12 ᠰᠠᠷ᠎ᠠ᠎ᠶ᠋ᠢᠨ13᠎ᠤ ᠡᠳᠦᠷ᠎ᠦᠨ 0 ᠴᠠᠭ ᠡᠴᠡ 24 ᠴᠠᠭ ᠪᠤᠯᠲᠠᠯᠠᠬᠢ ᠦᠪᠦᠷ ᠮᠤᠩᠭᠤᠯ ᠤᠷᠤᠨ ᠳ᠋ᠡᠬᠢ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢᠳᠠᠯ
2021-12-15 10:46:28
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

12 ᠰᠠᠷ᠎ᠠ᠎ᠶ᠋ᠢᠨ13᠎ᠤ ᠡᠳᠦᠷ᠎ᠦᠨ 0 ᠴᠠᠭ ᠡᠴᠡ 24 ᠴᠠᠭ᠎ᠪᠤᠯᠲᠠᠯ᠎ᠠ᠂ ᠦᠪᠤᠷ ᠮᠤᠨᠭᠭᠤᠯ᠎ᠤᠨ ᠦᠪᠡᠷᠳᠡᠭᠡᠨ ᠵᠠᠰᠠᠬᠤ ᠤᠷᠤᠨ ᠳ᠋ᠤ ᠰᠡᠵᠢᠭ᠌ᠯᠡᠯᠲᠡᠶ ᠡᠪᠡᠳᠴᠢᠨ᠎ᠦ ᠵᠢᠱ᠌ᠢᠶ᠎ᠡ ᠪᠠ ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠳᠠᠭᠴᠢ ᠱᠢᠨ᠎ᠡ᠎ᠪᠡᠷ ᠨᠡᠮᠡᠭ᠌ᠳᠡᠭᠰᠡᠨ ᠥᠬᠡᠶ᠃ ᠲᠤᠬᠠᠢ᠎ᠶᠢᠨ ᠭᠠᠵᠠᠷ᠎ᠤᠨ ᠲᠤᠳᠤᠯᠠᠭᠰᠠᠨ ᠡᠪᠡᠳᠴᠢᠨ᠎ᠤ  ᠵᠢᠱ᠌ᠢᠶ᠎ᠡ 5 (ᠴᠦᠮ ᠬᠦᠯᠦᠨ ᠪᠤᠢᠷ ᠬᠤᠲᠠ᠎ᠶᠢᠨ ᠮᠠᠨᠵᠤᠤᠷ ᠬᠤᠲᠠ ᠳ᠋ᠤ)ᠨᠡᠮᠡᠭᠳᠡᠵᠡᠢ᠃ ᠲᠤᠬᠠᠢ ᠵᠢᠨ ᠭᠠᠵᠠᠷ᠎ᠤᠨ10 ᠲᠤᠳᠤᠯᠠᠬᠰᠠᠨ ᠡᠪᠡᠳᠴᠢᠨ᠎ᠤ ᠵᠢᠱ᠌ᠢᠶ᠎ᠡ ᠢᠯᠡᠷᠢᠰᠢᠵᠦ(ᠴᠦᠮ ᠬᠦᠯᠦᠨ ᠪᠤᠢᠷ ᠬᠤᠲᠠ᠎ᠶᠢᠨ ᠮᠠᠨᠵᠤᠤᠷ ᠬᠤᠲᠠ ᠳ᠋ᠤ)ᠡᠮᠨᠡᠯᠭᠡ ᠡᠴᠡ ᠭᠠᠷᠪᠠ᠃

ᠱᠢᠨ᠎ᠡ ᠪᠡᠷ ᠨᠡᠮᠡᠭ᠌ᠳᠡᠭᠰᠡᠨ ᠲᠤᠬᠠᠢ᠎ᠶᠢᠨ ᠭᠠᠵᠠᠷ ᠎ᠤᠨ ᠲᠤᠳᠤᠯᠠᠭᠰᠠᠨ ᠡᠪᠡᠳᠴᠢᠨ᠎ᠦ ᠵᠢᠱ᠌ᠢᠶ᠎ᠡ᠎ᠶ᠋ᠢᠨ ᠪᠣᠳᠠᠲᠠᠢ ᠪᠠᠢᠳᠠᠯ ᠨᠢ ᠳᠠᠷᠠᠭᠠᠬᠢ ᠮᠡᠲᠦ᠄

