12 ᠰᠠᠷ᠎ᠠ᠎ᠶ᠋ᠢᠨ14᠎ᠤ ᠡᠳᠦᠷ᠎ᠦᠨ0 ᠴᠠᠭ ᠡᠴᠡ 24 ᠴᠠᠭ ᠪᠤᠯᠲᠠᠯᠠᠬᠢ ᠦᠪᠦᠷ ᠮᠤᠩᠭᠤᠯ ᠤᠷᠤᠨ ᠳ᠋ᠡᠬᠢ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢᠳᠠᠯ
2021-12-15 16:08:07
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

12 ᠰᠠᠷ᠎ᠠ᠎ᠶ᠋ᠢᠨ14᠎ᠤ ᠡᠳᠦᠷ᠎ᠦᠨ 0 ᠴᠠᠭ ᠡᠴᠡ 24 ᠴᠠᠭ᠎ᠪᠤᠯᠲᠠᠯ᠎ᠠ᠂ ᠦᠪᠤᠷ ᠮᠤᠨᠭᠭᠤᠯ᠎ᠤᠨ ᠦᠪᠡᠷᠳᠡᠭᠡᠨ ᠵᠠᠰᠠᠬᠤ ᠤᠷᠤᠨ ᠳ᠋ᠤ ᠰᠡᠵᠢᠭ᠌ᠯᠡᠯᠲᠡᠶ ᠡᠪᠡᠳᠴᠢᠨ᠎ᠦ ᠵᠢᠱ᠌ᠢᠶ᠎ᠡ ᠪᠠ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭᠳᠠᠭᠴᠢ ᠱᠢᠨ᠎ᠡ᠎ᠪᠡᠷ ᠨᠡᠮᠡᠭ᠌ᠳᠡᠭᠰᠡᠨ ᠥᠬᠡᠶ᠃ ᠲᠤᠬᠠᠢ᠎ᠶᠢᠨ ᠭᠠᠵᠠᠷ᠎ᠤᠨ ᠲᠤᠳᠤᠯᠠᠭᠰᠠᠨ ᠡᠪᠡᠳᠴᠢᠨ᠎ᠦ ᠵᠢᠱ᠌ᠢᠶ᠎ᠡ 3(ᠴᠦᠮ ᠬᠦᠯᠦᠨ ᠪᠤᠢᠷ ᠬᠤᠲᠠ᠎ᠶᠢᠨ ᠮᠠᠨᠵᠤᠤᠷ ᠬᠤᠲᠠ ᠳ᠋ᠤ ᠪᠤᠢ)ᠨᠡᠮᠡᠭᠳᠡᠵᠡᠢ᠃ ᠰᠢᠨ᠎ᠡ ᠪᠡᠷ ᠨᠡᠮᠡᠭᠳᠡᠭᠰᠡᠨ10 ᠳᠤᠬᠠᠢ ᠵᠢᠨ ᠭᠠᠵᠠᠷ᠎ᠤᠨ ᠤᠨᠤᠰᠢᠯᠠᠭᠳᠠᠭᠰᠠᠨ ᠡᠪᠡᠳᠴᠢᠨ ᠎ᠤ ᠵᠢᠱ᠌ᠢᠶ᠎ᠡ ᠢᠯᠡᠷᠢᠰᠢᠵᠤ ᠡᠮᠨᠡᠯᠭᠡ ᠡᠴᠡ ᠭᠠᠷᠤᠭᠰᠠᠨ ᠪᠠᠢᠨ᠎ᠠ (ᠬᠦᠯᠦᠨ ᠪᠤᠢᠷ ᠬᠤᠲᠠ᠎ᠶᠢᠨ ᠮᠠᠨᠵᠤᠤᠷ ᠬᠤᠲᠠ ᠳ᠋ᠤ ᠪᠤᠢ)᠃

ᠱᠢᠨ᠎ᠡ ᠪᠡᠷ ᠨᠡᠮᠡᠭ᠌ᠳᠡᠭᠰᠡᠨ ᠲᠤᠬᠠᠢ ᠎ᠶᠢᠨ ᠭᠠᠵᠠᠷ ᠎ᠤᠨ ᠲᠤᠳᠤᠯᠠᠭᠰᠠᠨ ᠡᠪᠡᠳᠴᠢᠨ᠎ᠦ  ᠵᠢᠱ᠌ᠢᠶ᠎ᠡ᠎ᠶ᠋ᠢᠨ ᠪᠣᠳᠠᠲᠠᠢ ᠪᠠᠢᠳᠠᠯ ᠨᠢ ᠳᠠᠷᠠᠭᠠᠬᠢ ᠮᠡᠲᠦ᠄

ᠲᠤᠳᠤᠯᠠᠭᠰᠠᠨ ᠡᠪᠡᠳᠴᠢᠨ᠎ᠤ ᠵᠢᠱ᠌ᠢᠶ᠎ᠡ 549—551᠄ ᠴᠥᠮ ᠮᠠᠨᠵᠤᠸ᠋ᠷ ᠬᠣᠲᠠ᠎ᠶ᠋ᠢᠨ ᠲᠥᠪᠯᠡᠷᠡᠭᠦᠯᠦᠨ ᠲᠤᠰᠠᠭᠠᠷᠯᠠᠭ᠍ᠰᠠᠨ ᠬᠦᠮᠦᠰ᠎ᠤᠨ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ᠎ᠳᠤ ᠠᠷᠭ᠎ᠠ ᠴᠢᠨᠠᠷ ᠢᠯᠡᠷᠡᠭᠰᠡᠳ ᠪᠠᠢᠵᠤ᠂ ᠲᠤᠰᠭᠠᠶ ᠮᠡᠷᠭᠡᠵᠢᠯᠲᠡᠨ᠎ᠦ ᠳᠤᠭᠤᠢᠯᠠᠩ ᠬᠠᠮᠲᠤᠷᠠᠨ ᠣᠨᠣᠱᠢᠯᠠᠭᠠᠳ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠲᠤᠳᠤᠯᠠᠭᠰᠠᠨ ᠡᠪᠡᠳᠴᠢᠨ᠎ᠤ ᠵᠢᠱ᠌ᠢᠶ᠎ᠡ ᠭᠡᠵᠦ᠍ ᠣᠨᠣᠱᠢᠯᠠᠵᠠᠶ ᠃

ᠣᠳᠣᠬᠠᠨ᠎ᠳᠤ᠂ ᠳᠡᠭᠡᠷ᠎ᠡ ᠳᠤᠷᠠᠳᠤᠭ᠍ᠰᠠᠨ ᠬᠥᠮᠦᠰ᠎ᠢ ᠨᠢᠭᠡᠨᠲᠡ ᠲᠣᠭ᠍ᠲᠠᠭᠰᠠᠨ ᠡᠮᠨᠡᠯᠭᠡ ᠎ᠶ᠋ᠢᠨ ᠬᠣᠷᠢᠶᠠᠨ᠎ᠳᠤ ᠱᠢᠯᠵᠢᠭᠦᠯᠦᠨ ᠬᠦᠷᠭᠡᠵᠦ᠍ ᠲᠤᠰᠠᠭᠠᠷᠯᠠᠨ ᠡᠮᠨᠡᠭᠦᠯᠵᠦ ᠪᠤᠢ᠂ ᠬᠠᠮᠢᠶ᠎ᠠ ᠪᠦᠬᠦᠢ ᠲᠠᠬᠤᠯ ᠡᠪᠡᠳᠴᠢᠨ᠎ᠤ ᠪᠠᠢᠴᠠᠭᠠᠯᠲᠠ᠂ ᠰᠢᠭᠰᠢᠨ ᠪᠠᠢᠴᠠᠭᠠᠯᠲᠠ ᠵᠡᠷᠭᠡ ᠠᠵᠢᠯ ᠶᠠᠭ ᠶᠠᠪᠤᠭᠳᠠᠵᠤ ᠪᠠᠢᠨ᠎ᠠ ᠃

