12 ᠰᠠᠷ᠎ᠠ᠎ᠶ᠋ᠢᠨ 12᠎ᠤᠨ ᠡᠳᠦᠷ᠎ᠦᠨ 0 ᠴᠠᠭ ᠡᠴᠡ 24 ᠴᠠᠭ ᠪᠤᠯᠲᠠᠯᠠᠬᠢ ᠦᠪᠦᠷ ᠮᠤᠩᠭᠤᠯ ᠤᠷᠤᠨ ᠳ᠋ᠡᠬᠢ ᠰᠢᠨ᠎ᠡ ᠲᠢᠳᠢᠮᠯᠢᠭ ᠠᠭᠤᠰᠬᠢᠨ ᠦᠷᠪᠢᠰᠦᠯ ᠎ᠤᠨ ᠬᠢᠵᠢᠭ᠎ᠤᠨ ᠪᠠᠢᠳᠠᠯ
2021-12-13 16:52:26
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

12 ᠰᠠᠷ᠎ᠠ᠎ᠶ᠋ᠢᠨ 12᠎ᠤᠨ ᠡᠳᠦᠷ᠎ᠦᠨ 0 ᠴᠠᠭ ᠡᠴᠡ 24 ᠴᠠᠭ᠎ᠪᠤᠯᠲᠠᠯ᠎ᠠ᠂ ᠦᠪᠤᠷ ᠮᠤᠨᠭᠭᠤᠯ᠎ᠤᠨ ᠦᠪᠡᠷᠳᠡᠭᠡᠨ ᠵᠠᠰᠠᠬᠤ ᠤᠷᠤᠨ ᠳ᠋ᠤ ᠰᠡᠵᠢᠭ᠌ᠯᠡᠯᠲᠡᠶ ᠡᠪᠡᠳᠴᠢᠨ᠎ᠦ ᠵᠢᠱ᠌ᠢᠶ᠎ᠡ ᠪᠠ ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠳᠠᠭᠴᠢ ᠱᠢᠨ᠎ᠡ᠎ᠪᠡᠷ ᠨᠡᠮᠡᠭ᠌ᠳᠡᠭᠰᠡᠨ ᠥᠬᠡᠶ᠃ ᠲᠤᠬᠠᠢ᠎ᠶᠢᠨ ᠭᠠᠵᠠᠷ᠎ᠤᠨ ᠲᠤᠳᠤᠯᠠᠭᠰᠠᠨ ᠡᠪᠡᠳᠴᠢᠨ᠎ᠦ ᠵᠢᠱ᠌ᠢᠶ᠎ᠡ 5(ᠴᠦᠮ ᠬᠦᠯᠦᠨ ᠪᠤᠢᠷ ᠬᠤᠲᠠ᠎ᠶᠢᠨ ᠮᠠᠨᠵᠤᠤᠷ ᠬᠤᠲᠠ ᠳ᠋ᠤ)ᠨᠡᠮᠡᠭᠳᠡᠵᠡᠢ᠃ ᠲᠤᠬᠠᠢ ᠵᠢᠨ ᠭᠠᠵᠠᠷ᠎ᠤᠨ 19 ᠲᠤᠳᠤᠯᠠᠭᠰᠠᠨ ᠡᠪᠡᠳᠴᠢᠨ᠎ᠤ ᠵᠢᠱ᠌ᠢᠶ᠎ᠡ ᠢᠯᠡᠷᠢᠰᠢᠵᠤ(ᠴᠦᠮ ᠬᠦᠯᠦᠨ ᠪᠤᠢᠷ ᠬᠤᠲᠠ᠎ᠶᠢᠨ ᠮᠠᠨᠵᠤᠤᠷ ᠬᠤᠲᠠ ᠳ᠋ᠤ)ᠡᠮᠨᠡᠯᠭᠡ ᠡᠴᠡ ᠭᠠᠷᠪᠠ᠃

