ᠲᠤᠮᠲᠠᠲᠤ ᠤᠯᠤᠰ ᠤ᠋ᠨ ᠡᠪ ᠬᠠᠮᠲᠦ ᠨᠠᠮ ᠤ᠋ᠨ ᠠᠷᠪᠠᠨ ᠨᠠᠢ᠍ᠮᠠᠳᠤᠭᠠᠷ ᠤᠳᠠᠭᠠᠢ᠋ᠢᠨ ᠪᠦᠬᠦ ᠤᠯᠤᠰ ᠤ᠋ᠨ ᠲᠦᠯᠦᠭᠡᠯᠡᠭᠴᠢᠳ ᠤ᠋ᠨ ᠶᠡᠬᠡ ᠬᠤᠷᠠᠯ 2012 ᠤᠨ ᠤ᠋ 11 ᠰᠠᠷ᠎ᠠ ᠢ᠋ᠢᠨ 8 ᠤ᠋ ᠡᠲᠦᠷ ᠡᠴᠡ 14 ᠤ᠋ ᠡᠲᠦᠷ ᠪᠤᠯᠲᠠᠯ᠎ᠠ ᠪᠡᠭᠡᠵᠢᠩ ᠳ᠋ᠤ ᠬᠤᠷᠠᠯᠳᠤᠪᠠ᠃ ᠬ᠍ᠣ ᠵᠢᠨ ᠲᠤᠤ《ᠲᠤᠮᠲᠠᠲᠤ ᠤᠯᠤᠰ ᠤ᠋ᠨ
ᠤᠨᠴᠠᠯᠢᠬ ᠲᠠᠢ ᠨᠡᠢᠭᠡᠮ ᠵᠢᠷᠦᠮ ᠤ᠋ᠨ ᠵᠠᠮ ᠢ᠋ᠢᠡᠷ ᠡᠷᠡᠰ
ᠭᠤᠢᠪᠢᠰᠢ ᠦᠭᠡᠢ ᠤᠷᠤᠬᠰᠢᠯᠠᠵᠦ᠂ ᠴᠢᠨᠡᠭᠡᠯᠢᠭ ᠨᠡᠢᠭᠡᠮ ᠢ᠋ ᠪᠦᠬᠦ ᠲᠠᠯ᠎ᠠ ᠪᠡᠷ ᠪᠡᠶᠡᠯᠡᠭᠦᠯᠬᠦ ᠢ᠋ᠢᠨ ᠲᠦᠯᠦᠭᠡ
ᠲᠡᠮᠡᠴᠡᠵᠡᠭᠡᠶ᠎ᠡ》 ᠬᠡᠬᠦ ᠰᠡᠲᠦᠪ ᠢ᠋ᠢᠡᠷ ᠢᠯᠡᠳᠬᠡᠯ ᠬᠢᠪᠡ᠃
ᠨᠠᠮ ᠤ᠋ᠨ ᠠᠷᠪᠠᠨ ᠨᠠᠢ᠍ᠮᠠᠳᠤᠭᠠᠷ ᠶᠡᠬᠡ ᠬᠤᠷᠠᠯ ᠪᠤᠯ ᠮᠠᠨ ᠤ᠋ ᠤᠯᠤᠰ ᠴᠢᠨᠡᠭᠡᠯᠢᠭ ᠨᠡᠢᠭᠡᠮ ᠢ᠋ ᠪᠦᠬᠦ ᠲᠠᠯ᠎ᠠ
ᠪᠡᠷ ᠪᠡᠶᠡᠯᠡᠭᠦᠯᠬᠦ ᠰᠢᠢᠳᠪᠦᠷᠢᠯᠡᠭᠴᠢ ᠴᠢᠨᠠᠷᠲᠠᠢ ᠱᠠᠲᠤᠨ ᠳ᠋ᠤ ᠤᠷᠤᠬᠰᠠᠨ ᠦᠶ᠎ᠡ ᠳ᠋ᠤ ᠬᠤᠷᠠᠯᠳᠤᠭᠤᠯᠤᠬᠰᠠᠨ
ᠨᠢᠭᠡ ᠤᠳᠠᠭᠠᠨ ᠤ᠋ ᠲᠦᠢᠯ ᠤ᠋ᠨ ᠴᠢᠬᠤᠯᠠ ᠶᠡᠬᠡ ᠬᠤᠷᠠᠯ
ᠮᠦᠨ᠂ ᠨᠠᠮᠤ᠋ᠨ ᠲᠡᠮᠡᠴᠡᠯ ᠤ᠋ᠨ ᠲᠡᠦᠬᠡᠨ ᠶᠠᠪᠤᠴᠠ ᠳ᠋ᠡᠬᠢ ᠪᠠᠰᠠ ᠨᠢᠭᠡ ᠤᠳᠠᠭᠠᠨ ᠤ᠋ ᠤᠷᠢᠳᠤᠬᠢ ᠵᠢ ᠵᠠᠯᠭᠠᠮᠵᠢᠯᠠᠨ ᠢᠷᠡᠭᠡᠲᠦᠢ ᠵᠢ ᠨᠡᠭᠡᠭᠡᠬᠦ ᠬᠤᠷᠠᠯ ᠮᠦᠨ᠃
ᠨᠠᠮ ᠤ᠋ᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠰᠢᠨᠵᠢᠯᠡᠬᠦ ᠤᠬᠠᠭᠠᠨᠴᠢ ᠬᠦᠭᠵᠢᠯᠲᠡ ᠢ᠋ᠢᠨ ᠦᠵᠡᠯᠲᠡ ᠳ᠋ᠤ
ᠵᠢᠩᠬᠢᠨᠢ ᠪᠡᠷ ᠪᠠᠢᠷᠢ ᠲᠤᠬᠲᠠᠭᠠᠯᠲᠠ ᠬᠢᠭᠰᠡᠨ ᠪᠠᠢᠨ᠎ᠠ᠃
5 ᠵᠢᠯ ᠤ᠋ᠨ ᠡᠮᠦᠨᠡᠬᠢ ᠨᠠᠮ ᠤ᠋ᠨ ᠠᠷᠪᠠᠨ ᠲᠤᠯᠤᠳᠤᠭᠠᠷ ᠶᠡᠬᠡ ᠬᠤᠷᠠᠯ ᠡᠴᠡ ᠰᠢᠨᠵᠢᠯᠡᠬᠦ ᠤᠬᠠᠭᠠᠨᠴᠢ ᠬᠦᠭᠵᠢᠯᠲᠡ ᠢ᠋ᠢᠨ ᠦᠵᠡᠯᠲᠡ ᠳ᠋ᠤ
ᠰᠢᠨᠵᠢᠯᠡᠬᠦ ᠤᠬᠠᠭᠠᠨᠴᠢ ᠦᠨᠡᠯᠡᠯᠲᠡ ᠬᠢᠭᠰᠡᠨ ᠪᠤᠯᠪᠠᠴᠤ ᠪᠠᠰᠠ ᠵᠢᠩᠬᠢᠨᠢ ᠪᠡᠷ ᠪᠠᠢᠷᠢ ᠲᠤᠬᠲᠠᠭᠠᠯᠲᠠ ᠬᠢᠭᠰᠡᠨ
ᠦᠭᠡᠢ᠃ 5 ᠵᠢᠯ ᠤ᠋ᠨ ᠦᠢᠯᠡᠲᠦᠯᠭᠡ ᠪᠡᠷ ᠲᠠᠮᠵᠢᠭᠠᠳ᠂ ᠨᠠᠮ ᠤ᠋ᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠦᠢᠯᠡᠲᠦᠯᠭᠡ
ᠢ᠋ᠢᠨ ᠦᠷ᠎ᠡ ᠪᠦᠲᠦᠮᠵᠢ᠂ ᠠᠷᠠᠳ ᠲᠦᠮᠡᠨ ᠪᠠ ᠪᠦᠬᠦ ᠨᠠᠮ ᠤ᠋ᠨ ᠬᠦᠰᠡᠯ ᠡᠷᠡᠮᠡᠯᠵᠡᠯ ᠢ᠋ ᠦᠨᠳᠦᠰᠦᠯᠡᠨ᠂ ᠰᠢᠨᠵᠢᠯᠡᠬᠦ ᠤᠬᠠᠭᠠᠨᠴᠢ