ᠲᠤᠳᠤᠯᠠᠭᠰᠠᠨ ᠡᠪᠡᠳᠴᠢᠨ᠎ᠤ ᠵᠢᠱ᠌ᠢᠶ᠎ᠡ 544᠎ᠡᠴᠡ 547᠄

ᠴᠥᠮ ᠮᠠᠨᠵᠤᠸ᠋ᠷ ᠬᠣᠲᠠ᠎ᠶ᠋ᠢᠨ ᠲᠥᠪᠯᠡᠷᠡᠭᠦᠯᠦᠨ ᠲᠤᠰᠠᠭᠠᠷᠯᠠᠭ᠍ᠰᠠᠨ ᠬᠦᠮᠦᠰ᠎ᠤᠨ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ᠎ᠳᠤ ᠠᠷᠭ᠎ᠠ ᠴᠢᠨᠠᠷ ᠢᠯᠡᠷᠡᠭᠰᠡᠳ ᠪᠠᠢᠵᠤ᠂ ᠲᠤᠰᠭᠠᠶ ᠮᠡᠷᠭᠡᠵᠢᠯᠲᠡᠨ᠎ᠦ ᠳᠤᠭᠤᠢᠯᠠᠩ ᠬᠠᠮᠲᠤᠷᠠᠨ ᠣᠨᠣᠱᠢᠯᠠᠭᠠᠳ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠲᠤᠳᠤᠯᠠᠭᠰᠠᠨ ᠡᠪᠡᠳᠴᠢᠨ᠎ᠤ ᠵᠢᠱ᠌ᠢᠶ᠎ᠡ ᠭᠡᠵᠦ᠍ ᠣᠨᠣᠱᠢᠯᠠᠵᠠᠶ᠃

ᠲᠤᠳᠤᠯᠠᠭᠰᠠᠨ ᠡᠪᠡᠳᠴᠢᠨ᠎ᠤ ᠵᠢᠱ᠌ᠢᠶ᠎ᠡ 548᠄ᠮᠠᠨᠵᠤᠸ᠋ᠷ ᠬᠣᠲᠠ᠎ᠶ᠋ᠢᠨ ᠭᠤᠤᠯᠳᠠᠯᠭ᠎ᠠ ᠲᠠᠢ ᠬᠦᠮᠦᠰ᠎ᠦᠨ ᠪᠥᠭᠡᠮ ᠬᠦᠴᠢᠯ ᠎ᠦᠨ ᠱᠢᠯᠭᠠᠨ ᠪᠠᠢᠴᠠᠭᠠᠯᠲᠠ᠎ᠳᠤ ᠠᠷᠭ᠎ᠠ ᠴᠢᠨᠠᠷ ᠢᠯᠡᠷᠡᠭᠴᠢ ᠪᠠᠢᠵᠤ᠂ ᠲᠤᠰᠭᠠᠶ ᠮᠡᠷᠭᠡᠵᠢᠯᠲᠡᠨ᠎ᠦ ᠳᠤᠭᠤᠢᠯᠠᠩ ᠬᠠᠮᠲᠤᠷᠠᠨ ᠣᠨᠣᠱᠢᠯᠠᠭᠠᠳ ᠱᠢᠨ᠎ᠡ ᠲᠢᠲᠢᠮᠯᠢᠭ᠎ᠠᠭᠤᠰᠭᠢᠨ᠎ᠦᠷᠪᠢᠰᠦᠯ᠎ᠤᠨ᠎ᠲᠤᠳᠤᠯᠠᠭᠰᠠᠨ ᠡᠪᠡᠳᠴᠢᠨ᠎ᠤ ᠵᠢᠱ᠌ᠢᠶ᠎ᠡ᠎ᠪᠡᠷ ᠣᠨᠣᠱᠢᠯᠠᠵᠠᠶ ᠃

ᠣᠳᠣᠬᠠᠨ᠎ᠳᠤ᠂ ᠳᠡᠭᠡᠷ᠎ᠡ ᠳᠤᠷᠠᠳᠤᠭ᠍ᠰᠠᠨ ᠬᠥᠮᠦᠰ᠎ᠢ ᠨᠢᠭᠡᠨᠲᠡ ᠲᠣᠭ᠍ᠲᠠᠭᠰᠠᠨ ᠡᠮᠨᠡᠯᠭᠡ᠎ᠶ᠋ᠢᠨ ᠬᠣᠷᠢᠶᠠᠨ᠎ᠳᠤ ᠱᠢᠯᠵᠢᠭᠦᠯᠦᠨ ᠬᠦᠷᠭᠡᠵᠦ᠍ ᠲᠤᠰᠠᠭᠠᠷᠯᠠᠨ ᠡᠮᠨᠡᠭᠦᠯᠵᠦ ᠲᠤᠰᠠᠭᠠᠷᠯᠠᠨ ᠠᠵᠢᠬᠯᠠᠵᠤ ᠪᠤᠢ᠂ ᠬᠠᠮᠢᠶ᠎ᠠ ᠪᠦᠬᠦᠢ ᠲᠠᠬᠤᠯ ᠡᠪᠡᠳᠴᠢᠨ᠎ᠤ ᠪᠠᠢᠴᠠᠭᠠᠯᠲᠠ᠂ ᠰᠢᠭᠰᠢᠨ ᠪᠠᠢᠴᠠᠭᠠᠯᠲᠠ ᠵᠡᠷᠭᠡ ᠠᠵᠢᠯ ᠶᠠᠭ ᠶᠠᠪᠤᠭᠳᠠᠵᠤ ᠪᠠᠢᠨ᠎ᠠ ᠃