ᠱᠢᠨ᠎ᠡ ᠪᠡᠷ ᠨᠡᠮᠡᠭ᠌ᠳᠡᠭᠰᠡᠨ ᠲᠤᠬᠠᠢ᠎ᠶᠢᠨ ᠭᠠᠵᠠᠷ᠎ᠤᠨ ᠲᠤᠳᠤᠯᠠᠭᠰᠠᠨ ᠡᠪᠡᠳᠴᠢᠨ᠎ᠦ ᠵᠢᠱ᠌ᠢᠶ᠎ᠡ᠎ᠶ᠋ᠢᠨ ᠪᠣᠳᠠᠲᠠᠢ ᠪᠠᠢᠳᠠᠯ ᠨᠢ ᠳᠠᠷᠠᠭᠠᠬᠢ ᠮᠡᠲᠦ᠄

ᠲᠤᠳᠤᠯᠠᠭᠰᠠᠨ ᠡᠪᠡᠳᠴᠢᠨ᠎ᠤ ᠵᠢᠱ᠌ᠢᠶ᠎ᠡ 539᠎ᠠᠴᠠ 543᠄ ᠴᠥᠮ ᠮᠠᠨᠵᠤᠸ᠋ᠷ ᠬᠣᠲᠠ᠎ᠶ᠋ᠢᠨ ᠲᠥᠪᠯᠡᠷᠡᠭᠦᠯᠦᠨ ᠲᠤᠰᠠᠭᠠᠷᠯᠠᠭ᠍ᠰᠠᠨ ᠬᠦᠮᠦᠰ᠎ᠤᠨ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ᠎ᠳᠤ᠎ᠠᠷᠭ᠎ᠠ᠎ᠴᠢᠨᠠᠷ᠎ᠢᠯᠡᠷᠡᠭᠰᠡᠳ᠎ᠪᠠᠢᠵᠤ᠂ ᠲᠤᠰᠭᠠᠶ ᠮᠡᠷᠭᠡᠵᠢᠯᠲᠡᠨ᠎ᠦ ᠳᠤᠭᠤᠢᠯᠠᠩ ᠬᠠᠮᠲᠤᠷᠠᠨ ᠣᠨᠣᠱᠢᠯᠠᠭᠠᠳ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠲᠤᠳᠤᠯᠠᠭᠰᠠᠨ ᠡᠪᠡᠳᠴᠢᠨ᠎ᠤ ᠵᠢᠱ᠌ᠢᠶ᠎ᠡ ᠭᠡᠵᠦ᠍ ᠣᠨᠣᠱᠢᠯᠠᠵᠠᠶ᠃

ᠣᠳᠣᠬᠠᠨ᠎ᠳᠤ᠂᠎ᠳᠡᠭᠡᠷ᠎ᠡ ᠎ᠳᠤᠷᠠᠳᠤᠭ᠍ᠰᠠᠨ ᠎ᠬᠥᠮᠦᠰ ᠎ᠢ ᠎ᠨᠢᠭᠡᠨᠲᠡ ᠎ᠲᠣᠭ᠍ᠲᠠᠭᠰᠠᠨ ᠡᠮᠨᠡᠯᠭᠡ᠎ᠶ᠋ᠢᠨ᠎ᠬᠣᠷᠢᠶᠠᠨ᠎ᠳᠤ ᠱᠢᠯᠵᠢᠭᠦᠯᠦᠨ ᠬᠦᠷᠭᠡᠵᠦ᠍ ᠲᠤᠰᠠᠭᠠᠷᠯᠠᠨ ᠡᠮᠨᠡᠭᠦᠯᠵᠦ ᠲᠤᠰᠠᠭᠠᠷᠯᠠᠨ ᠠᠵᠢᠬᠯᠠᠵᠤ ᠪᠤᠢ᠂ ᠬᠠᠮᠢᠶ᠎ᠠ ᠪᠦᠬᠦᠢ ᠲᠠᠬᠤᠯ ᠡᠪᠡᠳᠴᠢᠨ᠎ᠤ ᠪᠠᠢᠴᠠᠭᠠᠯᠲᠠ᠂ ᠰᠢᠭᠰᠢᠨ ᠪᠠᠢᠴᠠᠭᠠᠯᠲᠠ ᠵᠡᠷᠭᠡ ᠠᠵᠢᠯ ᠶᠠᠭ ᠶᠠᠪᠤᠭᠳᠠᠵᠤ ᠪᠠᠢᠨ᠎ᠠ ᠃

