ᠠᠭᠤᠤ ᠶᠡᠬᠡ ᠨᠠᠮ ᠪᠠᠢᠭᠤᠯᠬᠤ ᠵᠣᠷᠢᠭ ᠰᠠᠨᠠᠭ᠎ᠠ ᠨᠢ ᠢᠯᠡ ᠲᠣᠳᠣ ᠤᠯᠤᠰ ᠲᠦᠷᠦ᠍ ᠎ᠶ᠋ᠢᠨ ᠬᠡᠪ ᠴᠢᠨᠠᠷ᠎ᠢ ᠢᠯᠡᠷᠡᠭᠦᠯᠦᠨ᠎ᠡ
2021-12-13 10:38:12
ᠵᠣᠬᠢᠶᠠᠭ᠍ᠴᠢ᠄
ᠯᠢ ᠮᠸᠩ ᠶᠦᠨ ᠯᠢ ᠵᠢᠶᠠ ᠸᠧᠢ
ᠣᠩᠱᠢᠭ᠍ᠰᠠᠨ ᠣᠳᠠᠭ᠎ᠠ᠄
★★★☆☆

ᠬᠥᠮᠦᠨ᠎ᠳᠤ ᠵᠣᠷᠢᠭ ᠰᠠᠨᠠᠭ᠎ᠠ ᠪᠠᠢᠬᠤ ᠦᠭᠡᠢ ᠪᠣᠯ ᠣᠷᠣᠱᠢᠨ ᠲᠣᠭ᠍ᠲᠠᠨᠢᠵᠤ ᠴᠢᠳᠠᠬᠤ ᠦᠭᠡᠢ᠂ ᠤᠯᠤᠰ ᠬᠦᠷᠦᠨ᠎ᠳᠤ ᠵᠣᠷᠢᠭ ᠰᠠᠨᠠᠭ᠎ᠠ ᠪᠠᠢᠬᠤ ᠦᠭᠡᠢ ᠪᠣᠯ ᠬᠦᠴᠦᠷᠬᠡᠭ᠌ᠵᠢᠵᠦ᠍ ᠴᠢᠳᠠᠬᠤ ᠦᠭᠡᠢ᠂ ᠲᠦᠷᠦ᠎ᠶᠢᠨ ᠨᠠᠮ᠎ᠳᠤ ᠵᠣᠷᠢᠭ ᠰᠠᠨᠠᠭ᠎ᠠ ᠪᠠᠢᠬᠤ ᠦᠭᠡᠢ ᠪᠣᠯ ᠬᠦᠭᠵᠢᠨ ᠮᠠᠨᠳᠤᠵᠤ ᠴᠢᠳᠠᠬᠤ ᠦᠭᠡᠢ᠃ ᠶᠡᠷᠦᠩᠬᠡᠢ ᠱᠦᠵᠢ ᠰᠢ᠎ᠶ᠋ᠢᠨ ᠫᠢᠩ᠄ 《ᠵᠠᠭᠤᠨ ᠵᠢᠯ᠎ᠦᠨ ᠲᠤᠷᠰᠢ᠂ ᠳᠤᠮᠳᠠᠳᠤ ᠤᠯᠤᠰ᠎ᠤᠨ ᠡᠪ ᠬᠠᠮᠲᠤ ᠨᠠᠮ ᠠᠭᠤᠤ ᠶᠡᠬᠡ ᠨᠠᠮ ᠪᠠᠢᠭᠤᠯᠬᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠤᠷᠳᠤ ᠬᠤᠭᠤᠴᠠᠭᠠᠨ᠎ᠤ ᠲᠡᠮᠡᠴᠡᠯ᠎ᠦᠨ ᠳᠤᠮᠳᠠ ᠳᠤᠮᠳᠠᠳᠤ ᠤᠯᠤᠰ᠎ᠤᠨ ᠡᠪ ᠬᠠᠮᠲᠤᠴᠤᠳ᠎ᠤᠨ᠎ᠤᠶᠤᠨ᠎ᠰᠠᠨᠠᠭᠠᠨ᠎ᠤ᠎ᠴᠠᠳᠢᠭ᠎ᠢ᠎ᠴᠣᠭ᠍ᠴᠠᠯᠠᠵᠤ᠂ ᠢᠯᠡ ᠲᠣᠳᠣ ᠤᠯᠤᠰ ᠲᠦᠷᠦ᠍᠎ᠶ᠋ᠢᠨ ᠬᠡᠪ ᠴᠢᠨᠠᠷ᠎ᠢ ᠳᠠᠪᠲᠠᠨ ᠪᠣᠯᠪᠠᠰᠤᠷᠠᠭᠤᠯᠪᠠ》 ᠭᠡᠵᠦ᠍ ᠵᠢᠭᠠᠵᠤ ᠭᠠᠷᠭᠠᠪᠠ᠃ ᠵᠠᠭᠤᠨ ᠵᠢᠯ᠎ᠦᠨ ᠲᠤᠷᠰᠢ᠂ ᠳᠤᠮᠳᠠᠳᠤ ᠤᠯᠤᠰ᠎ᠤᠨ ᠡᠪ ᠬᠠᠮᠲᠤ ᠨᠠᠮ ᠶᠠᠭ ᠡᠳᠡᠭᠡᠷ ᠤᠯᠤᠰ ᠲᠦᠷᠦ᠍᠎ᠶ᠋ᠢᠨ ᠵᠠᠩ ᠴᠢᠨᠠᠷ᠎ᠢ᠎ᠲᠠᠰᠤᠷᠠᠯᠲᠠ᠎ᠦᠭᠡᠢ᠎ᠤᠯᠠᠮᠵᠢᠯᠠᠨ ᠵᠠᠯᠭᠠᠮᠵᠢᠯᠠᠬᠤ ᠪᠠ ᠢᠯᠡᠷᠡᠭᠦᠯᠬᠦ᠌ ᠳᠤᠮᠳᠠ ᠲᠡᠦᠬᠡ᠎ᠶ᠋ᠢᠨ ᠴᠢᠭ᠌ᠯᠡᠯ᠎ᠢ ᠡᠵᠡᠮᠳᠡᠵᠦ᠍᠂ ᠲᠡᠦᠬᠡ᠎ᠶ᠋ᠢᠨ ᠠᠵᠠ ᠲᠣᠬᠢᠶᠠᠯ᠎ᠢ ᠠᠮᠵᠢᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠢ ᠳᠠᠭᠠᠭᠤᠯᠤᠨ ᠶᠡᠬᠡ ᠠᠯᠬᠤᠭ᠎ᠠ ᠪᠡᠷ ᠴᠠᠭ ᠦᠶ᠎ᠡ᠎ᠶ᠋ᠢ ᠬᠥᠭᠡᠭᠡᠨ ᠭᠦᠢᠴᠡᠵᠦ᠍᠂ ᠳᠤᠮᠳᠠᠳᠤ ᠎ᠶ᠋ᠢᠨ᠎ᠦᠨᠳᠦᠰᠦᠲᠡᠨ᠎ᠢ ᠬᠦᠲᠦᠯᠦᠨ ᠳᠠᠭᠠᠭᠤᠯᠵᠤ ᠭᠡᠭᠡᠨ ᠰᠠᠷᠠᠭᠤᠯ ᠵᠠᠮ ᠎ᠢᠶᠠᠷ ᠵᠠᠮᠨᠠᠭᠤᠯᠤᠭ᠍ᠰᠠᠨ ᠶᠤᠮ᠃

 