ᠬᠦᠭᠵᠢᠯᠲᠡ ᠢ᠋ᠢᠨ ᠦᠵᠡᠯᠲᠡ ᠵᠢ ᠮᠠᠷᠺᠰ ᠯᠸᠨᠢᠨ ᠤ᠋ ᠦᠵᠡᠯ᠂ ᠮᠠᠤ ᠽᠸ ᠳ᠋ᠦᠩ ᠤ᠋ᠨ ᠦᠵᠡᠯ ᠰᠠᠨᠠᠭ᠎ᠠ᠂ ᠳ᠋ᠸᠩ
ᠰᠢᠶᠤᠤ ᠫᠢᠩ ᠤ᠋ᠨ ᠤᠨᠤᠯ᠂ 《ᠭᠤᠷᠪᠠ ᠵᠢ ᠲᠦᠯᠦᠭᠡᠯᠡᠬᠦ》 ᠴᠢᠬᠤᠯᠠ ᠦᠵᠡᠯ ᠰᠠᠨᠠᠭ᠎ᠠ ᠲᠠᠢ ᠴᠤᠬ ᠢ᠋ᠢᠡᠷ ᠨᠠᠮᠤᠨ ᠲᠦᠷᠢᠮ ᠳ᠋ᠤ ᠤᠷᠤᠭᠤᠯᠵᠦ᠂ ᠵᠢᠩᠬᠢᠨᠢ ᠪᠡᠷ 《ᠨᠠᠮ ᠤ᠋ᠨ ᠡᠷᠬᠡᠪᠰᠢ ᠤᠷᠳᠤ ᠬᠤᠭᠤᠴᠠᠭ᠎ᠠ ᠪᠡᠷ ᠪᠠᠷᠢᠮᠲᠠᠯᠠᠬᠤ
ᠴᠢᠬᠤᠯᠠ ᠲᠠᠢ ᠵᠢᠯᠤᠭᠤᠳᠬᠤ ᠦᠵᠡᠯ ᠰᠠᠨᠠᠭ᠎ᠠ》 ᠬᠡᠵᠦ ᠲᠤᠬᠲᠠᠭᠠᠭᠠᠳ᠂
ᠨᠠᠮ ᠤ᠋ᠨ ᠵᠢᠯᠤᠭᠤᠳᠬᠤ ᠦᠵᠡᠯ ᠰᠠᠨᠠᠭᠠᠨ ᠤ᠋ ᠪᠠᠰᠠ ᠨᠢᠭᠡ ᠤᠳᠠᠭᠠᠨ ᠤ᠋ ᠴᠠᠬ ᠦᠶ᠎ᠡ ᠲᠠᠢ ᠵᠡᠷᠭᠡ ᠪᠡᠷ
ᠤᠷᠤᠬᠰᠢᠯᠠᠬᠤ ᠵᠢ ᠪᠡᠶᠡᠯᠡᠭᠦᠯᠵᠡᠢ᠃ ᠡᠨᠡ ᠪᠤᠯ ᠨᠠᠮ ᠤ᠋ᠨ
ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠭᠠᠷᠭᠠᠬᠰᠠᠨ ᠬᠠᠮᠤᠭ ᠤ᠋ᠨ ᠴᠢᠬᠤᠯᠠ ᠲᠡᠦᠬᠡᠨ ᠰᠢᠢᠳᠪᠦᠷᠢᠲᠦ ᠪᠤᠳᠤᠯᠭ᠎ᠠ
ᠮᠦᠨ᠃
ᠨᠠᠮ ᠤ᠋ᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ 《2020 ᠤᠨ ᠪᠤᠯᠬᠤ ᠳ᠋ᠤ ᠴᠢᠨᠡᠭᠡᠯᠢᠭ
ᠨᠡᠢᠭᠡᠮ ᠢ᠋ ᠪᠦᠬᠦ ᠲᠠᠯ᠎ᠠ ᠪᠡᠷ ᠪᠡᠶᠡᠯᠡᠭᠦᠯᠬᠦ ᠠᠤᠭ᠎ᠠ ᠬᠠᠷᠠᠯᠲᠠ ᠵᠢ ᠪᠡᠶᠡᠯᠡᠭᠦᠯᠬᠦ ᠵᠢ ᠦᠨᠡᠨᠬᠦ ᠪᠠᠲᠤᠯᠠᠨ᠎ᠠ》 ᠬᠡᠵᠦ ᠲᠤᠲᠤᠷᠬᠠᠢ ᠲᠤᠷᠠᠳᠤᠨ ᠭᠠᠷᠭᠠᠪᠠ᠃ 《ᠴᠢᠨᠡᠭᠡᠯᠢᠭ
ᠨᠡᠢᠭᠡᠮ ᠢ᠋ ᠪᠦᠬᠦ ᠲᠠᠯ᠎ᠠ ᠪᠡᠷ ᠪᠡᠶᠡᠯᠡᠭᠦᠯᠬᠦ》 ᠵᠢ ᠨᠠᠮ ᠤ᠋ᠨ ᠠᠷᠪᠠᠨ ᠵᠢᠷᠭᠤᠳᠤᠭᠠᠷ
ᠶᠡᠬᠡ ᠬᠤᠷᠠᠯ ᠤ᠋ᠨ ᠢᠯᠡᠳᠬᠡᠯ ᠤ᠋ᠨ ᠭᠠᠷᠴᠠᠭ ᠲᠡᠬᠢ 《ᠴᠢᠨᠡᠭᠡᠯᠢᠭ ᠨᠡᠢᠭᠡᠮ ᠢ᠋ ᠪᠦᠬᠦ
ᠲᠠᠯ᠎ᠠ ᠪᠡᠷ ᠪᠦᠲᠦᠭᠡᠨ ᠪᠠᠢᠭᠤᠯᠬᠤ》 ᠲᠠᠢ ᠬᠠᠷᠢᠴᠠᠭᠤᠯᠪᠠᠯ᠂ 《ᠪᠦᠲᠦᠭᠡᠨ ᠪᠠᠢᠭᠤᠯᠬᠤ》 ᠵᠢ《ᠪᠡᠶᠡᠯᠡᠭᠦᠯᠬᠦ》 ᠪᠤᠯᠭᠠᠨ ᠦᠭᠡᠷᠡᠴᠢᠯᠡᠪᠡ᠃ ᠨᠢᠭᠡ ᠯᠡ ᠦᠰᠦᠭ ᠤ᠋ᠨ ᠬᠤᠪᠢᠷᠠᠯᠲᠠ ᠨᠢ ᠴᠢᠨᠡᠭᠡᠯᠢᠭ ᠨᠡᠢᠭᠡᠮ
ᠢ᠋ ᠪᠦᠲᠦᠭᠡᠨ ᠪᠠᠢᠭᠤᠯᠬᠤ ᠶᠡᠷᠦ ᠪᠤᠰᠤ ᠢ᠋ᠢᠨ ᠦᠩᠭᠡᠷᠡᠯᠲᠡ ᠵᠢ ᠨᠡᠢᠳᠬᠡᠵᠦ᠂ ᠨᠠᠮ ᠤ᠋ᠨ ᠠᠷᠪᠠᠨ ᠨᠠᠢ᠍ᠮᠠᠳᠤᠭᠠᠷ ᠶᠡᠬᠡ ᠬᠤᠷᠠᠯ ᠤ᠋ᠨ ᠴᠢᠨᠡᠭᠡᠯᠢᠭ ᠨᠡᠢᠭᠡᠮ ᠢ᠋ ᠪᠦᠬᠦ ᠲᠠᠯ᠎ᠠ ᠪᠡᠷ ᠪᠡᠶᠡᠯᠡᠭᠦᠯᠬᠦ
ᠰᠢᠢᠳᠪᠦᠷᠢᠲᠦ ᠢᠯᠠᠯᠲᠠ ᠵᠢ ᠤᠯᠬᠤ ᠡᠷᠡᠰ ᠵᠤᠷᠢᠭ ᠪᠠ ᠪᠠᠢᠷᠢᠯᠠᠭᠤᠯᠤᠯᠲᠠ ᠵᠢ ᠨᠢᠬᠲᠠᠷᠠᠭᠤᠯᠪᠠ᠃ ᠨᠠᠮ ᠤ᠋ᠨ
ᠠᠷᠪᠠᠨ ᠵᠢᠷᠭᠤᠳᠤᠭᠠᠷ᠂ ᠠᠷᠪᠠᠨ ᠲᠤᠯᠤᠳᠤᠭᠠᠷ ᠶᠡᠬᠡ ᠬᠤᠷᠠᠯ ᠡᠴᠡ ᠲᠤᠬᠲᠠᠭᠠᠬᠰᠠᠨ ᠴᠢᠨᠡᠭᠡᠯᠢᠭ ᠨᠡᠢᠭᠡᠮ ᠢ᠋
ᠪᠦᠬᠦ ᠲᠠᠯ᠎ᠠ ᠪᠡᠷ ᠪᠦᠲᠦᠭᠡᠨ ᠪᠠᠢᠭᠤᠯᠬᠤ ᠬᠠᠷᠠᠯᠲᠠ ᠢ᠋ᠢᠨ ᠰᠠᠭᠤᠷᠢᠨ ᠲᠡᠭᠡᠷ᠎ᠡ᠂ ᠮᠠᠨ ᠤ᠋ ᠤᠯᠤᠰ ᠤ᠋ᠨ ᠠᠵᠦ
ᠠᠬᠤᠢ ᠨᠡᠢᠭᠡᠮ ᠤ᠋ᠨ ᠬᠦᠭᠵᠢᠯᠲᠡ ᠢ᠋ᠢᠨ ᠪᠤᠲᠠᠲᠤ ᠪᠠᠢᠲᠠᠯ ᠢ᠋ ᠦᠨᠳᠦᠰᠦᠯᠡᠨ᠂ ᠨᠠᠮ ᠤ᠋ᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠲᠠᠪᠤᠨ
ᠰᠢᠨ᠎ᠡ ᠱᠠᠭᠠᠷᠲᠠᠯᠭ᠎ᠠ ᠵᠢ ᠴᠢᠷᠮᠠᠢᠨ ᠪᠡᠶᠡᠯᠡᠭᠦᠯᠬᠦ ᠬᠡᠷᠡᠭᠲᠡᠢ ᠬᠡᠵᠦ ᠲᠤᠷᠠᠳᠤᠨ ᠭᠠᠷᠭᠠᠪᠠ᠃ 《ᠤᠯᠤᠰ ᠤ᠋ᠨ ᠲᠤᠲᠤᠭᠠᠲᠦ ᠢ᠋ᠢᠨ ᠦᠢᠯᠡᠳᠪᠦᠷᠢᠯᠡᠯ ᠤ᠋ᠨ ᠶᠡᠷᠦᠩᠬᠡᠢ ᠦᠷᠲᠡᠭ ᠪᠠ ᠬᠤᠲᠠ ᠬᠦᠲᠡᠭᠡ
ᠢ᠋ᠢᠨ ᠰᠠᠭᠤᠭᠠᠯᠢ ᠠᠷᠠᠳ ᠤ᠋ᠨ ᠬᠦᠮᠦᠨ ᠲᠤᠮᠲᠠᠴᠢ ᠢ᠋ᠢᠨ ᠤᠷᠤᠯᠭ᠎ᠠ ᠵᠢ 2010 ᠤᠨ ᠤ᠋ ᠬᠢ ᠡᠴᠡ ᠬᠤᠶᠠᠷ ᠲᠠᠬᠢᠨ
ᠪᠤᠯᠲᠠᠯ᠎ᠠ ᠨᠡᠮᠡᠭᠲᠡᠭᠦᠯᠦᠨ᠎ᠡ》 ᠬᠡᠵᠦ ᠲᠤᠲᠤᠷᠬᠠᠢ ᠲᠤᠷᠠᠳᠤᠨ ᠭᠠᠷᠭᠠᠪᠠ᠃
