ᠨᠠᠮ᠎ᠤᠨ ᠲᠡᠦᠭᠡ᠂ ᠰᠢᠨ᠎ᠡ ᠳᠤᠮᠳᠠᠳᠤ ᠤᠯᠤᠰ᠎ᠤᠨ ᠲᠡᠦᠭᠡ᠂ ᠦᠭᠡᠷᠡᠴᠢᠯᠡᠯᠳᠡ ᠨᠡᠭᠡᠭᠡᠯᠳᠡ ᠵᠢᠨ ᠲᠡᠦᠬᠡ᠂ ᠨᠡᠢᠭᠡᠮ ᠵᠢᠷᠤᠮ᠎ᠤᠨ ᠬᠦᠭᠵᠢᠯᠳᠡ ᠵᠢᠨ ᠲᠡᠦᠬᠡ ᠵᠢ ᠰᠠᠢᠨ ᠰᠤᠷᠤᠶ᠎ᠠ
2021-12-12 21:50:28
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠢᠲᠡᠭᠡᠯ ᠵᠤᠷᠢᠭ ᠎ᠲᠡᠶ  ᠪᠠᠢᠪᠠᠯ  ᠰᠠᠶᠢ  ᠬᠤᠯᠠ  ᠶᠠᠪᠤᠵᠤ  ᠴᠢᠳᠠᠨ᠎ᠠ᠃  ᠢᠷᠡᠭᠡᠳᠦᠢ ᠎ᠳᠦ ᠬᠠᠨᠳᠤᠵᠤ᠂ ᠱᠢᠨ᠎ᠡ ᠴᠠᠭ ᠦᠶ᠎ᠡ ᠎ᠶ᠋ᠢᠨ ᠤᠷᠳᠤ ᠵᠠᠮ᠎ᠤᠨ ᠠᠶᠠᠨ ᠲᠠᠢ᠌ᠨ᠎ᠢ ᠰᠠᠢᠲᠤᠷ ᠶᠠᠪᠤᠬᠤ᠎ᠳᠦ᠂ ᠪᠢᠳᠡ ᠬᠦᠰᠡᠯ ᠡᠷᠡᠮᠡᠯᠵᠡᠯ ᠢᠲᠡᠭᠡᠯ ᠪᠢᠱᠢᠷᠡᠯ ᠎ᠢᠶᠡᠨ ᠪᠠᠲᠤᠳᠭᠠᠵᠤ᠂ ᠵᠣᠷᠢᠭ ᠱᠢᠭᠤᠳᠤᠨ ᠡᠷᠡᠮᠡᠬᠡᠢᠯᠡᠨ ᠲᠡᠮᠡᠴᠡᠬᠦ᠌᠎ᠬᠡᠷᠡᠭᠳᠠᠢ᠃ ᠥᠷᠭᠡᠨ ᠣᠯᠠᠨ ᠨᠠᠮ᠎ᠤᠨ ᠭᠡᠱᠢᠭᠦᠨ ᠢᠯᠠᠩᠭᠤᠶ᠎ᠠ ᠵᠠᠯᠠᠭᠤ ᠨᠠᠮ᠎ᠤᠨ ᠭᠡᠱᠢᠭᠦᠳ ᠮᠠᠷᠺᠰ᠎ᠤᠨ ᠦᠵᠡᠯ᠎ᠦᠨ ᠣᠨᠣᠯ ᠎ᠢ ᠨᠠᠷᠢᠨ ᠬᠢᠨᠠᠮᠠᠭᠠᠶ ᠰᠤᠷᠤᠯᠴᠠᠨ᠂ ᠨᠠᠮ᠎ᠤᠨ ᠲᠡᠦᠬᠡ᠂ ᠱᠢᠨ᠎ᠡ ᠳᠤᠮᠳᠠᠳᠤ ᠤᠯᠤᠰ᠎ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠎ᠶ᠋ᠢᠨ ᠲᠡᠦᠬᠡ᠂ ᠨᠡᠢᠭᠡᠮ ᠵᠢᠷᠤᠮ᠎ᠤᠨ ᠬᠥᠭ᠌ᠵᠢᠯᠲᠡ᠎ᠶ᠋ᠢᠨ ᠲᠡᠦᠬᠡ᠎ᠶ᠋ᠢ ᠰᠤᠷᠤᠯᠴᠠᠬᠤ᠎ᠲᠠᠶ ᠤᠶᠠᠯᠳᠤᠭᠤᠯᠵᠤ᠂ ᠰᠤᠷᠤᠯᠴᠠᠨ ᠰᠡᠳᠭᠢᠵᠦ᠍ ᠦᠶ᠋ᠯᠡᠳᠦᠯᠭᠡᠵᠢᠭᠦᠯᠦᠨ ᠣᠢᠯᠠᠭᠠᠬᠤ ᠳᠤᠮᠳᠠ ᠬᠦᠰᠡᠯ ᠡᠷᠡᠮᠡᠯᠵᠡᠯ ᠢᠲᠡᠭᠡᠯ ᠪᠢᠱᠢᠷᠡᠯ᠎ᠢᠶᠡᠨ ᠪᠠᠲᠤᠳᠭᠠᠵᠤ᠂ ᠡᠷᠡᠮᠡᠬᠡᠢᠯᠡᠨ ᠲᠡᠮᠡᠴᠡᠵᠦ᠍ ᠵᠢᠳᠬᠦᠯ ᠴᠢᠷᠮᠠᠢᠯᠭ᠎ᠠ ᠎ᠭᠠᠷᠭᠠᠬᠤ ᠳᠤᠮᠳᠠ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠶ᠋ᠯᠡᠳᠦᠯᠭᠡᠵᠢᠭᠦᠯᠦᠨ᠂ 《ᠬᠤᠤᠰ ᠵᠠᠭᠤᠨ ᠵᠢᠯ》᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠵᠤ᠂ ᠳᠤᠮᠳᠠᠳᠤ ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠍᠎ᠶ᠋ᠢ ᠲᠡᠷᠭᠡᠯᠱᠢᠭᠦᠯᠬᠦ᠌᠎ᠳᠦ ᠣᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠬᠦ᠌᠎ᠪᠡᠷ ᠴᠢᠷᠮᠠᠢᠬᠤ ᠬᠡᠷᠡᠭᠳᠠᠢ᠃ 

