯ᠎ᠤᠨ ᠠᠵᠢᠯᠲᠠᠨ ᠪᠣᠯᠤᠭ᠍ᠰᠠᠨ᠎ᠤ ᠬᠤᠪᠢ᠎ᠳᠤ᠂ ᠪᠢ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠢ ᠰᠤᠷᠤᠯᠴᠠᠨ ᠲᠤᠭᠤᠱᠢᠯᠠᠭᠤᠯᠬᠤ᠎ᠶ᠋ᠢ ᠣᠳᠣᠬᠠᠨ ᠎ᠤ ᠪᠠ ᠬᠣᠢᠱᠢᠳᠠ᠎ᠶ᠋ᠢᠨ ᠭᠡᠰᠡᠭ ᠬᠤᠭᠤᠴᠠᠭᠠᠨ᠎ᠤ ᠴᠢᠬᠤᠯᠠ ᠤᠯᠤᠰ ᠲᠥᠷᠥ᠎ᠶ᠋ᠢᠨ ᠡᠭᠦᠷᠭᠡ ᠪᠣᠯᠭᠠᠵᠤ᠂ 〈ᠬᠣᠶᠠᠷ᠎ᠢ ᠲᠤᠭᠳᠠᠭᠠᠬᠤ〉 ᠵᠢᠨ ᠴᠢᠬᠤᠯᠠ ᠶᠡᠬᠡ ᠲᠡᠦᠬᠡᠲᠦ ᠠᠴᠢ ᠬᠣᠯᠪᠣᠭ᠍ᠳᠠᠯ᠎ᠢ ᠨᠠᠷᠢᠨ ᠬᠢᠨᠠᠮᠠᠭᠠᠢ ᠣᠢᠯᠠᠭᠠᠵᠤ᠂ ᠭᠣᠣᠯᠯᠠᠭ᠍ᠴᠢ᠎ᠳᠠᠭᠠᠨ ᠦᠨᠡᠨᠴᠢ ᠱᠢᠳᠤᠷᠭᠤ᠂ ᠭᠣᠣᠯᠯᠠᠭ᠍ᠴᠢ᠎ᠪᠠᠨ ᠬᠦᠷᠢᠶᠡᠯᠡᠬᠦ᠂ ᠭᠣᠣᠯᠯᠠᠭ᠍ᠴᠢ᠎ᠲᠠᠶ ᠨᠢᠭᠡᠳᠦᠯᠲᠡᠢ ᠪᠠᠢᠬᠤ᠂ ᠭᠣᠣᠯᠯᠠᠭ᠍ᠴᠢ᠎ᠪᠠᠨ᠎ᠬᠠᠮᠠᠭᠠᠯᠠᠬᠤ᠎ᠶ᠋ᠢ᠎ᠡᠷᠡᠰ᠎ᠪᠡᠶᠡᠯᠡᠭᠦᠯᠵᠦ᠍᠂ ᠠᠵᠢᠯ᠎ᠤᠨ ᠪᠠᠢᠷᠢ᠎ᠳᠠᠭᠠᠨ ᠰᠠᠭᠤᠷᠢᠯᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠦᠷᠭᠦᠯᠵᠢᠯᠡᠨ ᠲᠡᠮᠡᠴᠡᠵᠦ᠍᠂ ᠥᠪᠡᠷᠲᠡᠭᠡᠨ ᠵᠠᠰᠠᠬᠤ ᠣᠷᠣᠨ᠎ᠤ᠎ᠠᠷᠪᠠᠨ᠎ᠨᠢᠭᠡᠳᠦᠭᠡᠷ᠎ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠡᠴᠡ ᠲᠣᠭ᠍ᠲᠠᠭᠠᠭ᠍ᠰᠠᠨ ᠠᠤᠭ᠎ᠠ ᠬᠠᠷᠠᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠦᠪᠡᠷ᠎ᠤᠨ ᠭᠡᠰᠡᠨ ᠬᠤᠪᠢ ᠨᠡᠮᠡᠷᠢ ᠪᠡᠨ ᠦᠵᠡᠬᠦᠯᠦᠨ᠎ᠡ》 ᠭᠡᠵᠦ ᠬᠡᠯᠡᠪᠡ᠃