ᠨᠠᠮ ᠤ᠋ᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ᠄《ᠲᠤᠮᠲᠠᠲᠤ ᠤᠯᠤᠰ ᠤ᠋ᠨ ᠤᠨᠴᠠᠯᠢᠬ ᠲᠠᠢ ᠨᠡᠢᠭᠡᠮ ᠵᠢᠷᠦᠮ ᠢ᠋ ᠪᠦᠲᠦᠭᠡᠨ ᠪᠠᠢᠭᠤᠯᠬᠤ ᠢ᠋ᠢᠨ
ᠶᠡᠷᠦᠩᠬᠡᠢ ᠦᠨᠳᠦᠰᠦᠯᠡᠯ ᠪᠤᠯ ᠨᠡᠢᠭᠡᠮ ᠵᠢᠷᠦᠮ ᠤ᠋ᠨ ᠠᠩᠬᠠᠨ ᠤ᠋ ᠱᠠᠲᠤ᠂ ᠶᠡᠷᠦᠩᠬᠡᠢ ᠪᠠᠢᠷᠢᠰᠢᠭᠤᠯᠤᠯᠲᠠ ᠪᠤᠯ
ᠲᠠᠪᠤ ᠵᠢ ᠨᠢᠭᠡ ᠴᠤᠬᠴᠠᠵᠢᠭᠤᠯᠬᠤ᠂ ᠶᠡᠷᠦᠩᠬᠡᠢ ᠡᠭᠦᠷᠭᠡ ᠪᠤᠯ ᠨᠡᠢᠭᠡᠮ ᠵᠢᠷᠦᠮ ᠤ᠋ᠨ ᠤᠳᠤᠬᠢᠴᠢᠯᠠᠯᠲᠠ ᠪᠠ
ᠲᠤᠮᠲᠠᠲᠤ ᠢ᠋ᠢᠨ ᠦᠨᠳᠦᠰᠦᠲᠡᠨ ᠤ᠋ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠶᠠᠪᠤᠲᠠᠯ ᠪᠤᠯᠤᠨ᠎ᠠ》 ᠬᠡᠵᠦ ᠲᠤᠲᠤᠷᠬᠠᠢ ᠵᠢᠭᠠᠵᠦ ᠭᠠᠷᠭᠠᠪᠠ᠃ 《ᠲᠠᠪᠤ
ᠵᠢ ᠨᠢᠭᠡ ᠴᠤᠬᠴᠠᠵᠢᠭᠤᠯᠬᠤ》 ᠬᠡᠲᠡᠭ ᠨᠢ ᠠᠵᠦ ᠠᠬᠤᠢ ᠢ᠋ᠢᠨ ᠪᠦᠲᠦᠭᠡᠨ ᠪᠠᠢᠭᠤᠯᠤᠯᠲᠠ᠂ ᠤᠯᠤᠰ ᠲᠦᠷᠦ
ᠢ᠋ᠢᠨ ᠪᠠᠢᠭᠤᠯᠤᠯᠲᠠ᠂ ᠰᠤᠶᠤᠯ ᠤ᠋ᠨ ᠪᠠᠢᠭᠤᠯᠤᠯᠲᠠ᠂ ᠨᠡᠢᠭᠡᠮ ᠤ᠋ᠨ ᠪᠠᠢᠭᠤᠯᠤᠯᠲᠠ᠂ ᠠᠮᠢ ᠠᠬᠤᠢ ᠢ᠋ᠢᠨ ᠪᠤᠯᠪᠠᠰᠤᠨ ᠤ᠋ ᠪᠠᠢᠭᠤᠯᠤᠯᠲᠠ ᠵᠢ ᠪᠦᠬᠦ ᠲᠠᠯ᠎ᠠ ᠪᠡᠷ ᠠᠬᠢᠭᠤᠯᠬᠤ
ᠵᠢ ᠵᠢᠭᠠᠵᠦ ᠪᠠᠢᠨ᠎ᠠ᠃ 《ᠶᠡᠷᠦᠩᠬᠡᠢ ᠪᠠᠢᠷᠢᠰᠢᠭᠤᠯᠤᠯᠲᠠ》ᠬᠡᠲᠡᠭ ᠨᠢ ᠲᠠᠪᠤᠨ ᠲᠠᠯᠠᠢ᠋ᠢᠨ ᠪᠦᠲᠦᠭᠡᠨ ᠪᠠᠢᠭᠤᠯᠤᠯᠲᠠ ᠵᠢ ᠨᠢᠭᠡᠲᠦᠯᠲᠡᠢ ᠲᠦᠯᠦᠪᠵᠢᠭᠦᠯᠦᠨ
ᠨᠢᠭᠡ ᠴᠤᠬᠴᠠᠵᠢᠭᠤᠯᠵᠦ᠂ ᠨᠢᠬᠲᠠ ᠵᠤᠬᠢᠴᠠᠭᠤᠯᠬᠤ ᠪᠦᠬᠦᠯᠢ ᠴᠤᠬᠴᠠ ᠢ᠋ᠢᠨ ᠲᠦᠯᠦᠪᠵᠢᠭᠦᠯᠭᠡ ᠪᠠ ᠪᠠᠢᠯᠳᠤᠬᠤ ᠪᠤᠳᠤᠯᠭ᠎ᠠ ᠢ᠋ᠢᠨ ᠪᠠᠢᠷᠢᠯᠠᠭᠤᠯᠤᠯᠲᠠ
ᠵᠢ ᠵᠢᠭᠠᠵᠦ ᠪᠠᠢᠨ᠎ᠠ᠃ ᠡᠨᠡᠬᠦ ᠶᠡᠷᠦᠩᠬᠡᠢ ᠪᠠᠢᠷᠢᠰᠢᠭᠤᠯᠤᠯᠲᠠ ᠢ᠋ᠢᠨ ᠨᠢᠭᠡᠨ ᠴᠢᠬᠤᠯᠠ ᠬᠢᠯᠠᠰ ᠴᠡᠭ ᠪᠤᠯ ᠠᠮᠢ ᠠᠬᠤᠢ ᠢ᠋ᠢᠨ ᠪᠤᠯᠪᠠᠰᠤᠨ ᠤ᠋ ᠪᠠᠢᠭᠤᠯᠤᠯᠲᠠ ᠵᠢ ᠠᠷᠠᠳ
ᠲᠦᠮᠡᠨ ᠤ᠋ ᠠᠵᠠ ᠵᠢᠷᠭᠠᠯ ᠳ᠋ᠤ ᠬᠤᠯᠪᠤᠬᠲᠠᠬᠤ᠂ ᠦᠨᠳᠦᠰᠦᠲᠡᠨ ᠤ᠋ ᠢᠷᠡᠭᠡᠲᠦᠢ ᠳ᠋ᠤ ᠬᠤᠯᠪᠤᠬᠲᠠᠬᠤ ᠠᠯᠤᠰ ᠬᠡᠲᠦ
ᠢ᠋ᠢᠨ ᠶᠡᠬᠡ ᠪᠤᠳᠤᠯᠭ᠎ᠠ ᠪᠤᠯᠭᠠᠵᠦ᠂ ᠤᠷᠢᠳ ᠡᠮᠦᠨ᠎ᠡ ᠪᠠᠢᠭ᠎ᠠ ᠦᠭᠡᠢ ᠲᠡᠭᠡᠲᠦ ᠬᠡᠮᠵᠢᠶᠡᠨᠳᠤ ᠬᠦᠷᠭᠡᠭᠰᠡᠨ
ᠶᠠᠪᠤᠲᠠᠯ ᠪᠤᠯᠤᠨ᠎ᠠ᠃
ᠶᠡᠬᠡ ᠬᠤᠷᠠᠯ ᠡᠴᠡ 205 ᠬᠡᠰᠢᠭᠦᠨ ᠪᠠ 171 ᠤᠷᠤᠯᠠᠬᠴᠢ ᠬᠡᠰᠢᠭᠦᠨ ᠢ᠋ᠢᠡᠷ ᠪᠦᠷᠢᠯᠲᠦᠭᠰᠡᠨ ᠨᠠᠮ