12 ᠰᠠᠷ᠎ᠠ᠎ᠶ᠋ᠢᠨ 12᠎ᠤᠨ ᠡᠳᠦᠷ᠎ᠦᠨ 24 ᠴᠠᠭ ᠪᠣᠯᠲᠠᠯ᠎ᠠ᠂ ᠦᠪᠤᠷ ᠮᠤᠨᠭᠭᠤᠯ᠎ᠤᠨ ᠦᠪᠡᠷᠳᠡᠭᠡᠨ ᠵᠠᠰᠠᠬᠤ ᠤᠷᠤᠨ ᠳ᠋ᠤ ᠲᠤᠬᠠᠢ᠎ᠶᠢᠨ ᠭᠠᠵᠠᠷ᠎ᠤᠨ ᠲᠤᠳᠤᠯᠠᠭᠰᠠᠨ ᠡᠪᠡᠳᠴᠢᠨ᠎ᠦ ᠵᠢᠱ᠌ᠢᠶ᠎ᠡ 520 (ᠬᠦᠯᠦᠨ ᠪᠤᠢᠷ ᠬᠤᠲᠠ᠎ᠶᠢᠨ ᠮᠠᠨᠵᠤᠤᠷ ᠬᠤᠲᠠ ᠳ᠋ᠤ 509᠂ ᠰᠢᠨ᠎ᠡ ᠪᠠᠷᠭᠤ ᠪᠠᠷᠠᠭᠤᠨ ᠬᠤᠰᠢᠭᠤᠨ ᠳ᠋ᠤ 9 ᠪᠤᠢ; ᠮᠠᠨᠵᠤᠤᠷ ᠬᠤᠲᠠ᠎ᠶᠢᠨ ᠬᠢᠵᠢᠭ ᠲᠠᠢ ᠬᠤᠯᠪᠤᠭᠳᠠᠯ ᠲᠠᠢ ᠲᠤᠳᠤᠯᠠᠭᠰᠠᠨ ᠡᠪᠡᠳᠴᠢᠨ᠎ᠤ ᠵᠢᠱ᠌ᠢᠶ᠎ᠡ 2᠂ ᠲᠦᠩᠯᠢᠶᠤᠤ ᠬᠤᠲᠠ᠎ᠶᠢᠨ ᠬᠤᠷᠴᠢᠨ ᠲᠤᠭᠤᠷᠢᠭ ᠲᠤ᠌ ᠪᠤᠢ)ᠪᠠᠢᠨ᠎ᠠ᠃ ᠪᠦᠬᠦᠨ᠎ᠢ ᠲᠣᠭ᠍ᠲᠠᠭ᠍ᠰᠠᠨ ᠡᠮᠨᠡᠯᠭᠡ᠎ᠶ᠋ᠢᠨ ᠬᠣᠷᠢᠶ᠎ᠠ᠎ᠳᠤ ᠲᠤᠰᠠᠭᠠᠷᠯᠠᠨ ᠡᠮᠴᠢᠯᠡᠵᠦ᠍᠂ ᠨᠢᠭᠲᠠ ᠣᠢᠷᠠᠲᠤᠭ᠍ᠰᠠᠳ᠎ᠢ ᠨᠢ ᠴᠦᠮ ᠲᠣᠭ᠍ᠲᠠᠭ᠍ᠰᠠᠨ ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ᠎ᠤ ᠠᠵᠢᠭ᠍ᠯᠠᠯᠲᠠ ᠬᠢᠵᠦ᠂ ᠬᠢᠵᠢᠭ᠎ᠲᠠᠷᠬᠠᠬᠤ᠎ᠶ᠋ᠢ ᠴᠢᠩᠭ᠎ᠠ ᠰᠡᠷᠭᠡᠢᠯᠡᠵᠤ ᠪᠤᠢ᠃