ᠦᠳᠡ ᠎ᠶ᠋ᠢᠨ ᠡᠮᠦᠨᠡᠬᠢ ᠲᠥᠪᠯᠡᠷᠡᠭᠦᠯᠵᠦ ᠤᠬᠠᠭᠤᠯᠤᠨ ᠲᠠᠢᠯᠪᠤᠷᠢᠯᠠᠯᠲᠠ ᠳᠠᠭᠤᠰᠤᠭ᠍ᠰᠠᠨ᠎ᠤ ᠳᠠᠷᠠᠭ᠎ᠠ᠂ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ ᠵᠠᠩ ᠱᠸ᠋ ᠯᠢ ᠤᠯᠠᠭᠠᠨᠬᠠᠳᠠ ᠬᠣᠲᠠ᠎ᠶ᠋ᠢᠨ ᠠᠷᠠᠳ᠎ᠤᠨ ᠪᠠᠢᠴᠠᠭᠠᠬᠤ ᠬᠣᠷᠢᠶᠠᠨ᠎ᠤ ᠠᠯᠪᠠᠯᠠᠬᠤ ᠲᠣᠭᠣᠷᠢᠭ᠎ᠲᠤ ᠬᠦᠷᠴᠦ᠍᠂ ᠬᠤᠷᠠᠯ᠎ᠳᠤ ᠣᠷᠣᠯᠴᠠᠭ᠍ᠰᠠᠨ ᠮᠠᠰᠢ ᠣᠯᠠᠨ ᠺᠠᠳ᠋ᠷ ᠣᠯᠠᠨ ᠲᠦᠮᠡᠨ ᠴᠦ᠍ ᠲᠤᠬᠠᠶ᠎ᠶ᠋ᠢᠨ ᠲᠠᠯᠠᠪᠠᠶ᠎ᠳᠤ ᠬᠦᠷᠴᠦ᠍᠂ ᠵᠠᠩ ᠱᠸ᠋ ᠯᠢ ᠨᠥᠬᠥᠷ᠎ᠲᠡᠶ ᠰᠠᠨᠠᠯ᠎ᠢᠶᠠᠨ ᠰᠣᠯᠢᠯᠴᠠᠪᠠ᠃

ᠤᠯᠠᠭᠠᠨᠬᠠᠳᠠ ᠬᠣᠲᠠ᠎ᠶ᠋ᠢᠨ ᠠᠷᠠᠳ᠎ᠤᠨ ᠪᠠᠢᠴᠠᠭᠠᠬᠤ ᠬᠣᠷᠢᠶᠠᠨ᠎ᠤ ᠠᠯᠪᠠᠨ ᠬᠡᠷ᠎ᠦᠨ ᠭᠡᠱᠢᠭᠦᠴᠢ ᠮᠢᠶᠣᠣ ᠮᠢᠩ ᠯᠸᠢ᠄ 《ᠰᠢ ᠵᠢᠨ ᠫᠢᠩ᠎ᠦᠨ ᠠᠮᠢ ᠠᠬᠤᠶ᠎ᠶ᠋ᠢᠨ ᠪᠣᠯᠪᠠᠰᠤᠨ᠎ᠤ ᠦᠵᠡᠯ ᠰᠠᠨᠠᠭᠠᠨ᠎ᠤ ᠵᠢᠯᠣᠭᠣᠳᠣᠯᠭ᠎ᠠ ᠳᠤᠤᠷ᠎ᠠ᠂ ᠥᠪᠥᠷ ᠮᠣᠩᠭᠣᠯ  ᠬᠡᠷᠬᠢᠨ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠲᠦᠮᠡᠨ ᠭᠠᠵᠠᠷ᠎ᠤᠨ ᠨᠣᠮᠢᠨ ᠨᠣᠭᠣᠭᠠᠨ ᠣᠷᠳᠣ ᠴᠠᠭᠠᠨ ᠬᠡᠷᠡᠮ᠎ᠢ ᠴᠣᠭ᠍ᠴᠠᠯᠠᠬᠤ ᠪᠣᠢ?》ᠭᠡᠵᠦ᠍ ᠠᠰᠠᠭᠤᠬᠤ ᠳ᠋ᠤ ᠵᠠᠩ ᠱᠸ᠋ ᠯᠢ᠄《ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠠᠴᠠ ᠨᠠᠭᠠᠰᠢ᠂ ᠪᠥᠬᠥ᠌ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠶᠠᠰᠤ ᠴᠢᠨᠠᠷ ᠯᠤᠲᠤ ᠶᠡᠬᠡ ᠰᠠᠢᠵᠢᠷᠠᠵᠦ᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠠᠵᠢᠯ ᠴᠤ᠌ ᠢᠯᠡᠳᠲᠡ ᠦᠷ᠎ᠡ ᠪᠦᠲᠦᠮᠵᠢ ᠤᠯᠵᠠᠢ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠣᠣᠯ ᠰᠡᠳᠦᠪ〈ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭ᠌ᠵᠢᠭᠦᠯᠬᠦ᠌ ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ〉 ᠨᠢ ᠪᠢᠳᠡᠨ᠎ᠳᠦ ᠬᠣᠢᠱᠢᠳᠠ ᠰᠢ ᠵᠢᠨ ᠫᠢᠩ᠎ᠦᠨ ᠠᠮᠢ ᠠᠬᠤᠢ ᠶ᠋ᠢᠨ ᠪᠣᠯᠪᠠᠰᠤᠨ᠎ᠤ ᠦᠵᠡᠯ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠱᠢᠨ᠎ᠡ ᠵᠠᠮ᠎ᠢ ᠲᠣᠳᠣᠷᠬᠠᠢ ᠵᠢᠭᠠᠵᠤ ᠥᠭ᠌ᠴᠡᠢ᠃〈ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ〉ᠪᠣᠯ ᠡᠨᠡ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ᠎ᠶᠡᠬᠡ᠎ᠬᠤᠷᠠᠯ᠎ᠠᠴᠠ᠎ᠳᠤᠷᠠᠳᠤᠭ᠍ᠰᠠᠨ᠎ᠥᠪᠥᠷ ᠮᠣᠩᠭᠣᠯ᠎ᠤᠨ ᠬᠣᠢᠱᠢᠳᠠ᠎ᠶ᠋ᠢᠨ ᠲᠠᠪᠤᠨ ᠵᠢᠯ᠎ᠦᠨ ᠠᠵᠢᠯ᠎ᠤᠨ ᠭᠤᠤᠯ ᠡᠭᠦᠷᠭᠡ᠎ᠶ᠋ᠢᠨ ᠨᠢᠭᠡ ᠪᠣᠯᠤᠨ᠎ᠠ᠃ ᠢᠷᠡᠬᠦ᠌ ᠲᠠᠪᠤᠨ ᠵᠢᠯ᠎ᠳᠦ᠂ ᠥᠪᠥᠷ ᠮᠣᠩᠭᠣᠯ ᠠᠮᠢ ᠠᠬᠤᠶ᠎ᠶ᠋ᠢᠨ ᠱᠢᠰᠲ᠋ᠧᠮ᠎ᠢ ᠬᠠᠮᠠᠭᠠᠯᠠᠬᠤ ᠡᠷᠴᠢᠮ᠎ᠢ ᠴᠢᠩᠭᠠᠷᠠᠭᠤᠯᠬᠤ᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠭᠦᠨᠵᠡᠭᠡᠶ ᠰᠠᠢᠲᠤᠷ ᠬᠢᠬᠦ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ᠎ᠶ᠋ᠢ ᠠᠬᠢᠭᠤᠯᠬᠤ ᠭᠤᠷᠪᠠᠨ ᠲᠠᠯ᠎ᠠ᠎ᠶ᠋ᠢ ᠬᠦᠴᠦᠯᠡᠨ ᠰᠠᠢᠲᠤᠷ ᠠᠳᠭᠤᠵᠤ᠂ ᠠᠮᠢ ᠠᠬᠤᠶ᠎ᠶ᠋ᠢᠨ ᠱᠢᠰᠲ᠋ᠧᠮ᠎ᠢ ᠬᠠᠮᠠᠭᠠᠯᠠᠬᠤ ᠡᠷᠴᠢᠮ᠎ᠢᠶᠡᠨ ᠴᠢᠩᠭᠠᠷᠠᠭᠤᠯᠬᠤ ᠶᠠᠪᠤᠴᠠ᠎ᠳᠤ ᠪᠥᠬᠥ᠌ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠶᠠᠰᠤ ᠴᠢᠨᠠᠷ ᠪᠣᠯᠤᠨ ᠠᠮᠢ ᠠᠬᠤᠶ᠎ᠶ᠋ᠢᠨ ᠱᠢᠰᠲ᠋ᠧᠮ᠎ᠦᠨ ᠲᠣᠭ᠍ᠲᠠᠭᠤᠨ ᠴᠢᠨᠠᠷ᠎ᠢ ᠳᠡᠭᠡᠭ᠌ᠰᠢᠯᠡᠭᠦᠯᠦᠨ᠎ᠡ》 ᠭᠡᠵᠦ᠍ ᠬᠠᠷᠢᠭᠤᠯᠪᠠ᠃

ᠲᠣᠰ ᠡᠳᠦᠷ᠎ᠦᠨ ᠦᠳᠡ᠎ᠶ᠋ᠢᠨ ᠬᠣᠢᠨ᠎ᠠ᠂ ᠵᠠᠩ ᠱᠸ᠋ ᠯᠢ ᠪᠠᠰᠠ ᠤᠯᠠᠭᠠᠨᠬᠠᠳᠠ ᠬᠣᠲᠠ᠎ᠶ᠋ᠢᠨ ᠰᠤᠷᠭᠠᠨ ᠬᠥᠮᠦᠵᠢᠯ᠎ᠦᠨ ᠲᠣᠪᠴᠢᠶ᠎ᠠ᠎ᠳᠤ ᠬᠦᠷᠴᠦ᠍᠂ ᠪᠠᠭ᠍ᠰᠢ ᠰᠤᠷᠤᠭ᠍ᠴᠢᠳ᠎ᠤᠨ ᠲᠥᠯᠥᠭᠡᠯᠡᠭ᠌ᠴᠢ᠎ᠳᠦ ᠤᠬᠠᠭᠤᠯᠤᠨ ᠲᠠᠢᠯᠪᠤᠷᠢᠯᠠᠵᠤ᠂ ᠪᠥᠬᠥ᠌ ᠬᠣᠲᠠ᠎ᠶ᠋ᠢᠨ ᠰᠤᠷᠭᠠᠨ ᠬᠥᠮᠦᠵᠢᠯ᠎ᠦᠨ ᠱᠢᠰᠲ᠋ᠧᠮ ᠠᠯᠤᠰ ᠡᠵᠡᠮᠱᠢᠯᠲᠦ ᠸᠢᠳᠢᠣ᠋ ᠬᠤᠷᠠᠯ᠎ᠤᠨ ᠬᠡᠯᠪᠡᠷᠢ᠎ᠪᠡᠷ ᠬᠢᠴᠢᠶᠡᠯ᠎ᠦᠨ ᠲᠠᠩᠬᠢᠮ᠎ᠤᠨ ᠠᠭᠤᠯᠭ᠎ᠠ ᠵᠢ ᠦᠨᠳᠦᠰᠦᠨ ᠱᠠᠲᠤᠨ᠎ᠤ ᠳᠤᠮᠳᠠᠳᠤ ᠪᠠᠭ᠎ᠠ ᠰᠤᠷᠭᠠᠭᠤᠯᠢ ᠬᠦᠷᠲᠡᠯ᠎ᠡ ᠬᠦᠷᠭᠡᠵᠡᠢ᠃

ᠮᠡᠳᠡᠭᠦᠯᠦᠯᠲᠡ᠎ᠶ᠋ᠢᠨ ᠬᠤᠷᠠᠯ᠎ᠤᠨ ᠳᠠᠷᠠᠭ᠎ᠠ᠂ ᠤᠯᠠᠭᠠᠨᠬᠠᠳᠠ᠎ᠶ᠋ᠢᠨ ᠬᠣᠶᠠᠳᠤᠭᠠᠷ ᠳᠤᠮᠳᠠᠳᠤ ᠰᠤᠷᠭᠠᠭᠤᠯᠢ᠎ᠶ᠋ᠢᠨ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠬᠣᠶᠠᠳᠤᠭᠠᠷ ᠤᠨ᠎ᠤ ᠬᠤᠶᠠᠳᠤᠭᠠᠷ ᠠᠩᠭᠢ᠎ᠶ᠋ᠢᠨ ᠰᠤᠷᠤᠭ᠍ᠴᠢ ᠢᠦᠢ ᠸᠸᠨ ᠱᠢᠤᠸᠠᠢ ᠨᠠᠨ᠄《ᠱᠢᠨ᠎ᠡ ᠴᠠᠭ ᠦᠶ᠎ᠡ᠎ᠶ᠋ᠢᠨ ᠵᠠᠯᠠᠭᠤᠴᠤᠳ ᠪᠣᠯᠤᠭ᠍ᠰᠠᠨ᠎ᠤ ᠬᠤᠪᠢ᠎ᠳᠤ᠂ ᠪᠢᠳᠡ ᠨᠠᠮ᠎ᠤᠨ ᠵᠠᠭᠤᠨ ᠵᠢᠯ᠎ᠦᠨ ᠲᠡᠦᠬᠡ᠎ᠡᠴᠡ ᠤᠷᠤᠭ᠍ᠰᠢᠯᠠᠯᠲᠠ᠎ᠶ᠋ᠢᠨ ᠬᠦᠴᠦᠨ᠎ᠢ ᠱᠢᠩᠭᠡᠭᠡᠨ ᠠᠪᠴᠤ᠌᠂ ᠱᠢᠨᠵᠢᠯᠡᠬᠦ᠌ ᠤᠬᠠᠭᠠᠨ ᠰᠣᠶᠣᠯ᠎ᠤᠨ ᠮᠡᠳᠡᠯᠭᠡ᠎ᠶ᠋ᠢ ᠴᠢᠷᠮᠠᠢᠨ ᠰᠤᠷᠤᠯᠴᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠦ ᠵᠠᠯᠠᠭᠤ ᠨᠠᠰᠤᠨ᠎ᠤ ᠬᠦᠴᠦᠨ ᠴᠢᠳᠠᠯ᠎ᠢᠶᠠᠨ ᠡᠷᠭᠦᠨ᠎ᠡ!》 ᠭᠡᠵᠦ᠍ ᠢᠲᠡᠭᠡᠯ ᠳᠦᠭᠦᠷᠡᠩ ᠬᠡᠯᠡᠪᠡ᠃

《ᠪᠢᠳᠡ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠭᠠᠭᠤᠯᠢ᠎ᠶ᠋ᠢᠨ ᠡᠳᠦᠷ ᠲᠤᠲᠤᠮ᠎ᠤᠨ ᠵᠢᠭᠠᠨ ᠰᠤᠷᠭᠠᠯᠲᠠ᠎ᠳᠤ ᠠᠭᠤᠰᠤᠯᠴᠠᠭᠤᠯᠵᠤ᠂ ᠪᠥᠬᠥ᠌ ᠬᠣᠲᠠ᠎ᠶ᠋ᠢᠨ ᠥᠷᠭᠡᠨ ᠣᠯᠠᠨ ᠪᠠᠭ᠍ᠰᠢ ᠰᠤᠷᠤᠭ᠍ᠴᠢᠳ᠎ᠢ ᠬᠥᠲᠥᠯᠥᠨ ᠵᠢᠯᠣᠭᠣᠳᠴᠤ᠌ ᠪᠠᠢᠭᠠᠳ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠳᠠᠭᠠᠵᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌ ᠠᠭᠤᠤ ᠶᠡᠬᠡ ᠠᠶᠠᠨ᠎ᠳᠤ ᠭᠠᠪᠢᠶ᠎ᠠ ᠵᠢᠳᠬᠦᠯ ᠦᠵᠡᠭᠦᠯᠦᠨ᠎ᠠ》ᠭᠡᠵᠦ᠍ ᠤᠯᠠᠭᠠᠨᠬᠠᠳᠠ ᠬᠣᠲᠠ᠎ᠶ᠋ᠢᠨ ᠰᠤᠷᠭᠠᠨ ᠬᠥᠮᠦᠵᠢᠯ᠎ᠦᠨ ᠱᠢᠰᠲ᠋ᠧᠮ᠎ᠦᠨ ᠨᠠᠮ᠎ᠤᠨ ᠠᠵᠢᠯᠯᠠᠬᠤ ᠬᠣᠷᠢᠶ᠎ᠠ᠎ᠶ᠋ᠢᠨ ᠨᠠᠮ᠎ᠤᠨ ᠠᠵᠢᠯ᠎ᠤᠨ ᠠᠵᠢᠯᠲᠠᠨ ᠫᠠᠩ ᠵᠢᠶᠧ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号