ᠲᠡᠷᠢᠭᠦᠨ ᠎ᠦ ᠬᠢ ᠎ᠶᠢ ᠦᠨᠢᠲᠡ ᠪᠠᠷᠢᠮᠳᠠᠯᠠᠪᠠ


ᠠᠭᠤᠤ ᠶᠡᠬᠡ ᠨᠠᠮ ᠪᠠᠢᠭᠤᠯᠬᠤ ᠵᠣᠷᠢᠭ ᠰᠠᠨᠠᠭ᠎ᠠ᠎ᠳᠤ ᠠᠭᠤᠯᠤᠭ᠍ᠳᠠᠵᠤ ᠪᠠᠢᠭ᠎ᠠ 《ᠦᠨᠡᠨ ᠶᠣᠰᠣ᠎ᠶ᠋ᠢ ᠪᠠᠷᠢᠮᠲᠠᠯᠠᠵᠤ᠂ ᠬᠦᠰᠡᠯᠡᠩ᠎ᠢᠶᠡᠨ ᠪᠠᠲᠤ ᠰᠠᠬᠢᠬᠤ》 ᠵᠣᠷᠢᠭ ᠰᠠᠨᠠᠭᠠᠨ᠎ᠤ ᠠᠭᠤᠯᠤᠭ᠍ᠳᠠᠬᠤᠨ ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ 《ᠲᠡᠷᠢᠭᠦᠨ᠎ᠦ ᠴᠢᠨᠠᠷ᠎ᠢᠶᠠᠨ ᠡᠭᠦᠷᠢᠳᠡ ᠪᠠᠲᠤᠯᠠᠬᠤ》 ᠤᠯᠤᠰ ᠲᠦᠷᠦ᠍᠎ᠶ᠋ᠢᠨ ᠬᠡᠪ ᠴᠢᠨᠠᠷ᠎ᠢ ᠢᠯᠡᠷᠡᠭᠦᠯᠪᠡ᠃ ᠵᠠᠭᠤᠨ ᠵᠢᠯ᠎ᠦᠨ ᠲᠤᠷᠰᠢ᠂ ᠳᠤᠮᠳᠠᠳᠤ ᠤᠯᠤᠰ᠎ᠤᠨ ᠡᠪ ᠬᠠᠮᠲᠤ ᠨᠠᠮ ᠢᠮᠠᠭ᠍ᠲᠠ ᠮᠠᠷᠺᠰ᠎ᠤᠨ ᠦᠵᠡᠯ᠎ᠦᠨ ᠦᠨᠡᠨ ᠶᠣᠰᠣ᠎ᠪᠠᠷ ᠦᠢᠯᠡᠳᠦᠯᠭᠡ᠎ᠪᠡᠨ ᠵᠢᠯᠤᠭᠤᠳᠤᠭᠤᠯᠵᠤ᠂ ᠡᠪ ᠬᠠᠮᠲᠤ ᠶᠣᠰᠣᠨ᠎ᠤ ᠠᠯᠤᠰ ᠬᠡᠳᠤ᠎ᠶ᠋ᠢᠨ ᠬᠦᠰᠡᠯᠡᠩ᠎ᠢᠶᠡᠷ ᠢᠷᠡᠭᠡᠳᠦᠢ᠎ᠪᠡᠨ ᠵᠢᠯᠤᠭᠤᠳᠤᠭᠤᠯᠵᠤ᠂ ᠲᠡᠦᠬᠡ᠎ᠶ᠋ᠢᠨ ᠤᠷᠤᠭ᠍ᠰᠢᠯᠠᠯᠲᠠ᠎ᠶ᠋ᠢᠨ ᠵᠥᠪ ᠴᠢᠭ᠌ᠯᠡᠯ᠎ᠢ ᠪᠠᠲᠤ ᠡᠵᠡᠮᠳᠡᠪᠡ᠃

ᠮᠠᠷᠺᠰ᠎ᠤᠨ᠎ᠦᠵᠡᠯ᠎ᠦᠨ᠎ᠲᠦᠷᠦ᠍᠎ᠶ᠋ᠢᠨ᠎ᠨᠠᠮ᠎ᠤᠨ᠎ᠲᠡᠷᠢᠭᠦᠨ᠎ᠦ᠎ᠴᠢᠨᠠᠷ ᠨᠢ ᠡᠩ ᠲᠡᠷᠢᠭᠦᠨ᠎ᠳᠦ ᠦᠵᠡᠯ ᠰᠠᠨᠠᠭ᠎ᠠ ᠤᠨᠤᠯ᠎ᠤᠨ ᠲᠠᠯ᠎ᠠ᠎ᠪᠠᠷ ᠬᠢ ᠲᠡᠷᠢᠭᠦᠨ᠎ᠦ ᠴᠢᠨᠠᠷ ᠳᠡᠭᠡᠷ᠎ᠡ ᠢᠯᠡᠷᠡᠳᠡᠭ᠃ ᠳᠤᠮᠳᠠᠳᠤ ᠤᠯᠤᠰ᠎ᠤᠨ ᠡᠪ ᠬᠠᠮᠲᠤ ᠨᠠᠮ ᠶᠠᠭᠠᠬᠢᠭᠠᠳ ᠪᠤᠯᠬᠤ᠂ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ ᠶᠠᠭᠠᠬᠢᠭᠠᠳ ᠰᠠᠢ᠌ᠨ ᠪᠠᠢᠳᠠᠭ ᠨᠢ ᠡᠴᠦᠰ᠎ᠦᠨ ᠡᠴᠦᠰ᠎ᠲᠡᠬᠡᠨ ᠮᠠᠷᠺᠰ᠎ᠤᠨ ᠦᠵᠡᠯ᠎ᠡᠴᠡ ᠪᠣᠯᠤᠭ᠍ᠰᠠᠨ ᠶᠤᠮ᠃ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠳᠠᠢ ᠨᠡᠢᠭᠡᠮ ᠵᠢᠷᠤᠮ᠎ᠤᠨ ᠦᠵᠡᠯ ᠰᠠᠨᠠᠭ᠎ᠠ ᠪᠣᠯ ᠤᠳᠤ ᠦᠶ᠎ᠡ᠎ᠶ᠋ᠢᠨ ᠳᠤᠮᠳᠠᠳᠤ ᠤᠯᠤᠰ ᠎ᠤᠨ ᠮᠠᠷᠺᠰ᠎ᠤᠨ ᠦᠵᠡᠯ᠂ ᠬᠣᠷᠢᠨ ᠨᠢᠭᠡᠳᠦᠭᠡᠷ ᠵᠠᠭᠤᠨ᠎ᠤ ᠮᠠᠷᠺᠰ᠎ᠤᠨ ᠦᠵᠡᠯ᠂ ᠳᠤᠮᠳᠠᠳᠤ ᠎ᠶ᠋ᠢᠨ ᠰᠣᠶᠣᠯ ᠪᠠ ᠳᠤᠮᠳᠠᠳᠤ ᠤᠯᠤᠰ᠎ᠤᠨ ᠵᠣᠷᠢᠭ ᠰᠠᠨᠠᠭᠠᠨ᠎ᠤ ᠴᠠᠭ ᠦᠶ᠎ᠡ ᠎ᠶ᠋ᠢᠨ ᠤᠬᠢ ᠰᠣᠳᠣ ᠪᠠᠢᠵᠦ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠭ᠍ᠰᠠᠨ ᠱᠢᠨ᠎ᠡ ᠦᠰᠦᠷᠦᠯᠲᠡ ᠎ᠶ᠋ᠢ ᠪᠡᠶᠡᠯᠡᠭᠦᠯᠪᠡ᠃ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠳᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠪᠦᠬᠦ᠌ ᠨᠠᠮ᠎ᠢ ᠵᠡᠪᠰᠡᠭ᠌ᠯᠡᠵᠦ᠍᠂ ᠠᠷᠠᠳ ᠲᠦᠮᠡᠨ᠎ᠢ ᠬᠥᠮᠦᠵᠢᠭᠦᠯᠬᠦ᠌᠎ᠶ᠋ᠢ ᠪᠠᠷᠢᠮᠲᠠᠯᠠᠬᠤ ᠨᠢ ᠦᠵᠡᠯ ᠰᠠᠨᠠᠭ᠎ᠠ ᠲᠠᠨᠢᠯᠲᠠ᠎ᠪᠠᠨ ᠨᠢᠭᠡᠳᠭᠡᠬᠦ᠌᠂ ᠤᠷᠤᠭ᠍ᠰᠢᠯᠠᠯᠲᠠ᠎ᠶ᠋ᠢᠨ ᠴᠢᠭ᠌ᠯᠡᠯ᠎ᠢᠶᠡᠨ ᠲᠣᠳᠣᠷᠬᠠᠢᠯᠠᠬᠤ᠂ ᠡᠷᠡᠯᠬᠡᠭ᠌ᠯᠡᠨ ᠤᠷᠤᠭ᠍ᠰᠢᠯᠠᠬᠤ ᠬᠦᠴᠦᠨ᠎ᠢᠶᠡᠨ ᠨᠢᠭ᠍ᠲᠠᠷᠠᠭᠤᠯᠬᠤ᠂ ᠨᠡᠢᠭᠡᠮ ᠵᠢᠷᠤᠮᠳᠤ ᠣᠳᠣᠬᠢᠴᠢᠯᠠᠯᠲᠠ ᠪᠠ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠦ ᠴᠢᠬᠤᠯᠠ ᠶᠡᠬᠡ ᠪᠣᠳᠠᠲᠤ ᠠᠴᠢ ᠬᠣᠯᠪᠣᠭ᠍ᠳᠠᠯ ᠪᠠ ᠠᠯᠤᠰ ᠬᠡᠳᠦ᠍᠎ᠶ᠋ᠢᠨ ᠲᠡᠦᠬᠡᠲᠦ ᠠᠴᠢ ᠬᠣᠯᠪᠣᠭ᠍ᠳᠠᠯ᠎ᠲᠠᠶ ᠶᠤᠮ᠃