ᠪᠦᠬᠦ ᠤᠯᠤᠰ᠎ᠤᠨ ᠬᠢᠵᠢᠭ᠎ᠤᠨ ᠪᠠᠢᠳᠠᠯ

12 ᠰᠠᠷ᠎ᠠ ᠎ᠶᠢᠨ 12᠎ᠤᠨ 0 ᠴᠠᠭ ᠡᠴᠡ 24 ᠴᠠᠭ ᠪᠤᠯᠲᠠᠯ᠎ᠠ᠂ ᠪᠦᠬᠦ ᠤᠯᠤᠰ ᠲᠡᠬᠢ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠲᠤᠳᠤᠯᠠᠭᠰᠠᠨ ᠡᠪᠡᠳᠴᠢᠨ᠎ᠤ ᠵᠢᠱ᠌ᠢᠶ᠎ᠡ ᠲᠦᠷᠦᠭᠦᠦ ᠡᠳᠦᠷ ᠡᠴᠡ ᠪᠠᠨ 101 ᠨᠡᠮᠡᠭᠳᠡᠪᠡ᠃ ᠡᠭᠦᠨ ᠳ᠋ᠤ ᠬᠢᠯᠢ᠎ᠶᠢᠨ ᠭᠠᠳᠠᠨ᠎ᠠ ᠡᠴᠡ ᠤᠷᠤᠵᠤ ᠢᠷᠡᠭᠰᠡᠨ ᠡᠪᠡᠳᠴᠢᠨ᠎ᠤ ᠵᠢᠱ᠌ᠢᠶ᠎ᠡ 21(ᠱᠠᠩᠬᠠᠢ ᠳ᠋ᠤ 5᠂ ᠭᠤᠸᠠᠡᠭᠳᠦ᠋ᠡᠭ ᠳ᠋ᠦ 5᠂ ᠭᠤᠸᠠᠩᠰᠢ ᠳ᠋ᠤ 4᠂ ᠪᠡᠭᠡᠵᠢᠡᠭ ᠳ᠋ᠦ 2 ᠂ ᠶᠦᠨᠨᠠᠨ ᠳ᠋ᠤ 2᠂ ᠬᠢᠷᠢᠨ ᠳ᠋ᠦ 1᠂ ᠵᠢᠶᠠᠡᠭᠰᠦ ᠳ᠋ᠦ1᠂ ᠵᠸᠵᠢᠶᠠᠡᠭ ᠳ᠋ᠦ1)ᠪᠤᠢ; ᠡᠭᠦᠨ ᠳ᠋ᠤ ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠳᠠᠭᠴᠢ ᠡᠴᠡ ᠲᠤᠳᠤᠯᠠᠭᠰᠠᠨ ᠡᠪᠡᠳᠴᠢᠨ᠎ᠤ ᠵᠢᠱ᠌ᠢᠶ᠎ᠡ ᠪᠤᠯᠤᠭᠰᠠᠨ ᠡᠪᠡᠳᠴᠢᠨ᠎ᠤ ᠵᠢᠱ᠌ᠢᠶ᠎ᠡ 1(ᠵᠸᠵᠢᠶᠠᠡᠭ ᠳ᠋ᠦ)ᠪᠤᠢ; ᠲᠤᠬᠠᠢ᠎ᠶᠢᠨ ᠭᠠᠵᠠᠷ᠎ᠤᠨ ᠡᠪᠡᠳᠴᠢᠨ᠎ᠤ ᠵᠢᠱ᠌ᠢᠶ᠎ᠡ 80 (ᠵᠸᠵᠢᠶᠠᠡᠭ ᠳ᠋ᠦ 74᠂ ᠦᠪᠦᠷ ᠮᠤᠩᠭᠤᠯ ᠳ᠋ᠤ 5᠂ ᠱᠠᠨᠰᠢ ᠳ᠋ᠤ 1) ᠪᠤᠢ᠃  

ᠰᠢᠨ᠎ᠡ ᠪᠡᠷ ᠨᠡᠮᠡᠭᠳᠡᠭᠰᠡᠨ ᠰᠡᠵᠢᠭᠯᠡᠯᠲᠡᠢ ᠡᠪᠡᠳᠴᠢᠨ᠎ᠤ ᠵᠢᠱ᠌ᠢᠶ᠎ᠡ᠂ ᠨᠠᠰᠤ ᠪᠠᠷᠠᠭᠰᠠᠨ ᠡᠪᠡᠳᠴᠢᠨ᠎ᠤ ᠵᠢᠱ᠌ᠢᠶ᠎ᠡ ᠦᠭᠡᠢ ᠃

ᠢᠷᠡᠯᠲᠡ᠄ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠦᠪᠯᠡᠯ᠂ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠦᠪᠯᠡᠯ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号