12 ᠰᠠᠷ᠎ᠠ᠎ᠶ᠋ᠢᠨ 13 ᠡᠴᠡ 14᠎ᠤ᠋ ᠡᠳᠦᠷ ᠪᠣᠯᠲᠠᠯ᠎ᠠ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠱᠢᠯᠢ᠎ᠶ᠋ᠢᠨ ᠭᠣᠣᠯ ᠠᠢᠮᠠᠭ᠎ᠲᠤ ᠭᠦᠨᠵᠡᠭᠡᠢᠷᠡᠵᠦ ᠤᠬᠠᠭᠤᠯᠤᠨ ᠲᠠᠢᠯᠪᠤᠷᠢᠯᠠᠪᠠ᠃
12 ᠰᠠᠷ᠎ᠠ᠎ᠶ᠋ᠢᠨ 14 ᠤ᠋ ᠦᠳᠡ᠎ᠶ᠋ᠢᠨ ᠡᠮᠦᠨ᠎ᠡ᠂ ᠱᠢᠯᠢ᠎ᠶ᠋ᠢᠨ ᠭᠤᠤᠯ ᠠᠢᠮᠠᠭ᠎ᠤᠨ ᠵᠠᠰᠠᠭᠵᠠᠬᠢᠷᠭᠠᠨᠤᠲᠥᠪᠲᠦ᠂ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠎ᠦᠨ ᠨᠢᠭᠡᠳᠦᠭᠡᠷ ᠳᠡᠰ᠎ᠤᠨ ᠲᠣᠭᠣᠷᠢᠨ ᠪᠠᠢᠴᠠᠭᠠᠭ᠍ᠴᠢ ᠾᠦ᠋ᠸᠸ ᠯᠢᠶᠠᠩ 《ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠱᠢᠨ᠎ᠡ ᠠᠶᠠᠨ᠎ᠳᠤ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠶ᠎ᠡ》ᠭᠡᠬᠦ᠌ ᠰᠡᠳᠦᠪ᠎ᠢᠶᠡᠷ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭᠠᠨ᠎ᠤ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠢ ᠲᠠᠨᠢᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠵᠢᠨᠵᠢᠷᠭᠤᠳᠤᠭᠠᠷᠪᠥᠬᠥᠳᠡᠬᠤᠷᠠᠯᠤᠨᠵᠣᠷᠢᠭ ᠰᠠᠨᠠᠭᠠᠨ᠎ᠤ ᠪᠠᠶᠠᠯᠢᠭ ᠠᠭᠤᠯᠤᠭ᠍ᠳᠠᠬᠤᠨ ᠪᠠ ᠭᠤᠤᠯ ᠴᠢᠬᠤᠯᠠ ᠠᠭᠤᠯᠭ᠎ᠠ᠎ᠶ᠋ᠢ ᠭᠦᠨᠵᠡᠭᠡᠶ ᠣᠢᠯᠠᠭᠠᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠥᠪᠥᠷ ᠮᠣᠩᠭᠣᠯ᠎ᠳᠤ ᠪᠣᠳᠠᠲᠠᠶ ᠨᠠᠢᠳᠠᠪᠤᠷᠢᠵᠢᠭᠤᠯᠬᠤ ᠵᠢ ᠯᠠᠪᠳᠠᠭᠤᠨ ᠪᠠᠳᠤᠳᠠᠢ ᠠᠬᠢᠭᠤᠯᠬᠤ ᠵᠡᠷᠭᠡ ᠭᠤᠷᠪᠠᠨ ᠲᠠᠯ᠎ᠠ᠎ᠡᠴᠡ ᠱᠢᠯᠢ᠎ᠶ᠋ᠢᠨ ᠭᠤᠤᠯ ᠠᠢᠮᠠᠭ᠎ᠤᠨ ᠡᠯ᠎ᠡ ᠱᠠᠲᠤᠨ᠎ᠤ ᠺᠠᠳ᠋ᠷ ᠣᠯᠠᠨ ᠲᠦᠮᠡᠨ᠎ᠳᠦ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡᠬᠤᠷᠠᠯᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ ᠳ᠋ᠦ ᠪᠥᠬᠥ᠌ ᠲᠠᠯ᠎ᠠ᠎ᠪᠠᠷ ᠱᠢᠰᠲ᠋ᠧᠮ ᠲᠡᠶ ᠲᠠᠢᠯᠤᠮᠵᠢ ᠬᠢᠪᠠ᠃
ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠬᠤᠷᠠᠯ ᠸᠢᠳᠢᠣ᠋᠎ᠪᠡᠷ ᠶᠠᠪᠤᠬᠳᠠᠵᠦ᠂ ᠱᠢᠯᠢ᠎ᠶ᠋ᠢᠨ ᠭᠤᠤᠯ ᠠᠢᠮᠠᠭ᠎ᠤᠨ ᠱᠢᠭᠤᠳ ᠬᠠᠷᠢᠶ᠎ᠠ ᠪᠠᠢᠭᠤᠯᠭ᠎ᠠ ᠪᠣᠯᠤᠨ ᠡᠯ᠎ᠡ ᠬᠣᠱᠢᠭᠤ ᠱᠢᠶᠠᠨ ᠬᠣᠲᠠ ᠲᠣᠭᠣᠷᠢᠭ᠎ᠤᠨ ᠨᠠᠮ᠎ᠤᠨ ᠭᠡᠱᠢᠭᠦᠨ ᠺᠠᠳ᠋ᠷᠴᠤᠳ ᠲᠣᠰ ᠲᠣᠰ ᠭᠤᠤᠯ ᠬᠤᠷᠠᠯ᠎ᠤᠨ ᠲᠠᠯᠠᠪᠠᠶ ᠪᠣᠯᠤᠨᠬᠤᠪᠢᠶᠠᠷᠢ ᠬᠤᠷᠠᠯ᠎ᠤᠨ ᠲᠠᠯᠠᠪᠠᠶ᠎ᠳᠤ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠪᠠ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠭᠣᠣᠯ ᠰᠡᠳᠦᠪ ᠨᠢ ᠢᠯᠡ ᠲᠣᠳᠣ᠂ ᠪᠦᠲᠦᠴᠡ ᠨᠢ ᠠᠪᠰᠠᠷᠬᠠᠨ᠂ ᠲᠡᠰ ᠳᠠᠪᠬᠤᠷᠭ᠎ᠠ ᠨᠢ ᠲᠣᠳᠣᠷᠬᠠᠢ ᠪᠠᠢᠵᠤ᠂ ᠠᠭᠤᠯᠭ᠎ᠠ ᠨᠢ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭᠠᠶ᠋ᠢᠨᠨᠠᠮᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭᠠᠨ᠎ᠤ ᠭᠣᠣᠯ ᠴᠢᠬᠤᠯᠠ ᠠᠭᠤᠯᠭ᠎ᠠ᠂ ᠴᠢᠬᠤᠯᠠ ᠶᠡᠬᠡ ᠠᠴᠢ ᠬᠣᠯᠪᠣᠭ᠍ᠳᠠᠯ᠎ᠢ ᠬᠠᠮᠤᠷᠴᠤ᠌᠂ ᠣᠳᠣᠬᠠᠨ᠎ᠤ ᠺᠠᠳ᠋ᠷ ᠤᠯᠠᠨ ᠲᠦᠮᠡᠨ᠎ᠦ ᠬᠠᠯᠠᠮᠵᠢᠯᠠᠵᠤ ᠪᠠᠢᠭ᠎ᠠ ᠠᠰᠠᠭᠤᠳᠠᠯ᠎ᠳᠤ ᠬᠠᠷᠢᠭᠤᠯᠲᠠ ᠥᠭ᠌ᠴᠦ᠂ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠵᠤ ᠨᠡᠪᠲᠡᠷᠡᠳᠡᠯ᠎ᠠ ᠣᠢᠯᠠᠭᠠᠬᠤ᠎ᠳᠤ ᠲᠤᠢᠯ᠎ᠤᠨ ᠴᠢᠬᠤᠯᠠ ᠵᠢᠯᠣᠭᠣᠳᠭᠤ ᠠᠴᠢ ᠬᠣᠯᠪᠣᠭ᠍ᠳᠠᠯ᠎ᠲᠠᠶ ᠶᠤᠮ᠃
ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ᠂ ᠱᠢᠯᠢ᠎ᠶ᠋ᠢᠨ ᠭᠤᠤᠯ ᠠᠢᠮᠠᠭ᠎ᠤᠨ ᠨᠠᠮ᠎ᠤᠨ ᠬᠣᠷᠢᠶ᠎ᠠ ᠵᠢᠨ ᠨᠠᠮ᠎ᠤᠨ ᠰᠤᠷᠭᠠᠭᠤᠯᠢ᠎ᠶ᠋ᠢᠨ ᠪᠠᠭ᠍ᠰᠢ ᠱᠢᠤᠢ ᠬᠦᠶ ᠹᠠᠩ᠄《ᠾᠦᠸᠸ ᠯᠢᠶᠠᠩ ᠪᠠᠭ᠍ᠰᠢ 3 ᠲᠠᠯ᠎ᠠ᠎ᠪᠠᠷ ᠨᠠᠮ᠎ᠤᠨ ᠵᠠᠭᠤᠨ ᠵᠢᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠴᠢᠬᠤᠯᠠ ᠲᠡᠦᠬᠡᠨ ᠲᠤᠷᠱᠢᠯᠭ᠎ᠠ᠎ᠳᠤ ᠨᠠᠷᠢᠨ ᠲᠠᠢᠯᠤᠮᠵᠢ ᠬᠢᠵᠦ᠍᠂ ᠨᠠᠮ ᠪᠠ ᠤᠯᠤᠰ᠎ᠤᠨ ᠣᠯᠤᠭ᠍ᠰᠠᠨ ᠴᠢᠬᠤᠯᠠ ᠲᠡᠦᠬᠡᠲᠦ ᠴᠢᠨᠠᠷᠲᠠᠶ ᠠᠮᠵᠢᠯᠲᠠ ᠪᠦᠲᠦᠮᠵᠢ ᠪᠠ ᠬᠤᠪᠢᠰᠤᠯᠲᠠ᠎ᠶ᠋ᠢ ᠭᠦᠨᠵᠡᠭᠡᠶ ᠲᠣᠳᠣᠷᠬᠠᠢᠯᠠᠨ ᠥᠭᠦᠯᠡᠵᠠᠢ᠃ ᠢᠯᠠᠩᠭᠤᠶ᠎ᠠ ᠮᠠᠨ᠎ᠤ ᠣᠷᠣᠨ᠎ᠤ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪᠬᠣᠷᠢᠶᠠᠵᠢᠨᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠡᠩ ᠰᠠᠢᠲᠤᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠪᠢ ᠶᠡᠬᠡ ᠤᠯᠤᠯᠳᠠ ᠲᠠᠢ ᠪᠤᠯᠵᠠᠢ᠃ ᠨᠠᠮ᠎ᠤᠨ ᠰᠤᠷᠭᠠᠭᠤᠯᠢ᠎ᠶ᠋ᠢᠨ ᠪᠠᠭ᠍ᠰᠢ ᠪᠣᠯᠤᠭ᠍ᠰᠠᠨ᠎ᠤ ᠬᠤᠪᠢ᠎ᠳᠤ᠂ ᠪᠢ ᠰᠤᠷᠤᠭ᠍ᠰᠠᠨ ᠤᠨᠤᠯ᠎ᠤᠨ ᠮᠡᠳᠡᠯᠭᠡ ᠪᠠ ᠦᠵᠡᠯᠲᠡ᠎ᠪᠡᠨ ᠬᠣᠢᠱᠢᠳᠠ᠎ᠶ᠋ᠢᠨ ᠠᠵᠢᠯᠳᠤᠮᠳᠠ ᠪᠡᠨ ᠭᠦᠢᠴᠡᠳ ᠬᠡᠷᠡᠭ᠌ᠯᠡᠵᠦ᠍᠂ ᠨᠡᠩ ᠤᠯᠠᠨ ᠰᠤᠷᠤᠭ᠍ᠴᠢᠳ᠎ᠢ ᠬᠠᠪᠰᠤᠷᠤᠨ ᠦᠵᠡᠯ ᠰᠠᠨᠠᠭ᠎ᠠ ᠲᠠᠨᠢᠯᠲᠠ᠎ᠶ᠋ᠢ ᠨᠢ ᠳᠡᠭᠡᠭ᠌ᠰᠢᠯᠡᠭᠦᠯᠵᠦ᠍᠂ ᠳᠤᠮᠳᠠᠳᠤ ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠥᠪᠡᠷ᠎ᠦᠨ ᠬᠤᠪᠢ ᠨᠡᠮᠡᠷᠢ᠎ᠪᠡᠨ ᠦᠵᠡᠭᠦᠯᠦᠨ᠎ᠡ》 ᠭᠡᠵᠤ ᠬᠦᠨ ᠲᠦᠷᠦᠭᠳᠡᠯ ᠲᠠᠢ ᠪᠡᠷ ᠬᠡᠯᠡᠪᠠ᠃
12 ᠰᠠᠷ᠎ᠠ᠎ᠶ᠋ᠢᠨ 13 ᠤ᠋ ᠦᠳᠡ᠎ᠶ᠋ᠢᠨ ᠬᠣᠢᠨ᠎ᠠ᠂ ᠾᠦᠸᠸ ᠯᠢᠶᠠᠩ ᠪᠠᠰᠠ ᠱᠢᠯᠢ ᠶ᠋ᠢᠨ ᠭᠣᠣᠯ ᠠᠢᠮᠠᠭ᠎ᠤᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠳᠤ ᠬᠦᠷᠴᠦ᠍ ᠥᠷᠭᠡᠨ ᠤᠯᠠᠨ ᠳᠣᠲᠣᠭᠠᠳᠤ ᠶ᠋ᠢ ᠬᠠᠮᠠᠭᠠᠯᠠᠬᠤᠠᠷᠠᠳ ᠤᠨ ᠴᠠᠭ᠍ᠳᠠᠭ᠎ᠠ᠎ᠳᠤ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠬᠤ ᠶ᠋ᠢᠨ ᠬᠠᠮᠲᠤ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ ᠠᠷᠠᠳ᠎ᠤᠨ ᠴᠠᠭ᠍ᠳᠠᠭ᠎ᠠ᠎ᠨᠠᠷ ᠲᠠᠶ ᠶᠠᠷᠢᠯᠴᠠᠵᠤ᠂ ᠲᠡᠳᠡᠨ᠎ᠦ ᠡᠷᠡᠭᠡᠯᠵᠡᠭᠡ᠎ᠶ᠋ᠢ ᠲᠠᠢᠯᠵᠤ ᠥᠭ᠌ᠪᠡ᠃
《〈ᠬᠣᠶᠠᠷ ᠬᠠᠯᠬᠠᠪᠴᠢ〉 ᠶ᠋ᠢ ᠪᠠᠲᠤ ᠴᠣᠭ᠍ᠴᠠᠯᠠᠵᠤ᠂ ᠨᠠᠩ ᠥᠨᠳᠥᠷ ᠲᠦᠪᠱᠢᠨ ᠪᠥᠬᠥᠶ ᠠᠮᠤᠭᠤᠯᠠᠩᠳᠤ ᠥᠪᠥᠷ ᠮᠣᠩᠭᠣᠯ᠎ᠢ ᠪᠠᠢᠭᠤᠯᠬᠤ ᠠᠬᠢᠴᠠ ᠳᠤᠮᠳᠠ᠂ ᠮᠠᠨ᠎ᠤ ᠳᠣᠲᠣᠭᠠᠳᠤ᠎ᠶ᠋ᠢ ᠬᠠᠮᠠᠭᠠᠯᠠᠬᠤ ᠠᠷᠠᠳ᠎ᠤᠨ ᠴᠠᠭ᠍ᠳᠠᠭ᠎ᠠ ᠬᠡᠷᠬᠢᠨ ᠨᠠᠩ ᠶᠡᠬᠡ ᠦᠢᠯᠡᠳᠦᠯ ᠵᠢᠡᠨ ᠪᠠᠳᠠᠷᠠᠭᠤᠯᠪᠠᠯ ᠵᠣᠬᠢᠬᠤ ᠪᠣᠶ?》ᠭᠡᠵᠦ ᠱᠢᠯᠢ᠎ᠶ᠋ᠢᠨ ᠭᠤᠤᠯ ᠠᠢᠮᠠᠭ᠎ᠤᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠠᠷᠠᠳ᠎ᠤᠨ ᠴᠠᠭ᠍ᠳᠠᠭ᠎ᠠ᠎ᠶ᠋ᠢᠨ ᠪᠣᠯᠪᠠᠰᠤᠷᠠᠯ᠎ᠤᠨ ᠰᠠᠯᠪᠤᠷᠢ ᠠᠩᠭᠢ᠎ᠶ᠋ᠢᠨ ᠳᠡᠳ᠋ ᠳᠠᠷᠤᠭ᠎ᠠ ᠸᠠᠩ ᠱᠢᠶᠤᠤ ᠴᠧᠩ ᠠᠰᠠᠭᠤᠪᠠ᠃
ᠾᠦᠸᠸ ᠯᠢᠶᠠᠩ᠄ 《〈ᠬᠣᠶᠠᠷ ᠬᠠᠯᠬᠠᠪᠴᠢ〉᠂ 〈 ᠬᠣᠶᠠᠷ ᠰᠠᠭᠤᠷᠢᠨ〉 ᠪᠠ 〈ᠨᠢᠭᠡ ᠪᠡᠬᠢᠯᠡᠯᠲᠡ〉 ᠵᠢ ᠪᠦᠳᠦᠭᠡᠨ ᠪᠠᠢᠭᠤᠯᠬᠤ ᠪᠣᠯ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠪᠠᠢᠳᠠᠯ᠎ᠳᠤ ᠲᠤᠬᠢᠷᠠᠭᠤᠯᠤᠨ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠤᠳᠤᠯᠭ᠎ᠠ ᠶ᠋ᠢᠨ ᠪᠠᠢᠷᠢ ᠲᠣᠭ᠍ᠲᠠᠭᠠᠯᠲᠠ ᠪᠠ ᠠᠵᠢᠯᠯᠠᠭᠠᠨ᠎ᠤ ᠬᠥᠲᠥᠯᠪᠦᠷᠢ ᠮᠥᠨ᠃ ᠮᠢᠨᠦ᠍ ᠦᠵᠡᠬᠦ᠌᠎ᠪᠡᠷ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠳᠤᠮᠳᠠ᠂ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠡᠷᠬᠡᠪᠰᠢ ᠨᠠᠩ ᠶᠡᠬᠡ ᠦᠢᠯᠡᠳᠦᠯ ᠪᠠ ᠵᠢᠳᠬᠦᠯ ᠴᠢᠷᠮᠠᠢᠯᠭ᠎ᠠ ᠭᠠᠷᠭᠠᠬᠤ ᠬᠡᠷᠡᠭ᠌ᠲᠡᠶ᠃ ᠡᠩ ᠲᠡᠷᠢᠭᠦᠨ᠎ᠳᠦ᠂ ᠲᠤᠭ ᠲᠡᠮᠳᠡᠭ ᠲᠣᠳᠣᠷᠬᠠᠢ᠎ᠪᠠᠷ ᠤᠯᠤᠰ ᠲᠦᠷᠦ᠍᠎ᠶ᠋ᠢ ᠡᠷᠬᠢᠮᠯᠡᠵᠦ᠍᠂ ᠲᠤᠰ ᠪᠡᠶ᠎ᠡ᠎ᠶ᠋ᠢᠨ ᠪᠣᠳᠠᠲᠤ ᠪᠠᠢᠳᠠᠯ ᠲᠠᠶ᠎ᠪᠠᠨ ᠤᠶᠠᠯᠳᠤᠭᠤᠯᠤᠨ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠬᠤ᠎ᠪᠠᠨ ᠴᠢᠩᠭᠠᠳᠭᠠᠵᠤ᠂ ᠤᠯᠤᠰ ᠲᠦᠷᠦ᠍᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠦᠨ᠂ ᠤᠨᠤᠯ᠎ᠢᠶᠠᠷ ᠪᠡᠶ᠎ᠡ᠎ᠪᠡᠨ ᠵᠡᠪᠰᠡᠭ᠌ᠯᠡᠵᠦ᠍᠂ ᠬᠠᠷᠢᠭᠤᠴᠠᠯᠭ᠎ᠠ ᠡᠭᠦᠷᠭᠡᠯᠡᠯ᠎ᠢᠶᠡᠨ ᠴᠢᠩᠭᠠᠳᠭᠠᠬᠤ ᠬᠡᠷᠡᠭ᠌ᠲᠡᠢ᠃ ᠳᠠᠷᠠᠭᠠᠯᠠᠪᠠᠯ᠂ ᠵᠠᠪᠠᠯ 〈ᠳᠥᠷᠪᠡᠨ ᠤᠬᠠᠮᠰᠠᠷ〉ᠵᠢᠡᠨ ᠴᠢᠩᠭᠠᠳᠭᠠᠵᠤ᠂ 〈ᠳᠥᠷᠪᠡᠨ ᠢᠲᠡᠭᠡᠯ〉 ᠵᠢᠡᠨ ᠪᠠᠲᠤᠳᠭᠠᠵᠤ᠂ 〈ᠬᠣᠶᠠᠷ᠎ᠢ ᠬᠠᠮᠠᠭᠠᠯᠠᠬᠤ〉 ᠶ᠋ᠢ ᠪᠡᠶᠡᠯᠡᠭᠦᠯᠵᠦ᠍᠂ ᠡᠷᠡᠰ ᠭᠤᠢᠪᠢᠰᠢ ᠥᠬᠡᠶ᠎ᠪᠡᠷ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠳᠠᠭᠠᠨ ᠦᠨᠡᠨᠴᠢ ᠱᠢᠳᠤᠷᠭᠤ ᠪᠠᠢᠵᠤ᠂ ᠶᠠᠮᠠᠷᠪᠠ ᠴᠠᠭ ᠦᠶ᠎ᠡ᠂ ᠶᠠᠮᠠᠷᠪᠠ ᠪᠠᠢᠳᠠᠯ ᠳᠤᠤᠷ᠎ᠠ ᠴᠥᠮ ᠵᠤᠭᠰᠤᠯᠳᠠ ᠪᠠᠳᠤ᠂ ᠨᠠᠢᠳᠠᠪᠤᠷᠢᠲᠠᠶ ᠪᠠᠢᠬᠤ ᠬᠡᠷᠡᠭ᠌ᠲᠡᠶ᠃ ᠡᠭᠦᠨ᠎ᠦ ᠬᠠᠮᠲᠤ ᠪᠠᠰᠠ ᠬᠠᠭᠤᠴᠢᠨ ᠠᠷᠬᠠᠭ᠎ᠢ ᠴᠢᠩᠭ᠎ᠠ ᠴᠡᠭ᠌ᠴᠡᠯᠡᠨ ᠵᠠᠰᠠᠵᠤ᠂ ᠪᠠᠭᠠᠲᠤᠷ ᠵᠢᠱ᠌ᠢᠶᠡᠴᠢ᠎ᠶ᠋ᠢᠨ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠤᠯᠤᠰ ᠲᠦᠷᠦ᠍ ᠬᠠᠤᠯᠢ ᠴᠠᠭᠠᠵᠠ᠎ᠶ᠋ᠢᠨ ᠡᠩᠨᠡᠭᠡᠨ᠎ᠦ ᠲᠤᠰ ᠪᠡᠶ᠎ᠡ᠎ᠶ᠋ᠢᠨ ᠪᠠᠢᠭᠤᠯᠤᠯᠲᠠ᠎ᠶ᠋ᠢ ᠲᠠᠰᠤᠷᠠᠯᠳᠠ ᠦᠭᠡᠢ ᠴᠢᠩᠭᠠᠳᠭᠠᠵᠤ᠂ ᠠᠮᠤᠭᠤᠯᠠᠩᠳᠤ ᠥᠪᠥᠷ ᠮᠣᠩᠭᠣᠯ᠎ᠤᠨ ᠪᠠᠢᠭᠤᠯᠤᠯᠲᠠ᠎ᠳᠤ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠢ》 ᠭᠡᠵᠦ᠍ ᠬᠠᠷᠢᠭᠤᠯᠪᠠ᠃
ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ᠂ ᠠᠷᠠᠳ᠎ᠤᠨ ᠴᠠᠭ᠍ᠳᠠᠭ᠎ᠠ ᠦ᠋ ᠸᠧᠶ ᠱᠤᠸᠠᠢ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭᠠᠳᠤᠨᠠᠩᠪᠥᠬᠥ᠌ᠲᠠᠯᠠᠶ᠋ᠢᠨᠲᠠᠨᠢᠯᠲᠠᠲᠠᠶᠪᠣᠯᠵᠣ᠂ ᠰᠣᠷᠣᠭ᠍ᠰᠠᠨᠣᠨᠣᠯᠤᠨ ᠮᠡᠳᠡᠯᠭᠡ᠎ᠪᠡᠨ ᠪᠣᠳᠠᠲᠠᠶ ᠠᠵᠢᠯ ᠤᠨ ᠳᠤᠮᠳᠠ᠎ᠪᠠᠨ ᠬᠡᠷᠡᠭ᠌ᠯᠡᠵᠦ᠍᠂ ᠪᠥᠬᠥ᠌ ᠠᠢᠮᠠᠭ᠎ᠤᠨ ᠨᠡᠢᠭᠡᠮ᠎ᠦᠨ ᠡᠶ᠎ᠡ ᠵᠣᠬᠢᠴᠠᠩᠭᠤᠶ᠂ ᠠᠮᠤᠷ ᠲᠦᠪᠱᠢᠨ᠂ ᠲᠣᠭ᠍ᠲᠠᠭᠤᠨ᠎ᠳᠤ ᠨᠠᠩ ᠶᠡᠬᠡ ᠬᠤᠪᠢ ᠨᠡᠮᠡᠷᠢ ᠦᠵᠡᠭᠦᠯᠦᠨ᠎ᠡ ᠭᠡᠵᠦ᠍ ᠢᠯᠡᠳᠭᠡᠪᠡ᠃