ᠳᠤᠮᠳᠠᠳᠤ ᠤᠯᠤᠰ᠎ᠤᠨ᠎ᠡᠪ᠎ᠬᠠᠮᠲᠤ ᠨᠠᠮ ᠤᠳᠠᠭ᠎ᠠ ᠲᠠᠷᠠᠭᠠᠯᠠᠨ ᠨᠤᠭᠤᠷᠠᠯ ᠪᠦᠳᠦᠷᠢᠯ᠎ᠳᠦ ᠤᠴᠠᠷᠠᠵᠤ᠂᠎ᠤᠳᠠᠭ᠎ᠠ᠎ᠲᠠᠷᠠᠭᠠᠯᠠᠨ᠎ᠡᠷᠡᠯᠬᠡᠭ᠌ᠯᠡᠨ ᠪᠣᠰᠴᠤ᠌ ᠴᠢᠳᠠᠭ᠍ᠰᠠᠨ ᠨᠢ ᠨᠠᠮ ᠪᠠᠢᠭᠤᠯᠤᠭ᠍ᠳᠠᠭ᠍ᠰᠠᠨ ᠡᠳᠦᠷ᠎ᠡᠴᠡ᠎ᠡᠬᠢᠯᠡᠨ᠎ᠡᠪ᠎ᠬᠠᠮᠲᠤ᠎ᠶᠣᠰᠣ᠎ᠶ᠋ᠢ᠎ᠠᠯᠤᠰ ᠭᠡᠳᠤ᠎ᠶ᠋ᠢᠨ ᠬᠦᠰᠡᠯᠡᠩ ᠪᠣᠯᠭᠠᠨ ᠲᠣᠭ᠍ᠲᠠᠭᠠᠵᠤ᠂ ᠨᠡᠢᠭᠡᠮ ᠵᠢᠷᠤᠮ ᠪᠠ ᠡᠪ ᠬᠠᠮᠲᠤ ᠶᠣᠰᠣ ᠪᠣᠯ ᠳᠤᠮᠳᠠᠳᠤ ᠤᠯᠤᠰ᠎ᠤᠨ ᠢᠷᠡᠭᠡᠳᠦᠢ᠎ᠶ᠋ᠢᠨ ᠬᠥᠭ᠌ᠵᠢᠯᠲᠡ᠎ᠶ᠋ᠢᠨ ᠴᠢᠭ᠌ᠯᠡᠯ ᠪᠠ ᠭᠠᠷᠬᠤ ᠵᠠᠮ ᠮᠥᠨ ᠭᠡᠳᠡᠭ᠎ᠢ ᠪᠠᠲᠤ ᠢᠲᠡᠭᠡᠭ᠌ᠰᠡᠨ᠎ᠡᠴᠡ ᠪᠣᠯᠤᠭ᠍ᠰᠠᠨ ᠶᠤᠮ᠃

 

ᠬᠦᠨᠳᠦ ᠡᠭᠦᠷᠭᠡ ᠎ᠶ᠋ᠢ ᠵᠣᠷᠢᠭ᠍ᠲᠠᠢ ᠪᠡᠷ ᠡᠭᠦᠷᠭᠡᠯᠡᠪᠡ

 