12 ᠰᠠᠷ᠎ᠠ᠎ᠶ᠋ᠢᠨ 13᠎ᠦ ᠡᠳᠦᠷ᠎ᠦᠨ 24 ᠴᠠᠭ ᠪᠣᠯᠲᠠᠯ᠎ᠠ᠂ ᠦᠪᠤᠷ ᠮᠤᠨᠭᠭᠤᠯ᠎ᠤᠨ ᠦᠪᠡᠷᠳᠡᠭᠡᠨ ᠵᠠᠰᠠᠬᠤ ᠤᠷᠤᠨ ᠳ᠋ᠤ ᠲᠤᠬᠠᠢ ᠎ᠶᠢᠨ ᠭᠠᠵᠠᠷ᠎ᠤᠨ ᠲᠤᠳᠤᠯᠠᠭᠰᠠᠨ ᠡᠪᠡᠳᠴᠢᠨ᠎ᠦ ᠵᠢᠱ᠌ᠢᠶ᠎ᠡ 515 (ᠬᠦᠯᠦᠨ ᠪᠤᠢᠷ ᠬᠤᠲᠠ᠎ᠶᠢᠨ ᠮᠠᠨᠵᠤᠤᠷ ᠬᠤᠲᠠ ᠳ᠋ᠤ 504᠂ ᠰᠢᠨ᠎ᠡ ᠪᠠᠷᠭᠤ ᠪᠠᠷᠠᠭᠤᠨ ᠬᠤᠰᠢᠭᠤᠨ ᠳ᠋ᠤ 9 ᠪᠤᠢ; ᠮᠠᠨᠵᠤᠤᠷ ᠬᠤᠲᠠ᠎ᠶᠢᠨ ᠬᠢᠵᠢᠭ ᠲᠠᠢ ᠬᠤᠯᠪᠤᠭᠳᠠᠯ ᠲᠠᠢ ᠲᠤᠳᠤᠯᠠᠭᠰᠠᠨ ᠡᠪᠡᠳᠴᠢᠨ᠎ᠤ ᠵᠢᠱ᠌ᠢᠶ᠎ᠡ 2᠂ ᠲᠦᠩᠯᠢᠶᠤᠤ ᠬᠤᠲᠠ᠎ᠶᠢᠨ ᠬᠤᠷᠴᠢᠨ ᠲᠤᠭᠤᠷᠢᠭ ᠲᠤ᠌ ᠪᠤᠢ)ᠪᠠᠢᠨ᠎ᠠ᠃ ᠪᠦᠬᠦᠨ᠎ᠢ ᠲᠣᠭ᠍ᠲᠠᠭ᠍ᠰᠠᠨ ᠡᠮᠨᠡᠯᠭᠡ᠎ᠶ᠋ᠢᠨ ᠬᠣᠷᠢᠶ᠎ᠠ᠎ᠳᠤ ᠲᠤᠰᠠᠭᠠᠷᠯᠠᠨ ᠡᠮᠴᠢᠯᠡᠵᠦ᠍᠂ ᠨᠢᠭᠲᠠ ᠣᠢᠷᠠᠲᠤᠭ᠍ᠰᠠᠳ᠎ᠢ ᠨᠢ ᠴᠦᠮ ᠲᠣᠭ᠍ᠲᠠᠭ᠍ᠰᠠᠨ ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ᠎ᠤ ᠠᠵᠢᠭ᠍ᠯᠠᠯᠲᠠ ᠬᠢᠵᠦ᠂ ᠬᠢᠵᠢᠭ᠎ᠲᠠᠷᠬᠠᠬᠤ᠎ᠶ᠋ᠢ ᠴᠢᠩᠭ᠎ᠠ ᠰᠡᠷᠭᠡᠢᠯᠡᠵᠤ ᠪᠤᠢ᠃

ᠢᠷᠡᠯᠲᠡ᠄ ᠦᠪᠦᠷ ᠮᠤᠩᠭᠤᠯ᠎ᠤᠨ᠎ᠦᠪᠡᠷᠲᠡᠭᠡᠨ᠎ᠵᠠᠰᠠᠬᠤ ᠤᠷᠤᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠦᠪᠯᠡᠯ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号