12 ᠰᠠᠷ᠎ᠠ᠎ᠶ᠋ᠢᠨ 14᠎ᠦ ᠡᠳᠦᠷ᠎ᠦᠨ 24 ᠴᠠᠭ ᠪᠣᠯᠲᠠᠯ᠎ᠠ᠂ ᠦᠪᠤᠷ ᠮᠤᠨᠭᠭᠤᠯ ᠎ᠤᠨ ᠦᠪᠡᠷᠳᠡᠭᠡᠨ ᠵᠠᠰᠠᠬᠤ ᠤᠷᠤᠨ ᠳ᠋ᠤ ᠲᠤᠬᠠᠢ ᠎ᠶᠢᠨ ᠭᠠᠵᠠᠷ᠎ᠤᠨ ᠲᠤᠳᠤᠯᠠᠭᠰᠠᠨ ᠡᠪᠡᠳᠴᠢᠨ᠎ᠦ ᠵᠢᠱ᠌ᠢᠶ᠎ᠡ 508(ᠬᠦᠯᠦᠨ ᠪᠤᠢᠷ ᠬᠤᠲᠠ᠎ᠶᠢᠨ ᠮᠠᠨᠵᠤᠤᠷ ᠬᠤᠲᠠ ᠳ᠋ᠤ 497᠂ ᠰᠢᠨ᠎ᠡ ᠪᠠᠷᠭᠤ ᠪᠠᠷᠠᠭᠤᠨ ᠬᠤᠰᠢᠭᠤᠨ ᠳ᠋ᠤ 9 ᠪᠤᠢ; ᠮᠠᠨᠵᠤᠤᠷ  ᠬᠤᠲᠠ᠎ᠶᠢᠨ  ᠬᠢᠵᠢᠭ ᠲᠠᠢ  ᠬᠤᠯᠪᠤᠭᠳᠠᠯ ᠲᠠᠢ ᠲᠤᠳᠤᠯᠠᠭᠰᠠᠨ ᠡᠪᠡᠳᠴᠢᠨ᠎ᠤ ᠵᠢᠱ᠌ᠢᠶ᠎ᠡ 2 ᠪᠤᠢ᠂ ᠲᠦᠩᠯᠢᠶᠤᠤ ᠬᠤᠲᠠ᠎ᠶᠢᠨ ᠬᠤᠷᠴᠢᠨ ᠲᠤᠭᠤᠷᠢᠭ᠎ᠲᠤ) ᠪᠠᠢᠨ᠎ᠠ᠃ ᠪᠦᠬᠦᠨ᠎ᠢ ᠲᠣᠭ᠍ᠲᠠᠭ᠍ᠰᠠᠨ ᠡᠮᠨᠡᠯᠭᠡ᠎ᠶ᠋ᠢᠨ ᠬᠣᠷᠢᠶ᠎ᠠ᠎ᠳᠤ ᠲᠤᠰᠠᠭᠠᠷᠯᠠᠨ ᠡᠮᠴᠢᠯᠡᠵᠦ᠍᠂ ᠨᠢᠭᠲᠠ ᠣᠢᠷᠠᠲᠤᠭ᠍ᠰᠠᠳ᠎ᠢ ᠨᠢ ᠴᠦᠮ ᠲᠣᠭ᠍ᠲᠠᠭ᠍ᠰᠠᠨ ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ᠎ᠤ ᠠᠵᠢᠭ᠍ᠯᠠᠯᠲᠠ ᠬᠢᠵᠦ᠂ ᠬᠢᠵᠢᠭ᠎ᠲᠠᠷᠬᠠᠬᠤ᠎ᠶ᠋ᠢ ᠴᠢᠩᠭ᠎ᠠ ᠰᠡᠷᠭᠡᠢᠯᠡᠵᠤ ᠪᠤᠢ᠃