ᠠᠭᠤᠤ ᠶᠡᠬᠡ ᠨᠠᠮ ᠪᠠᠢᠭᠤᠯᠬᠤ ᠵᠣᠷᠢᠭ ᠰᠠᠨᠠᠭ᠎ᠠ᠎ᠳᠤ ᠠᠭᠤᠯᠤᠭ᠍ᠳᠠᠵᠤ ᠪᠠᠢᠭ᠎ᠠ 《ᠤᠭ ᠰᠠᠨᠠᠭ᠎ᠠ᠎ᠪᠠᠨ ᠦᠢᠯᠡᠳᠦᠯᠭᠡᠵᠢᠭᠦᠯᠵᠦ᠍᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ᠌》 ᠵᠣᠷᠢᠭ ᠰᠠᠨᠠᠭᠠᠨ᠎ᠤ ᠠᠭᠤᠯᠤᠭ᠍ᠳᠠᠬᠤᠨ ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠦᠨᠳᠦ ᠡᠭᠦᠷᠭᠡ᠎ᠶ᠋ᠢ ᠵᠣᠷᠢᠭ᠍ᠲᠠᠢ ᠪᠡᠷ ᠡᠭᠦᠷᠭᠡᠯᠡᠬᠦ᠌ ᠤᠯᠤᠰ ᠲᠦᠷᠦ᠍᠎ᠶ᠋ᠢᠨ ᠬᠡᠪ ᠴᠢᠨᠠᠷ᠎ᠢ ᠢᠯᠡᠷᠡᠭᠦᠯᠪᠡ᠃ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ᠎ᠶ᠋ᠢᠨ ᠦᠨᠳᠦᠰᠦᠲᠡᠨ᠎ᠦ ᠥᠴᠥᠭᠡᠳᠦᠷ᠎ᠦᠨ ᠲᠡᠦᠬᠡ᠎ᠶ᠋ᠢ ᠢᠮᠠᠭ᠍ᠲᠠ ᠪᠠᠲᠤ ᠴᠡᠭᠡᠵᠢᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠥᠨᠥᠳᠦᠷ᠎ᠦᠨ ᠲᠡᠮᠡᠴᠡᠯ᠎ᠳᠦ ᠰᠠᠭᠤᠷᠢᠯᠠᠨ᠂ ᠳᠤᠮᠳᠠᠳᠤ᠎ᠶ᠋ᠢᠨ ᠦᠨᠳᠦᠰᠦᠲᠡᠨ᠎ᠦ ᠮᠠᠷᠭᠠᠰᠢ᠎ᠶ᠋ᠢᠨ ᠰᠠᠢ᠌ᠨ ᠰᠠᠢᠬᠠᠨ᠎ᠢ ᠴᠣᠭ᠍ᠴᠠᠯᠠᠬᠤ᠎ᠪᠠᠷ ᠵᠣᠷᠢᠭ ᠱᠢᠭᠤᠳᠴᠤ᠌᠂ ᠴᠠᠭ ᠦᠶ᠎ᠡ ᠎ᠶ᠋ᠢᠨ ᠬᠦᠨᠳᠦ ᠡᠭᠦᠷᠭᠡ ᠎ᠶ᠋ᠢ ᠡᠭᠦᠷᠭᠡᠯᠡᠬᠦ᠌ ᠳᠤᠮᠳᠠ ᠲᠡᠦᠬᠡ᠎ᠶ᠋ᠢᠨ ᠤᠷᠤᠭ᠍ᠰᠢᠯᠠᠯᠲᠠ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠪᠠᠲᠤ ᠡᠵᠡᠮᠱᠢᠵᠦ᠍᠂ ᠳᠤᠮᠳᠠᠳᠤ᠎ᠶ᠋ᠢᠨ᠎ᠦᠨᠳᠦᠰᠦᠲᠡᠨ᠎ᠦ᠎ᠨᠢᠷᠤᠭᠤ᠎ᠲᠤᠯᠭᠠᠭᠤᠷᠢ᠎ᠪᠤᠯᠵᠤ᠂ ᠲᠡᠦᠬᠡ᠎ᠶ᠋ᠢᠨ ᠤᠷᠤᠭ᠍ᠰᠢᠯᠠᠯᠲᠠ᠎ᠶ᠋ᠢ ᠲᠠᠰᠤᠷᠠᠯᠳᠠ ᠦᠭᠡᠢ ᠠᠬᠢᠭᠤᠯᠪᠠ᠃

ᠳᠤᠮᠳᠠᠳᠤ ᠤᠯᠤᠰ᠎ᠤᠨ ᠡᠪ ᠬᠠᠮᠲᠤ ᠨᠠᠮ ᠮᠡᠨᠳᠦᠯᠡᠭ᠌ᠰᠡᠨ ᠡᠳᠦᠷ᠎ᠡᠴᠡ᠎ᠪᠡᠨ ᠡᠬᠢᠯᠡᠨ᠂ ᠬᠠᠭᠠᠰ᠎ᠺᠣᠯᠣᠨᠢ᠎ᠬᠠᠭᠠᠰ᠎ᠹᠸᠤᠳᠠᠯ᠎ᠤᠨ᠎ᠬᠠᠭᠤᠴᠢᠨ᠎ᠳᠤᠮᠳᠠᠳᠤ᠎ᠤᠯᠤᠰ᠎ᠲᠤ ᠬᠥᠮᠦᠨ ᠲᠥᠷᠥᠯᠬᠢᠲᠡᠨ᠎ᠦ ᠲᠤᠰ ᠪᠡᠶ᠎ᠡ᠎ᠶ᠋ᠢᠨ ᠴᠢᠯᠥᠭᠡᠯᠡᠯᠲᠡ᠎ᠶ᠋ᠢᠨ ᠵᠠᠮ᠎ᠢ ᠭᠡᠷᠡᠯᠲᠦᠭᠦᠯᠦᠭ᠌ᠰᠡᠨ ᠮᠠᠷᠺᠰ᠎ᠤᠨ ᠦᠵᠡᠯ᠎ᠦᠨ ᠭᠠᠯ ᠪᠠᠮᠪᠠᠷ᠎ᠢ ᠥᠨᠳᠥᠷ ᠡᠷᠭᠦᠵᠦ᠍᠂ ᠳᠤᠮᠳᠠᠳᠤ ᠤᠯᠤᠰ᠎ᠤᠨ ᠠᠷᠠᠳ ᠲᠦᠮᠡᠨ᠎ᠢ ᠳᠠᠭᠠᠭᠤᠯᠤᠨ ᠭᠤᠷᠪᠠᠨ ᠶᠡᠬᠡ ᠠᠭᠤᠯᠠ᠎ᠶ᠋ᠢ ᠲᠦᠯᠬᠢᠨ ᠤᠨᠠᠭᠠᠵᠤ᠂ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠢ ᠪᠠᠢᠭᠤᠯᠵᠤ᠂ ᠨᠡᠢᠭᠡᠮ ᠵᠢᠷᠤᠮ᠎ᠤᠨ ᠦᠨᠳᠦᠰᠦᠨ ᠪᠠᠢᠭᠤᠯᠤᠯ᠎ᠢ ᠲᠣᠭ᠍ᠲᠠᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠲᠡᠦᠬᠡᠨ ᠳᠡᠭᠡᠷᠡᠬᠢ ᠬᠠᠮᠤᠭ᠎ᠤᠨ ᠥᠷᠭᠡᠨ ᠳᠡᠯᠭᠡᠷ ᠪᠥᠭᠡᠳ ᠭᠦᠨ ᠭᠦᠨᠵᠡᠭᠡᠢ ᠨᠡᠢᠭᠡᠮ᠎ᠦᠨ ᠬᠤᠪᠢᠰᠤᠯᠲᠠ᠎ᠶ᠋ᠢ ᠪᠡᠶᠡᠯᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠡᠳᠦᠨ ᠮᠢᠩᠭᠠᠨ ᠵᠢᠯ᠎ᠦᠨ ᠹᠸᠤᠳᠠᠯ᠎ᠤᠨ ᠡᠵᠡᠷᠬᠡᠭ ᠪᠠᠢᠭᠤᠯᠤᠯ᠎ᠠᠴᠠ ᠠᠷᠠᠳ᠎ᠤᠨ ᠠᠷᠠᠳᠴᠢᠯᠠᠯ ᠲᠡᠢᠰᠢ ᠱᠢᠯᠵᠢᠬᠦ᠌ ᠠᠭᠤᠤ ᠶᠡᠬᠡ ᠦᠰᠦᠷᠦᠯᠲᠡ᠎ᠶ᠋ᠢ ᠪᠡᠶᠡᠯᠡᠭᠦᠯᠵᠦ᠍᠂ ᠳᠠᠷᠤᠯᠠᠯ ᠲᠤᠷᠤᠮᠵᠢᠯᠠᠯ᠎ᠢ ᠬᠠᠱᠢᠷᠠᠲᠠᠯ᠎ᠠ ᠠᠮᠰᠠᠭ᠍ᠰᠠᠨ᠎ᠠᠴᠠ ᠡᠷᠬᠡ ᠮᠡᠳᠡᠵᠦ᠍ ᠡᠵᠡᠨ ᠰᠠᠭᠤᠭ᠍ᠰᠠᠨ ᠠᠭᠤᠤ ᠶᠡᠬᠡ ᠦᠰᠦᠷᠦᠯᠲᠡ᠎ᠶ᠋ᠢ ᠪᠡᠶᠡᠯᠡᠭᠦᠯᠵᠡᠢ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠰᠢ᠎ᠶ᠋ᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠢ᠎ᠠ᠂ ᠠᠯᠢ ᠤᠯᠠᠨ ᠴᠢᠬᠤᠯᠠ ᠶᠡᠬᠡ ᠴᠢᠭ᠌ᠯᠡᠯᠲᠡ ᠲᠦᠷᠦ᠍ ᠎ᠶ᠋ᠢᠨ ᠪᠤᠳᠤᠯᠭ᠎ᠠ ᠲᠣᠭ᠍ᠲᠠᠭᠠᠵᠤ᠂ ᠠᠯᠢ ᠤᠯᠠᠨ ᠴᠢᠬᠤᠯᠠ ᠶᠡᠬᠡ ᠠᠷᠭ᠎ᠠ ᠬᠡᠮᠵᠢᠶ᠎ᠡ ᠠᠪᠴᠤ᠌᠂ ᠠᠯᠢ ᠤᠯᠠᠨ ᠴᠢᠬᠤᠯᠠ ᠶᠡᠬᠡ ᠠᠵᠢᠯ᠎ᠢ ᠠᠬᠢᠭᠤᠯᠵᠤ᠂ ᠠᠯᠢ ᠤᠯᠠᠨ ᠬᠦᠨᠳᠦ ᠶᠡᠬᠡ ᠠᠶᠤᠯ ᠲᠦᠭ᠌ᠰᠢᠭᠦᠷᠢ ᠥᠷᠢᠰᠥᠯᠳᠦᠭᠡᠨ᠎ᠢ ᠢᠯᠠᠨ ᠳᠠᠪᠠᠵᠤ᠂ ᠤᠷᠳᠤ ᠬᠤᠭᠤᠴᠠᠭᠠᠨ᠎ᠤ ᠲᠤᠷᠰᠢ ᠱᠢᠢᠳᠪᠦᠷᠢᠯᠡᠬᠦ᠌ ᠭᠡᠰᠡᠨ ᠪᠣᠯᠪᠠᠴᠤ᠌ ᠱᠢᠢᠳᠪᠦᠷᠢᠯᠡᠭᠡᠳᠦᠢ ᠪᠠᠢᠭ᠍ᠰᠠᠨ ᠮᠠᠰᠢ ᠤᠯᠠᠨ ᠬᠦᠴᠢᠷ ᠠᠰᠠᠭᠤᠳᠠᠯ᠎ᠢ ᠱᠢᠢᠳᠪᠦᠷᠢᠯᠡᠵᠦ᠍᠂ ᠥᠩᠭᠡᠷᠡᠭ᠌ᠰᠡᠨ᠎ᠳᠦ ᠬᠢᠬᠦ᠌ ᠭᠡᠰᠡᠨ ᠪᠣᠯᠪᠠᠴᠤ᠌ ᠬᠢᠵᠦ᠍ ᠳᠡᠢᠯᠦᠭᠡᠳᠦᠢ ᠪᠠᠢᠭ᠍ᠰᠠᠨ ᠮᠠᠰᠢ ᠤᠯᠠᠨ ᠶᠡᠬᠡ ᠶᠠᠪᠤᠳᠠᠯ ᠎ᠢ ᠪᠦᠲᠦᠭᠡᠵᠦ᠍᠂ ᠨᠠᠮ ᠪᠣᠯᠤᠨ ᠤᠯᠤᠰ᠎ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ᠎ᠶ᠋ᠢ ᠠᠬᠢᠭᠤᠯᠪᠠ᠃

 

ᠡᠭᠦᠷᠢᠳᠡ ᠲᠡᠮᠡᠴᠡᠬᠦ᠌ ᠎ᠶᠢ ᠪᠠᠷᠢᠮᠳᠠᠯᠠᠪᠠ

 

ᠠᠭᠤᠤ ᠶᠡᠬᠡ ᠨᠠᠮ ᠪᠠᠢᠭᠤᠯᠬᠤ ᠵᠣᠷᠢᠭ ᠰᠠᠨᠠᠭ᠎ᠠ ᠎ᠳᠤ ᠠᠭᠤᠯᠤᠭ᠍ᠳᠠᠵᠤ ᠪᠠᠢᠭ᠎ᠠ 《ᠦᠷᠡᠭ᠌ᠳᠡᠯ ᠰᠦᠢᠳᠦᠯ᠎ᠡᠴᠡ ᠠᠶᠤᠬᠤ ᠦᠭᠡᠢ᠂ ᠡᠷᠡᠯᠬᠡᠭ ᠪᠠᠭᠠᠲᠤᠷᠯᠢᠭ ᠎ᠢᠶᠠᠷ ᠲᠡᠮᠡᠴᠡᠬᠦ᠌》 ᠵᠣᠷᠢᠭ ᠰᠠᠨᠠᠭᠠᠨ᠎ᠤ ᠠᠭᠤᠯᠤᠭ᠍ᠳᠠᠬᠤᠨ ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠭᠦᠷᠢᠳᠡ ᠲᠡᠮᠡᠴᠡᠬᠦ᠌ ᠤᠯᠤᠰ ᠲᠦᠷᠦ᠍᠎ᠶ᠋ᠢᠨ ᠬᠡᠪ ᠴᠢᠨᠠᠷ᠎ᠢ ᠢᠯᠡᠷᠡᠭᠦᠯᠪᠡ᠃ ᠲᠡᠦᠬᠡ ᠎ᠶ᠋ᠢ ᠡᠷᠭᠢᠴᠡᠭᠦᠯᠬᠦᠶ᠎ᠡ᠂ ᠦᠶ᠎ᠡ ᠦᠶ᠎ᠡ ᠎ᠶ᠋ᠢᠨ ᠳᠤᠮᠳᠠᠳᠤ ᠤᠯᠤᠰ᠎ᠤᠨ ᠡᠪ ᠬᠠᠮᠲᠤᠴᠤᠳ ᠣᠷᠭᠢᠯᠤᠮ᠎ᠠ ᠬᠠᠯᠠᠭᠤᠨ ᠰᠡᠳᠭᠢᠯᠭᠡ᠎ᠪᠡᠷ ᠨᠠᠮ᠎ᠢᠶᠡᠨ ᠪᠠᠢᠭᠤᠯᠵᠤ᠂ ᠲᠡᠰᠪᠦᠷᠢ ᠬᠠᠲᠠᠭᠤᠵᠢᠯᠲᠠᠢ ᠲᠡᠮᠡᠴᠡᠬᠦ᠌ ᠳᠤᠮᠳᠠ ᠨᠠᠮ᠎ᠢᠶᠠᠨ ᠪᠠᠢᠭᠤᠯᠵᠤ᠂ ᠲᠠᠰᠤᠷᠠᠯᠲᠠ ᠦᠭᠡᠢ ᠡᠷᠡᠮᠡᠬᠡᠢᠯᠡᠨ ᠤᠷᠤᠭ᠍ᠰᠢᠯᠠᠬᠤ ᠳᠤᠮᠳᠠ ᠨᠠᠮ᠎ᠢᠶᠠᠨ ᠮᠠᠨᠳᠤᠭᠤᠯᠵᠤ᠂ ᠥᠨᠢ ᠡᠭᠦᠷᠢᠳᠡ ᠲᠡᠮᠡᠴᠡᠬᠦ᠌ ᠳᠤᠮᠳᠠ ᠲᠡᠦᠬᠡ ᠎ᠶ᠋ᠢᠨ ᠬᠤᠪᠢᠰᠤᠯᠲᠠ᠎ᠶ᠋ᠢ ᠪᠡᠶᠡᠯᠡᠭᠦᠯᠬᠦ᠌ ᠴᠢᠬᠤᠯᠠ ᠶᠡᠬᠡ ᠠᠵᠠ ᠲᠣᠬᠢᠶᠠᠯ᠎ᠢ ᠠᠮᠵᠢᠵᠤ᠂ ᠲᠡᠦᠬᠡ ᠎ᠶ᠋ᠢᠨ ᠤᠷᠤᠭ᠍ᠰᠢᠯᠠᠯᠲᠠ᠎ᠶ᠋ᠢ ᠬᠠᠷᠱᠢᠯᠠᠵᠤ ᠪᠠᠢᠭ᠎ᠠ ᠬᠦᠨᠳᠦ ᠶᠡᠬᠡ ᠠᠶᠤᠯ ᠲᠦᠭ᠌ᠰᠢᠭᠦᠷᠢ᠎ᠶ᠋ᠢ ᠠᠷᠢᠯᠭᠠᠵᠤ᠂ ᠲᠠᠰᠤᠷᠠᠯᠲᠠ ᠦᠭᠡᠢ ᠢᠯᠠᠯᠲᠠ᠎ᠠᠴᠠ ᠢᠯᠠᠯᠲᠠ ᠳᠡᠢᠰᠢ ᠤᠷᠤᠬᠰᠢᠯᠠᠪᠠ᠃