(ᠰᠢ ᠵᠢᠨ ᠫᠢᠡᠭ᠎ᠤᠨ 2020 ᠣᠨ᠎ᠤ 6 ᠰᠠᠷ᠎ᠠ᠎ᠶ᠋ᠢᠨ 27᠎ᠤ ᠡᠳᠦᠷ ᠹᠦᠳᠠᠨ ᠶᠡᠬᠡ ᠰᠤᠷᠭᠠᠭᠤᠯᠢ᠎ᠶ᠋ᠢᠨ ᠵᠠᠯᠠᠭᠤ ᠪᠠᠭ᠍ᠰᠢ ᠰᠤᠷᠤᠭ᠍ᠴᠢ ᠨᠠᠮ᠎ᠤᠨ ᠭᠡᠱᠢᠭᠦᠳ᠎ᠲᠦ ᠥᠭ᠌ᠭᠦᠭ᠌ᠰᠡᠨ ᠬᠠᠷᠢᠭᠤ ᠵᠠᠬᠢᠳᠠᠯ ᠡᠴᠡ)


ᠮᠠᠨ ᠎ᠤ ᠤᠯᠤᠰ᠎ᠤᠨ ᠠᠵᠢᠯᠴᠢᠨ ᠠᠩᠭᠢ ᠪᠣᠯᠤᠨ ᠥᠷᠭᠡᠨ ᠣᠯᠠᠨ ᠬᠥᠳᠡᠯᠮᠦᠷᠢᠴᠢᠨ ᠲᠦᠮᠡᠨ ᠪᠣᠯ ᠤᠯᠤᠰ᠎ᠤᠨ ᠡᠵᠡᠨ ᠮᠥᠨ᠂ ᠤᠯᠤᠰ ᠲᠥᠷᠥ᠎ᠶ᠋ᠢᠨ ᠣᠨᠣᠯ᠎ᠤᠨ ᠰᠤᠷᠤᠯᠴᠠᠯᠭ᠎ᠠ᠎ᠶ᠋ᠢ ᠴᠢᠩᠭᠠᠳᠬᠠᠨ᠂ ᠨᠠᠮ᠎ᠤᠨ ᠲᠡᠦᠬᠡ᠂ ᠱᠢᠨ᠎ᠡ ᠳᠤᠮᠳᠠᠳᠤ ᠤᠯᠤᠰ᠎ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ᠎ᠶ᠋ᠢᠨ ᠲᠡᠦᠬᠡ᠂ ᠨᠡᠢᠭᠡᠮ ᠵᠢᠷᠤᠮ᠎ᠤᠨ ᠬᠥᠭ᠌ᠵᠢᠯᠲᠡ ᠎ᠶ᠋ᠢᠨ ᠲᠡᠦᠬᠡ ᠎ᠶ᠋ᠢᠨ ᠰᠤᠷᠤᠯᠴᠠᠯᠭ᠎ᠠ ᠶ᠋ᠢ ᠴᠢᠩᠭᠠᠳᠭᠠᠵᠤ᠂ ᠤᠬᠠᠮᠰᠠᠷ᠎ᠠᠴᠠ᠎ᠪᠠᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠡᠷᠡᠰ ᠪᠠᠲᠤ ᠱᠢᠲᠦᠭ᠌ᠴᠢ᠂ ᠦᠨᠡᠨᠴᠢ ᠱᠢᠳᠤᠷᠭᠤ ᠦᠶ᠋ᠯᠡᠳᠦᠯᠭᠡᠵᠢᠭᠦᠯᠦᠭ᠌ᠴᠢ ᠪᠣᠯᠬᠤ ᠬᠡᠷᠡᠭ᠌ᠲᠡᠶ᠃ ᠱᠢᠯᠢᠳᠡᠭ ᠤᠯᠠᠮᠵᠢᠯᠠᠯ᠎ᠢᠶᠠᠨ ᠪᠠᠳᠠᠷᠠᠭᠤᠯᠤᠨ᠂ ᠲᠡᠦᠬᠡᠲᠦ ᠡᠭᠦᠷᠭᠡ᠎ᠪᠡᠨ ᠡᠭᠦᠷᠭᠡᠯᠡᠵᠦ᠍᠂ ᠨᠠᠮ ᠪᠣᠯᠤᠨ ᠤᠯᠤᠰ᠎ᠤᠨ ᠲᠣᠭ᠍ᠲᠠᠭᠠᠭ᠍ᠰᠠᠨ ᠲᠡᠮᠡᠴᠡᠬᠦ᠌  ᠬᠠᠷᠠᠯᠲᠠ ᠪᠡᠷ ᠥᠪᠡᠷ᠎ᠦᠨ ᠬᠠᠷᠠᠯᠲᠠ᠎ᠪᠠᠨ ᠪᠣᠯᠭᠠᠵᠤ᠂ ᠦᠨᠳᠦᠰᠦᠲᠡᠨ᠎ᠦ ᠰᠡᠷᠭᠦᠨ ᠮᠠᠨᠳᠤᠯᠲᠠ ᠪᠠᠷ ᠥᠪᠡᠷ᠎ᠦᠨ ᠡᠭᠦᠷᠭᠡ᠎ᠪᠡᠨ ᠪᠣᠯᠭᠠᠨ᠂ ᠨᠠᠰᠤᠨ ᠳᠤᠷᠰᠢᠳᠠ ᠵᠢᠨ ᠬᠦᠰᠡᠯ ᠡᠷᠡᠮᠡᠯᠵᠡᠯ᠂ ᠭᠡᠷ ᠪᠦᠯᠢ᠎ᠶ᠋ᠢᠨ ᠵᠣᠯ ᠵᠢᠷᠭᠠᠯ᠎ᠢ ᠤᠬᠠᠮᠰᠠᠷ᠎ᠠᠴᠠ᠎ᠪᠠᠨ᠎ᠤᠯᠤᠰ᠎ᠤᠨ᠎ᠪᠠᠶᠠᠨ᠎ᠬᠦᠴᠦᠷᠬᠡᠭ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠲᠦ ᠠᠭᠤᠰᠤᠯᠴᠠᠭᠤᠯᠵᠤ᠂ ᠱᠢᠨ᠎ᠡ ᠴᠠᠭ ᠦᠶ᠎ᠡ ᠎ᠶ᠋ᠢᠨ ᠬᠦᠰᠡᠯ ᠵᠡᠬᠦᠳᠤ ᠪᠡᠨ ᠬᠥᠭᠡᠭᠡᠴᠡᠯᠳᠦᠭ᠌ᠴᠢ ᠪᠣᠯᠬᠤ ᠬᠡᠷᠡᠭ᠌ᠲᠡᠢ᠃

(ᠰᠢ ᠵᠢᠨ ᠫᠢᠡᠭ᠎ᠤᠨ 2020 ᠣᠨ᠎ᠤ 11 ᠰᠠᠷ᠎ᠠ᠎ᠶ᠋ᠢᠨ 24 ᠎ᠦ ᠡᠳᠦᠷ ᠪᠦᠬᠦ᠌ ᠤᠯᠤᠰ᠎ᠤᠨ ᠬᠥᠳᠡᠯᠮᠦᠷᠢ᠎ᠶ᠋ᠢᠨ ᠵᠢᠱ᠌ᠢᠶᠡᠴᠢ ᠪᠣᠯᠤᠨ ᠲᠡᠷᠢᠭᠦᠨ᠎ᠦ ᠠᠵᠢᠯᠲᠠᠨ᠎ᠢ ᠬᠥᠬᠢᠭᠦᠯᠦᠨ ᠰᠠᠢᠱᠢᠶᠠᠬᠤ ᠶᠡᠬᠡ ᠬᠤᠷᠠᠯ  ᠳᠡᠭᠡᠷᠡᠬᠢ  ᠶᠠᠷᠢᠶ᠎ᠠ ᠡᠴᠡ)

ᠢᠷᠡᠯᠲᠡ᠄ 《ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠡᠦᠬᠡ ᠵᠢ ᠦᠬᠦᠯᠡᠭᠰᠡᠨ ᠨᠢ》

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号