 ᠪᠦᠬᠦ ᠤᠯᠤᠰ᠎ᠤᠨ ᠬᠢᠵᠢᠭ᠎ᠤᠨ ᠪᠠᠢᠳᠠᠯ

12 ᠰᠠᠷ᠎ᠠ᠎ᠶᠢᠨ 14 ᠎ᠤ 0 ᠴᠠᠭ ᠡᠴᠡ 24 ᠴᠠᠭ ᠪᠤᠯᠲᠠᠯ᠎ᠠ᠂ ᠪᠦᠬᠦ ᠤᠯᠤᠰ ᠲᠡᠬᠢ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠲᠤᠳᠤᠯᠠᠭᠰᠠᠨ ᠡᠪᠡᠳᠴᠢᠨ᠎ᠤ ᠵᠢᠱ᠌ᠢᠶ᠎ᠡ ᠲᠦᠷᠦᠭᠦᠦ ᠡᠳᠦᠷ ᠡᠴᠡ ᠪᠠᠨ 67 ᠨᠡᠮᠡᠭᠳᠡᠪᠡ᠃ ᠡᠭᠦᠨ ᠳ᠋ᠤ ᠬᠢᠯᠢ᠎ᠶᠢᠨ ᠭᠠᠳᠠᠨ᠎ᠠ ᠡᠴᠡ ᠤᠷᠤᠵᠤ ᠢᠷᠡᠭᠰᠡᠨ ᠡᠪᠡᠳᠴᠢᠨ᠎ᠤ ᠵᠢᠱ᠌ᠢᠶ᠎ᠡ 17(ᠭᠤᠸᠠᠩᠰᠢ ᠳ᠋ᠤ 2᠂ ᠱᠠᠩᠬᠠᠢ ᠳ᠋ᠤ 3᠂ ᠱᠠᠨᠳᠦ᠋ᠡᠭ ᠳ᠋ᠤ 1᠂ ᠶᠦᠨᠨᠠᠨ ᠳ᠋ᠤ 3᠂ ᠭᠤᠸᠠᠩᠳᠦ᠋ᠩ ᠳ᠋ᠦ 2᠂ ᠱᠠᠨᠰᠢ ᠳ᠋ᠤ 4᠂ ᠬᠢᠷᠢᠨ ᠳ᠋ᠤ 1᠂ ᠵᠸᠵᠢᠶᠠᠡᠭ ᠳ᠋ᠤ1)ᠪᠤᠢ; ᠲᠤᠬᠠᠢ᠎ᠶᠢᠨ ᠭᠠᠵᠠᠷ᠎ᠤᠨ ᠡᠪᠡᠳᠴᠢᠨ᠎ᠤ ᠵᠢᠱ᠌ᠢᠶ᠎ᠡ 50(ᠦᠪᠦᠷ ᠮᠤᠩᠭᠤᠯ ᠳ᠋ᠤ 3᠂ ᠭᠤᠸᠠᠨᠭᠳᠦ᠋ᠡᠭ ᠳ᠋ᠤ 2᠂ ᠵᠧᠵᠢᠶᠠᠩ ᠳ᠋ᠤ 45) ᠪᠤᠢ᠃

ᠨᠠᠰᠤ ᠪᠠᠷᠠᠭᠰᠠᠨ ᠡᠪᠡᠳᠴᠢᠨ᠎ᠤ ᠵᠢᠱ᠌ᠢᠶ᠎ᠡ ᠦᠭᠡᠢ᠃

ᠳᠡᠯᠡᠬᠡᠶ᠎ᠶ᠋ᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ᠄ ᠪᠥᠬᠥ᠌ ᠳᠡᠯᠡᠬᠡᠶ᠎ᠶ᠋ᠢᠨ 77 ᠤᠯᠤᠰ ᠪᠠ ᠭᠠᠵᠠᠷ ᠣᠷᠣᠨ᠎ᠳᠤ ᠨᠢᠭᠡᠨᠲᠡ ᠤᠮᠢᠺᠷᠤᠨ ᠸᠢᠷᠦ᠋ᠰ ᠢᠯᠡᠷᠡᠪᠡ

