12 ᠰᠠᠷ᠎ᠠ᠎ᠶ᠋ᠢᠨ 11᠎ᠤ ᠡᠳᠦᠷ᠎ᠦᠨ 0 ᠴᠠᠭ ᠡᠴᠡ 24 ᠴᠠᠭᠪᠤᠯᠲᠠᠯᠠ᠂ ᠦᠪᠤᠷ ᠮᠤᠨᠭᠭᠤᠯ᠎ᠤᠨ ᠦᠪᠡᠷᠳᠡᠭᠡᠨ ᠵᠠᠰᠠᠬᠤ ᠤᠷᠤᠨ ᠳ᠋ᠤ ᠰᠡᠵᠢᠭ᠌ᠯᠡᠯᠲᠡᠶ ᠡᠪᠡᠳᠴᠢᠨ᠎ᠦ ᠵᠢᠱ᠌ᠢᠶ᠎ᠡ ᠪᠠ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭᠳᠠᠭᠴᠢ ᠱᠢᠨ᠎ᠡ᠎ᠪᠡᠷ ᠨᠡᠮᠡᠭ᠌ᠳᠡᠭᠰᠡᠨ ᠥᠬᠡᠶ᠃ ᠲᠤᠬᠠᠢ᠎ᠶᠢᠨ ᠭᠠᠵᠠᠷ᠎ᠤᠨ ᠲᠤᠳᠤᠯᠠᠭᠰᠠᠨ ᠡᠪᠡᠳᠴᠢᠨ᠎ᠦ ᠵᠢᠱ᠌ᠢᠶ᠎ᠡ 10(ᠴᠦᠮ ᠬᠦᠯᠦᠨ ᠪᠤᠢᠷ ᠬᠤᠲᠠ᠎ᠶᠢᠨ ᠮᠠᠨᠵᠤᠤᠷ ᠬᠤᠲᠠ ᠳ᠋ᠤ ᠪᠤᠢ)ᠨᠡᠮᠡᠭᠳᠡᠵᠡᠢ᠃ ᠰᠢᠨ᠎ᠡ ᠪᠡᠷ ᠨᠡᠮᠡᠭᠳᠡᠭᠰᠡᠨ 1 ᠳᠤᠬᠠᠢ ᠵᠢᠨ ᠭᠠᠵᠠᠷ᠎ᠤᠨ ᠤᠨᠤᠰᠢᠯᠠᠭᠳᠠᠭᠰᠠᠨ ᠡᠪᠡᠳᠴᠢᠨ ᠤ ᠵᠢᠱ᠌ᠢᠶ᠎ᠡ ᠢᠯᠡᠷᠢᠰᠢᠵᠤ ᠡᠮᠨᠡᠯᠭᠡ ᠡᠴᠡ ᠭᠠᠷᠤᠭᠰᠠᠨ ᠪᠠᠢᠨ᠎ᠠ(ᠬᠦᠯᠦᠨ ᠪᠤᠢᠷ ᠬᠤᠲᠠ᠎ᠶᠢᠨ ᠮᠠᠨᠵᠤᠤᠷ ᠬᠤᠲᠠ ᠳ᠋ᠤ ᠪᠤᠢ)᠃
ᠱᠢᠨ᠎ᠡ ᠪᠡᠷ ᠨᠡᠮᠡᠭ᠌ᠳᠡᠭᠰᠡᠨ ᠲᠤᠬᠠᠢ ᠶᠢᠨ ᠭᠠᠵᠠᠷ ᠤᠨ ᠲᠤᠳᠤᠯᠠᠭᠰᠠᠨ ᠡᠪᠡᠳᠴᠢᠨ᠎ᠦ ᠵᠢᠱ᠌ᠢᠶ᠎ᠡ᠎ᠶ᠋ᠢᠨ ᠪᠣᠳᠠᠲᠠᠢ ᠪᠠᠢᠳᠠᠯ ᠨᠢ ᠳᠠᠷᠠᠭᠠᠬᠢ ᠮᠡᠲᠦ᠄
ᠲᠤᠳᠤᠯᠠᠭᠰᠠᠨ ᠡᠪᠡᠳᠴᠢᠨ᠎ᠤ ᠵᠢᠱ᠌ᠢᠶ᠎ᠡ 529—538᠄ ᠴᠥᠮ ᠮᠠᠨᠵᠤᠸ᠋ᠷ ᠬᠣᠲᠠ᠎ᠶ᠋ᠢᠨ ᠲᠥᠪᠯᠡᠷᠡᠭᠦᠯᠦᠨ ᠲᠤᠰᠠᠭᠠᠷᠯᠠᠭ᠍ᠰᠠᠨ ᠬᠦᠮᠦᠰ᠎ᠤᠨ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ᠎ᠳᠤ ᠠᠷᠭ᠎ᠠ ᠴᠢᠨᠠᠷ ᠢᠯᠡᠷᠡᠭᠰᠡᠳ ᠪᠠᠢᠵᠤ᠂ ᠲᠤᠰᠭᠠᠶ ᠮᠡᠷᠭᠡᠵᠢᠯᠲᠡᠨ᠎ᠦ ᠳᠤᠭᠤᠢᠯᠠᠩ ᠬᠠᠮᠲᠤᠷᠠᠨ ᠣᠨᠣᠱᠢᠯᠠᠭᠠᠳ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠲᠤᠳᠤᠯᠠᠭᠰᠠᠨ ᠡᠪᠡᠳᠴᠢᠨ᠎ᠤ ᠵᠢᠱ᠌ᠢᠶ᠎ᠡ ᠭᠡᠵᠦ᠍ ᠣᠨᠣᠱᠢᠯᠠᠵᠠᠶ᠃
ᠣᠳᠣᠬᠠᠨ᠎ᠳᠤ᠂ ᠳᠡᠭᠡᠷ᠎ᠡ ᠳᠤᠷᠠᠳᠤᠭ᠍ᠰᠠᠨ ᠬᠥᠮᠦᠰ᠎ᠢ ᠨᠢᠭᠡᠨᠲᠡ ᠲᠣᠭ᠍ᠲᠠᠭᠰᠠᠨ ᠡᠮᠨᠡᠯᠭᠡ᠎ᠶ᠋ᠢᠨ ᠬᠣᠷᠢᠶᠠᠨ᠎ᠳᠤ ᠱᠢᠯᠵᠢᠭᠦᠯᠦᠨ ᠬᠦᠷᠭᠡᠵᠦ᠍ ᠲᠤᠰᠠᠭᠠᠷᠯᠠᠨ ᠡᠮᠨᠡᠭᠦᠯᠵᠦ ᠪᠤᠢ᠂ ᠬᠠᠮᠢᠶ᠎ᠠ ᠪᠦᠬᠦᠢ ᠲᠠᠬᠤᠯ ᠡᠪᠡᠳᠴᠢᠨ᠎ᠤ ᠪᠠᠢᠴᠠᠭᠠᠯᠲᠠ᠂ ᠰᠢᠭᠰᠢᠨ ᠪᠠᠢᠴᠠᠭᠠᠯᠲᠠ ᠵᠡᠷᠭᠡ ᠠᠵᠢᠯ ᠶᠠᠭ ᠶᠠᠪᠤᠭᠳᠠᠵᠤ ᠪᠠᠢᠨ᠎ᠠ ᠃
12 ᠰᠠᠷ᠎ᠠ᠎ᠶ᠋ᠢᠨ 11᠎ᠦ ᠡᠳᠦᠷ᠎ᠦᠨ 24 ᠴᠠᠭ ᠪᠣᠯᠲᠠᠯ᠎ᠠ᠂ ᠦᠪᠤᠷ ᠮᠤᠨᠭᠭᠤᠯ᠎ᠤᠨ ᠦᠪᠡᠷᠳᠡᠭᠡᠨ ᠵᠠᠰᠠᠬᠤ ᠤᠷᠤᠨ ᠳ᠋ᠤ ᠲᠤᠬᠠᠢ ᠶᠢᠨ ᠭᠠᠵᠠᠷ᠎ᠤᠨ ᠲᠤᠳᠤᠯᠠᠭᠰᠠᠨ ᠡᠪᠡᠳᠴᠢᠨ᠎ᠦ ᠵᠢᠱ᠌ᠢᠶ᠎ᠡ 534 (ᠬᠦᠯᠦᠨ ᠪᠤᠢᠷ ᠬᠤᠲᠠ᠎ᠶᠢᠨ ᠮᠠᠨᠵᠤᠤᠷ ᠬᠤᠲᠠ ᠳ᠋ᠤ 523᠂ ᠰᠢᠨ᠎ᠡ ᠪᠠᠷᠭᠤ ᠪᠠᠷᠠᠭᠤᠨ ᠬᠤᠰᠢᠭᠤᠨ ᠳ᠋ᠤ 9 ᠪᠤᠢ; ᠮᠠᠨᠵᠤᠤᠷ ᠬᠤᠲᠠ ᠶᠢᠨ ᠬᠢᠵᠢᠭ ᠲᠠᠢ ᠬᠤᠯᠪᠤᠭᠳᠠᠯ ᠲᠠᠢ ᠲᠤᠳᠤᠯᠠᠭᠰᠠᠨ ᠡᠪᠡᠳᠴᠢᠨ ᠤ ᠵᠢᠱ᠌ᠢᠶ᠎ᠡ 2 ᠪᠤᠢ᠂ ᠲᠦᠩᠯᠢᠶᠤᠤ ᠬᠤᠲᠠ ᠶᠢᠨ ᠬᠤᠷᠴᠢᠨ ᠲᠤᠭᠤᠷᠢᠭ᠎ᠲᠤ ᠪᠤᠢ)ᠪᠠᠢᠨ᠎ᠠ᠃ ᠪᠦᠬᠦᠨ᠎ᠢ ᠲᠣᠭ᠍ᠲᠠᠭ᠍ᠰᠠᠨ ᠡᠮᠨᠡᠯᠭᠡ᠎ᠶ᠋ᠢᠨ ᠬᠣᠷᠢᠶ᠎ᠠ᠎ᠳᠤ ᠲᠤᠰᠠᠭᠠᠷᠯᠠᠨ ᠡᠮᠴᠢᠯᠡᠵᠦ᠍᠂ ᠨᠢᠭᠲᠠ ᠣᠢᠷᠠᠲᠤᠭ᠍ᠰᠠᠳᠢ ᠨᠢ ᠴᠦᠮ ᠲᠣᠭ᠍ᠲᠠᠭ᠍ᠰᠠᠨ ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ᠎ᠤ ᠠᠵᠢᠭ᠍ᠯᠠᠯᠲᠠ ᠬᠢᠵᠦ᠂ ᠬᠢᠵᠢᠭᠲᠠᠷᠬᠠᠬᠤᠶ᠋ᠢ ᠴᠢᠩᠭ᠎ᠠ ᠰᠡᠷᠭᠡᠢᠯᠡᠵᠤ ᠪᠤᠢ᠃
ᠪᠦᠬᠦ ᠤᠯᠤᠰ᠎ᠤᠨ ᠬᠢᠵᠢᠭ᠎ᠤᠨ ᠪᠠᠢᠳᠠᠯ
12 ᠰᠠᠷ᠎ᠠ ᠶᠢᠨ 11᠎ᠤ 0 ᠴᠠᠭ ᠡᠴᠡ 24 ᠴᠠᠭ ᠪᠤᠯᠲᠠᠯ᠎ᠠ᠂ ᠪᠦᠬᠦ ᠤᠯᠤᠰ ᠲᠡᠬᠢ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠲᠤᠳᠤᠯᠠᠭᠰᠠᠨ ᠡᠪᠡᠳᠴᠢᠨ᠎ᠤ ᠵᠢᠱ᠌ᠢᠶ᠎ᠡ ᠲᠦᠷᠦᠭᠦᠦ ᠡᠳᠦᠷ ᠡᠴᠡ ᠪᠠᠨ 75 ᠨᠡᠮᠡᠭᠳᠡᠪᠡ᠃ ᠡᠭᠦᠨ ᠳ᠋ᠤ ᠬᠢᠯᠢ᠎ᠶᠢᠨ ᠭᠠᠳᠠᠨ᠎ᠠ ᠡᠴᠡ ᠤᠷᠤᠵᠤ ᠢᠷᠡᠭᠰᠡᠨ ᠡᠪᠡᠳᠴᠢᠨ᠎ᠤ ᠵᠢᠱ᠌ᠢᠶ᠎ᠡ 26(ᠭᠤᠸᠠᠩᠰᠢ ᠳ᠋ᠤ 8᠂ ᠱᠠᠩᠬᠠᠢ ᠳ᠋ᠤ 8᠂ ᠱᠠᠨᠳᠦ᠋ᠡᠭ ᠳ᠋ᠤ 2᠂ ᠰᠧᠴᠤᠸᠠᠨ ᠳ᠋ᠤ 2᠂ ᠶᠦᠨᠨᠠᠨ ᠳ᠋ᠤ 2᠂ ᠯᠢᠶᠤᠤᠨᠢᠡᠭ ᠳ᠋ᠤ 1᠂ ᠭᠤᠸᠠᠩᠳᠦ᠋ᠩ ᠳ᠋ᠦ 1᠂ ᠹᠦᠵᠢᠶᠠᠨ ᠳ᠋ᠤ 1᠂ ᠱᠠᠨᠰᠢ ᠳ᠋ᠤ 1) ᠪᠤᠢ; ᠡᠭᠦᠨ ᠳ᠋ᠤ ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠳᠠᠭᠴᠢ ᠡᠴᠡ ᠲᠤᠳᠤᠯᠠᠭᠰᠠᠨ ᠡᠪᠡᠳᠴᠢᠨ᠎ᠤ ᠵᠢᠱ᠌ᠢᠶ᠎ᠡ ᠪᠤᠯᠤᠭᠰᠠᠨ ᠡᠪᠡᠳᠴᠢᠨ᠎ᠤ ᠵᠢᠱ᠌ᠢᠶ᠎ᠡ 1(ᠰᠧᠴᠤᠸᠠᠨ ᠳ᠋ᠤ) ᠪᠤᠢ; ᠲᠤᠬᠠᠢ᠎ᠶᠢᠨ ᠭᠠᠵᠠᠷ ᠤᠨ ᠡᠪᠡᠳᠴᠢᠨ᠎ᠤ ᠵᠢᠱ᠌ᠢᠶ᠎ᠡ 49(ᠦᠪᠦᠷ ᠮᠤᠩᠭᠤᠯ ᠳ᠋ᠤ 10᠂ ᠬᠠᠷᠠᠮᠦ᠋ᠷᠡᠨ ᠳ᠋ᠤ 1᠂ ᠵᠧᠵᠢᠶᠠᠩ ᠳ᠋ᠤ 38) ᠪᠤᠢ᠂ ᠡᠭᠦᠨ ᠳ᠋ᠤ ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠳᠠᠭᠴᠢ ᠡᠴᠡ ᠲᠤᠳᠤᠯᠠᠭᠰᠠᠨ ᠡᠪᠡᠳᠴᠢᠨ᠎ᠤ ᠵᠢᠱ᠌ᠢᠶ᠎ᠡ ᠪᠤᠯᠤᠭᠰᠠᠨ ᠡᠪᠡᠳᠴᠢᠨ᠎ᠤ ᠵᠢᠱ᠌ᠢᠶ᠎ᠡ 20 (ᠵᠸᠵᠢᠶᠠᠡᠭ ᠳ᠋ᠤ) ᠪᠤᠢ᠃
ᠨᠠᠰᠤ ᠪᠠᠷᠠᠭᠰᠠᠨ ᠡᠪᠡᠳᠴᠢᠨ᠎ᠤ ᠵᠢᠱ᠌ᠢᠶ᠎ᠡ ᠦᠭᠡᠢ᠃ ᠰᠢᠨ᠎ᠡ ᠪᠡᠷ ᠨᠡᠮᠡᠭᠳᠡᠭᠰᠡᠨ ᠰᠡᠵᠢᠭᠯᠡᠯᠲᠡᠢ ᠡᠪᠡᠳᠴᠢᠨ᠎ᠤ ᠵᠢᠱ᠌ᠢᠶ᠎ᠡ 1 ᠪᠠᠢᠵᠤ᠂ ᠴᠦᠮ ᠬᠢᠯᠢ᠎ᠶᠢᠨ ᠭᠠᠳᠠᠨ᠎ᠠ ᠡᠴᠡ ᠤᠷᠤᠵᠤ ᠢᠷᠡᠭᠰᠡᠨ ᠡᠪᠡᠳᠴᠢᠨ᠎ᠤ ᠵᠢᠱ᠌ᠢᠶ᠎ᠡ(ᠴᠦᠮ ᠱᠠᠩᠬᠠᠢ ᠳ᠋ᠤ)ᠪᠤᠯᠤᠨ᠎ᠠ᠃
ᠢᠷᠡᠯᠲᠡ᠄ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ᠂ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠦᠪᠯᠡᠯ