ᠭᠣᠣᠯ
ᠰᠠᠨᠠᠭᠤᠯᠤᠮᠵᠢ
ᠲᠤᠭᠲᠡᠮᠳᠡᠭᠲᠣᠳᠣᠷᠬᠠᠢᠪᠠᠷᠤᠯᠤᠰ ᠲᠦᠷᠦ᠍᠎ᠶ᠋ᠢ ᠡᠷᠬᠢᠮᠯᠡᠬᠦ᠌ ᠪᠣᠯ 《ᠢᠯᠡᠳᠭᠡᠯ》᠎ᠦᠨ ᠪᠦᠬᠦ᠌ ᠠᠭᠣᠯᠭ᠎ᠠ᠎ᠳᠤ ᠲᠤᠭᠤᠱᠢᠯᠠᠭ᠍ᠳᠠᠭ᠍ᠰᠠᠨ ᠨᠢᠭᠡᠨ ᠤᠯᠠᠭᠠᠨ
ᠱᠤᠭᠤᠮ ᠮᠥᠨ᠂ ᠪᠠᠰᠠ ᠴᠤ᠌ ᠬᠠᠮᠤᠭ᠎ᠤᠨ ᠶᠡᠬᠡ ᠣᠨᠴᠠᠯᠢᠭ ᠪᠠ ᠬᠢᠯᠠᠰ ᠴᠡᠭ ᠮᠥᠨ᠃
ᠥᠪᠥᠷ
ᠮᠣᠩᠭᠣᠯ᠎ᠤᠨ ᠠᠵᠢᠯ᠎ᠢ ᠰᠠᠢᠲᠤᠷ ᠬᠢᠵᠦ᠍᠂ ᠥᠪᠥᠷ ᠮᠣᠩᠭᠣᠯ᠎ᠤᠨ ᠶᠠᠪᠤᠳᠠᠯ᠎ᠢ ᠰᠠᠢᠲᠤᠷ ᠰᠢᠢᠳᠪᠦᠷᠢᠯᠡᠬᠦ ᠶ᠋ᠢᠨ
ᠬᠠᠮᠤᠭ᠎ᠤᠨ ᠦᠨᠳᠦᠰᠦᠨ ᠨᠢᠭᠡ ᠵᠦᠢᠯ ᠪᠣᠯ ᠢᠮᠠᠭ᠍ᠲᠠ ᠤᠬᠠᠮᠰᠠᠷ᠎ᠠᠴᠠ᠎ᠪᠠᠨ ᠨᠠᠮ᠎ᠤᠨ ᠲᠥᠪ ᠬᠤᠷᠢᠶ᠎ᠡ᠎ᠲᠠᠶ ᠨᠢᠭᠡᠳᠦᠯᠲᠡᠢ
ᠪᠠᠢᠵᠤ᠂ ᠢᠮᠠᠭ᠍ᠲᠠ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠬᠦ᠌
ᠶᠠᠪᠤᠳᠠᠯ ᠪᠣᠯᠤᠨ᠎ᠠ᠃
《ᠲᠠᠪᠤᠨ ᠴᠢᠬᠤᠯᠠ ᠶᠡᠬᠡ
ᠤᠯᠤᠰ ᠲᠦᠷᠦ᠍᠎ᠶ᠋ᠢᠨ ᠬᠠᠷᠢᠭᠤᠴᠠᠯᠭ᠎ᠠ》᠎ᠨᠢ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ
ᠲᠥᠪ ᠬᠤᠷᠢᠶ᠎ᠡ᠎ᠠᠴᠠ ᠥᠪᠥᠷ ᠮᠣᠩᠭᠣᠯ᠎ᠳᠤ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠤᠳᠤᠯᠭ᠎ᠠ᠎ᠶ᠋ᠢᠨ ᠪᠠᠢᠷᠢ
ᠲᠣᠭ᠍ᠲᠠᠭᠠᠯᠲᠠ᠎ᠲᠠᠶ ᠨᠡᠢᠴᠡᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《ᠤᠯᠤᠰ᠎ᠤᠨ ᠶᠡᠬᠡ ᠶᠠᠪᠤᠳᠠᠯ》᠎ᠢ ᠰᠡᠳᠭᠢᠯ ᠳᠡᠭᠡᠨ ᠡᠪᠦᠷᠯᠡᠵᠦ᠍᠂ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠡᠭᠦᠷᠭᠡ ᠬᠠᠷᠢᠭᠤᠴᠠᠯᠭ᠎ᠠ᠎ᠪᠠᠨ ᠵᠣᠷᠢᠭ᠍ᠲᠠᠢ
ᠡᠭᠦᠷᠭᠡᠯᠡᠭ᠌ᠰᠡᠨ ᠤᠯᠤᠰ ᠲᠦᠷᠦ᠍᠎ᠶ᠋ᠢᠨ ᠦᠨᠡᠨᠴᠢ ᠱᠢᠳᠤᠷᠭᠤ ᠪᠠ ᠤᠯᠤᠰ ᠲᠦᠷᠦ᠍᠎ᠶ᠋ᠢᠨ ᠡᠭᠦᠷᠭᠡᠯᠡᠯ᠎ᠢ ᠢᠯᠡᠷᠡᠭᠦᠯᠪᠡ᠃
ᠤᠯᠤᠰ
ᠲᠥᠷᠥ᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠥᠷᠥ᠎ᠶ᠋ᠢᠨ ᠤᠬᠠᠬᠤ ᠴᠢᠳᠠᠪᠤᠷᠢ᠂ ᠤᠯᠤᠰ ᠲᠥᠷᠥ᠎ᠶ᠋ᠢᠨ ᠬᠦᠢᠴᠡᠳᠬᠡᠬᠦ
ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ
ᠬᠦᠴᠦᠲᠡᠶ ᠪᠦᠲᠦᠮᠵᠢᠲᠡᠶ ᠰᠠᠢᠲᠤᠷ ᠠᠳᠭᠤᠵᠤ᠂ ᠠᠵᠢᠯ᠎ᠤᠨ ᠴᠢᠭ᠌ᠯᠡᠯ ᠨᠠᠩ ᠣᠨᠣᠪᠴᠢᠲᠠᠶ᠂ ᠠᠯᠬᠤᠮ ᠨᠠᠩ ᠯᠠᠪᠳᠠᠭᠤᠨ᠂
ᠦᠷ᠎ᠡ ᠪᠦᠲᠦᠮᠵᠢ ᠨᠠᠩ ᠪᠣᠳᠠᠲᠠᠶ ᠪᠠᠢᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃
ᠥᠪᠡᠷᠲᠡᠭᠡᠨ
ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠳᠡᠭᠡᠷ᠎ᠡ᠂ ᠱ᠌ᠢ᠎ᠲᠡᠶ ᠹᠸᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠠᠷᠪᠠᠳᠤᠭᠠᠷ ᠬᠤᠭᠤᠴᠠᠭᠠᠨ᠎ᠤ ᠬᠣᠷᠢᠶᠠᠨ᠎ᠤ ᠡᠮᠦᠨ᠎ᠡ᠎ᠡᠴᠡ ᠶᠡᠬᠡ ᠬᠤᠷᠠᠯ᠎ᠳᠤ 《ᠠᠮᠢ ᠠᠬᠤᠶ᠎ᠶ᠋ᠢ ᠤᠷᠢᠳ᠎ᠢᠶᠠᠷ