ᠤ᠋ᠨ ᠲᠦᠪ ᠬᠤᠷᠢᠶ᠎ᠠ ᠵᠢ ᠰᠤᠩᠭᠤᠨ ᠭᠠᠷᠭᠠᠵᠦ᠂ 130 ᠬᠡᠰᠢᠭᠦᠨ ᠢ᠋ᠢᠡᠷ ᠪᠦᠷᠢᠯᠲᠦᠭᠰᠡᠨ ᠲᠦᠪ ᠤ᠋ᠨ ᠰᠠᠬᠢᠯᠭ᠎ᠠ ᠪᠠᠲᠦ ᠪᠠᠢᠴᠠᠭᠠᠬᠤ ᠬᠤᠷᠢᠶ᠎ᠠ ᠵᠢ ᠰᠤᠩᠭᠤᠨ ᠭᠠᠷᠭᠠᠪᠠ᠃ ᠡᠭᠦᠨ ᠤ᠋ ᠲᠠᠷᠠᠭᠠᠬᠠᠨ ᠬᠤᠷᠠᠯᠳᠤᠭᠤᠯᠤᠬᠰᠠᠨ
ᠠᠷᠪᠠᠨ ᠨᠠᠢ᠍ᠮᠠᠳᠤᠭᠠᠷ ᠬᠤᠭᠤᠴᠠᠭᠠᠨ ᠤ᠋ ᠲᠦᠪ ᠬᠤᠷᠢᠶᠠᠨ ᠤ᠋ ᠠᠩᠬᠠᠳᠤᠭᠠᠷ ᠪᠦᠬᠦᠲᠡ ᠬᠤᠷᠠᠯ ᠡᠴᠡ ᠲᠦᠪ ᠬᠤᠷᠢᠶᠠᠨ ᠤ᠋ ᠤᠯᠤᠰ ᠲᠦᠷᠦ ᠢ᠋ᠢᠨ ᠲᠤᠪᠴᠢᠶ᠎ᠠ ᠵᠢᠴᠢ
ᠪᠠᠢᠩᠭᠤ ᠢ᠋ᠢᠨ ᠬᠤᠷᠢᠶ᠎ᠠ ᠵᠢ ᠰᠤᠩᠭᠤᠨ ᠭᠠᠷᠭᠠᠵᠦ᠂ ᠰᠢ
ᠵᠢᠨ ᠫᠢᠩ ᠢ᠋ ᠲᠦᠪ ᠬᠤᠷᠢᠶᠠᠨ ᠤ᠋ ᠶᠡᠷᠦᠩᠬᠡᠢ ᠱᠦᠵᠢ ᠪᠡᠷ ᠰᠤᠩᠭᠤᠵᠦ᠂ ᠰᠢ ᠵᠢᠨ ᠫᠢᠩ ᠢ᠋ ᠲᠦᠪ ᠤ᠋ᠨ ᠴᠡᠷᠢᠭ ᠤ᠋ᠨ ᠶᠠᠪᠤᠲᠠᠯ ᠤ᠋ᠨ ᠬᠤᠷᠢᠶᠠᠨ ᠤ᠋ ᠲᠡᠷᠢᠭᠦᠯᠡᠭᠴᠢ ᠪᠡᠷ ᠲᠤᠬᠲᠠᠭᠠᠵᠦ᠂ ᠸᠠᠩ ᠴᠢ ᠱᠠᠨ ᠢ᠋ ᠲᠦᠪ ᠤ᠋ᠨ ᠰᠠᠬᠢᠯᠭ᠎ᠠ
ᠪᠠᠲᠦ ᠪᠠᠢᠴᠠᠭᠠᠬᠤ ᠬᠤᠷᠢᠶᠠᠨ ᠤ᠋ ᠱᠦᠵᠢ ᠪᠡᠷ ᠵᠦᠪᠰᠢᠶᠡᠷᠡᠪᠡ᠃
( 《ᠰᠤᠷᠤᠯᠴᠠᠯᠭᠠᠢ᠋ᠢᠨ ᠬᠦᠴᠦᠷᠭᠡᠭ ᠤᠯᠤᠰ》 ᠰᠢᠯᠵᠢᠶ᠎ᠡ ᠡᠴᠡ ᠬᠠᠨ ᠯᠢᠩ ᠯᠢᠩ ᠤᠷᠴᠢᠭᠤᠯᠪᠠ )