ᠳᠡᠯᠡᠬᠡᠶ᠎ᠶ᠋ᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ᠎ᠶ᠋ᠢᠨ ᠶᠡᠷᠦᠩᠬᠡᠶ ᠠᠵᠢᠯᠯᠠᠭ᠍ᠴᠢ ᠲᠠᠨᠳ᠋ᠸᠰᠠᠢ 14 ᠎ᠦ ᠡᠳᠦᠷ᠂ ᠪᠥᠬᠥ᠌ ᠳᠡᠯᠡᠬᠡᠶ᠎ᠶ᠋ᠢᠨ 77 ᠤᠯᠤᠰ ᠪᠠ ᠭᠠᠵᠠᠷ ᠣᠷᠣᠨ᠎ᠳᠤ ᠨᠢᠭᠡᠨᠲᠡ ᠤᠮᠢᠺᠷᠤᠨ ᠸᠢᠷᠦ᠋ᠰ ᠢᠯᠡᠷᠡᠪᠡ ᠬᠡᠵᠤ ᠢᠯᠡᠷᠬᠡᠢᠯᠡᠪᠡ᠃ ᠲᠠᠨᠳ᠋ᠸᠰᠠᠢ ᠵᠢᠭᠠᠵᠤ ᠭᠠᠷᠭᠠᠭ᠍ᠰᠠᠨ᠎ᠨᠢ᠂ ᠤᠮᠢᠺᠷᠤᠨ ᠸᠢᠷᠦ᠋ᠰ ᠶᠠᠭ ᠤᠷᠢᠳ ᠡᠮᠦᠨ᠎ᠡ ᠪᠠᠢᠭ᠎ᠠ ᠥᠬᠡᠶ ᠬᠤᠷᠳᠤᠴᠠ᠎ᠪᠠᠷ ᠲᠠᠷᠬᠠᠵᠤ ᠪᠠᠢᠨ᠎ᠠ ᠂ ᠬᠥᠮᠦᠰ ᠲᠣᠰ ᠸᠢᠷᠦ᠋ᠰ ᠎ᠠᠴᠠ ᠪᠣᠯᠤᠭ᠍ᠰᠠᠨ ᠡᠪᠡᠳᠴᠢᠨ ᠎ᠦ ᠢᠯᠡᠷᠡᠯ᠎ᠨᠢ ᠨᠡᠯᠢᠶᠡᠳ ᠬᠥᠩᠭᠡᠨ ᠬᠡᠵᠤ ᠦᠵᠡᠵᠤ᠂ ᠲᠡᠭᠦᠨ᠎ᠦ ᠬᠤᠤᠷ ᠬᠥᠨᠥᠭᠡᠯ᠎ᠢ ᠪᠠᠰᠤᠭᠰᠠᠨ ᠪᠠᠢᠨ᠎ᠠ᠃ ᠬᠡᠳᠦᠢᠪᠡᠷ ᠤᠮᠢᠺᠷᠤᠨ ᠸᠢᠷᠦ᠋ᠰ ᠎ᠲᠦ ᠬᠠᠯᠳᠠᠪᠤᠷᠢᠯᠠᠭ᠍ᠳᠠᠭᠰᠠᠨ᠎ᠤ ᠳᠠᠷᠠᠭᠠᠬᠢ ᠢᠯᠡᠷᠡᠯ ᠨᠢ᠎ᠲᠡᠢᠮᠦ᠍᠎ᠬᠦᠨᠳᠦ᠎ᠨᠣᠴᠢᠲᠠᠶ᠎ᠪᠢᠰᠢ᠎ᠪᠣᠯᠪᠠᠴᠤ᠌᠂ ᠬᠡᠷᠪᠡ ᠶᠡᠬᠡ ᠬᠡᠮᠵᠢᠶᠡᠨ᠎ᠦ ᠬᠠᠯᠳᠠᠪᠤᠷᠢᠯᠠᠭ᠍ᠳᠠᠭᠰᠠᠨ ᠡᠪᠡᠳᠴᠢᠨ᠎ᠦ ᠵᠢᠱ᠌ᠢᠶ᠎ᠡ ᠭᠠᠷᠪᠠᠯ ᠡᠷᠡᠭᠦᠯ ᠬᠠᠮᠠᠭᠠᠯᠠᠯ᠎ᠤᠨ ᠱᠢᠰᠲ᠋ᠧᠮ ᠳ᠋ᠤ ᠳᠠᠭᠠᠭᠠᠬᠤᠶ᠎ᠠ ᠪᠡᠷᠭᠡ ᠬᠦᠨᠳᠦ ᠳᠠᠷᠤᠭᠠᠰᠤ᠎ᠶ᠋ᠢ ᠠᠪᠴᠢᠷᠠᠨ᠎ᠠ ᠬᠡᠵᠤ ᠵᠢᠭᠠᠵᠤ ᠭᠠᠷᠭᠠᠪᠠ᠃

ᠢᠷᠡᠯᠲᠡ᠄ ᠲᠦᠪ ᠲᠸᠯᠸᠢᠰ᠎ᠤᠨ ᠰᠤᠨᠢᠨ ᠮᠡᠳᠡᠭᠡ᠂ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠦᠪᠯᠡᠯ᠂ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠦᠪᠯᠡᠯ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号