ᠲᠦᠮᠡᠨ ᠭᠠᠵᠠᠷ᠎ᠤᠨ ᠤᠷᠳᠤ ᠵᠠᠮ᠎ᠤᠨ ᠠᠶᠠᠨ ᠲᠠᠢ᠌ᠨ᠎ᠦ ᠳᠤᠮᠳᠠ᠂ ᠳᠤᠮᠳᠠᠳᠤ ᠤᠯᠤᠰ᠎ᠤᠨ ᠡᠪ ᠬᠠᠮᠲᠤ ᠨᠠᠮ ᠤᠯᠠᠭᠠᠨ ᠴᠡᠷᠢᠭ᠎ᠢ ᠤᠳᠤᠷᠢᠳᠤᠨ ᠶᠡᠷᠦ᠍ ᠪᠤᠰᠤ ᠎ᠶ᠋ᠢᠨ ᠤᠶᠤᠨ ᠤᠬᠠᠭᠠᠨ ᠪᠠ ᠶᠠᠭᠤᠨ᠎ᠠᠴᠠ ᠴᠤ᠌ ᠠᠶᠤᠬᠤ ᠦᠭᠡᠢ ᠪᠠᠭᠠᠲᠤᠷᠯᠢᠭ ᠰᠥᠰᠥ᠍ ᠵᠣᠷᠢᠭ ᠎ᠢᠶᠠᠷ᠂ ᠮᠢᠩᠭᠠᠨ ᠪᠡᠷᠬᠡ ᠲᠦᠮᠡᠨ ᠪᠠᠷᠳᠠᠭ᠎ᠠ᠎ᠶ᠋ᠢ ᠢᠯᠠᠨ ᠳᠠᠪᠠᠵᠤ᠂ ᠯᠤᠲᠤ ᠶᠡᠬᠡ ᠦᠷᠡᠭ᠌ᠳᠡᠯ ᠭᠠᠷᠭᠠᠵᠤ᠂ ᠬᠤᠪᠢᠰᠭᠠᠯ ᠎ᠤᠨ ᠤᠴᠢ ᠎ᠶ᠋ᠢᠨ ᠦᠶ᠎ᠡ ᠤᠯᠠᠷᠢᠨ ᠪᠠᠳᠠᠷᠠᠬᠤ᠎ᠶ᠋ᠢ ᠦᠨᠡᠨ ᠬᠦ᠌ ᠪᠠᠲᠤᠯᠠᠪᠠ᠃ ᠣᠳᠣᠬᠠᠨ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠳᠠᠭᠠᠭᠤᠯᠤᠨ ᠨᠡᠢᠭᠡᠮ ᠵᠢᠷᠤᠮᠲᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠵᠤ ᠪᠠᠢᠨ᠎ᠠ᠃ ᠱᠢᠨ᠎ᠡ ᠴᠠᠭ ᠦᠶ᠎ᠡ ᠱᠢᠨ᠎ᠡ ᠠᠶᠠᠨ ᠵᠠᠮ᠎ᠳᠤ᠂ ᠳᠤᠮᠳᠠᠳᠤ ᠤᠯᠤᠰ᠎ᠤᠨ᠎ᠡᠪ᠎ᠬᠠᠮᠲᠤ᠎ᠨᠠᠮ᠎ᠤᠷᠢᠳ ᠡᠮᠦᠨ᠎ᠡ ᠪᠠᠢᠭ᠎ᠠ ᠦᠭᠡᠢ ᠲᠡᠦᠬᠡ᠎ᠶ᠋ᠢᠨ ᠠᠵᠠ ᠲᠣᠬᠢᠶᠠᠯ᠎ᠳᠤ ᠲᠤᠯᠭᠠᠷᠠᠵᠤ ᠪᠠᠢᠬᠤ ᠪᠥᠭᠡᠳ ᠨᠡᠩ ᠤᠯᠠᠨ ᠡᠱᠢᠵᠢᠭ᠌ᠰᠡᠨ᠂ ᠨᠡᠩ ᠪᠡᠷᠬᠡ ᠬᠠᠲᠠᠭᠤᠵᠢᠯᠲᠠᠢ ᠴᠠᠭ ᠦᠶ᠎ᠡ᠎ᠶ᠋ᠢᠨ ᠥᠷᠢᠰᠥᠯᠳᠦᠭᠡᠨ᠎ᠳᠦ ᠲᠤᠯᠭᠠᠷᠠᠬᠤ ᠨᠢ ᠯᠠᠪᠲᠠᠢ᠃ ᠮᠠᠰᠢ ᠤᠯᠠᠨ ᠲᠡᠦᠬᠡ᠎ᠶ᠋ᠢᠨ ᠱᠢᠨ᠎ᠡ ᠣᠨᠴᠠᠯᠢᠭ᠎ᠲᠠᠶ᠎ᠠᠭᠤᠤ ᠶᠡᠬᠡ ᠲᠡᠮᠡᠴᠡᠯ᠎ᠦᠨ ᠡᠮᠦᠨ᠎ᠡ᠂ ᠪᠢᠳᠡ ᠡᠷᠬᠡᠪᠰᠢ ᠴᠠᠭ ᠦᠶ᠎ᠡ᠎ᠶ᠋ᠢᠨ ᠣᠨᠴᠠᠯᠢᠭ᠎ᠲᠠᠶ ᠤᠶᠠᠯᠳᠤᠭᠤᠯᠤᠨ ᠠᠭᠤᠤ ᠶᠡᠬᠡ ᠨᠠᠮ ᠪᠠᠢᠭᠤᠯᠬᠤ ᠵᠣᠷᠢᠭ ᠰᠠᠨᠠᠭ᠎ᠠ᠎ᠶ᠋ᠢ ᠶᠡᠬᠡ᠎ᠪᠡᠷ ᠪᠠᠳᠠᠷᠠᠭᠤᠯᠵᠤ᠂ ᠲᠡᠮᠡᠴᠡᠯ᠎ᠦᠨ ᠴᠢᠳᠠᠪᠤᠷᠢ᠎ᠪᠠᠨ ᠲᠠᠰᠤᠷᠠᠯᠳᠠ ᠦᠭᠡᠢ ᠳᠡᠭᠡᠭ᠌ᠰᠢᠯᠡᠭᠦᠯᠦᠨ᠂ ᠬᠦᠨᠳᠦ ᠶᠡᠬᠡ ᠱᠢᠯᠭᠠᠯᠲᠠ᠎ᠶ᠋ᠢ ᠪᠦᠲᠦᠮᠵᠢᠲᠡᠢ ᠠᠷᠭᠠᠴᠠᠭᠠᠵᠤ᠂ ᠬᠦᠨᠳᠦ ᠶᠡᠬᠡ ᠠᠶᠤᠯ ᠲᠦᠭ᠌ᠰᠢᠭᠦᠷᠢ᠎ᠶ᠋ᠢ ᠡᠰᠡᠷᠭᠦᠴᠡᠨ ᠠᠷᠢᠯᠭᠠᠬᠤ᠎ᠳᠠᠭᠠᠨ ᠴᠢᠳᠠᠮᠠᠭᠠᠢ ᠪᠠᠢᠵᠤ᠂ ᠡᠯ᠎ᠡ ᠵᠦᠢᠯ᠎ᠦᠨ ᠬᠦᠨᠳᠦ ᠶᠡᠬᠡ ᠬᠠᠷᠰᠢ ᠰᠠᠭᠠᠳ ᠎ᠢ ᠢᠯᠠᠨ ᠳᠠᠪᠠᠵᠤ᠂ ᠬᠢᠮᠤᠷᠠᠯ ᠎ᠤᠨ ᠳᠤᠮᠳᠠ ᠠᠵᠠ ᠲᠣᠬᠢᠶᠠᠯ᠎ᠢ ᠪᠣᠢ ᠪᠤᠯᠭᠠᠨ᠂ ᠬᠤᠪᠢᠷᠠᠯᠲᠠ᠎ᠶ᠋ᠢᠨ ᠳᠤᠮᠳᠠ ᠱᠢᠨ᠎ᠡ ᠪᠠᠢᠳᠠᠯ᠎ᠢ ᠡᠭᠦᠳᠴᠦ᠍᠂ ᠠᠭᠤᠤ ᠶᠡᠬᠡ ᠱᠢᠨ᠎ᠡ ᠢᠯᠠᠯᠲᠠ ᠎ᠶ᠋ᠢ ᠲᠠᠰᠤᠷᠠᠯᠳᠠ ᠦᠭᠡᠢ ᠲᠡᠮᠡᠴᠡᠨ ᠤᠯᠬᠤ ᠬᠡᠷᠡᠭ᠌ᠲᠡᠢ᠃

 

ᠤᠬ ᠰᠠᠨᠠᠭ᠎ᠠ ᠪᠠᠨ ᠡᠬᠦᠷᠢᠲᠡ ᠴᠡᠭᠡᠵᠢᠯᠡᠬᠦ ᠎ᠶᠢ ᠪᠠᠷᠢᠮᠳᠠᠯᠠᠪᠠ

 

《ᠤᠭ ᠰᠠᠨᠠᠭ᠎ᠠ᠎ᠪᠠᠨ ᠡᠭᠦᠷᠢᠳᠡ ᠴᠡᠭᠡᠵᠢᠯᠡᠬᠦ᠌》 ᠪᠣᠯ ᠥᠨᠢ ᠡᠭᠦᠷᠢᠳᠡ ᠠᠷᠠᠳ ᠲᠦᠮᠡᠨ᠎ᠳᠦ ᠲᠦᠱᠢᠭ᠌ᠯᠡᠵᠦ᠍᠂ ᠥᠨᠢ ᠡᠭᠦᠷᠢᠳᠡ ᠠᠷᠠᠳ ᠲᠦᠮᠡᠨ᠎ᠦ ᠲᠥᠯᠥᠭᠡ ᠪᠠᠢᠬᠤ ᠶᠠᠪᠤᠳᠠᠯ ᠪᠣᠯᠤᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ ᠮᠡᠨᠳᠦᠯᠡᠭ᠌ᠰᠡᠨ ᠎ᠡᠴᠡ ᠨᠠᠭᠠᠰᠢ ᠢᠮᠠᠭ᠍ᠲᠠ ᠠᠷᠠᠳ ᠲᠦᠮᠡᠨ᠎ᠳᠦ ᠵᠣᠯ ᠵᠢᠷᠭᠠᠯ ᠡᠳ᠋ᠯᠡᠭᠦᠯᠬᠦ᠌᠂ ᠠᠷᠠᠳ ᠲᠦᠮᠡᠨ᠎ᠦ ᠠᠵᠠ ᠵᠢᠷᠭᠠᠯ᠎ᠢ ᠨᠡᠮᠡᠭ᠌ᠳᠡᠭᠦᠯᠬᠦ᠌᠂ ᠠᠷᠠᠳ ᠲᠦᠮᠡᠨ᠎ᠦ ᠬᠦᠴᠦᠨ᠎ᠳᠦ ᠲᠦᠱᠢᠭ᠌ᠯᠡᠬᠦ᠌᠎ᠶ᠋ᠢ ᠪᠠᠷᠢᠮᠲᠠᠯᠠᠵᠤ᠂ ᠠᠷᠠᠳ ᠲᠦᠮᠡᠨ᠎ᠦ ᠲᠥᠯᠥᠭᠡ ᠦᠨᠡᠨᠴᠢ ᠱᠢᠳᠤᠷᠭᠤ᠎ᠪᠠᠷ ᠬᠤᠪᠢ ᠨᠡᠮᠡᠷᠢ ᠦᠵᠡᠭᠦᠯᠬᠦ᠌ ᠳᠤᠮᠳᠠ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠪᠠᠶᠠᠨ ᠬᠦᠴᠦᠷᠬᠡᠭ ᠪᠣᠯᠬᠤ᠎ᠶ᠋ᠢ ᠲᠠᠰᠤᠷᠠᠯᠲᠠ ᠦᠭᠡᠢ ᠠᠬᠢᠭᠤᠯᠪᠠ᠃ ᠠᠷᠠᠳ ᠲᠦᠮᠡᠨ᠎ᠦ ᠵᠣᠭ᠍ᠰᠣᠯᠲᠠ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠨᠳᠦᠰᠦᠨ ᠤᠯᠤᠰ ᠲᠦᠷᠦ᠍ ᠎ᠶ᠋ᠢᠨ ᠵᠣᠭ᠍ᠰᠣᠯᠲᠠ ᠮᠥᠨ᠂ ᠮᠠᠷᠺᠰ᠎ᠤᠨ ᠦᠵᠡᠯ᠎ᠦᠨ ᠲᠦᠷᠦ᠍᠎ᠶ᠋ᠢᠨ ᠨᠠᠮ᠎ᠤᠨ ᠪᠤᠰᠤᠳ ᠲᠦᠷᠦ᠍᠎ᠶ᠋ᠢᠨ ᠨᠠᠮ᠎ᠠᠴᠠ ᠢᠯᠭᠠᠭ᠍ᠳᠠᠬᠤ ᠢᠯᠡᠷᠬᠡᠢ ᠱᠢᠨᠵᠢ ᠲᠡᠮᠳᠡᠭ ᠮᠥᠨ᠂ ᠨᠠᠮ᠎ᠤᠨ ᠠᠯᠢᠪᠠ ᠬᠦᠴᠢᠷ ᠪᠡᠷᠬᠡᠱᠢᠶᠡᠯ ᠪᠠ ᠠᠶᠤᠯ ᠲᠦᠭ᠌ᠰᠢᠭᠦᠷᠢ ᠎ᠶ᠋ᠢ ᠢᠯᠠᠨ ᠳᠠᠪᠠᠬᠤ ᠦᠨᠳᠦᠰᠦᠨ ᠪᠠᠲᠤᠯᠠᠭ᠎ᠠ ᠮᠥᠨ᠃

ᠳᠤᠮᠳᠠᠳᠤ ᠤᠯᠤᠰ᠎ᠤᠨ ᠡᠪ ᠬᠠᠮᠲᠤ ᠨᠠᠮ ᠲᠦᠷᠦ᠍᠎ᠶ᠋ᠢᠨ ᠡᠷᠬᠡ᠎ᠶ᠋ᠢᠨ ᠮᠠᠨᠳᠤᠬᠤ  ᠪᠠᠭᠤᠷᠠᠬᠤ ᠰᠣᠯᠢᠭ᠍ᠳᠠᠬᠤ ᠲᠡᠦᠬᠡ᠎ᠶ᠋ᠢᠨ ᠵᠢᠮ᠎ᠡ ᠶᠣᠰᠣ᠎ᠶ᠋ᠢ ᠭᠦᠨᠵᠡᠭᠡᠢ ᠲᠠᠨᠢᠵᠤ᠂ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠬᠦ᠌ ᠦᠨᠳᠦᠰᠦᠨ ᠵᠣᠷᠢᠯᠲᠠ᠎ᠶ᠋ᠢ ᠪᠠᠷᠢᠮᠲᠠᠯᠠᠨ᠂ ᠠᠷᠠᠳ ᠲᠦᠮᠡᠨ᠎ᠦ ᠵᠣᠭ᠍ᠰᠣᠯᠲᠠ᠎ᠳᠤ ᠪᠠᠲᠤ ᠵᠣᠭ᠍ᠰᠣᠵᠤ᠂ ᠨᠠᠮ᠎ᠤᠨ ᠤᠯᠠᠨ ᠲᠦᠮᠡᠨᠴᠢ ᠱᠤᠭᠤᠮ᠎ᠢ ᠲᠤᠭᠤᠱᠢᠯᠠᠭᠤᠯᠤᠨ᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠦᠢᠯᠡᠳᠦᠯᠭᠡᠵᠢᠭᠦᠯᠵᠦ᠍᠂ ᠠᠷᠠᠳ ᠲᠦᠮᠡᠨ᠎ᠢ ᠳᠠᠭᠠᠭᠤᠯᠤᠨ ᠵᠣᠯ ᠵᠢᠷᠭᠠᠯᠲᠤ ᠠᠮᠢᠳᠤᠷᠠᠯ ᠎ᠢ ᠴᠣᠭ᠍ᠴᠠᠯᠠᠬᠤ ᠎ᠶ᠋ᠢ ᠢᠮᠠᠭ᠍ᠲᠠ ᠬᠤᠪᠢᠷᠠᠰᠢ ᠦᠭᠡᠢ ᠲᠡᠮᠡᠴᠡᠯ᠎ᠦᠨ ᠬᠠᠷᠠᠯᠲᠠ᠎ᠪᠠᠨ ᠪᠣᠯᠭᠠᠪᠠ᠃ ᠮᠠᠨ᠎ᠤ ᠠᠯᠢᠪᠠ ᠠᠵᠢᠯ᠎ᠤᠨ ᠦᠷ᠎ᠡ ᠪᠦᠲᠦᠮᠵᠢ᠎ᠶ᠋ᠢ ᠱᠢᠯᠭᠠᠬᠤ᠎ᠳᠤ ᠡᠴᠦᠰ᠎ᠲᠡᠬᠡᠨ ᠴᠥᠮ ᠠᠷᠠᠳ ᠲᠦᠮᠡᠨ ᠦᠨᠡᠨ ᠬᠦ᠌ ᠪᠣᠳᠠᠲᠤ ᠠᠱᠢᠭ ᠬᠦᠷᠲᠡᠭ᠌ᠰᠡᠨ ᠡᠰᠡᠬᠦ᠌᠂ ᠠᠷᠠᠳ᠎ᠤᠨ ᠠᠮᠢᠳᠤᠷᠠᠯ ᠦᠨᠡᠨ ᠬᠦ᠌ ᠰᠠᠢᠵᠢᠷᠠᠭ᠍ᠰᠠᠨ ᠡᠰᠡᠬᠦ᠌᠂ ᠠᠷᠠᠳ ᠲᠦᠮᠡᠨ᠎ᠦ ᠡᠷᠬᠡ ᠠᠱᠢᠭ ᠦᠨᠡᠨ ᠬᠦ᠌ ᠪᠠᠲᠤᠯᠠᠭ᠎ᠠ᠎ᠲᠠᠶ ᠪᠣᠯᠤᠭ᠍ᠰᠠᠨ ᠡᠰᠡᠬᠦ᠌᠎ᠶ᠋ᠢ ᠦᠵᠡᠬᠦ᠌ ᠬᠡᠷᠡᠭ᠌ᠲᠡᠢ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠰᠢ᠎ᠶ᠋ᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠲᠤᠢᠯ᠎ᠤᠨ ᠶᠠᠳᠠᠭᠤ ᠬᠦᠴᠢᠷᠳᠡᠯ᠎ᠦᠨ ᠠᠰᠠᠭᠤᠳᠠᠯ᠎ᠢ ᠲᠡᠦᠬᠡᠲᠦ ᠴᠢᠨᠠᠷᠲᠠᠢ᠎ᠪᠠᠷ ᠱᠢᠢᠳᠪᠦᠷᠢᠯᠡᠵᠦ᠍᠂ ᠬᠥᠮᠦᠨ ᠲᠥᠷᠥᠯᠬᠢᠲᠡᠨ᠎ᠦ ᠶᠠᠳᠠᠭᠤ᠎ᠶ᠋ᠢ ᠪᠠᠭᠠᠰᠭᠠᠬᠤ ᠲᠡᠦᠬᠡᠨ ᠳᠡᠭᠡᠷᠡᠬᠢ ᠭᠠᠢᠬᠠᠮᠱᠢᠭ᠎ᠢ ᠡᠭᠦᠳᠴᠡᠢ᠃ ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ ᠤᠯᠠᠨ᠎ᠤ ᠰᠠᠢ᠌ᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠲᠠᠰᠤᠷᠠᠯᠳᠠ ᠦᠭᠡᠢ ᠬᠠᠩᠭᠠᠵᠤ᠂ ᠠᠷᠠᠳ ᠲᠦᠮᠡᠨ᠎ᠢ ᠨᠡᠩ ᠶᠡᠬᠡ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠦ ᠲᠦᠷᠦᠭ᠌ᠳᠡᠯ᠎ᠲᠡᠶ ᠪᠣᠯᠭᠠᠪᠠ᠃

( 《ᠭᠤᠸᠠᠩᠮᠢᠩ ᠡᠳᠦᠷ᠎ᠦᠨ ᠰᠣᠨᠢᠨ》 ᠰᠢᠯᠵᠢᠶ᠎ᠡ ᠡᠴᠡ ᠰᠠᠴᠤᠷᠠᠯ ᠨᠠᠢᠷᠠᠭᠤᠯᠤᠨ ᠤᠷᠴᠢᠭᠤᠯᠪᠠ )

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号