ᠵᠠᠭᠤᠨ ᠵᠢᠯ᠎ᠦᠨ ᠲᠡᠮᠡᠴᠡᠯ ᠳᠤᠮᠳᠠᠳᠤ ᠤᠯᠤᠰ᠎ᠤᠨ ᠠᠷᠠᠳ ᠲᠦᠮᠡᠨ᠎ᠦ ᠢᠷᠡᠭᠡᠳᠦᠶ ᠬᠤᠪᠢ ᠵᠠᠶᠠᠭ᠎ᠠ᠎ᠶ᠋ᠢ ᠦᠨᠳᠦᠰᠦᠨ ᠡᠴᠡ ᠨᠢ ᠬᠤᠪᠢᠷᠠᠭᠤᠯᠵᠠᠢ
2021-12-13 10:48:16
ᠵᠣᠬᠢᠶᠠᠭ᠍ᠴᠢ᠄
ᠼᠤᠤ ᠫᠢᠩ
ᠣᠩᠱᠢᠭ᠍ᠰᠠᠨ ᠣᠳᠠᠭ᠎ᠠ᠄
★★★☆☆

ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠦᠨᠳᠦᠰᠦᠲᠡᠨ᠎ᠦ ᠲᠤᠰᠠᠭᠠᠷ ᠲᠣᠭ᠍ᠲᠠᠨᠢᠯ᠂ ᠠᠷᠠᠳ ᠲᠦᠮᠡᠨ᠎ᠦ ᠴᠢᠯᠥᠭᠡᠯᠡᠯᠲᠡ᠎ᠶ᠋ᠢ ᠲᠡᠮᠡᠴᠡᠨ ᠤᠯᠬᠤ ᠪᠠ ᠤᠯᠤᠰ ᠣᠷᠣᠨ᠎ᠤ ᠪᠠᠶᠠᠵᠢᠯ ᠬᠦᠴᠦᠷᠬᠡᠭ᠌ᠵᠢᠯ᠂ ᠠᠷᠠᠳ ᠲᠦᠮᠡᠨ᠎ᠦ ᠵᠣᠯ ᠵᠢᠷᠭᠠᠯ᠎ᠢ ᠪᠡᠶᠡᠯᠡᠭᠦᠯᠬᠦ᠌᠎ᠶ᠋ᠢᠨ ᠲᠥᠯᠥᠭᠡ ᠴᠥᠬᠥᠷᠡᠰᠢ ᠦᠭᠡᠢ ᠲᠡᠮᠡᠴᠡᠭ᠌ᠰᠡᠨ ᠶᠠᠪᠤᠳᠠᠯ᠎ᠨᠢᠭᠡᠨᠲᠡ᠎ᠵᠠᠭᠤᠨ᠎ᠵᠢᠯ᠎ᠦᠨ ᠭᠡᠷᠡᠯ ᠰᠠᠴᠤᠷᠠᠩᠭᠤᠢ ᠲᠡᠦᠬᠡᠨ ᠶᠠᠪᠤᠴᠠ᠎ᠶ᠋ᠢ ᠥᠩᠭᠡᠷᠡᠭᠡᠵᠡᠢ᠃ ᠵᠠᠭᠤᠨ ᠵᠢᠯ ᠎ᠦᠨ ᠲᠡᠮᠡᠴᠡᠯ ᠎ᠢᠶᠡᠷ ᠪᠢᠴᠢᠭ᠌ᠯᠡᠭ᠌ᠰᠡᠨ ᠠᠤᠭ᠎ᠠ ᠲᠤᠤᠯᠢᠰ᠎ᠲᠤ᠂ ᠳᠤᠮᠳᠠᠳᠤ ᠤᠯᠤᠰ᠎ᠤᠨ ᠠᠷᠠᠳ ᠲᠦᠮᠡᠨ᠎ᠦ ᠢᠷᠡᠭᠡᠳᠦᠢ ᠬᠤᠪᠢ ᠵᠠᠶᠠᠭ᠎ᠠ᠎ᠳᠤ ᠦᠨᠳᠦᠰᠦᠨ ᠬᠤᠪᠢᠷᠠᠯᠲᠠ ᠭᠠᠷᠴᠤ᠌᠂ ᠳᠤᠮᠳᠠᠳᠤ ᠤᠯᠤᠰ᠎ᠤᠨ ᠠᠷᠠᠳ ᠲᠦᠮᠡᠨ᠎ᠦ ᠠᠮᠢᠳᠤᠷᠠᠯ ᠲᠠᠰᠤᠷᠠᠯᠲᠠ ᠦᠭᠡᠢ ᠰᠠᠢᠵᠢᠷᠠᠭ᠍ᠰᠠᠨ ᠨᠢ ᠬᠥᠮᠦᠰ᠎ᠦᠨ ᠰᠡᠳᠭᠢᠯ᠎ᠢ ᠬᠠᠮᠤᠭ ᠡᠴᠡ ᠳᠣᠭ᠍ᠳᠣᠯᠤᠭᠤᠯᠤᠮ᠎ᠠ ᠬᠠᠭᠤᠳᠠᠰᠤ ᠪᠣᠯᠵᠠᠢ᠃ ᠨᠠᠮ ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ ᠡᠴᠡ ᠪᠠᠲᠤᠯᠠᠭ᠍ᠰᠠᠨ《ᠨᠠᠮ᠎ᠤᠨ ᠵᠠᠭᠤᠨ ᠵᠢᠯ᠎ᠦᠨ ᠲᠡᠮᠡᠴᠡᠯ ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠣᠯᠤᠨ ᠲᠡᠦᠬᠡᠨ ᠲᠤᠷᠱᠢᠯᠭ᠎ᠠ ᠎ᠶ᠋ᠢᠨ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠱᠢᠢᠳᠪᠦᠷᠢ》 ᠳ᠋ᠤ᠄ 《ᠨᠠᠮ᠎ᠤᠨ ᠵᠠᠭᠤᠨ ᠵᠢᠯ᠎ᠦᠨ ᠲᠡᠮᠡᠴᠡᠯ ᠳᠤᠮᠳᠠᠳᠤ ᠤᠯᠤᠰ᠎ᠤᠨ ᠠᠷᠠᠳ ᠲᠦᠮᠡᠨ ᠎ᠦ ᠢᠷᠡᠭᠡᠳᠦᠢ ᠬᠤᠪᠢ ᠵᠠᠶᠠᠭ᠎ᠠ᠎ᠶ᠋ᠢ ᠦᠨᠳᠦᠰᠦᠨ᠎ᠡᠴᠡ ᠨᠢ ᠬᠤᠪᠢᠷᠠᠭᠤᠯᠵᠠᠢ》 ᠬᠡᠵᠦ ᠵᠢᠭᠠᠵᠦ ᠭᠠᠷᠭᠠᠪᠠ᠃ ᠳᠤᠮᠳᠠᠳᠤ ᠤᠯᠤᠰ᠎ᠤᠨ ᠠᠷᠠᠳ ᠲᠦᠮᠡᠨ ᠳᠠᠷᠤᠯᠠᠭ᠍ᠳᠠᠬᠤ᠂ ᠪᠣᠭᠣᠯᠴᠢᠯᠠᠭ᠍ᠳᠠᠬᠤ ᠬᠤᠪᠢ ᠵᠠᠶᠠᠭ᠎ᠠ ᠡᠴᠡ ᠲᠤᠢᠯᠪᠤᠷᠢᠲᠠᠶ ᠠᠩᠭᠢᠵᠢᠷᠠᠵᠤ᠂ ᠤᠯᠤᠰ᠂ ᠨᠡᠢᠭᠡᠮ ᠪᠠ ᠥᠪᠡᠷ᠎ᠦᠨ ᠬᠤᠪᠢ ᠵᠠᠶᠠᠭᠠᠨ᠎ᠤ᠎ᠪᠠᠨ ᠡᠵᠡᠨ ᠪᠣᠯᠵᠣ᠂ ᠠᠷᠠᠳ᠎ᠤᠨ ᠠᠷᠠᠳᠴᠢᠯᠠᠯ ᠲᠠᠰᠤᠷᠠᠯᠲᠠ ᠥᠬᠡᠶ ᠬᠥᠭ᠌ᠵᠢᠵᠦ᠍᠂ ᠠᠷᠪᠠᠨ ᠳᠥᠷᠪᠡᠨ ᠳ᠋ᠦᠩᠱᠢᠭᠤᠷ ᠭᠠᠷᠤᠶ ᠬᠥᠮᠦᠨ ᠠᠮᠠ ᠪᠥᠬᠥ᠌ ᠲᠠᠯ᠎ᠠ᠎ᠪᠠᠷ ᠴᠢᠨᠡᠭᠡᠯᠢᠭ᠌ᠵᠢᠬᠦ᠎ᠶ᠋ᠢ ᠪᠡᠶᠡᠯᠡᠭᠦᠯᠵᠦ᠍᠂ ᠳᠤᠮᠳᠠᠳᠤ ᠤᠯᠤᠰ᠎ᠤᠨ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠲᠤᠬᠠᠶ ᠬᠦᠰᠡᠯ ᠡᠷᠡᠮᠡᠯᠵᠡᠯ ᠲᠠᠰᠤᠷᠠᠯᠲᠠ ᠥᠬᠡᠶ ᠪᠣᠳᠠᠲᠤ ᠠᠬᠤᠶ ᠪᠣᠯᠵᠣ ᠬᠤᠪᠢᠷᠠᠵᠠᠶ᠃

ᠳᠤᠮᠳᠠᠳᠤ ᠤᠯᠤᠰ ᠨᠡᠢᠰᠯᠡᠯ᠎ᠢᠶᠡᠨ ᠨᠠᠢ᠍ᠮᠠᠨ ᠤᠯᠤᠰ᠎ᠤᠨ ᠬᠣᠯᠪᠣᠭᠠᠲᠤ ᠴᠡᠷᠢᠭ᠎ᠲᠦ ᠲᠦᠷᠢᠮᠡᠬᠡᠢᠯᠡᠭ᠌ᠳᠡᠨ᠎ᠡᠵᠡᠯᠡᠭ᠌ᠳᠡᠭ᠌ᠰᠡᠨ᠎ᠭᠤᠲᠤᠭᠠᠯ᠎ᠲᠤᠷᠤᠮᠵᠢᠯᠠᠯ᠎ᠢ᠎ᠠᠮᠰᠠᠵᠤ᠎ᠬᠣᠷᠢᠳᠤᠭᠠᠷ ᠵᠠᠭᠤᠨ᠎ᠳᠤ ᠤᠷᠤᠬ᠍ᠰᠠᠨ᠎ᠶᠤᠮ᠃᠎ᠲᠡᠷᠡ ᠦᠶ᠎ᠡ᠎ᠶ᠋ᠢᠨ ᠳᠤᠮᠳᠠᠳᠤ ᠤᠯᠤᠰ᠂ ᠨᠤᠲᠤᠭ ᠳᠡᠪᠢᠰᠭᠡᠷ ᠲᠠᠯᠬᠢᠭ᠍ᠳᠠᠵᠤ᠂ ᠦᠨᠳᠦᠰᠦᠲᠡᠨ ᠮᠥᠬᠥᠵᠦ᠍ ᠰᠥᠨᠥᠬᠦ᠌ ᠠᠶᠤᠯ ᠎ᠳᠤ ᠲᠤᠯᠭᠠᠷᠠᠵᠤ᠂ ᠳᠤᠮᠳᠠᠳᠤ ᠤᠯᠤᠰ᠎ᠤᠨ ᠠᠷᠠᠳ ᠲᠦᠮᠡᠨ ᠥᠯᠥᠰᠴᠦ᠍ ᠳᠠᠭᠠᠷᠠᠬᠤ ᠎ᠶ᠋ᠢᠨ ᠬᠣᠭᠣᠷᠣᠨᠳᠣ ᠲᠡᠨᠦᠭᠦᠴᠢᠯᠡᠨ ᠠᠮᠢᠳᠤᠷᠠᠵᠤ᠂ ᠥᠴᠦᠬᠡᠨ ᠴᠦ᠍ ᠤᠯᠤᠰ ᠲᠦᠷᠦ᠍᠎ᠶ᠋ᠢᠨ ᠡᠷᠬᠡ ᠮᠡᠳᠡᠯ ᠦᠭᠡᠢ ᠪᠠᠢᠵᠤ᠂ ᠥᠷᠥᠨᠡᠳᠠᠬᠢᠨ᠎ᠤ ᠬᠦᠴᠦᠷᠬᠡᠭ ᠤᠯᠤᠰ ᠎ᠤᠳ᠎ᠲᠤ 《ᠳᠣᠷᠣᠨᠠᠲᠤ ᠠᠽᠢᠶ᠎ᠠ᠎ᠶ᠋ᠢᠨ ᠡᠪᠡᠳᠴᠢᠲᠡᠨ》 ᠭᠡᠵᠦ᠍ ᠭᠤᠲᠤᠭᠠᠭ᠍ᠳᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠮᠠᠭ᠍ᠴᠠ᠎ᠪᠠᠨ ᠳᠤᠮᠳᠠᠳᠤ ᠤᠯᠤᠰ᠎ᠤᠨ ᠠᠷᠠᠳ ᠲᠦᠮᠡᠨ᠎ᠳᠦ᠎ᠵᠣᠯ ᠵᠢᠷᠭᠠᠯ ᠣᠯᠭᠣᠬᠤ᠂ ᠳᠤᠮᠳᠠᠳᠤ᠎ᠶ᠋ᠢᠨ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ᠎ᠶ᠋ᠢ ᠪᠠᠷᠢᠮᠲᠠᠯᠠᠵᠤ᠂ ᠳᠤᠮᠳᠠᠳᠤ ᠤᠯᠤᠰ᠎ᠤᠨ᠎ᠠᠷᠠᠳ ᠲᠦᠮᠡᠨ᠎ᠢ ᠳᠠᠭᠠᠭᠤᠯᠤᠨ ᠴᠢᠰᠤᠲᠤ ᠪᠠᠢᠯᠳᠤᠭᠠᠨ ᠬᠢᠵᠦ᠍᠂ ᠨᠤᠭᠤᠷᠠᠰᠢ ᠦᠭᠡᠢ ᠲᠡᠮᠡᠴᠡᠵᠦ᠍᠂ ᠠᠷᠠᠳ ᠲᠦᠮᠡᠨ ᠡᠷᠬᠡ ᠮᠡᠳᠡᠵᠦ᠍ ᠡᠵᠡᠨ ᠰᠠᠭᠤᠭ᠍ᠰᠠᠨ ᠱᠢᠨ᠎ᠡ ᠳᠤᠮᠳᠠᠳᠤ ᠤᠯᠤᠰ᠎ᠢ ᠪᠠᠢᠭᠤᠯᠵᠤ᠂ ᠳᠤᠮᠳᠠᠳᠤ ᠎ᠶ᠋ᠢᠨ ᠦᠨᠳᠦᠰᠦᠲᠡᠨ ᠪᠤᠰᠤᠳ᠎ᠲᠤ ᠳᠠᠷᠤᠯᠠᠭ᠍ᠳᠠᠵᠤ ᠪᠠᠢᠭ᠍ᠰᠠᠨ ᠴᠠᠭ ᠦᠶ᠎ᠡ ᠪᠤᠴᠠᠯᠲᠠ ᠦᠭᠡᠢ ᠡᠴᠦᠰᠯᠡᠵᠡᠢ᠃

ᠳᠤᠮᠳᠠᠳᠤ ᠤᠯᠤᠰ᠎ᠤᠨ ᠡᠪ ᠬᠠᠮᠲᠤ ᠨᠠᠮ ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠦ ᠦᠨᠳᠦᠰᠦᠨ ᠠᠱᠢᠭ ᠲᠤᠰᠠ᠎ᠶ᠋ᠢ ᠰᠠᠢᠲᠤᠷ ᠪᠡᠶᠡᠯᠡᠭᠦᠯᠬᠦ᠌᠂ ᠰᠠᠢᠲᠤᠷ ᠬᠠᠮᠠᠭᠠᠯᠠᠬᠤ᠂ ᠰᠠᠢᠲᠤᠷ ᠬᠥᠭ᠌ᠵᠢᠭᠦᠯᠬᠦ᠌᠎ᠶ᠋ᠢ ᠠᠯᠢᠪᠠ ᠠᠵᠢᠯ᠎ᠤᠨ᠎ᠢᠶᠠᠨ ᠵᠤᠷᠢᠯᠲᠡ ᠪᠠ ᠲᠤᠰᠤᠯᠲᠠ ᠪᠣᠯᠭᠠᠵᠤ᠂ ᠳᠤᠮᠳᠠᠳᠤ᠎ᠤᠯᠤᠰ᠎ᠤᠨ ᠠᠷᠠᠳ ᠲᠦᠮᠡᠨ᠎ᠦ ᠰᠠᠢ᠌ᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ ᠨᠠᠮ᠎ᠤᠨ᠎ᠤᠳᠤᠷᠢᠳᠤᠯᠭ᠎ᠠ᠎ᠳᠣᠣᠷ᠎ᠠ᠎ᠦᠷᠭᠦᠯᠵᠢᠯᠡᠭ᠌ᠰᠡᠨ ᠲᠡᠮᠡᠴᠡᠯ᠎ᠦᠨ ᠳᠤᠮᠳᠠ ᠲᠠᠰᠤᠷᠠᠯᠳᠠ ᠦᠭᠡᠢ ᠪᠣᠳᠠᠲᠤ ᠠᠬᠤᠢ ᠪᠣᠯᠪᠠ᠃ ᠱᠠᠨᠪᠸᠢ ᠵᠢᠨ ᠱᠢᠷ᠎ᠠ ᠬᠥᠷᠥᠰᠥᠲᠦ ᠥᠨᠳᠥᠷᠯᠢᠭ᠎ᠲᠡᠬᠢ ᠠᠷᠠᠳ ᠤᠯᠠᠨ᠎ᠤ ᠵᠣᠯ ᠵᠢᠷᠭᠠᠯᠲᠤ ᠠᠮᠢᠳᠤᠷᠠᠯ᠎ᠤᠨ ᠲᠤᠬᠠᠢ ᠬᠦᠰᠡᠯ ᠵᠡᠭᠦᠳᠦ ᠠᠯᠢ ᠬᠡᠳᠦᠢᠨ ᠪᠣᠳᠠᠲᠠᠢ ᠪᠡᠶᠡᠯᠡᠭ᠌ᠳᠡᠵᠦ᠍᠂ ᠳᠤᠮᠳᠠᠳᠤ ᠤᠯᠤᠰ᠎ᠤᠨ ᠠᠷᠠᠳ ᠲᠦᠮᠡᠨ᠎ᠦ ᠠᠮᠢᠳᠤᠷᠠᠯ ᠡᠳᠦᠷ ᠡᠴᠡ ᠡᠳᠦᠷ ᠪᠠᠶᠠᠨ ᠴᠢᠨᠡᠭᠡᠯᠢᠭ ᠪᠣᠯᠵᠠᠢ᠃ ᠮᠠᠨ᠎ᠤ ᠨᠠᠮ ᠪᠦᠬᠦ᠌ ᠨᠠᠮ ᠪᠦᠬᠦ᠌ ᠤᠯᠤᠰ ᠪᠦᠬᠦ᠌ ᠨᠡᠢᠭᠡᠮ᠎ᠦᠨ ᠬᠦᠴᠦᠨ᠎ᠢ ᠲᠥᠪᠯᠡᠷᠡᠭᠦᠯᠦᠨ ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠣᠯᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠵᠦ᠍᠂ ᠨᠢᠭᠡᠳᠦᠭᠡᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠵᠦ᠍᠂ ᠳᠤᠮᠳᠠᠳᠤ ᠤᠯᠤᠰ᠎ᠤᠨ ᠬᠥᠮᠦᠨ ᠳᠤᠮᠳᠠᠴᠢ᠎ᠶ᠋ᠢᠨ GDP ᠲᠦᠮᠡᠨ ᠳ᠋ᠣᠯᠯᠠᠷ᠎ᠤᠨ ᠶᠡᠬᠡ ᠪᠣᠭᠣᠮᠲᠠ᠎ᠶ᠋ᠢ ᠱᠢᠪᠲᠤᠯᠪᠠ᠃ ᠬᠥᠭ᠌ᠵᠢᠶᠡᠨ ᠨᠠᠷᠭᠢᠶᠠᠨᠲᠤ ᠬᠣᠲᠠ᠎ᠳᠤ ᠭᠡᠰᠡᠨ ᠥᠬᠡᠶ᠂ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠳᠤ ᠭᠡᠰᠡᠨ ᠥᠬᠡᠶ᠂ ᠴᠢᠨᠡᠭᠡᠯᠢᠭ ᠨᠡᠢᠭᠡᠮ ᠎ᠢ ᠪᠥᠬᠥ᠌ ᠲᠠᠯ᠎ᠠ᠎ᠪᠠᠷ ᠪᠡᠶᠡᠯᠡᠭᠦᠯᠬᠦ ᠨᠢ ᠲᠣᠭ᠎ᠠ ᠲᠣᠮᠰᠢ ᠥᠬᠡᠶ ᠬᠥᠮᠦᠰ᠎ᠦᠨ ᠬᠤᠪᠢ ᠵᠠᠶᠠᠭ᠎ᠠ᠎ᠶ᠋ᠢ ᠬᠤᠪᠢᠷᠠᠭᠤᠯᠵᠤ᠂ ᠲᠣᠭ᠎ᠠ ᠲᠣᠮᠰᠢ ᠥᠬᠡᠶ ᠬᠥᠮᠦᠰ᠎ᠦᠨ ᠬᠦᠰᠡᠯ ᠵᠡᠭᠦᠳᠦ᠍᠎ᠶ᠋ᠢ ᠪᠣᠳᠠᠲᠤ ᠠᠬᠤᠶ᠎ᠪᠣᠯᠭᠠᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠦ ᠬᠦᠷᠲᠡᠮᠵᠢ ᠢ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ᠎ᠢ ᠨᠠᠩ ᠲᠡᠭᠦᠯᠳᠡᠷ᠂ ᠨᠠᠩ ᠪᠠᠲᠤᠯᠠᠭ᠎ᠠ᠎ᠲᠠᠶ᠂ ᠨᠠᠩ ᠦᠷᠭᠦᠯᠵᠢᠯᠡᠬᠦᠢᠴᠡ ᠪᠣᠯᠭᠠᠪᠠ᠃ ᠬᠥᠭ᠌ᠵᠢᠯᠲᠠ ᠬᠢᠵᠠᠭᠠᠷ᠎ᠦᠭᠡᠢ᠂ ᠲᠡᠮᠡᠴᠡᠯ ᠬᠢᠵᠠᠭᠠᠷ᠎ᠦᠭᠡᠢ᠃ ᠥᠨᠥᠳᠦᠷ᠂ ᠳᠤᠮᠳᠠᠳᠤ ᠤᠯᠤᠰ ᠎ᠤᠨ ᠡᠪ ᠬᠠᠮᠲᠤ ᠨᠠᠮ ᠶᠠᠭ ᠳᠤᠮᠳᠠᠳᠤ ᠤᠯᠤᠰ᠎ᠤᠨ ᠠᠷᠠᠳ ᠲᠦᠮᠡᠨ᠎ᠢ ᠳᠠᠭᠠᠭᠤᠯᠤᠨ ᠢᠯᠠᠯᠲᠠ᠎ᠶ᠋ᠢᠨ ᠡᠷᠴᠢᠨ ᠳᠡᠭᠡᠷ᠎ᠡ᠎ᠪᠡᠨ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠲᠡᠢᠰᠢ ᠎ᠤᠷᠤᠭ᠍ᠰᠢᠯᠠᠵᠤ᠂ ᠬᠠᠮᠲᠤ᠎ᠪᠠᠷ ᠴᠢᠨᠡᠭᠡᠯᠢᠭ᠌ᠵᠢᠬᠦ᠌ ᠲᠡᠢᠰᠢ ᠲᠠᠰᠤᠷᠠᠯᠳᠠ ᠦᠭᠡᠢ ᠤᠷᠤᠭ᠍ᠰᠢᠯᠠᠵᠤ ᠪᠠᠢᠨ᠎ᠠ᠃

ᠠᠷᠠᠳ ᠲᠦᠮᠡᠨ ᠡᠵᠡᠨ ᠰᠠᠭᠤᠵᠦ ᠡᠷᠬᠡ ᠮᠡᠳᠡᠬᠦ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠎ᠤᠨ ᠬᠤᠪᠢᠷᠠᠰᠢ ᠦᠭᠡᠢ ᠲᠡᠮᠡᠴᠡᠬᠦ᠌ ᠬᠠᠷᠠᠯᠲᠠ ᠮᠥᠨ᠃ ᠵᠠᠭᠤᠨ ᠵᠢᠯ᠎ᠦᠨ ᠲᠤᠷᠰᠢ᠂ ᠮᠠᠨ᠎ᠤ ᠨᠠᠮ ᠠᠷᠠᠳ᠎ᠤᠨ ᠠᠷᠠᠳᠴᠢᠯᠠᠯ᠎ᠤᠨ ᠲᠤᠭ᠎ᠢ ᠥᠨᠳᠥᠷ ᠮᠠᠨᠳᠤᠭᠤᠯᠤᠨ᠂ ᠠᠷᠠᠳ ᠲᠦᠮᠡᠨ᠎ᠢ ᠤᠳᠤᠷᠢᠳᠤᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠤᠯᠤᠰ ᠲᠦᠷᠦ᠍᠎ᠶ᠋ᠢᠨ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠬᠤ᠎ᠶ᠋ᠢ ᠪᠠᠷᠢᠮᠲᠠᠯᠠᠵᠤ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠬᠥᠭ᠌ᠵᠢᠭᠦᠯᠦᠨ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌ ᠪᠦᠬᠦ᠌ ᠲᠠᠯ᠎ᠠ᠎ᠶ᠋ᠢᠨ᠂ ᠥᠷᠭᠡᠨ ᠳᠡᠯᠭᠡᠷ᠂ ᠣᠷᠭᠠᠨᠢᠭ᠎ᠢᠶᠠᠷ ᠵᠣᠯᠭᠠᠯᠳᠤᠭ᠍ᠰᠠᠨ ᠪᠠᠢᠭᠤᠯᠤᠯ ᠎ᠤᠨ ᠱᠢᠰᠲ᠋ᠧᠮ ᠎ᠢ ᠪᠠᠢᠭᠤᠯᠵᠤ᠂ ᠤᠯᠠᠨ ᠶᠠᠩᠵᠤ᠎ᠶ᠋ᠢᠨ᠂ ᠰᠠᠭᠠᠳ ᠦᠭᠡᠢ ᠨᠡᠪᠲᠡᠷᠡᠬᠦ᠌᠂ ᠡᠮᠬᠢ ᠵᠢᠷᠤᠮ᠎ᠲᠠᠶ ᠠᠷᠠᠳᠴᠢᠯᠠᠯ᠎ᠤᠨ ᠠᠷᠭ᠎ᠠ ᠵᠠᠮ᠎ᠢ ᠪᠠᠢᠭᠤᠯᠪᠠ᠃ ᠰᠣᠩᠭᠣᠭᠤᠯᠢ᠎ᠶ᠋ᠢᠨ ᠠᠷᠠᠳ᠎ᠤᠨ ᠦᠨᠡᠮᠯᠡᠯ ᠢ᠋ᠢᠡᠨ ᠪᠠᠷᠢᠵᠦ ᠰᠣᠩᠭᠣᠭᠤᠯᠢ᠎ᠶ᠋ᠢᠨ ᠪᠢᠯᠧᠲ ᠥᠭ᠌ᠬᠦ᠎ᠡᠴᠡ ᠬᠠᠤᠯᠢ ᠴᠠᠭᠠᠵᠠ᠎ᠶ᠋ᠢᠨ ᠲᠥᠰᠦᠯ᠎ᠳᠦ ᠰᠠᠨᠠᠯ ᠬᠤᠷᠢᠶᠠᠬᠤ ᠠᠵᠢᠯ  ᠳ᠋ᠤ ᠤᠷᠤᠯᠴᠠᠬᠤ ᠬᠦᠷᠲᠡᠯ᠎ᠡ᠂ ᠨᠡᠢᠭᠡᠮ ᠲᠣᠭᠣᠷᠢᠭ᠎ᠤᠨ ᠬᠡᠷᠡᠭ ᠵᠥᠪᠯᠡᠬᠦ᠌ ᠬᠤᠷᠠᠯ᠂ ᠵᠥᠪᠯᠡᠬᠦ᠌ ᠬᠤᠷᠠᠯ ᠳᠡᠭᠡᠷ᠎ᠡ ᠳᠡᠷᠭᠡᠳᠡᠬᠢ ᠶᠠᠪᠤᠳᠠᠯ ᠎ᠢᠶᠠᠨ ᠶᠠᠷᠢᠯᠴᠠᠬᠤ  ᠡᠴᠡ ᠠᠪᠤᠭᠠᠳ ᠵᠠᠰᠠᠭ᠎ᠤᠨ ᠶᠠᠪᠤᠳᠠᠯ᠎ᠤᠨ ᠪᠢᠴᠢᠯ ᠪᠦᠷᠭᠡ᠎ᠳᠦ ᠰᠠᠨᠠᠭᠤᠯᠭ᠎ᠠ ᠪᠢᠴᠢᠵᠦ᠍ ᠦᠭᠡ ᠦᠯᠡᠳᠡᠭᠡᠬᠦ᠌ ᠬᠦᠷᠲᠡᠯ᠎ᠡ ᠁ ᠥᠨᠥᠳᠦᠷ᠎ᠦᠨ ᠳᠤᠮᠳᠠᠳᠤ ᠤᠯᠤᠰ᠎ᠤᠨ ᠠᠷᠠᠳ ᠲᠦᠮᠡᠨ ᠬᠠᠮᠤᠭ᠎ᠤᠨ ᠥᠷᠭᠡᠨ ᠳᠡᠯᠭᠡᠷ᠂ ᠬᠠᠮᠤᠭ᠎ᠤᠨ ᠦᠨᠡᠨ ᠪᠣᠳᠠᠲᠠᠢ᠂ ᠬᠠᠮᠤᠭ᠎ᠤᠨ ᠲᠤᠰᠠᠲᠠᠢ ᠨᠡᠢᠭᠡᠮ ᠵᠢᠷᠤᠮ᠎ᠤᠨ ᠠᠷᠠᠳᠴᠢᠯᠠᠯ᠎ᠢ ᠡᠳ᠋ᠯᠡᠵᠦ᠍᠂ 《ᠬᠥᠮᠦᠨ ᠪᠦᠬᠦᠨ ᠡᠵᠡᠨ ᠬᠥᠮᠦᠨ》 ᠪᠣᠯᠤᠭ᠍ᠰᠠᠨ ᠪᠠᠢᠳᠠᠯ ᠳᠤᠮᠳᠠᠳᠤ ᠤᠯᠤᠰ᠎ᠤᠨ ᠡᠬᠡ ᠭᠠᠵᠠᠷ᠎ᠲᠤ ᠠᠮᠢᠳᠤᠯᠢᠭ ᠢᠯᠡᠷᠡᠪᠡ ᠃

ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠲᠥᠯᠥᠭᠡ ᠡᠷᠢᠯᠬᠢᠯᠡᠨ ᠴᠢᠷᠮᠠᠢᠬᠤ ᠠᠶᠠᠨ ᠵᠠᠮ᠎ᠳᠤ᠂ ᠳᠤᠮᠳᠠᠳᠤ ᠤᠯᠤᠰ᠎ᠤᠨ ᠠᠷᠠᠳ ᠲᠦᠮᠡᠨ ᠮᠠᠰᠢ ᠤᠯᠠᠨ ᠬᠠᠯᠠ ᠵᠣᠪᠠᠯᠠᠩ᠎ᠢ ᠠᠮᠰᠠᠵᠤ᠂ ᠮᠠᠰᠢ ᠤᠯᠠᠨ ᠦᠷᠡᠭ᠌ᠳᠡᠯ ᠭᠠᠷᠭᠠᠵᠤ᠂ ᠮᠠᠰᠢ ᠤᠯᠠᠨ ᠴᠢᠷᠮᠠᠢᠯᠭ᠎ᠠ ᠭᠠᠷᠭᠠᠪᠠ᠃ ᠥᠨᠥᠳᠦᠷ᠂ ᠳᠤᠮᠳᠠᠳᠤ᠎ᠤᠯᠤᠰ᠎ᠤᠨ᠎ᠠᠷᠠᠳ᠎ᠲᠦᠮᠡᠨ᠎ᠤᠯᠤᠰ ᠣᠷᠣᠨ᠎ᠤ᠎ᠪᠠᠨ ᠬᠥᠭ᠌ᠵᠢᠯ ᠴᠡᠴᠡᠭ᠌ᠯᠡᠯ᠂ ᠥᠷᠨᠢᠩᠭᠦᠢ ᠬᠥᠭ᠌ᠵᠢᠯᠲᠡ ᠎ᠪᠡᠷ ᠣᠮᠣᠭ᠍ᠰᠢᠯ ᠪᠣᠯᠭᠠᠵᠤ᠂ ᠠᠮᠢᠳᠤᠷᠠᠯ᠎ᠤᠨ ᠵᠣᠯ ᠵᠢᠷᠭᠠᠯ ᠠᠮᠤᠷ ᠲᠣᠭ᠍ᠲᠠᠭᠤᠨ᠂ ᠡᠳᠦᠷ᠎ᠡᠴᠡ ᠡᠳᠦᠷ ᠥᠭᠡᠳᠡᠯᠡᠨ ᠲᠠᠪᠱᠢᠬᠤ᠎ᠪᠠᠷ ᠣᠮᠣᠭ᠍ᠰᠢᠯ ᠪᠣᠯᠭᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠠᠭᠠᠭᠤᠯᠭ᠎ᠠ ᠳᠣᠣᠷ᠎ᠠ᠂ ᠥᠪᠡᠷ᠎ᠦᠨ ᠰᠣᠩᠭᠣᠭ᠍ᠰᠠᠨ ᠵᠠᠮ᠎ᠢᠶᠠᠷ᠎ᠢᠶᠠᠨ ᠵᠠᠮᠨᠠᠪᠠᠯ ᠯᠠᠪᠲᠠᠢ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠬᠦᠰᠡᠯ ᠵᠡᠭᠦᠳᠦ᠍᠎ᠶ᠋ᠢ ᠪᠡᠶᠡᠯᠡᠭᠦᠯᠵᠦ᠍ ᠴᠢᠳᠠᠨ᠎ᠠ ᠭᠡᠳᠡᠭ᠎ᠢ ᠪᠠᠲᠤ ᠢᠲᠡᠭᠡᠵᠦ᠍ ᠪᠠᠢᠨ᠎ᠠ᠃ ᠥᠨᠥᠳᠦᠷ᠂ ᠳᠤᠮᠳᠠᠳᠤ ᠤᠯᠤᠰ᠎ᠤᠨ ᠠᠷᠠᠳ ᠲᠦᠮᠡᠨ ᠨᠡᠩ ᠢᠲᠡᠭᠡᠯ᠎ᠲᠡᠶ᠂ ᠪᠡᠶ᠎ᠡ᠎ᠪᠡᠨ ᠳᠠᠭᠠᠭᠠᠵᠤ᠂ ᠥᠪᠡᠷ᠎ᠢ᠎ᠪᠡᠨ ᠬᠦᠴᠦᠷᠬᠡᠭ᠌ᠵᠢᠭᠦᠯᠵᠦ᠍᠂ ᠰᠥᠰᠥ᠍ ᠵᠣᠷᠢᠭ᠂ ᠢᠲᠡᠭᠡᠯ ᠵᠣᠷᠢᠭ᠎ᠢᠶᠠᠨ ᠲᠤᠢᠯ᠎ᠤᠨ ᠶᠡᠬᠡ᠎ᠪᠡᠷ ᠴᠢᠩᠭᠠᠷᠠᠭᠤᠯᠪᠠ᠃ ᠳᠤᠮᠳᠠᠳᠤ ᠤᠯᠤᠰ᠎ᠤᠨ ᠠᠷᠠᠳ ᠲᠦᠮᠡᠨ᠎ᠦ ᠲᠡᠦᠬᠡᠨ ᠶᠠᠪᠤᠴᠠ᠎ᠳᠤ ᠬᠤᠷᠠᠮᠳᠤᠭᠤᠯᠤᠭ᠍ᠰᠠᠨ ᠬᠦᠴᠦᠷᠬᠡᠭ ᠶᠡᠬᠡ ᠡᠨᠧᠷᠭᠢ ᠭᠦᠢᠴᠡᠳ ᠣᠷᠭᠢᠯᠵᠤ᠂ ᠤᠷᠢᠳ ᠡᠮᠦᠨ᠎ᠡ ᠪᠠᠢᠭ᠎ᠠ ᠦᠭᠡᠢ ᠲᠡᠦᠬᠡ᠎ᠶ᠋ᠢᠨ ᠰᠠᠨᠠᠭᠠᠴᠢᠯᠠᠭᠠᠲᠤ ᠵᠣᠷᠢᠭ ᠰᠠᠨᠠᠭ᠎ᠠ᠂ ᠲᠡᠦᠬᠡ᠎ᠶ᠋ᠢᠨ ᠡᠭᠦᠳᠦᠨ ᠪᠦᠲᠦᠭᠡᠬᠦ᠌ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠬᠥᠭ᠌ᠵᠢᠯᠲᠡ᠎ᠶ᠋ᠢᠨ ᠠᠭᠤᠤ ᠶᠡᠬᠡ ᠲᠡᠦᠬᠡ᠎ᠶ᠋ᠢ ᠢᠲᠡᠭᠡᠯ ᠲᠡᠭᠦᠯᠳᠡᠷ ᠪᠢᠴᠢᠭ᠌ᠯᠡᠵᠦ᠍ ᠪᠠᠢᠨ᠎ᠠ ᠃

ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠵᠠᠭᠤᠨ ᠵᠢᠯ᠎ᠦᠨ ᠲᠡᠮᠡᠴᠡᠯ ᠎ᠢᠶᠡᠷ ᠬᠥᠮᠦᠨ ᠲᠥᠷᠥᠯᠬᠢᠲᠡᠨ᠎ᠦ ᠬᠥᠭ᠌ᠵᠢᠯᠲᠡ᠎ᠶ᠋ᠢᠨ ᠲᠡᠦᠬᠡᠨ ᠳᠡᠭᠡᠷᠡᠬᠢ ᠡᠷᠲᠡ ᠡᠳᠦᠭᠡ᠎ᠶ᠋ᠢ ᠳᠣᠩᠰᠣᠯᠭᠠᠭ᠍ᠰᠠᠨ ᠭᠠᠢᠬᠠᠮᠱᠢᠭ᠎ᠢ ᠡᠭᠦᠳᠴᠦ᠍᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠦ ᠪᠠᠯᠠᠷᠠᠰᠢ ᠦᠭᠡᠢ ᠭᠠᠪᠢᠶ᠎ᠠ ᠵᠢᠳᠬᠦᠯ ᠪᠠᠢᠭᠤᠯᠪᠠ᠃ ᠵᠠᠭᠤᠨ ᠵᠢᠯ᠎ᠦᠨ ᠭᠡᠷᠡᠯ ᠰᠠᠴᠤᠷᠠᠩᠭᠤᠢ ᠠᠮᠵᠢᠯᠲᠠ ᠎ᠶ᠋ᠢᠨ ᠲᠡᠦᠬᠡᠨ ᠬᠥᠱᠢᠢ᠎ᠡ ᠳᠤᠷᠠᠰᠭᠠᠯ ᠮᠥᠨ ᠴᠦ᠍ ᠱᠢᠨ᠎ᠡ ᠠᠭᠤᠤ ᠶᠡᠬᠡ ᠠᠶᠠᠨ᠎ᠤ ᠭᠠᠷᠤᠭ᠎ᠠ ᠪᠣᠯᠤᠨ᠎ᠠ᠃ ᠳᠤᠮᠳᠠᠳᠤ ᠎ᠶ᠋ᠢᠨ ᠦᠨᠳᠦᠰᠦᠲᠡᠨ᠎ᠦ ᠮᠢᠩᠭᠠᠨ ᠣᠨ᠎ᠤ ᠠᠤᠭ᠎ᠠ ᠦᠢᠯᠡᠰ᠎ᠢ ᠪᠦᠲᠦᠭᠡᠬᠦ᠌ ᠪᠡᠷ ᠵᠣᠷᠢᠭ ᠱᠢᠭᠤᠳᠤᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ ᠯᠠᠪᠲᠠᠢ ᠨᠡᠩ ᠰᠠᠨᠠᠭᠠᠴᠢᠯᠠᠭᠠᠲᠤ ᠵᠣᠷᠢᠭ ᠰᠠᠨᠠᠭ᠎ᠠ᠂ ᠨᠡᠩ ᠴᠤᠭ ᠪᠠᠳᠠᠷᠠᠩᠭᠤᠢ ᠲᠡᠮᠡᠴᠡᠯ᠎ᠦᠨ ᠵᠣᠷᠢᠭ᠂ ᠨᠡᠩ ᠱᠢᠷᠭᠠᠭᠤ ᠲᠡᠮᠡᠴᠡᠯ᠎ᠢᠶᠡᠷ ᠳᠤᠮᠳᠠᠳᠤ ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠎ᠶ᠋ᠢ ᠪᠡᠶᠡᠯᠡᠭᠦᠯᠬᠦ᠌ ᠢᠷᠠᠭᠤ ᠭᠠᠢᠬᠠᠮᠱᠢᠭ᠍ᠲᠤ ᠱᠢᠨ᠎ᠡ ᠬᠠᠭᠤᠳᠠᠰᠤ᠎ᠶ᠋ᠢ ᠦᠷᠭᠦᠯᠵᠢᠯᠡᠨ ᠪᠢᠴᠢᠭ᠌ᠯᠡᠵᠦ᠍᠂ ᠬᠥᠮᠦᠨ ᠲᠥᠷᠥᠯᠬᠢᠲᠡᠨ᠎ᠦ ᠲᠠᠪᠱᠢᠯᠳᠠ᠎ᠶ᠋ᠢᠨ ᠦᠢᠯᠡᠰ᠎ᠲᠦ ᠨᠡᠩ ᠶᠡᠬᠡ ᠬᠤᠪᠢ ᠨᠡᠮᠡᠷᠢ ᠦᠵᠡᠭᠦᠯᠬᠦ᠌ ᠠᠤᠭ᠎ᠠ ᠰᠦᠷᠯᠢᠭ ᠬᠠᠭᠤᠳᠠᠰᠤ ᠎ᠶ᠋ᠢ ᠪᠢᠴᠢᠭ᠌ᠯᠡᠬᠦ᠌ ᠪᠣᠯᠤᠨ᠎ᠠ ᠃


( ᠠᠷᠠᠳ᠎ᠤᠨ ᠡᠳᠦᠷ᠎ᠦᠨ ᠰᠣᠨᠢᠨ ᠡᠴᠡ ᠬᠠᠨ ᠯᠢᠩ ᠯᠢᠩ ᠤᠷᠴᠢᠭᠤᠯᠪᠠ )

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号