ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠠᠯᠠᠱᠠ ᠠᠢᠮᠠᠭ᠎ᠲᠤ ᠭᠦᠨᠵᠡᠭᠡᠢᠷᠡᠵᠦ ᠤᠬᠠᠭᠤᠯᠤᠨ ᠲᠠᠢᠯᠪᠤᠷᠢᠯᠠᠪᠠ
2021-12-14 09:46:36
ᠵᠣᠬᠢᠶᠠᠭ᠍ᠴᠢ᠄
​ᠯᠢᠦ ᠬᠣᠩ ᠵᠠᠩ
ᠣᠩᠱᠢᠭ᠍ᠰᠠᠨ ᠣᠳᠠᠭ᠎ᠠ᠄
★★★☆☆

12 ᠰᠠᠷ᠎ᠠ᠎ᠶ᠋ᠢᠨ 13᠎ᠤ᠋ ᠡᠳᠦᠷ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠠᠯᠠᠱᠠ ᠠᠢᠮᠠᠭ᠎ᠲᠤ ᠭᠦᠨᠵᠡᠭᠡᠢᠷᠡᠵᠦ ᠤᠬᠠᠭᠤᠯᠤᠨ ᠲᠠᠢᠯᠪᠤᠷᠢᠯᠠᠪᠠ᠃

ᠠᠯᠠᠱᠠ ᠠᠢᠮᠠᠭ᠎ᠤᠨ ᠨᠠᠮ ᠵᠠᠰᠠᠭ᠎ᠤᠨ ᠲᠣᠮᠣ ᠠᠰᠠᠷ᠎ᠤᠨ ᠨᠢᠭᠡᠳᠦᠭᠡᠷ ᠳᠠᠪᠬᠤᠷᠯᠢᠭ ᠎ᠤᠨ ᠮᠡᠳᠡᠭᠦᠯᠦᠯᠲᠡ᠎ᠶ᠋ᠢᠨ ᠲᠢᠩᠬᠢᠮ᠎ᠳᠦ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶ᠋ᠢᠨ ᠲᠣᠪᠴᠢᠶ᠎ᠠ᠎ᠶ᠋ᠢᠨ ᠨᠢᠭᠡᠳᠦᠭᠡᠷ ᠳᠡᠰ᠎ᠤᠨ ᠲᠣᠭᠣᠷᠢᠨ ᠪᠠᠢᠴᠠᠭᠠᠭ᠍ᠴᠢ ᠵᠠᠩ ᠪᠢᠨ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠳᠡᠭᠡᠳᠦ ᠬᠡᠮᠵᠢᠶ᠎ᠡ᠎ᠪᠡᠷ ᠭᠦᠨᠵᠡᠭᠡᠶ ᠲᠠᠨᠢᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭᠠᠨ᠎ᠤ ᠪᠠᠶᠠᠯᠢᠭ ᠠᠭᠤᠯᠤᠭ᠍ᠳᠠᠬᠤᠨ ᠪᠠ ᠭᠤᠤᠯ ᠴᠢᠬᠤᠯᠠ ᠠᠭᠤᠯᠭ᠎ᠠ᠎ᠶ᠋ᠢ ᠭᠦᠨᠵᠡᠭᠡᠶ ᠣᠢᠯᠠᠭᠠᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠬᠤ ᠪᠠ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ᠎ᠪᠥᠬᠥᠳᠡ᠎ᠬᠤᠷᠠᠯ᠎ᠤᠨ᠎ᠵᠣᠷᠢᠭ ᠰᠠᠨᠠᠭ᠎ᠠ᠎ᠶ᠋ᠢ ᠥᠪᠥᠷ ᠮᠣᠩᠭᠣᠯ᠎ᠳᠤ ᠲᠤᠭᠤᠱᠢᠯᠠᠭᠤᠯᠤᠨ ᠨᠠᠢᠳᠠᠪᠤᠷᠢᠵᠢᠭᠤᠯᠬᠤ ᠵᠢ ᠯᠠᠪᠳᠠᠭᠤᠨ ᠪᠠᠳᠤᠳᠠᠢ ᠠᠬᠢᠭᠤᠯᠬᠤ ᠭᠤᠷᠪᠠᠨ ᠲᠠᠯ᠎ᠠ᠎ᠡᠴᠡ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ ᠪᠠ ᠥᠪᠡᠷᠲᠡᠭᠡᠨ ᠎ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠱᠢᠰᠲ᠋ᠧᠮ᠎ᠲᠡᠶ ᠲᠣᠳᠣᠷᠬᠠᠢᠯᠠᠨ ᠦᠬᠦᠯᠡᠵᠦ ᠲᠠᠢᠯᠤᠮᠵᠢ ᠬᠢᠪᠡ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠶ᠋ᠢᠨ ᠭᠤᠤᠯ ᠰᠡᠳᠦᠪ᠎ᠨᠢ ᠢᠯᠡ ᠲᠣᠳᠣ᠂ ᠠᠭᠤᠯᠭ᠎ᠠ᠎ᠨᠢ ᠨᠠᠷᠢᠯᠢᠬ ᠪᠣᠳᠠᠲᠠᠶ᠂ ᠭᠤᠤᠯᠳᠠᠯᠭ᠎ᠠ᠎ᠨᠢ ᠲᠣᠪᠣᠢᠮ᠎ᠠ ᠪᠠᠢᠵᠤ᠂ ᠤᠯᠤᠰ ᠲᠥᠷᠥ᠎ᠶ᠋ᠢᠨ ᠦᠨᠳᠦᠷᠴᠡ᠎ᠲᠠᠢ ᠮᠥᠷᠲᠡᠭᠡᠨ ᠣᠨᠣᠯ᠎ᠤᠨ ᠭᠦᠨᠴᠡ ᠲᠡᠶ ᠪᠠᠢᠵᠤ᠂ ᠦᠨᠳᠦᠰᠦᠨ ᠱᠠᠲᠤᠨ᠎ᠤ ᠺᠠᠳ᠋ᠷᠴᠤᠳ᠎ᠤᠨ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ ᠎ᠶ᠋ᠢ ᠎ᠭᠦᠨᠵᠡᠭᠡᠶ ᠣᠢᠯᠠᠭᠠᠬᠤ᠂ ᠣᠨᠣᠪᠴᠢᠲᠠᠶ ᠡᠵᠡᠮᠳᠡᠬᠦ᠌᠂ ᠪᠥᠬᠥ᠌ ᠲᠠᠯ᠎ᠠ ᠪᠠᠷ ᠨᠠᠢᠳᠠᠪᠤᠷᠢᠵᠢᠭᠤᠯᠬᠤ᠎ᠳᠤ ᠲᠤᠢᠯ᠎ᠤᠨ ᠴᠢᠬᠤᠯᠠ ᠵᠢᠯᠣᠭᠣᠳᠭᠤ ᠠᠴᠢ ᠬᠣᠯᠪᠣᠭ᠍ᠳᠠᠯ᠎ᠲᠠᠶ ᠶᠤᠮ᠃

ᠠᠯᠠᠱᠠ ᠠᠢᠮᠠᠭ᠎ᠤᠨ ᠨᠠᠮ᠎ᠤᠨ ᠬᠣᠷᠢᠶᠠᠨ᠎ᠤ ᠱᠦᠵᠢ ᠳᠠᠢᠴᠢᠨ᠄《ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠵᠤ᠂ ᠰᠠᠢᠲᠤᠷ ᠤᠬᠠᠭᠤᠯᠵᠤ᠂ ᠰᠠᠢᠲᠤᠷ ᠲᠤᠭᠤᠱᠢᠯᠠᠭᠤᠯᠬᠤ ᠪᠣᠯ ᠣᠳᠣᠬᠠᠨ᠎ᠤ᠎ᠪᠠ ᠬᠣᠢᠱᠢᠳᠠ᠎ᠶ᠋ᠢᠨ ᠭᠡᠰᠡᠭ ᠬᠤᠭᠤᠴᠠᠭᠠᠨ᠎ᠤ ᠴᠢᠬᠤᠯᠠ ᠶᠡᠬᠡ ᠤᠯᠤᠰ ᠲᠥᠷᠥ᠎ᠶ᠋ᠢᠨ ᠡᠭᠦᠷᠭᠡ ᠮᠥᠨ᠃ ᠪᠦᠬᠦ᠌ ᠠᠢᠮᠠᠭ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠣᠯᠠᠨ ᠨᠠᠮ᠎ᠤᠨ ᠭᠡᠱᠢᠭᠦᠨ ᠺᠠᠳ᠋ᠷᠴᠤᠳ ᠤᠯᠤᠰ ᠲᠥᠷᠥ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠴᠢᠬᠤᠯᠠ ᠶᠡᠬᠡ ᠤᠯᠤᠰ ᠲᠦᠷᠦ᠍᠎ᠶ᠋ᠢᠨ ᠠᠴᠢ ᠬᠣᠯᠪᠣᠭ᠍ᠳᠠᠯ᠂ ᠲᠡᠦᠬᠡᠲᠦ ᠠᠴᠢ ᠬᠣᠯᠪᠣᠭ᠍ᠳᠠᠯ᠂ ᠦᠢᠯᠡᠳᠦᠯᠭᠡ᠎ᠶ᠋ᠢᠨ ᠠᠴᠢ ᠬᠣᠯᠪᠣᠭ᠍ᠳᠠᠯ᠎ᠢ ᠬᠦᠨᠵᠡᠭᠡᠢ ᠲᠠᠨᠢᠵᠤ᠂ ᠪᠥᠬᠥᠳᠡ ᠬᠤᠷᠠᠯ᠎ᠤᠨ ᠦᠵᠡᠯ ᠰᠠᠨᠠᠭᠠᠨ᠎ᠤ ᠴᠢᠬᠤᠯᠠ ᠠᠭᠤᠯᠭ᠎ᠠ᠂ ᠵᠤᠷᠢᠬ ᠰᠠᠨᠠᠭᠠᠨ᠎ᠤ ᠮᠥᠨ ᠴᠢᠨᠠᠷ᠂ ᠦᠢᠯᠡᠳᠦᠯᠭᠡ᠎ᠶ᠋ᠢᠨ ᠴᠢᠬᠤᠯᠠ ᠠᠭᠤᠯᠭ᠎ᠠ ᠵᠢ ᠤᠨᠤᠪᠴᠢᠳᠠᠢ ᠡᠵᠡᠮᠳᠡᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠵᠤ ᠤᠬᠠᠭᠤᠯᠤᠨ ᠲᠤᠭᠤᠱᠢᠯᠠᠭᠤᠯᠬᠤ ᠬᠠᠷᠢᠭᠤᠴᠠᠯᠭᠠᠲᠤ ᠰᠡᠳᠭᠢᠯᠭᠡ ᠪᠠ ᠡᠭᠦᠷᠭᠡᠲᠦ ᠪᠤᠳᠤᠯ ᠵᠢᠡᠨ ᠦᠨᠡᠨ ᠬᠦ᠌ ᠴᠢᠩᠭᠠᠳᠭᠠᠵᠤ᠂ ᠤᠬᠠᠮᠰᠠᠷ᠎ᠡᠴᠡ᠎ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶ᠎ᠠ ᠵᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠠ ᠪᠥᠬᠥᠳᠡ ᠬᠤᠷᠠᠯ᠎ᠤᠨ ᠵᠣᠷᠢᠭ ᠰᠠᠨᠠᠭ᠎ᠠ ᠳᠡᠭᠡᠷ᠎ᠡ ᠨᠢᠭᠡᠳᠭᠡᠵᠤ᠂ ᠨᠠᠮ᠎ᠤᠨ ᠲᠥᠪ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠷᠢᠯᠠᠭᠤᠯᠤᠯᠲᠠ᠎ᠶ᠋ᠢᠨ ᠱᠠᠭᠠᠷᠳᠠᠯᠭ᠎ᠠ ᠶᠣᠰᠣᠭᠠᠷ᠂ ᠡᠨᠡ ᠤᠳᠠᠭ᠎ᠠ ᠵᠢᠨ ᠤᠬᠠᠭᠤᠯᠤᠨ ᠲᠠᠢᠯᠪᠤᠷᠢᠯᠠᠯᠲᠠ᠎ᠪᠠᠷ᠎ᠠᠵᠠ ᠲᠣᠬᠢᠶᠠᠯ ᠪᠣᠯᠭᠠᠵᠤ᠂ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠠᠵᠢᠯ᠎ᠢ᠎ᠤᠯᠠᠮ᠎ᠴᠢᠨᠠᠬᠰᠢᠳᠠ᠎ᠰᠠᠢᠲᠤᠷ᠎ᠠᠳᠭᠤᠵᠤ᠂᠎ᠨᠠᠮ᠎ᠤᠨ᠎ᠠᠷᠪᠠ᠎ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ᠎ᠵᠣᠷᠢᠭ ᠰᠠᠨᠠᠭ᠎ᠠ᠎ᠶ᠋ᠢ ᠠᠯᠠᠱᠠ ᠠᠢᠮᠠᠭ᠎ᠲᠤ ᠪᠣᠳᠠᠲᠠᠶ᠎ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ》 ᠭᠡᠵᠤ ᠬᠡᠯᠡᠪᠡ᠃

ᠠᠯᠠᠱᠠ ᠠᠢᠮᠠᠭ᠎ᠤᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠣᠪᠴᠢᠶᠠᠨ᠎ᠤ ᠨᠠᠮ᠎ᠤᠨ᠎ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠤᠤ ᠲᠢᠶᠠᠨ ᠶᠤᠸᠠᠨ᠄ 《ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠮᠠᠰᠢ ᠠᠮᠢᠳᠤᠯᠢᠭ᠂ ᠮᠠᠰᠢ ᠭᠣᠢᠳᠠ ᠰᠠᠢᠬᠠᠨ ᠪᠤᠯᠵᠦ᠂ ᠰᠣᠨᠣᠰᠤᠭᠠᠳ ᠮᠠᠰᠢ ᠶᠡᠬᠡ ᠣᠯᠤᠯᠲᠠ᠎ᠲᠠᠶ ᠪᠤᠯᠵᠠᠢ᠃ ᠬᠣᠢᠱᠢᠳᠠ ᠠᠢᠮᠠᠭ᠎ᠤᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠣᠪᠴᠢᠶ᠎ᠠ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠰᠠᠢᠳᠤᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠰᠤᠷᠤᠯᠴᠠᠯᠭ᠎ᠠ᠎ᠶ᠋ᠢᠨ ᠦᠷ᠎ᠡ ᠪᠦᠲᠦᠮᠵᠢ᠎ᠶ᠋ᠢ ᠠᠵᠢᠯ᠎ᠤᠨ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ᠂ ᠤᠭ ᠰᠠᠨᠠᠭ᠎ᠠ᠎ᠪᠠᠨ ᠪᠠᠲᠤ ᠰᠠᠬᠢᠵᠤ᠂ ᠡᠷᠡᠮᠡᠭᠡᠢᠯᠡᠨ ᠤᠷᠤᠭ᠍ᠰᠢᠯᠠᠵᠤ᠂〈ᠲᠠᠯᠪᠢᠬᠤ ᠬᠠᠮᠢᠶᠠᠷᠬᠤ ᠦᠶ᠋ᠯᠡᠴᠢᠯᠡᠬᠦ᠌〉ᠥᠭᠡᠷᠡᠴᠢᠯᠡᠯᠲᠡ᠎ᠶ᠋ᠢ ᠲᠠᠰᠤᠷᠠᠯᠲᠠ ᠥᠬᠡᠶ ᠭᠦᠨᠵᠡᠭᠡᠢᠷᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠎ᠶ᠋ᠢ ᠪᠦᠬᠦ᠌ ᠬᠦᠴᠦᠨ᠎ᠢᠶᠡᠷ ᠠᠬᠢᠭᠤᠯᠵᠤ᠂ 〈ᠮᠥᠩᠬᠡ ᠰᠤᠪᠠᠭ᠂ ᠨᠢᠭᠡ ᠰᠦᠯᠵᠢᠶ᠎ᠡ᠎ᠪᠡᠷ ᠬᠦᠢᠴᠡᠳᠭᠡᠬᠦ᠂ ᠠᠯᠠᠭᠠᠨ ᠳᠡᠭᠡᠷ᠎ᠡ᠎ᠪᠡᠨ ᠬᠦᠢᠴᠡᠳᠭᠡᠬᠦ᠂ ᠨᠢᠭᠡ ᠯᠡ ᠤᠳᠠᠭ᠎ᠠ ᠳ᠋ᠤ ᠭᠦᠶ᠋ᠴᠡᠳᠭᠡᠬᠦ᠂ ᠲᠠᠨ ᠳ᠋ᠦ ᠲᠤᠰᠠᠯᠠᠨ ᠬᠦᠢᠴᠡᠳᠭᠡᠬᠦ〉ᠵᠡᠷᠭᠡ ᠪᠡᠷ ᠭᠠᠷᠳᠠᠴᠠ ᠪᠤᠯᠭᠠᠵᠤ᠂ ᠣᠯᠠᠨ ᠲᠦᠮᠡᠨ ᠪᠠ ᠠᠵᠤ ᠠᠬᠤᠢᠯᠠᠯ᠎ᠤᠨ ᠤᠴᠢᠷ ᠶᠠᠪᠤᠳᠠᠯ ᠬᠦᠢᠴᠡᠳᠬᠡᠬᠦ ᠳ᠋ᠤ ᠬᠦᠴᠢᠷ᠂ ᠤᠳᠠᠭᠠᠨ᠂ ᠶᠠᠷᠱᠢᠭ᠍ᠲᠠᠶ ᠠᠰᠠᠭᠤᠳᠠᠯ᠎ᠢ ᠪᠦᠲᠦᠮᠵᠢᠲᠡᠢ ᠱᠢᠢᠳᠪᠦᠷᠢᠯᠡᠵᠤ᠂ ᠳ᠋ᠠᠢᠲ᠋ᠠ᠎ᠶ᠋ᠢ ᠢᠯᠡᠭᠦᠬᠡᠨ ᠬᠡᠷᠡᠭᠯᠡᠨ᠂ ᠣᠯᠠᠨ ᠲᠦᠮᠡᠨ ᠢ᠋ ᠳᠤᠲᠠᠭᠤ ᠭᠦᠶᠦᠯᠭᠡᠵᠦ᠂ ᠠᠵᠤ ᠠᠬᠤᠢᠯᠠᠯ ᠪᠠ ᠣᠯᠠᠨ ᠲᠦᠮᠡᠨ ᠎ᠦ ᠬᠦᠷᠲᠡᠮᠵᠢ᠎ᠶ᠋ᠢᠨ ᠲᠥᠷᠥᠭ᠌ᠳᠡᠯ᠂ ᠬᠠᠨᠤᠮᠵᠢ᠎ᠶ᠋ᠢᠨ ᠬᠡᠮᠵᠢᠶ᠎ᠡ ᠵᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠵᠦ᠂ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ ᠵᠢ ᠨᠡᠩ ᠰᠠᠢᠵᠢᠷᠠᠭᠤᠯᠤᠨ᠎ᠡ》 ᠭᠡᠵᠤ ᠬᠡᠯᠡᠪᠡ᠃

《ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠠᠭᠤᠯᠤᠭ᠍ᠳᠠᠬᠤᠨ ᠡᠯᠪᠡᠭ ᠪᠠᠶᠠᠯᠢᠭ᠂ ᠭᠦᠨᠵᠡᠭᠡᠢ ᠪᠥᠭᠡᠳ ᠣᠢᠯᠠᠭᠠᠮᠵᠢᠲᠠᠢ ᠪᠠᠢᠵᠤ᠂ ᠰᠣᠨᠣᠰᠤᠭᠠᠳ ᠮᠠᠰᠢ ᠶᠡᠬᠡ ᠰᠡᠩᠬᠡᠷᠡᠭᠦᠯᠦᠯ ᠪᠠ ᠵᠣᠷᠢᠭ᠍ᠵᠢᠭᠤᠯᠤᠯ ᠣᠯᠵᠠᠢ᠃ ᠬᠣᠢᠱᠢᠳᠠ ᠲᠤᠬᠠᠢᠯᠠᠭ᠍ᠰᠠᠨ ᠠᠵᠢᠯ᠎ᠳᠠᠭᠠᠨ ᠰᠠᠭᠤᠷᠢᠯᠠᠵᠤ᠂ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠡᠭᠦᠷᠭᠡ ᠴᠢᠳᠠᠮᠵᠢ᠎ᠶ᠋ᠢ ᠰᠠᠢᠲᠤᠷ ᠪᠠᠳᠠᠷᠠᠭᠤᠯᠤᠨ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠠᠵᠤ ᠠᠬᠤᠢᠯᠠᠯ᠎ᠳᠤ ᠣᠷᠣᠭᠤᠯᠬᠤ᠂ ᠬᠥᠳᠡᠭᠡ ᠲᠣᠰᠭᠣᠨ᠎ᠳᠤ ᠣᠷᠣᠭᠤᠯᠬᠤ᠂ ᠪᠠᠢᠭᠤᠯᠭ᠎ᠠ᠎ᠳᠤ ᠣᠷᠣᠭᠤᠯᠬᠤ᠂ ᠨᠡᠢᠭᠡᠮ ᠲᠣᠭᠣᠷᠢᠭ᠎ᠲᠤ ᠣᠷᠣᠭᠤᠯᠬᠤ᠂ ᠰᠤᠷᠭᠠᠭᠤᠯᠢ᠎ᠳᠤ ᠣᠷᠣᠭᠤᠯᠬᠤ᠂ ᠴᠡᠷᠢᠭ᠎ᠦᠨ ᠬᠤᠸᠠᠷᠠᠨ᠎ᠳᠤ ᠣᠷᠣᠭᠤᠯᠬᠤ᠂ ᠰᠦᠯᠵᠢᠶᠡᠨ᠎ᠳᠦ ᠣᠷᠣᠭᠤᠯᠬᠤ ᠱᠢᠷᠢᠰ ᠠᠵᠢᠯᠯᠠᠭ᠎ᠠ᠎ᠶ᠋ᠢ ᠯᠠᠪᠳᠠᠭᠤᠨ ᠪᠠᠲᠤᠲᠠᠢ ᠥᠷᠨᠢᠭᠦᠯᠵᠦ᠍᠂ ᠥᠷᠭᠡᠨ ᠳᠡᠯᠭᠡᠷ ᠤᠬᠠᠭᠤᠯᠤᠨ ᠲᠠᠢᠯᠪᠤᠷᠢᠯᠠᠬᠤ᠎ᠪᠠᠷ ᠳᠠᠮᠵᠢᠨ᠂ ᠨᠠᠮ᠎ᠤᠨ ᠱᠢᠨ᠎ᠡ᠎ᠶ᠋ᠢ ᠡᠭᠦᠳᠬᠦ᠌ ᠤᠨᠤᠯ᠎ᠤᠨ ᠤᠯᠠᠮ ᠴᠢᠨᠠᠭ᠍ᠰᠢᠳᠠ ᠭᠦᠨᠵᠡᠭᠡᠢᠷᠡᠬᠦ᠌᠂ ᠦᠨᠳᠦᠰᠦᠨ ᠱᠠᠲᠤᠨ᠎ᠳᠤ ᠬᠦᠷᠬᠦ᠌᠎ᠶ᠋ᠢ ᠦᠨᠡᠨ ᠬᠦ᠌ ᠠᠬᠢᠭᠤᠯᠵᠤ᠂ ᠨᠠᠮ᠎ᠤᠨ ᠭᠡᠱᠢᠭᠦᠨ ᠺᠠᠳ᠋ᠷ ᠤᠯᠠᠨ ᠲᠦᠮᠡᠨ᠎ᠢ ᠪᠦᠬᠦᠨ᠎ᠢ ᠪᠦᠷᠬᠦᠬᠦᠯᠵᠦ᠍᠂ ᠠᠯᠠᠱᠠ᠎ᠶ᠋ᠢᠨ ᠡᠬᠡ ᠭᠠᠵᠠᠷ᠎ᠲᠤ ᠲᠤᠭᠤᠰᠢᠯᠠᠭᠤᠯᠤᠨ᠎ᠨᠠᠢᠳᠠᠪᠦᠷᠢᠵᠢᠭᠤᠯᠵᠤ᠎ᠬᠥᠮᠦᠨ ᠪᠦᠬᠦᠨ᠎ᠳᠦ ᠮᠡᠳᠡᠭᠦᠯᠦᠨ᠎ᠡ》ᠬᠡᠵᠦ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢ ᠰᠣᠨᠣᠰᠤᠭ᠍ᠰᠠᠨ᠎ᠤ ᠳᠠᠷᠠᠭ᠎ᠠ ᠠᠯᠠᠱᠠ ᠠᠢᠮᠠᠭ ᠎ᠤᠨ ᠨᠠᠮ᠎ᠤᠨ ᠬᠣᠷᠢᠶ᠎ᠠ ᠵᠢᠨ ᠯᠧᠺᠲ᠋ᠣᠷ᠎ᠤᠨ ᠪᠦᠯᠬᠦᠮ᠎ᠦᠨ ᠳᠡᠳ᠋ ᠳᠠᠷᠤᠭ᠎ᠠ ᠶᠤᠸᠠᠨ ᠴᠦᠨ ᠵᠢᠤᠸᠠᠨ ᠬᠡᠯᠡᠪᠡ᠃

ᠲᠣᠰ ᠡᠳᠦᠷ᠎ᠦᠨ ᠦᠳᠡ᠎ᠶ᠋ᠢᠨ ᠬᠣᠢᠨ᠎ᠠ᠂ ᠵᠠᠩ ᠪᠢᠨ ᠠᠯᠠᠱᠠ ᠵᠡᠭᠦᠨ ᠬᠣᠱᠢᠭᠤᠨ᠎ᠳᠤ ᠬᠦᠷᠴᠦ᠍᠂ ᠥᠪᠥᠷ ᠮᠣᠩᠭᠣᠯ᠎ᠤᠨ ᠪᠠᠷᠠᠭᠤᠨ ᠤᠷᠤᠨ ᠤ᠋ ᠺᠠᠶ ᠶᠤᠸᠠᠨ ᠠᠭᠤᠷᠬᠠᠶ᠎ᠪᠠ ᠡᠨᠧᠷᠭᠢ᠎ᠶ᠋ᠢᠨ ᠨᠡᠭᠡᠭᠡᠨ᠎ᠬᠥᠭ᠌ᠵᠢᠭᠦᠯᠬᠦ ᠬᠢᠵᠠᠭᠠᠷᠲᠤ ᠺᠣᠮᠫᠠᠨᠢ᠎ᠶ᠋ᠢᠨ ᠨᠠᠮ᠎ᠤᠨ ᠭᠡᠱᠢᠭᠦᠨ ᠺᠠᠳ᠋ᠷᠴᠤᠳ ᠵᠢᠴᠢ ᠠᠵᠢᠯᠲᠠᠨ ᠠᠵᠢᠯᠴᠢᠤᠨ᠎ᠲᠤ ᠲᠤᠰᠭᠠᠶ ᠰᠡᠳᠦᠪ ᠵᠢᠡᠷ ᠤᠬᠠᠭᠤᠯᠤᠨ ᠲᠠᠢᠯᠪᠤᠷᠢᠯᠠᠬᠰᠠᠨ ᠪᠥᠭᠡᠳ ᠠᠵᠤ ᠠᠬᠤᠢᠯᠠᠯ᠎ᠤᠨ ᠲᠥᠯᠥᠭᠡᠯᠡᠭ᠌ᠴᠢᠳ᠎ᠲᠡᠶ ᠨᠢᠭᠤᠷᠳᠠᠨ ᠶᠠᠷᠢᠯᠴᠠᠵᠤ ᠰᠠᠨᠠᠯ᠎ᠢᠶᠠᠨ ᠰᠣᠯᠢᠯᠴᠠᠵᠤ᠂ ᠣᠯᠠᠨ᠎ᠤ ᠠᠩᠬᠠᠷᠴᠤ᠌ ᠪᠠᠢᠭ᠎ᠠ ᠠᠰᠠᠭᠤᠳᠠᠯ᠎ᠢ ᠲᠤᠬᠠᠶ᠎ᠶ᠋ᠢᠨ ᠲᠠᠯᠠᠪᠠᠶ᠎ᠳᠤ ᠨᠢᠭᠡᠳ ᠨᠢᠭᠡ᠎ᠪᠡᠷ ᠬᠠᠷᠢᠭᠤᠯᠪᠠ᠃

ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠬᠤᠷᠠᠯ ᠲᠡᠭᠦᠰᠦᠭ᠌ᠰᠡᠨ᠎ᠦ ᠲᠠᠷᠠᠭ᠎ᠠ᠂ ᠥᠪᠥᠷ ᠮᠣᠩᠭᠣᠯ᠎ᠤᠨ ᠪᠠᠷᠠᠭᠤᠨ ᠣᠷᠣᠨ᠎ᠤ ᠺᠠᠢ ᠶᠤᠸᠠᠨ ᠠᠭᠤᠷᠬᠠᠢ᠎ᠪᠠ ᠡᠨᠧᠷᠭᠢ᠎ᠶ᠋ᠢᠨ ᠨᠡᠭᠡᠭᠡᠨ ᠬᠥᠭ᠌ᠵᠢᠭᠦᠯᠬᠦ᠌ ᠎ᠬᠢᠵᠠᠭᠠᠷᠲᠤ ᠎ᠺᠣᠮᠫᠠᠨᠢ ᠎ᠶ᠋ᠢᠨ ᠎ᠠᠵᠢᠯᠳᠠᠨ ᠎ᠵᠢᠶᠤᠤ ᠎ᠱᠢᠨ ᠎ᠹᠦ᠋᠄《ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭᠠᠳ ᠰᠡᠳᠭᠢᠯ ᠮᠠᠰᠢ ᠳᠣᠭ᠍ᠳᠣᠯᠵᠤ ᠪᠠᠢᠨ᠎ᠠ᠂ ᠮᠡᠳᠡᠬᠦᠯᠦᠯᠳᠠ ᠨᠢ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢ᠎ᠠ ᠵᠢᠨ ᠵᠢᠷᠭᠤᠳᠤᠭᠠᠷ ᠪᠦᠬᠦᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭᠠᠨ᠎ᠤ ᠠᠭᠤᠯᠤᠭ᠍ᠳᠠᠬᠤᠨ᠎ᠢ ᠨᠠᠳᠠ ᠳ᠋ᠦ ᠨᠡᠩ ᠭᠦᠨᠵᠡᠭᠡᠢ ᠣᠢᠯᠠᠭᠠᠭᠤᠯᠵᠠᠢ᠃ ᠠᠵᠤ ᠠᠬᠤᠢᠯᠠᠯ᠎ᠤᠨ ᠠᠵᠢᠯᠲᠠᠨ ᠪᠣᠯᠤᠭ᠍ᠰᠠᠨ᠎ᠤ ᠬᠤᠪᠢ ᠎ᠳᠤ᠂ ᠬᠣᠢᠱᠢᠳᠠ᠎ᠪᠢ᠎ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ᠎ᠬᠤᠷᠠᠯ᠎ᠤᠨ᠎ᠵᠣᠷᠢᠭ᠎ᠰᠠᠨᠠᠭ᠎ᠠ᠎ᠶ᠋ᠢ᠎ᠰᠤᠷᠤᠯᠴᠠᠨ ᠲᠤᠭᠤᠱᠢᠯᠠᠭᠤᠯᠬᠤ᠎ᠶ᠋ᠢ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠲᠡᠶ ᠤᠶᠠᠯᠳᠤᠭᠤᠯᠵᠤ᠂ ᠠᠵᠢᠯ᠎ᠤᠨ ᠪᠠᠷᠢᠮᠵᠢᠶ᠎ᠠ ᠪᠠ ᠦᠶ᠋ᠯᠡᠴᠢᠯᠡᠭᠡᠨ᠎ᠦ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠠᠷᠠᠳ ᠣᠯᠠᠨ᠎ᠤ ᠰᠢᠳᠠᠮᠠᠬᠠᠢ ᠬᠡᠢ ᠵᠢ ᠠᠮᠤᠷ ᠲᠦᠪᠱᠢᠨ ᠵᠢᠡᠷ ᠬᠡᠷᠡᠭᠯᠡᠬᠦ ᠵᠢ ᠦᠨᠡᠨ ᠬᠦ᠌ ᠪᠠᠲᠤᠯᠠᠵᠤ᠂ ᠣᠯᠠᠨ ᠲᠦᠮᠡᠨ᠎ᠦ ᠮᠠᠭ᠍ᠲᠠᠭᠠᠯ ᠰᠠᠢᠱᠢᠶᠠᠯ᠎ᠢᠶᠠᠷ ᠪᠢᠳᠡᠨ᠎ᠦ ᠠᠵᠢᠯ᠎ᠤᠨ ᠦᠷ᠎ᠡ ᠪᠦᠲᠦᠮᠵᠢ ᠪᠠᠨ ᠱᠢᠯᠭᠠᠵᠤ᠂ ᠠᠷᠠᠳ ᠲᠦᠮᠡᠨ᠎ᠳᠦ ᠦᠶ᠋ᠯᠡᠴᠢᠯᠡᠬᠦ᠌ ᠶᠠᠪᠤᠴᠠ ᠳᠤᠮᠳᠠ ᠨᠢᠭᠡ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠬᠥᠮᠦᠨ᠎ᠦ ᠪᠠᠢᠪᠠᠰᠤ ᠵᠣᠬᠢᠬᠤ ᠬᠠᠷᠢᠭᠤᠴᠠᠯᠭ᠎ᠠ᠎ᠪᠠᠨ ᠢᠯᠡᠷᠡᠭᠦᠯᠦᠨ᠎ᠡ》 ᠭᠡᠵᠦ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号