ᠨᠠᠩ ᠦᠨᠳᠦᠷ ᠲᠦᠪᠰᠢᠨ ᠪᠦᠬᠦᠢ ᠠᠮᠤᠭᠤᠯᠠᠩᠳᠦ ᠥᠪᠥᠷ ᠮᠣᠩᠭᠣᠯ᠎ᠢ ᠴᠢᠷᠮᠠᠢᠨ ᠪᠠᠢᠭᠤᠯᠤᠶ᠎ᠠ
2021-12-17 10:37:17
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

ᠡᠬᠡ ᠤᠯᠤᠰ᠎ᠤᠨ ᠤᠮᠠᠷᠠᠲᠤ ᠬᠢᠯᠢ᠎ᠶ᠋ᠢ ᠰᠠᠬᠢᠨ ᠬᠠᠮᠠᠭᠠᠯᠠᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠡᠷᠬᠡᠪᠰᠢ ᠡᠭᠦᠷᠭᠡᠯᠡᠵᠦ᠍ ᠰᠠᠢᠲᠤᠷ ᠭᠦᠶ᠋ᠴᠡᠳᠭᠡᠬᠦ ᠬᠡᠷᠡᠭᠲᠡᠢ᠂ ᠡᠨᠡ ᠨᠢ ᠨᠠᠩ ᠲᠦᠪᠰᠢᠨ ᠪᠦᠬᠦᠢ ᠠᠮᠤᠭᠤᠯᠠᠩᠳᠦ ᠥᠪᠥᠷ ᠮᠣᠩᠭᠣᠯ᠎ᠢ ᠪᠥᠲᠥᠭᠡᠨ ᠪᠠᠢᠭᠤᠯᠬᠤ᠎ᠳᠤ ᠠᠵᠢᠯᠯᠠᠭᠠᠨ᠎ᠤ ᠵᠦᠭ᠌ᠯᠡᠭᠦᠷ ᠬᠠᠩᠭᠠᠪᠠ᠃

ᠮᠠᠨ᠎ᠤ᠎ᠣᠷᠣᠨ ᠤᠯᠤᠰ ᠲᠦᠷᠦ᠍᠎ᠶ᠋ᠢᠨ ᠠᠮᠤᠷ ᠲᠦᠪᠱᠢᠨ᠎ᠦ ᠲᠤᠪᠤᠢ᠌ᠮ᠎ᠠ ᠲᠦᠭ᠌ᠰᠢᠭᠦᠷᠢ᠎ᠶ᠋ᠢ ᠰᠡᠷᠭᠡᠢᠯᠡᠨ ᠠᠷᠭᠠᠴᠠᠭᠠᠬᠤ ᠪᠡᠷ ᠬᠦᠴᠦᠯᠡᠨ᠂ ᠤᠯᠤᠰ᠎ᠤᠨ ᠶᠡᠷᠦᠩᠬᠡᠢ ᠠᠮᠤᠷ ᠲᠦᠪᠱᠢᠨ᠎ᠦ ᠦᠵᠡᠯᠲᠡ᠎ᠶ᠋ᠢ ᠭᠦᠨᠵᠡᠭᠡᠢ ᠲᠤᠭᠤᠱᠢᠯᠠᠭᠤᠯᠵᠤ᠂ ᠤᠯᠤᠰ᠎ᠤᠨ ᠤᠯᠤᠰ ᠲᠦᠷᠦ᠍᠎ᠶ᠋ᠢᠨ ᠠᠮᠤᠷ ᠲᠦᠪᠱᠢᠨ᠎ᠢ ᠬᠠᠮᠠᠭᠠᠯᠠᠬᠤ᠎ᠶ᠋ᠢ ᠲᠡᠷᠢᠭᠦᠨ ᠪᠠᠢᠷᠢᠨ᠎ᠳᠤ ᠲᠠᠯᠪᠢᠵᠤ᠂ ᠨᠠᠮ᠎ᠤᠨ ᠬᠣᠷᠢᠶ᠎ᠠ ( ᠨᠠᠮ᠎ᠤᠨ ᠤᠳᠤᠷᠢᠳᠭᠤ ᠳᠤᠭᠤᠢᠯᠠᠩ ) ᠵᠢᠨ ᠤᠯᠤᠰ᠎ᠤᠨ ᠠᠮᠤᠷ ᠲᠦᠪᠱᠢᠨ᠎ᠦ ᠬᠠᠷᠢᠭᠤᠴᠠᠯᠭ᠎ᠠ᠎ᠶ᠋ᠢᠨ ᠲᠦᠷᠢᠮ᠎ᠢ ᠲᠡᠭᠦᠯᠳᠡᠷᠵᠢᠭᠦᠯᠦᠨ ᠨᠠᠢᠳᠠᠪᠤᠷᠢᠵᠢᠭᠤᠯᠵᠤ᠂ ᠡᠯ᠎ᠡ ᠲᠠᠯ᠎ᠠ᠎ᠶ᠋ᠢᠨ ᠡᠬᠢ ᠪᠠᠶᠠᠯᠢᠭ ᠬᠦᠴᠦᠨ ᠴᠢᠳᠠᠯ᠎ᠢ ᠨᠢᠭᠡᠳᠦᠯᠲᠡᠢ ᠲᠥᠯᠥᠪᠵᠢᠭᠦᠯᠵᠦ᠍᠂ ᠪᠦᠬᠦ᠌ ᠲᠠᠯ᠎ᠠ᠎ᠶ᠋ᠢᠨ᠂ ᠪᠣᠰᠣᠭ᠎ᠠ ᠴᠣᠭ᠍ᠴᠠᠲᠤ ᠨᠢᠭᠤᠴᠠ ᠮᠡᠳᠡᠭᠡ ᠵᠠᠩᠭᠢ᠎ᠶ᠋ᠢᠨ ᠲᠣᠣᠷ᠎ᠢ ᠪᠠᠢᠭᠤᠯᠵᠤ᠂ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠰᠠᠨᠠᠭᠠᠴᠢᠯᠠᠭᠠᠲᠤ ᠡᠷᠬᠡ᠎ᠶ᠋ᠢ ᠪᠠᠲᠤ ᠡᠵᠡᠮᠳᠡᠵᠦ᠍ ᠂ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠰᠠᠨᠠᠭᠠᠴᠢᠯᠠᠭᠠᠲᠤ ᠳᠠᠢᠯᠠᠯᠳᠤᠭᠠᠨ᠎ᠢ ᠡᠷᠡᠰ ᠰᠠᠢᠲᠤᠷ ᠬᠢᠪᠡ᠃ ᠬᠠᠭᠠᠴᠠᠭᠤᠯᠤᠯ᠎ᠢ ᠡᠰᠡᠷᠭᠦᠴᠡᠬᠦ᠌᠂ ᠨᠡᠪᠴᠢᠯᠲᠡ᠎ᠶ᠋ᠢ ᠡᠰᠡᠷᠭᠦᠴᠡᠬᠦ᠌᠂ ᠡᠪᠳᠡᠯᠡᠭᠡ᠎ᠶ᠋ᠢ ᠡᠰᠡᠷᠭᠦᠴᠡᠬᠦ᠌ ᠠᠵᠢᠯᠯᠠᠭ᠎ᠠ᠎ᠶ᠋ᠢ ᠭᠦᠨᠵᠡᠭᠡᠢ ᠥᠷᠨᠢᠭᠦᠯᠵᠦ᠍᠂ ᠦᠨᠳᠦᠰᠦᠲᠡᠨ᠎ᠦ ᠬᠦᠷᠢᠶᠡᠨ᠎ᠳᠡᠬᠢ ᠠᠮᠤᠷ ᠲᠣᠭ᠍ᠲᠠᠭᠤᠨ᠎ᠤ ᠠᠵᠢᠯ᠎ᠢ ᠬᠠᠤᠯᠢ ᠶᠣᠰᠣᠭᠠᠷ ᠰᠠᠢᠲᠤᠷ ᠬᠢᠵᠦ᠍᠂ ᠰᠦᠷᠳᠡᠭᠦᠯᠦᠯ᠎ᠢ ᠡᠰᠡᠷᠭᠦᠴᠡᠬᠦ᠌ ᠲᠡᠮᠡᠴᠡᠯ᠎ᠢ ᠴᠢᠩᠭᠠᠳᠭᠠᠵᠤ᠂ ᠬᠠᠤᠯᠢ ᠪᠤᠰᠤ ᠱᠠᠱᠢᠨ ᠰᠤᠷᠲᠠᠬᠤᠨ ᠪᠠ ᠭᠠᠵᠢᠭᠤ ᠨᠤᠮᠯᠠᠯ᠎ᠤᠨ ᠵᠣᠬᠢᠶᠠᠨ ᠪᠠᠢᠭᠤᠯᠤᠯᠲᠠ᠎ᠳᠤ ᠴᠢᠩᠭ᠎ᠠ ᠴᠣᠬᠢᠯᠲᠠ ᠥᠭ᠌ᠴᠦ᠂ ᠦᠵᠡᠯ ᠤᠬᠠᠮᠰᠠᠷ᠎ᠤᠨ ᠬᠡᠯᠪᠡᠷᠢ᠎ᠶ᠋ᠢᠨ ᠬᠦᠷᠢᠶᠡᠨ᠎ᠳᠡᠬᠢ ᠠᠮᠤᠷ ᠲᠦᠪᠱᠢᠨ᠎ᠢ ᠬᠠᠮᠠᠭᠠᠯᠠᠵᠤ᠂ ᠤᠯᠤᠰ᠎ᠤᠨ ᠲᠦᠷᠦ ᠵᠢᠨ ᠡᠷᠬᠡ᠎ᠶ᠋ᠢᠨ ᠠᠮᠤᠷ ᠲᠦᠪᠱᠢᠨ᠂ ᠪᠠᠢᠭᠤᠯᠤᠯ᠎ᠤᠨ ᠠᠮᠤᠷ ᠲᠦᠪᠱᠢᠨ᠎ᠢ ᠡᠷᠡᠰ ᠬᠠᠮᠠᠭᠠᠯᠠᠪᠠ᠃


QQ图片20211217102115.png


ᠵᠢᠷᠤᠭ᠎ᠢ  ᠴᠧᠨ ᠴᠦᠨ ᠶᠠᠨ  ᠮᠠ ᠲᠢᠶᠠᠨ ᠽᠦᠩ   ᠶᠠᠩ ᠱᠢᠨ ᠢᠦᠶ  ᠎ᠶ᠋ᠢᠨ ᠬᠤᠤ ᠺᠦᠸᠸ   ᠸᠠᠩ ᠶᠠᠩ   ᠰᠡᠭᠦᠳᠡᠷᠯᠡᠪᠡ


QQ图片20211217102144.png

 

ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ ᠡᠵᠡᠨ᠎ᠡ ᠬᠣᠱᠢᠭᠤᠨ᠎ᠤ ᠬᠢᠵᠢᠭ᠎ᠲᠡᠶ ᠲᠡᠮᠡᠴᠡᠬᠦ᠌ ᠡᠮᠦᠨ᠎ᠡ ᠹᠷᠣᠨᠲ᠎ᠢ ᠲᠤᠰᠠᠯᠠᠪᠠ

            ᠶᠠᠩ ᠱᠢᠨ ᠢᠦᠶ  ᠰᠡᠭᠦᠳᠡᠷᠯᠡᠪᠡ


ᠪᠦᠬᠦ᠌ ᠣᠷᠣᠨ ᠵᠢᠡᠷ ᠵᠢᠡᠨ ᠨᠡᠢᠭᠡᠮ᠎ᠦᠨ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢ ᠭᠦᠨᠵᠡᠭᠡᠢ ᠠᠬᠢᠭᠤᠯᠵᠤ᠂ ᠨᠡᠢᠭᠡᠮ᠎ᠦᠨ ᠶᠡᠬᠡ ᠲᠠᠯ᠎ᠠ᠎ᠶ᠋ᠢᠨ ᠡᠶ᠎ᠡ ᠵᠣᠬᠢᠴᠠᠩᠭᠤᠢ ᠲᠣᠭ᠍ᠲᠠᠭᠤᠨ᠎ᠢ ᠪᠦᠬᠦ᠌ ᠬᠦᠴᠦᠨ᠎ᠢᠶᠡᠷ ᠬᠠᠮᠠᠭᠠᠯᠠᠵᠤ᠂ ᠣᠯᠠᠨ ᠲᠦᠮᠡᠨ᠎ᠦ ᠠᠮᠤᠷ ᠲᠦᠪᠱᠢᠨ᠎ᠦ ᠲᠥᠷᠥᠭ᠌ᠳᠡᠯ ᠎ᠢ ᠨᠥᠯᠥᠭᠡᠯᠡᠵᠦ᠍ ᠪᠠᠢᠭ᠎ᠠ ᠲᠣᠪᠣᠢᠮ᠎ᠠ ᠠᠰᠠᠭᠤᠳᠠᠯ᠎ᠢ ᠠᠩᠬᠠᠷᠤᠨ ᠱᠢᠶ᠋ᠳᠪᠦᠷᠢᠯᠡᠵᠤ᠂ ᠬᠣᠲᠠ᠎ᠶ᠋ᠢᠨ ᠬᠡᠪᠴᠢᠶᠡᠨ᠎ᠦ᠎ᠨᠡᠢᠭᠡᠮ᠎ᠦᠨ᠎ᠵᠠᠰᠠᠯᠲᠠ᠎ᠶ᠋ᠢ᠎ᠯᠠᠪᠳᠠᠭᠤᠨ᠎ᠪᠠᠲᠤᠲᠠᠶ᠎ᠠᠬᠢᠭᠤᠯᠵᠤ᠂ ᠨᠠᠩ ᠠᠮᠤᠭᠤᠯᠠᠩᠳᠦ ᠥᠪᠥᠷ ᠮᠣᠩᠭᠣᠯ᠎ᠢ ᠴᠢᠷᠮᠠᠢᠨ ᠪᠠᠢᠭᠤᠯᠵᠠᠢ᠃

᠊᠊᠊᠊᠊᠊᠊᠊᠊ ᠦᠨᠳᠦᠰᠦᠨ ᠱᠠᠲᠤᠨ᠎ᠤ ᠨᠡᠢᠭᠡᠮ᠎ᠦᠨ ᠵᠠᠰᠠᠯᠲᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠪᠠ᠃ ᠡᠬᠢ ᠪᠠᠶᠠᠯᠢᠭ᠎ᠤᠨ ᠦᠶ᠋ᠯᠡᠴᠢᠯᠡᠭᠡᠨ᠎ᠦ ᠬᠠᠮᠢᠶᠠᠷᠤᠯᠲᠠ᠎ᠶ᠋ᠢ ᠦᠨᠳᠦᠰᠦᠨ ᠱᠠᠲᠤᠨ᠎ᠳᠤ ᠪᠠᠭᠤᠯᠭᠠᠬᠤ᠎ᠶ᠋ᠢ ᠠᠬᠢᠭᠤᠯᠤᠨ᠂ ᠱᠢᠶᠠᠩ ᠪᠠᠯᠭᠠᠰᠤ (ᠵᠡᠭᠡᠯᠢ ᠭᠤᠳᠤᠮᠵᠢ) ᠵᠢᠨ ᠤᠯᠤᠰ ᠲᠥᠷᠥ᠍ ᠬᠠᠤᠯᠢ ᠴᠠᠭᠠᠵᠠ᠎ᠶ᠋ᠢᠨ ᠭᠡᠱᠢᠭᠦᠨ᠎ᠢ ᠱᠢᠯᠢᠳᠡᠭ᠎ᠢ᠎ᠨᠢ ᠰᠣᠩᠭᠣᠨ ᠲᠣᠬᠢᠷᠠᠭᠤᠯᠵᠤ᠂ ᠡᠯ᠎ᠡ ᠲᠥᠷᠥᠯ᠎ᠦᠨ ᠡᠶᠡᠳᠡᠭᠦᠯᠭᠡ ᠵᠢᠨ ᠬᠣᠯᠪᠣᠭᠠᠯᠠᠨ ᠪᠠᠢᠭᠤᠯᠬᠤ ᠬᠤᠯᠪᠤᠭᠠᠯᠠᠨ ᠬᠦᠳᠡᠯᠬᠦ ᠬᠣᠯᠪᠣᠭᠠᠯᠠᠨ ᠵᠠᠰᠠᠬᠤ ᠬᠣᠯᠪᠣᠭᠠᠯᠠᠨ ᠵᠣᠬᠢᠴᠠᠭᠤᠯᠬᠤ ᠠᠵᠢᠯ᠎ᠤᠨ ᠱᠢᠰᠲ᠋ᠧᠮ᠎ᠢ ᠲᠡᠭᠦᠯᠳᠡᠷᠵᠢᠭᠦᠯᠦᠨ᠂ ᠡᠬᠢ ᠡᠭᠦᠰᠦᠯ᠎ᠡᠴᠡ᠎ᠨᠢ ᠰᠡᠷᠭᠡᠢᠯᠡᠨ ᠡᠵᠡᠮᠳᠡᠬᠦ᠌᠂ ᠵᠢᠭ᠍ᠰᠠᠭᠠᠨ ᠪᠠᠢᠴᠠᠭᠠᠵᠤ ᠡᠮᠬᠢᠯᠡᠬᠦ᠌᠂ ᠵᠠᠭᠤᠷᠠᠯᠳᠤᠭᠠᠨ᠎ᠢ ᠰᠢᠢᠳᠪᠦᠷᠢᠯᠡᠬᠦ᠂ ᠪᠠᠴᠢᠮ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌ ᠨᠡᠢᠭᠡᠮ᠎ᠦᠨ ᠵᠥᠷᠢᠴᠡᠯ᠎ᠢ ᠶᠡᠷᠦᠩᠬᠡᠢᠯᠡᠨ ᠵᠠᠰᠠᠬᠤ᠎ᠪᠠ ᠣᠯᠠᠨ ᠡᠱᠢᠵᠢᠭᠦᠯᠦᠨ ᠰᠢᠢᠳᠪᠦᠷᠢᠯᠡᠬᠦ ᠲᠣᠭ᠍ᠲᠠᠴᠠ᠎ᠶ᠋ᠢ ᠲᠦᠷᠭᠡᠳᠭᠡᠨ ᠪᠠᠢᠭᠤᠯᠵᠤ᠂ ᠦᠨᠳᠦᠰᠦᠨ ᠱᠠᠲᠤᠨ᠎ᠤ ᠨᠡᠢᠭᠡᠮ᠎ᠦᠨ ᠵᠠᠰᠠᠯᠲᠠ᠎ᠶ᠋ᠢᠨ ᠨᠡᠢᠯᠡᠯ ᠬᠦᠴᠦᠨ᠎ᠢ ᠪᠦᠷᠢᠯᠳᠦᠭᠦᠯᠪᠡ᠃

᠊᠊᠊᠊᠊᠊᠊᠊᠊ ᠵᠥᠷᠢᠴᠡᠯ ᠵᠠᠭᠤᠷᠠᠯᠳᠤᠭᠠᠨ᠎ᠢ ᠪᠦᠲᠦᠮᠵᠢᠲᠡᠶ ᠰᠡᠷᠭᠡᠢᠯᠡᠨ ᠰᠢᠢᠳᠪᠦᠷᠢᠯᠡᠪᠡ᠃ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠱᠢᠭᠤ ᠱᠢᠶᠠᠨ (ᠬᠣᠲᠠ᠂ ᠲᠣᠭᠣᠷᠢᠭ)᠂ ᠰᠤᠮᠤ ᠱᠢᠶᠠᠩ ᠪᠠᠯᠭᠠᠰᠤ ᠳᠥᠷᠪᠡᠨ ᠱᠠᠲᠤᠨ᠎ᠤ ᠴᠢᠬᠤᠯᠠ ᠶᠡᠬᠡ ᠲᠣᠭ᠍ᠲᠠᠭᠤᠨ ᠪᠤᠰᠤ ᠠᠰᠠᠭᠤᠳᠠᠯ᠎ᠤᠨ ᠨᠠᠷᠢᠨ ᠳᠠᠩᠰᠠ᠎ᠶ᠋ᠢᠨ ᠳᠦᠷᠢᠮ ᠪᠠ ᠡᠬᠡ ᠳᠠᠩᠰᠠ᠎ᠶ᠋ᠢᠨ ᠬᠠᠮᠢᠶᠠᠷᠤᠯᠲᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠂ ᠨᠡᠢᠭᠡᠮ᠎ᠦᠨ ᠵᠥᠷᠢᠴᠡᠯ ᠵᠠᠭᠤᠷᠠᠯᠳᠤᠭᠠᠨ᠎ᠢ ᠡᠶᠡᠳᠡᠭᠦᠯᠦᠨ ᠱᠢᠶ᠋ᠳᠪᠦᠷᠢᠯᠡᠬᠦ᠌ ᠲᠥᠪ᠎ᠦᠨ ᠪᠠᠢᠭᠤᠯᠤᠯᠲᠠ᠎ᠶ᠋ᠢ ᠠᠬᠢᠭᠤᠯᠤᠨ ᠂ ᠡᠶᠡᠳᠡᠭᠦᠯᠬᠦ᠌ ᠂ ᠬᠥᠨᠳᠡᠯᠡᠨ᠎ᠡᠴᠡ ᠲᠠᠰᠤᠯᠬᠤ ᠂ ᠵᠠᠰᠠᠭ ᠵᠠᠬᠢᠷᠭᠠᠨ᠎ᠤ ᠲᠠᠰᠤᠯᠤᠨ ᠲᠣᠭ᠍ᠲᠠᠭᠠᠬᠤ ᠂ ᠵᠠᠰᠠᠭ ᠵᠠᠬᠢᠷᠭᠠᠨ᠎ᠤ ᠳᠠᠬᠢᠨ ᠵᠥᠪᠯᠡᠬᠦ᠌ ᠂ ᠵᠠᠷᠭᠤᠯᠳᠤᠬᠤ ᠵᠡᠷᠭᠡ ᠵᠥᠷᠢᠴᠡᠯ ᠵᠠᠭᠤᠷᠠᠯᠳᠤᠭᠠᠨ᠎ᠢ ᠰᠢᠢᠳᠪᠦᠷᠢᠯᠡᠬᠦ ᠬᠦᠴᠦᠨ᠎ᠢ ᠨᠡᠢᠳᠭᠡᠨ᠂ ᠣᠷᠭᠠᠨᠢᠭ᠎ᠢᠶᠠᠷ ᠵᠣᠯᠭᠠᠭᠤᠯᠵᠤ ᠬᠠᠷᠢᠯᠴᠠᠨ ᠵᠣᠬᠢᠴᠠᠭᠤᠯᠬᠤ᠎ᠶ᠋ᠢ ᠠᠬᠢᠭᠤᠯᠵᠠᠢ᠃

᠊᠊᠊᠊᠊᠊᠊᠊᠊ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠲᠡᠮᠡᠴᠡᠯ᠎ᠢ ᠪᠠᠢᠩᠭᠤᠵᠢᠭᠤᠯᠵᠠᠢ᠃ ᠰᠡᠷᠭᠡᠢᠯᠡᠬᠦ᠌ ᠴᠡᠭ᠌ᠴᠡᠯᠡᠨ ᠵᠠᠰᠠᠬᠤ᠂ ᠢᠯᠡᠴᠢᠯᠡᠨ ᠮᠡᠳᠡᠭᠦᠯᠦᠭ᠌ᠰᠡᠳ᠎ᠢ ᠱᠠᠩᠨᠠᠬᠤ᠂ ᠬᠠᠤᠯᠢ ᠶᠣᠰᠣᠭᠠᠷ ᠵᠠᠯᠬᠠᠭᠠᠨ᠎ᠱᠢᠢᠳᠭᠡᠬᠦ᠌᠂ ᠬᠢᠨᠠᠨ ᠵᠢᠯᠣᠭᠣᠳᠴᠤ᠌ ᠱᠠᠯᠠᠪᠳᠠᠭᠤᠯᠤᠨ ᠱᠢᠢᠳᠪᠦᠷᠢᠯᠡᠬᠦ᠂ ᠬᠢᠨᠠᠨ ᠱᠢᠯᠭᠠᠵᠤ ᠦᠨᠡᠯᠡᠬᠦ᠌ ᠪᠠ ᠵᠣᠬᠢᠶᠠᠨ ᠪᠠᠢᠭᠤᠯᠵᠤ ᠤᠳᠤᠷᠢᠳᠭᠤ ᠲᠣᠭ᠍ᠲᠠᠴᠠ᠎ᠶ᠋ᠢ ᠪᠠᠢᠭᠤᠯᠤᠨ ᠲᠡᠭᠦᠯᠳᠡᠷᠵᠢᠭᠦᠯᠵᠦ᠂ ᠱᠢᠰᠲ᠋ᠧᠮ᠎ᠲᠡᠶ ᠵᠠᠰᠠᠬᠤ᠂ ᠬᠠᠤᠯᠢ ᠶᠣᠰᠣᠭᠠᠷ ᠵᠠᠰᠠᠬᠤ᠂ ᠶᠡᠷᠦᠩᠬᠡᠢᠯᠡᠨ ᠵᠠᠰᠠᠬᠤ᠂ ᠡᠬᠢ ᠡᠭᠦᠰᠦᠯ᠎ᠡᠴᠡ ᠨᠢ ᠵᠠᠰᠠᠬᠤ᠎ᠶ᠋ᠢ ᠴᠢᠩᠭᠠᠳᠭᠠᠵᠤ᠂ ᠫᠤᠤ ᠵᠡᠪᠰᠡᠭ ᠳᠡᠯᠪᠡᠷᠡᠬᠦ᠌ ᠡᠳ᠋᠎ᠦᠨ ᠬᠠᠤᠯᠢ᠎ᠶ᠋ᠢ ᠵᠥᠷᠢᠴᠡᠭ᠌ᠰᠡᠨ ᠶᠠᠯᠠᠲᠤ ᠠᠵᠢᠯᠯᠠᠭ᠎ᠠ᠂ ᠴᠠᠬᠢᠯᠭᠠᠨ ᠬᠣᠯᠪᠣᠭ᠎ᠠ ᠰᠦᠯᠵᠢᠶᠡᠨ᠎ᠦ ᠮᠡᠬᠡᠯᠡᠯ ᠂ ᠣᠯᠠᠨ ᠬᠥᠮᠦᠨ᠎ᠲᠠᠢ ᠬᠣᠯᠪᠣᠭ᠍ᠳᠠᠭ᠍ᠰᠠᠨ ᠠᠵᠤ ᠠᠬᠤᠶ᠎ᠶ᠋ᠢᠨ ᠶᠠᠯᠠᠲᠤ ᠠᠵᠢᠯᠯᠠᠭ᠎ᠠ ᠪᠠ  《ᠱᠠᠯᠢᠭ ᠵᠠᠪᠬᠠᠶ ᠵᠣᠭᠣᠰ ᠮᠥᠷᠥᠢᠴᠡᠬᠦ᠌ ᠬᠤᠤᠷ ᠲᠠᠲᠠᠬᠤ》᠂ 《 ᠣᠷᠴᠢᠨ ᠲᠣᠭᠣᠷᠢᠨ ᠢᠳᠡᠭᠡᠨ ᠤᠮᠳᠠᠭᠠᠨ ᠡᠮ᠎ᠦᠨ ᠵᠦᠶ᠋ᠯ》 ᠎ᠤ᠋ᠨ ᠬᠠᠤᠯᠢ᠎ᠶ᠋ᠢ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭ᠌ᠴᠦ ᠴᠡᠭ᠌ᠴᠡᠯᠡᠨ ᠵᠠᠰᠠᠬᠤ ᠲᠤᠰᠭᠠᠶ ᠠᠵᠢᠯᠯᠠᠭ᠎ᠠ᠎ᠶ᠋ᠢ ᠪᠠᠢᠩᠭᠤᠵᠢᠭᠤᠯᠤᠨ ᠥᠷᠨᠢᠭᠦᠯᠵᠦ᠍᠂ ᠬᠠᠷ᠎ᠠ ᠪᠦᠯᠦᠭ᠌ᠲᠡᠨ ᠬᠠᠷᠭᠢᠰ ᠬᠦᠴᠦᠨ᠎ᠦ ᠪᠦᠷᠢᠯᠳᠦᠬᠦ ᠬᠥᠷᠥᠰᠥ᠍ ᠱᠢᠷᠣᠶ᠎ᠶ᠋ᠢ ᠲᠤᠢᠯᠪᠤᠷᠢᠲᠠᠶ ᠠᠷᠢᠯᠭᠠᠪᠠ᠃

᠊᠊᠊᠊᠊᠊᠊᠊᠊ ᠣᠯᠠᠨ ᠨᠡᠢᠲᠡ᠎ᠶ᠋ᠢᠨ ᠠᠮᠤᠷ ᠲᠦᠪᠱᠢᠨ᠎ᠦ ᠲᠦᠭ᠌ᠰᠢᠭᠦᠷᠢ᠎ᠶ᠋ᠢ ᠰᠡᠷᠭᠡᠢᠯᠡᠪᠡ᠃ ᠤᠯᠠᠨ ᠨᠡᠢᠲᠡ᠎ᠶ᠋ᠢᠨ ᠠᠮᠤᠷ ᠲᠦᠪᠱᠢᠨ᠎ᠦ ᠲᠦᠭ᠌ᠰᠢᠭᠦᠷᠢ᠎ᠶ᠋ᠢ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠱᠢᠰᠲ᠋ᠧᠮ᠎ᠢ ᠲᠡᠭᠦᠯᠳᠡᠷᠵᠢᠭᠦᠯᠦᠨ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠱᠢᠰᠲ᠋ᠧᠮ᠎ᠦᠨ ᠪᠠᠢᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠭᠠᠮᠱᠢᠭ᠎ᠢ ᠰᠡᠷᠭᠡᠢᠯᠡᠬᠦ᠌ ᠭᠠᠮᠱᠢᠭ᠎ᠢ ᠪᠠᠭᠠᠰᠭᠠᠬᠤ ᠭᠠᠮᠱᠢᠭ᠎ᠠᠴᠠ ᠠᠪᠤᠷᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠪᠡ᠃ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠂ ᠵᠠᠮ ᠬᠠᠷᠢᠯᠴᠠᠭ᠎ᠠ ᠵᠡᠷᠭᠡ ᠤᠯᠠᠨ ᠨᠡᠢᠲᠡ᠎ᠶ᠋ᠢᠨ ᠠᠮᠤᠷ ᠲᠦᠪᠱᠢᠨ᠎ᠦ ᠭᠡᠮ ᠰᠤᠭᠤᠭ᠎ᠢ ᠦᠷᠭᠦᠯᠵᠢᠯᠡᠨ ᠳᠠᠷᠠᠭᠠᠯᠠᠨ ᠪᠠᠢᠴᠠᠭᠠᠬᠤ᠂ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌᠂ ᠪᠠᠴᠢᠮ ᠪᠠᠢᠳᠠᠯ᠎ᠢ ᠠᠷᠭᠠᠴᠠᠭᠠᠨ ᠱᠢᠢᠳᠪᠦᠷᠢᠯᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠦᠨ᠂ ᠵᠠᠮ ᠬᠠᠷᠢᠯᠴᠠᠭ᠎ᠠ᠂ ᠭᠠᠯ᠎ᠤᠨ ᠠᠶᠤᠯ ᠵᠡᠷᠭᠡ ᠤᠯᠠᠨ ᠨᠡᠢᠲᠡ᠎ᠶ᠋ᠢᠨ ᠠᠮᠤᠷ ᠲᠦᠪᠱᠢᠨ᠎ᠦ ᠬᠦᠨᠳᠦ ᠶᠡᠬᠡ ᠡᠨᠳᠡᠯ᠎ᠢ ᠦᠨᠡᠨ ᠬᠦ᠌ ᠰᠡᠷᠭᠡᠢᠯᠡᠨ ᠬᠣᠷᠢᠭ᠍ᠯᠠᠪᠡ᠃

ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ᠎ᠤᠨ ᠬᠠᠷᠢᠭᠤᠴᠠᠯᠭᠠᠲᠠᠨ᠎ᠤ ᠢᠯᠡᠷᠭᠡᠢᠯᠡᠬᠦ ᠪᠡᠷ᠂ ᠥᠪᠥᠷ ᠮᠣᠩᠭᠣᠯ᠎ᠤᠨ ᠬᠢᠯᠢ᠎ᠶ᠋ᠢᠨ ᠱᠤᠭᠤᠮ ᠤᠷᠲᠤ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠰᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠬᠠᠷᠢᠭᠤᠴᠠᠯᠭ᠎ᠠ ᠬᠦᠨᠳᠦ ᠶᠡᠬᠡ᠂ ᠡᠭᠦᠷᠭᠡ ᠦᠩᠭᠡ ᠭᠡᠷᠡᠯ᠎ᠲᠡᠶ᠃ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠴᠡᠷᠢᠭ ᠠᠩᠭᠢ ᠤᠯᠤᠰ᠎ᠤᠨ ᠶᠡᠷᠦᠩᠬᠡᠶ ᠠᠮᠤᠷ ᠲᠦᠪᠱᠢᠨ᠎ᠦ ᠦᠵᠡᠯᠲᠡ᠎ᠶ᠋ᠢ ᠪᠠᠲᠤ ᠪᠣᠶ ᠪᠣᠯᠭᠠᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠳᠤᠮᠳᠠ ᠡᠭᠦᠷᠭᠡᠯᠡᠵᠦ᠍ ᠪᠠᠢᠭ᠎ᠠ ᠡᠭᠦᠷᠭᠡ ᠬᠠᠷᠢᠭᠤᠴᠠᠯᠭ᠎ᠠ᠎ᠪᠠᠨ ᠭᠦᠨᠵᠡᠭᠡᠶ ᠲᠠᠨᠢᠨ ᠡᠵᠡᠮᠳᠡᠵᠦ᠍᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠷᠢᠯᠠᠭᠤᠯᠤᠭ᠍ᠰᠠᠨ ᠬᠠᠷᠠᠯᠲᠠ ᠡᠭᠦᠷᠭᠡ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ᠎ᠶ᠋ᠢ ᠭᠤᠷᠪᠠᠨ ᠲᠠᠯ᠎ᠠ᠎ᠪᠠᠷ ᠠᠬᠢᠭᠤᠯᠤᠨ᠎ᠠ᠃ ᠨᠢᠭᠡ᠎ᠳᠦ᠂ ᠨᠠᠮ᠎ᠤᠨ ᠠᠷᠠᠳ᠎ᠤᠨ ᠴᠡᠷᠢᠭ ᠠᠩᠬᠢ᠎ᠳᠡᠬᠢ ᠤᠳᠤᠷᠢᠳᠤᠯᠭ᠎ᠠ ᠵᠢ ᠢᠮᠠᠭ᠍ᠲᠠ ᠪᠠᠷᠢᠮᠲᠠᠯᠠᠵᠤ᠂ ᠨᠠᠮ᠎ᠤᠨ ᠲᠦᠷᠦ᠍ ᠪᠠᠷᠢᠬᠤ ᠪᠠᠢᠷᠢ ᠰᠠᠭᠤᠷᠢ ᠪᠠ ᠨᠡᠢᠭᠡᠮ ᠵᠢᠷᠤᠮᠲᠤ ᠪᠠᠢᠭᠤᠯᠤᠯ᠎ᠢ ᠡᠷᠡᠰ ᠬᠠᠮᠠᠭᠠᠯᠠᠨ᠎ᠠ; ᠬᠣᠶᠠᠷ᠎ᠲᠤ᠂ ᠲᠡᠢᠨ᠎ᠳᠦ ᠪᠡᠯᠡᠳᠭᠡᠬᠦ ᠲᠡᠢᠨ ᠬᠢᠬᠦ᠌ ᠴᠢᠳᠠᠪᠤᠷᠢ᠎ᠪᠠᠨ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠵᠦ᠍᠂ᠱᠢᠨ᠎ᠡ ᠴᠠᠭ ᠦᠶ᠎ᠡ᠎ᠶ᠋ᠢᠨ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠳᠠᠢᠴᠢᠯᠠᠯᠲᠠ᠎ᠶ᠋ᠢᠨ ᠱᠢᠰᠲ᠋ᠧᠮ᠎ᠢ ᠬᠦᠴᠦ᠍᠎ᠪᠡᠨ ᠲᠥᠪᠯᠡᠷᠡᠭᠦᠯᠦᠨ ᠲᠡᠭᠦᠯᠳᠡᠷᠵᠢᠭᠦᠯᠤᠨ᠎ᠡ; ᠭᠤᠷᠪᠠ᠎ᠳᠤ᠂ ᠪᠠᠴᠢᠮ ᠬᠦᠴᠢᠷ ᠲᠦᠭᠰᠢᠭᠦᠷᠢ ᠲᠠᠢ ᠬᠦᠨᠳᠦ ᠡᠭᠦᠷᠭᠡ᠎ᠶ᠋ᠢ ᠡᠷᠡᠰ ᠡᠭᠦᠷᠭᠡᠯᠡᠵᠦ᠍᠂ ᠠᠶᠤᠯ ᠭᠠᠮᠱᠢᠭ᠎ᠠᠴᠠ ᠠᠪᠤᠷᠬᠠᠸ᠋᠂ ᠪᠠᠴᠢᠮ ᠪᠠᠢᠳᠠᠯ᠎ᠢ ᠠᠷᠭᠠᠴᠠᠭᠠᠨ ᠲᠣᠭ᠍ᠲᠠᠭᠤᠨ᠎ᠢ ᠬᠠᠮᠠᠭᠠᠯᠠᠬᠤ᠂ ᠠᠮᠤᠷ ᠠᠮᠤᠭᠤᠯᠠᠩ᠎ᠤᠨ ᠪᠠᠢᠭᠤᠯᠤᠯᠲᠠ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠡᠷᠭᠡ ᠠᠵᠢᠯ ᠳᠤᠮᠳᠠ ᠬᠦᠨᠳᠦ ᠡᠭᠦᠷᠭᠡ᠎ᠶ᠋ᠢ ᠵᠣᠷᠢᠭ᠍ᠲᠠᠶ ᠡᠭᠦᠷᠭᠡᠯᠡᠵᠦ᠍᠂ ᠵᠣᠷᠢᠭ᠍ᠲᠠᠶ ᠲᠦᠷᠦᠭᠦᠯᠡᠨ ᠬᠢᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号