12 ᠰᠠᠷ᠎ᠠ ᠶ᠋ᠢᠨ 14 ᠤ᠋ ᠡᠳᠦᠷ᠂ 《ᠳᠤᠮᠳᠠᠳᠤ ᠶ᠋ᠢᠨ ᠦᠨᠳᠦᠰᠦᠲᠡᠨ᠎ᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ ᠪᠠᠲᠤ ᠴᠤᠭᠴᠠᠯᠠᠶ᠎ᠠ·ᠬᠤᠩᠱᠠᠨ ᠰᠤᠶᠤᠯ》 — ᠲᠠᠯ᠎ᠠ ᠨᠤᠲᠤᠭ᠎ᠤᠨ ᠡᠭᠦᠯᠡ ᠲᠤᠮᠤ ᠬᠡᠯᠪᠡᠷᠢ ᠵᠢᠨ ᠪᠦᠷᠢᠨ ᠵᠠᠭᠤᠴᠢᠯᠠᠭᠤᠷ᠎ᠤᠨ ᠭᠤᠤᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢᠴᠢ 《ᠱᠢᠨ᠎ᠡ ᠠᠶᠠᠨ ᠵᠢᠡᠨ ᠡᠬᠢᠯᠡᠭᠦᠯᠤᠨ ᠠᠢᠮᠠᠭ ᠬᠣᠲᠠ ᠶ᠋ᠢᠨ ᠤᠳᠤᠷᠢᠳᠤᠯᠭ᠎ᠠ ᠭᠤᠤᠯᠰᠡᠳᠦᠪᠤᠨ ᠲᠤᠬᠠᠢ ᠶᠠᠷᠢᠨ᠎ᠠ》 ᠲᠣᠮᠣ ᠬᠡᠯᠪᠡᠷᠢ᠎ᠶ᠋ᠢᠨ ᠪᠦᠷᠢᠨ ᠵᠠᠭᠤᠴᠢᠯᠠᠭᠤᠷ᠎ᠤᠨ ᠳᠠᠮᠵᠢᠭᠤᠯᠭ᠎ᠠ ᠶ᠋ᠢᠨ ᠠᠵᠢᠯᠯᠠᠭ᠎ᠠ ᠵᠢᠨ ᠡᠬᠢᠯᠡᠯᠲᠡ᠎ᠶ᠋ᠢᠨ ᠶᠣᠰᠣᠯᠠᠯ ᠤᠯᠠᠭᠠᠨᠬᠠᠳᠠ ᠬᠤᠳᠠ᠎ᠳᠤ ᠶᠠᠪᠤᠭ᠍ᠳᠠᠪᠠ᠃
ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡᠬᠤᠷᠠᠯᠤᠨᠵᠣᠷᠢᠭ ᠰᠠᠨᠠᠭ᠎ᠠ᠂ ᠲᠥᠪ ᠦᠨ ᠦᠨᠳᠦᠰᠦᠲᠡᠨ ᠦ ᠠᠵᠢᠯ ᠤᠨ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤᠶ᠋ᠢᠨᠣᠶᠤᠨᠰᠠᠨᠠᠭᠠᠨᠤᠭᠡᠷᠣᠷᠣᠨᠤ ᠪᠠᠢᠭᠤᠯᠤᠯᠲᠠ᠎ᠶ᠋ᠢ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨᠦᠬᠠᠮᠲᠤᠶ᠋ᠢᠨ ᠴᠣᠭ᠍ᠴᠠ᠎ᠶ᠋ᠢᠨ ᠤᠬᠠᠮᠰᠠᠷ ᠢ ᠴᠢᠨᠠᠭᠰᠢᠳᠠ ᠪᠠᠲᠤ ᠴᠤᠬᠴᠠᠯᠠᠵᠦ᠂ ᠬᠤᠩᠱᠠᠨᠰᠣᠶᠣᠯᠤᠨᠳᠤᠮᠳᠠᠳᠤᠶ᠋ᠢᠨᠰᠣᠶᠣᠯᠳᠠᠬᠢᠲᠡᠦᠬᠡᠨᠪᠠᠢᠷᠢᠰᠠᠭᠤᠷᠢ ᠪᠠ ᠥᠪᠡᠷᠮᠢᠴᠡ ᠦᠨ᠎ᠡ ᠥᠷᠲᠡᠭ᠎ᠢ ᠭᠦᠨᠵᠡᠭᠡᠶ ᠠᠭᠤᠳᠠᠯᠬᠤ᠎ᠵᠢᠨ ᠲᠦᠯᠦᠭᠡ᠂ ᠥᠪᠥᠷ ᠮᠣᠩᠭᠣᠯ᠎ᠤᠨ ᠡᠳᠦᠷ᠎ᠦᠨ ᠰᠣᠨᠢᠨ᠎ᠤ ᠬᠣᠷᠢᠶ᠎ᠠ ᠪᠠ ᠤᠯᠠᠭᠠᠨᠬᠠᠳᠠ ᠬᠣᠲᠠ᠎ᠶ᠋ᠢᠨ ᠨᠠᠮ᠎ᠤᠨ ᠬᠤᠷᠢᠶ᠎ᠠ ᠵᠢᠨ ᠤᠬᠠᠭᠤᠯᠬᠤ ᠬᠡᠯᠲᠡᠰ ᠬᠠᠮᠲᠤᠷᠠᠨ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠶ᠎ᠠ·ᠬᠤᠩᠱᠠᠨ ᠰᠣᠶᠣᠯ》ᠲᠠᠯ᠎ᠠ ᠨᠤᠲᠤᠭ᠎ᠤᠨ ᠡᠭᠦᠯᠡ ᠲᠣᠮᠣ ᠬᠡᠯᠪᠡᠷᠢ ᠵᠢᠨ ᠪᠦᠷᠢᠨ ᠵᠠᠭᠤᠴᠢᠯᠠᠭᠤᠷ᠎ᠤᠨ ᠭᠤᠤᠯ ᠰᠡᠳᠦᠪᠲᠦ ᠳᠠᠮᠵᠢᠭᠤᠯᠭ᠎ᠠ ᠵᠢᠨ ᠠᠵᠢᠯᠯᠠᠭ᠎ᠠ᠎ᠶ᠋ᠢ ᠵᠣᠬᠢᠶᠠᠨ ᠪᠠᠢᠭᠤᠯᠵᠦ ᠡᠬᠢᠯᠡᠨ ᠶᠠᠪᠤᠬᠳᠠᠭᠤᠯᠵᠦ᠂ ᠦᠨᠡᠨᠪᠤᠳᠠᠲᠠᠢ᠂ ᠪᠤᠰᠤᠭ᠎ᠠ ᠴᠤᠭᠴᠠᠲᠤ᠂ ᠪᠦᠷᠢᠨ ᠦᠵᠡᠭᠳᠡᠯ᠎ᠳᠤ ᠬᠡᠯᠪᠡᠷᠢ ᠪᠡᠷ ᠳᠤᠮᠳᠠᠳᠤ ᠶ᠋ᠢᠨ ᠪᠣᠯᠪᠠᠰᠤᠨ ᠤ ᠴᠢᠬᠤᠯᠠ ᠡᠬᠢ ᠰᠤᠷᠪᠤᠯᠵᠢ — ᠬᠤᠩᠱᠠᠨ ᠰᠣᠶᠣᠯ᠎ᠢ ᠢᠯᠡᠷᠡᠭᠦᠯᠬᠦ ᠪᠤᠯᠤᠨ᠎ᠠ᠃ ᠬᠠᠮᠲᠤ ᠳ᠋ᠤᠨᠢ 《ᠵᠦᠢᠷᠡᠢ ᠤᠳᠤᠨ ᠤᠷᠤᠨ》᠎ᠤ᠋ ᠪᠠᠢᠭᠤᠯᠤᠯᠲᠠ᠂ ᠬᠥᠳᠡᠭᠡ ᠲᠣᠰᠭᠣᠨ ᠢ ᠬᠥᠭ᠌ᠵᠢᠭᠦᠯᠦᠨ ᠮᠠᠨᠳᠤᠭᠤᠯᠬᠤ ᠶ᠋ᠢ ᠠᠬᠢᠭᠤᠯᠬᠤ ᠵᠡᠷᠭᠡ ᠭᠤᠤᠯᠳᠠᠯᠭ᠎ᠠ ᠲᠠᠶ ᠠᠭᠤᠯᠭ᠎ᠠ ᠶ᠋ᠢ ᠮᠡᠳᠡᠭᠡᠯᠡᠬᠦ 《ᠱᠢᠨ᠎ᠡ ᠠᠶᠠᠨ ᠵᠢᠡᠨ ᠡᠬᠢᠯᠡᠭᠦᠯᠤᠨ ᠠᠢᠮᠠᠭ ᠬᠣᠲᠠ ᠶ᠋ᠢᠨ ᠤᠳᠤᠷᠢᠳᠤᠯᠭ᠎ᠠ ᠭᠤᠤᠯᠰᠡᠳᠦᠪᠤᠨ ᠲᠤᠬᠠᠢ ᠶᠠᠷᠢᠨ᠎ᠠ》ᠲᠣᠮᠣ ᠬᠡᠯᠪᠡᠷᠢ ᠶ᠋ᠢᠨ ᠪᠦᠷᠢᠨ ᠵᠠᠭᠤᠴᠢᠯᠠᠭᠤᠷ᠎ᠤᠨ ᠳᠠᠮᠵᠢᠭᠤᠯᠭ᠎ᠠ᠎ᠶ᠋ᠢᠨ ᠠᠵᠢᠯᠯᠠᠭ᠎ᠠ᠎ᠵᠢ ᠡᠬᠢᠯᠡᠭᠦᠯᠦᠭᠰᠡᠨ ᠪᠠᠢᠨ᠎ᠠ᠃
ᠡᠬᠢᠯᠡᠯᠲᠡ᠎ᠶ᠋ᠢᠨ ᠶᠣᠰᠣᠯᠠᠯ ᠳᠡᠭᠡᠷ᠎ᠡ᠂ ᠥᠪᠥᠷ ᠮᠣᠩᠭᠣᠯ᠎ᠤᠨ ᠡᠳᠦᠷ᠎ᠦᠨ ᠰᠣᠨᠢᠨ᠎ᠤ ᠬᠤᠷᠢᠶ᠎ᠠ ᠵᠢᠨ ᠬᠠᠰ ᠯᠤᠤ ᠠᠵᠢᠯᠯᠠᠬᠤ ᠦᠷᠦᠭᠡ ᠵᠢᠩᠬᠢᠨᠢ᠎ᠪᠡᠷ ᠫᠠᠢᠰᠠ ᠰᠡᠬᠦᠵᠦ᠍ ᠠᠵᠢᠯ ᠵᠢᠡᠨᠡᠬᠢᠯᠡᠭᠦᠯᠪᠡ᠃ ᠬᠠᠰᠯᠤᠤ ᠠᠵᠢᠯᠯᠠᠬᠤ ᠦᠷᠦᠭᠡ ᠵᠢ ᠪᠠᠢᠭᠤᠯᠤᠭᠰᠠᠨ ᠨᠢ ᠥᠪᠡᠷᠲᠡᠭᠡᠨ ᠵᠠᠰᠠᠬᠤ ᠣᠷᠣᠨ᠎ᠤ ᠨᠠᠮ ᠤᠨ ᠬᠤᠷᠢᠶ᠎ᠠ ᠵᠢᠨ ᠤᠬᠠᠭᠤᠯᠬᠤ ᠬᠡᠯᠲᠡᠰ᠎ᠦᠨ ᠵᠠᠭᠤᠴᠢᠯᠠᠭᠤᠷ᠎ᠤᠨ ᠠᠭᠤᠰᠤᠯᠴᠠᠯ᠎ᠢ ᠭᠦᠨᠵᠡᠭᠡᠶ ᠠᠬᠢᠭᠤᠯᠬᠤ ᠠᠯᠢ ᠣᠯᠠᠨ ᠠᠵᠢᠯ᠎ᠤᠨ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠱᠢᠭᠤ ᠱᠢᠶᠠᠨ ᠭᠤᠷᠪᠠᠨ ᠱᠠᠲᠤᠨ᠎ᠤ ᠬᠠᠮ ᠵᠠᠭᠤᠴᠢᠯᠠᠭᠤᠷ᠎ᠤᠨ ᠰᠣᠨᠢᠨ ᠮᠡᠳᠡᠭᠡᠨ᠎ᠦ ᠡᠬᠢ ᠪᠠᠶᠠᠯᠢᠭ ᠢ ᠠᠱᠢᠭ᠍ᠯᠠᠵᠦ ᠳᠡᠭᠡᠷ᠎ᠠ ᠳᠤᠤᠷ᠎ᠠ ᠱᠠᠲᠤ ᠬᠣᠯᠪᠣᠭᠠᠯᠠᠨ ᠬᠥᠳᠡᠯᠦᠯᠴᠡᠬᠦ᠌ ᠦᠷ᠎ᠡ ᠪᠦᠲᠦᠮᠵᠢ ᠶ᠋ᠢ ᠳᠡᠭᠡᠭ᠌ᠰᠢᠯᠡᠭᠦᠯᠬᠦ᠌ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠥᠪᠥᠷ ᠮᠣᠩᠭᠣᠯ᠎ᠤᠨ ᠡᠳᠦᠷ᠎ᠦᠨ ᠰᠣᠨᠢᠨ ᠤ ᠬᠠᠰ ᠯᠤᠤ ᠠᠵᠢᠯᠯᠠᠬᠤ ᠦᠷᠦᠭᠡ᠎ᠨᠢ 《ᠬᠠᠮᠲᠤᠷᠠᠨ ᠲᠥᠰᠦᠪᠯᠡᠬᠦ᠌᠂ ᠬᠠᠮᠲᠤᠷᠠᠨ ᠰᠤᠷᠪᠤᠯᠵᠢᠯᠠᠬᠤ᠂ ᠬᠠᠮᠲᠤᠷᠠᠨ ᠡᠬᠡ ᠪᠢᠴᠢᠭ ᠨᠡᠢᠳᠡᠯᠡᠬᠦ》 ᠪᠠᠷ ᠭᠤᠤᠯ ᠪᠣᠯᠭᠠᠵᠤ᠂《ᠳᠠᠪᠠᠭᠤᠯᠢᠭ ᠵᠢᠡᠷ ᠵᠢᠡᠨ ᠬᠠᠷᠢᠯᠴᠠᠨ ᠨᠥᠬᠥᠪᠥᠷᠢᠯᠡᠬᠦ᠌᠂ ᠭᠤᠷᠪᠠᠨ ᠱᠠᠲᠤ ᠪᠡᠷ ᠬᠠᠮᠵᠢᠯᠴᠠᠬᠤ᠂ ᠬᠦᠴᠦ ᠪᠠᠨ ᠬᠠᠮᠲᠤᠳᠬᠠᠬᠤ》 ᠠᠬᠢᠭᠤᠯᠬᠤ ᠵᠠᠷᠴᠢᠮ᠎ᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠵᠠᠭᠤᠴᠢᠯᠠᠭᠤᠷ ᠬᠢᠬᠡᠳ ᠠᠢᠮᠠᠭ ᠬᠣᠲᠠ᠂ ᠬᠤᠰᠢᠭᠤ ᠱᠢᠶᠠᠨ᠎ᠤ ᠱᠠᠲᠤᠨ᠎ᠤ ᠬᠠᠮ ᠵᠠᠭᠤᠴᠢᠯᠠᠭᠤᠷ᠎ᠤᠨ ᠲᠥᠪ᠎ᠤᠨ ᠪᠦᠬᠦ ᠲᠠᠯ᠎ᠠ ᠵᠢᠨ ᠴᠣ ᠱᠢᠨ᠎ᠡ ᠬᠠᠮᠲᠤᠷᠠᠯᠴᠠᠭ᠎ᠠ ᠥᠷᠨᠢᠭᠦᠯᠬᠦ᠌ ᠵᠢ ᠬᠠᠢᠨ ᠰᠦᠪᠡᠭ᠌ᠴᠢᠯᠡᠬᠦ ᠪᠤᠯᠤᠨ᠎ᠠ᠃
ᠡᠬᠢᠯᠡᠯᠲᠡ᠎ᠶ᠋ᠢᠨ ᠶᠣᠰᠣᠯᠠᠯ᠎ᠤᠨ ᠳᠠᠷᠠᠭ᠎ᠠ᠂ ᠥᠪᠥᠷ ᠮᠣᠩᠭᠣᠯ᠎ᠤᠨ ᠡᠳᠦᠷ᠎ᠦᠨ ᠰᠣᠨᠢᠨ᠎ᠤ ᠬᠣᠷᠢᠶ᠎ᠠ ᠬᠢᠭᠡᠳ ᠤᠯᠠᠭᠠᠨᠬᠠᠳᠠ ᠬᠣᠲᠠ ᠶ᠋ᠢᠨ 12 ᠬᠣᠱᠢᠭᠤ ᠱᠢᠶᠠᠨ ᠤ ᠬᠠᠮ ᠵᠠᠭᠤᠴᠢᠯᠠᠭᠤᠷ᠎ᠤᠨ ᠲᠥᠪ᠎ᠤᠨ ᠬᠢᠨ ᠶᠠᠷᠢᠯᠴᠠᠬᠤ ᠬᠤᠷᠠᠯ ᠬᠢᠵᠦ᠍᠂ ᠬᠣᠢᠱᠢᠳᠠ ᠨᠠᠩ ᠨᠢᠭ᠍ᠲᠠ ᠠᠭᠤᠯᠭ᠎ᠠ᠎ᠵᠢᠨ ᠦᠶ᠋ᠯᠡᠳᠪᠦᠷᠢᠯᠡᠯ᠎ᠦᠨ ᠬᠣᠯᠪᠣᠭᠠᠲᠤ ᠴᠣᠭ᠍ᠴᠠ᠎ᠶ᠋ᠢ ᠪᠠᠢᠭᠤᠯᠬᠤ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠵᠠᠢ᠃