ᠮᠠᠨ᠎ᠤ ᠤᠷᠤᠨ᠎ᠤ ᠭᠠᠳᠠᠭᠠᠳᠤ ᠪᠡᠯᠡ᠎ᠶᠢᠨ ᠲᠦᠷᠦᠯ ᠵᠦᠢᠯ᠎ᠤᠨ ᠪᠦᠳᠦᠬᠡᠨ ᠪᠠᠢᠭᠤᠯᠤᠯᠳᠠ ᠤᠷᠤᠭᠰᠢᠳᠠᠢ ᠶᠠᠪᠤᠭᠳᠠᠵᠤ ᠪᠠᠢᠨ᠎ᠠ
2021-12-15 09:51:42
ᠵᠣᠬᠢᠶᠠᠭ᠍ᠴᠢ᠄
​ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

ᠭᠠᠳᠠᠭᠠᠳᠤ ᠪᠡᠯᠡ᠎ᠶ᠋ᠢᠨ ᠲᠦᠷᠦᠯ ᠵᠦᠢᠯ᠎ᠦᠨ ᠬᠠᠮᠢᠶᠠᠷᠤᠯᠲᠠ ᠪᠠ ᠦᠢᠯᠡᠴᠢᠯᠡᠭᠡᠨ᠎ᠦ ᠲᠦᠪᠱᠢᠨ᠎ᠢ ᠲᠡᠭᠡᠭᠰᠢᠯᠡᠬᠦᠯᠦᠨ᠂ ᠮᠠᠨ᠎ᠤ ᠣᠷᠣᠨ᠎ᠤ ᠭᠠᠳᠠᠭᠠᠳᠤ ᠪᠡᠯᠡ᠎ᠶ᠋ᠢᠨ ᠦᠨᠳᠦᠰᠦᠨ ᠪᠠᠢᠳᠠᠯ᠎ᠢ ᠲᠣᠭ᠍ᠲᠠᠪᠤᠷᠢᠵᠢᠭᠤᠯᠬᠤ᠎ᠶ᠋ᠢᠨ ᠲᠥᠯᠥᠭᠡ᠂ ᠦᠢᠷ᠎ᠠ᠎ᠳᠤ ᠦᠪᠡᠷᠳᠡᠭᠡᠨ ᠵᠠᠰᠠᠬᠤ᠎ᠤᠷᠤᠨ᠎ᠤ᠎ᠬᠦᠭᠵᠢᠭᠦᠯᠦᠯᠳᠡ ᠪᠠ ᠦᠭᠡᠷᠡᠴᠢᠯᠡᠯᠳᠡ᠎ᠶᠢᠨ ᠵᠥᠪᠯᠡᠯ ᠪᠤᠯᠤᠨ ᠥᠪᠡᠷᠲᠡᠭᠡᠨ ᠵᠠᠰᠠᠬᠤ ᠣᠷᠣᠨ ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠬᠠᠮᠲᠤᠷᠠᠨ ᠮᠠᠨ᠎ᠤ ᠣᠷᠣᠨ᠎ᠤ ᠳ᠋ᠦᠩᠱᠢᠭᠤᠷ ᠲᠥᠭᠥᠷᠢᠭ᠎ᠡᠴᠡ ᠳᠡᠭᠡᠭ᠌ᠰᠢᠬᠢ ᠭᠠᠳᠠᠭᠠᠳᠤ ᠪᠡᠯᠡ᠎ᠶᠢᠨ ᠲᠦᠷᠦᠯ ᠵᠦᠢᠯ᠎ᠦᠨ ᠠᠬᠢᠴᠠ᠎ᠶ᠋ᠢᠨ ᠪᠠᠢᠳᠠᠯ᠎ᠢ ᠪᠠᠢᠴᠠᠭᠠᠨ ᠰᠤᠳᠤᠯᠪᠡ᠃

ᠪᠠᠢᠴᠠᠭᠠᠨ᠎ᠰᠤᠳᠤᠯᠤᠭᠰᠠᠨ᠎ᠢᠶᠡᠷ᠂᠎ᠤᠳᠤᠬᠠᠨ᠎ᠳᠤ᠎ᠮᠠᠨ᠎ᠤ ᠣᠷᠣᠨ᠎ᠤ ᠳ᠋ᠦᠩᠱᠢᠭᠤᠷ ᠲᠥᠭᠥᠷᠢᠭ᠎ᠡᠴᠡ ᠳᠡᠭᠡᠭ᠌ᠰᠢᠬᠢ ᠭᠠᠳᠠᠭᠠᠳᠤ ᠪᠠᠯᠠ᠎ᠶᠢᠨ ᠲᠥᠷᠥᠯ ᠵᠦᠶ᠋ᠯ 26 ᠪᠠᠢᠵᠤ᠂ ᠬᠥᠬᠡᠬᠣᠲᠠ᠂ ᠪᠤᠭᠤᠲᠤ ᠬᠣᠲᠠ᠂ ᠬᠥᠯᠥᠨ ᠪᠣᠢᠷ ᠬᠣᠲᠠ᠂ ᠬᠢᠩᠭᠠᠨ ᠠᠢᠮᠠᠭ᠂ ᠤᠯᠠᠭᠠᠨᠬᠠᠳᠠ ᠬᠣᠲᠠ᠂ ᠱᠢᠯᠢ᠎ᠶ᠋ᠢᠨ ᠭᠤᠤᠯ ᠠᠢᠮᠠᠭ᠂ ᠤᠯᠠᠭᠠᠨᠴᠠᠪ ᠬᠣᠲᠠ᠂ ᠣᠷᠳᠣᠰ ᠬᠣᠲᠠ᠂ ᠦᠬᠠᠶ ᠬᠣᠲᠠ᠂ ᠠᠯᠠᠱᠠ ᠠᠢᠮᠠᠭ ᠵᠡᠷᠭᠡ 10 ᠠᠢᠮᠠᠭ ᠬᠣᠲᠠ᠎ᠳᠤ ᠲᠠᠷᠬᠠᠵᠤ᠂ ᠭᠤᠤᠯᠳᠠᠭᠤ ᠠᠵᠤ ᠦᠶ᠋ᠯᠡᠰ᠎ᠦᠨ ᠬᠥᠭ᠌ᠵᠢᠯᠲᠡ᠂ ᠮᠠᠯ ᠠᠵᠤ ᠠᠬᠤᠶ ᠲᠠᠷᠢᠶᠠᠯᠠᠩ ᠣᠶ ᠱᠢᠭᠤᠶ ᠡᠪᠡᠰᠦ ᠪᠡᠯᠴᠢᠭᠡᠷ᠂ ᠡᠨᠧᠷᠭᠢ᠂ ᠵᠠᠮ ᠬᠠᠷᠢᠯᠴᠠᠭ᠎ᠠ ᠵᠡᠷᠭᠡ ᠠᠵᠢᠯ ᠲᠥᠷᠥᠯ᠎ᠳᠦ ᠬᠣᠯᠪᠣᠭ᠍ᠳᠠᠵᠤ ᠪᠠᠢᠨ᠎ᠠ᠃ ᠡᠭᠦᠨ᠎ᠳᠦ ᠦᠷᠭᠦᠯᠵᠢᠯᠡᠨ ᠪᠦᠳᠦᠬᠡᠨ ᠪᠠᠢᠭᠤᠯᠵᠦ ᠪᠠᠢᠭ᠎ᠠ ᠲᠥᠷᠥᠯ ᠵᠦᠶ᠋ᠯ 17᠂ ᠱᠢᠨ᠎ᠡ᠎ᠪᠡᠷ ᠪᠦᠳᠦᠬᠡᠨ ᠪᠠᠢᠭᠤᠯᠬᠤ ᠲᠥᠷᠥᠯ ᠵᠦᠶ᠋ᠯ 9 ᠪᠠᠢᠵᠤ᠂ ᠶᠡᠷᠦᠩᠬᠡᠢ ᠪᠡᠯᠡ ᠤᠷᠤᠭᠤᠯᠤᠯᠳᠠ ᠨᠢ 257.7 ᠳ᠋ᠦᠩᠱᠢᠭᠤᠷ ᠲᠥᠭᠥᠷᠢᠭ (40 ᠳ᠋ᠦᠩᠱᠢᠭᠤᠷ ᠳ᠋ᠣᠯᠯᠠᠷ) ᠲᠦ᠍ ᠬᠦᠷᠦᠨ᠎ᠠ; ᠡᠨᠡ ᠵᠢᠯ᠎ᠤᠨ ᠠᠵᠢᠯ ᠦᠢᠯᠡᠳᠪᠤᠷᠢᠯᠡᠯ᠎ᠢᠶᠡᠨ ᠰᠡᠷᠭᠦᠭᠡᠭᠰᠡᠨ ᠲᠦᠷᠦᠯ ᠵᠦᠢᠯ 23 ᠪᠠᠢᠵᠤ᠂ ᠪᠦᠬᠦ ᠵᠢᠯ᠎ᠳᠦ 64 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠬᠤ᠎ᠪᠡᠷ ᠲᠥᠯᠥᠪᠯᠡᠵᠦ᠍᠂ ᠨᠢᠬᠡᠨᠳᠡ 47 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠵᠦ᠍᠂ ᠪᠦᠬᠦ ᠵᠢᠯ᠎ᠤᠨ ᠪᠠᠯᠠ ᠣᠷᠣᠭᠤᠯᠤᠯᠲᠠ ᠵᠢᠨ 73.4% ᠶ᠋ᠢ ᠪᠡᠶᠡᠯᠡᠭᠦᠯᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号