ᠪᠣᠳᠣᠯᠬᠢᠯᠠᠬᠤ ᠪᠣᠬᠢᠷᠲᠤᠯ ᠥᠬᠡᠶ ᠬᠦᠭᠵᠢᠬᠦᠯᠬᠦ ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ
ᠱᠢᠨ᠎ᠡ ᠵᠠᠮ᠎ᠢᠶᠠᠷ ᠭᠤᠢᠪᠢᠰᠢ ᠥᠬᠡᠶ ᠵᠠᠮᠨᠠᠵᠤ ᠨᠡᠢᠭᠡᠮ ᠵᠢᠷᠤᠮᠳᠦ ᠣᠳᠣᠬᠢᠴᠢᠯᠠᠭ᠍ᠰᠠᠨ ᠤᠯᠤᠰ᠎ᠢ ᠪᠥᠬᠥ᠌ ᠲᠠᠯ᠎ᠠ᠎ᠪᠠᠷ
ᠪᠥᠲᠥᠭᠡᠨ ᠪᠠᠢᠭᠤᠯᠬᠤ ᠱᠢᠨ᠎ᠡ ᠠᠶᠠᠨ᠎ᠳᠤ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ
ᠪᠢᠴᠢᠭ᠌ᠯᠡᠶ᠎ᠡ》 ᠭᠡᠬᠦ᠌ ᠰᠡᠳᠦᠪ᠎ᠢᠶᠡᠷ ᠢᠯᠡᠳᠬᠡᠯ
ᠬᠢᠪᠠ᠃ 《ᠢᠯᠡᠳᠭᠡᠯ 》ᠳ᠋ᠦ ᠭᠣᠣᠯ ᠰᠡᠳᠦᠪ᠎ᠢ ᠲᠣᠭ᠍ᠲᠠᠭᠠᠭ᠍ᠰᠠᠨ᠎ᠠᠴᠠ ᠠᠭᠤᠯᠭ᠎ᠠ ᠪᠡᠨ ᠲᠡᠯᠭᠡᠭᠰᠡᠨ ᠬᠦᠷᠲᠠᠯ᠎ᠠ᠂ ᠥᠩᠭᠡᠷᠡᠭ᠌ᠰᠡᠨ ᠲᠠᠪᠤᠨ ᠵᠢᠯ᠎ᠦᠨ ᠠᠵᠢᠯ᠎ᠤᠨ ᠳ᠋ᠦᠩᠨᠡᠯᠲᠡ᠎ᠡᠴᠡ ᠬᠣᠢᠱᠢᠳᠠ᠎ᠶ᠋ᠢᠨ ᠲᠠᠪᠤᠨ ᠵᠢᠯ᠎ᠦᠨ ᠠᠵᠢᠯ᠎ᠤᠨ
ᠬᠠᠷᠠᠯᠲᠠ ᠱᠠᠭᠠᠷᠳᠠᠯᠭ᠎ᠠ ᠬᠦᠷᠲᠡᠯ᠎ᠡ᠂ ᠡᠭᠦᠷᠭᠡᠯᠡᠵᠦ᠍ ᠪᠠᠢᠭ᠎ᠠ ᠲᠤᠱᠢᠶᠠᠯ ᠬᠠᠷᠢᠭᠤᠴᠠᠯᠭ᠎ᠠ ᠪᠠ ᠡᠭᠦᠷᠭᠡ᠎ᠡᠴᠡ
ᠡᠯ᠎ᠡ ᠵᠦᠢᠯ᠎ᠦᠨ ᠪᠣᠳᠠᠲᠠᠢ ᠡᠭᠦᠷᠭᠡ ᠬᠦᠷᠲᠡᠯ᠎ᠡ ᠪᠠᠢᠷᠢᠯᠠᠭᠤᠯᠤᠯᠲᠠ ᠬᠢᠵᠦ᠍᠂ ᠰᠢ ᠵᠢᠨ ᠫᠢᠩ᠎ᠦᠨ ᠱᠢᠨ᠎ᠡ
ᠴᠠᠭ ᠦᠶ᠎ᠡ᠎ᠶ᠋ᠢᠨ ᠳᠤᠮᠳᠠᠳᠤᠤᠯᠤᠰᠤᠨᠣᠨᠴᠠᠯᠢᠭᠲᠠᠶᠨᠡᠢᠭᠡᠮᠵᠢᠷᠤᠮᠤᠨᠦᠵᠡᠯ ᠰᠠᠨᠠᠭ᠎ᠠ᠎ᠪᠠᠷ ᠵᠢᠯᠤᠭᠤᠳᠤᠯᠭ᠎ᠠ
ᠪᠣᠯᠭᠠᠬᠤ᠎ᠶ᠋ᠢ ᠢᠮᠠᠭ᠍ᠲᠠ ᠪᠠᠷᠢᠮᠲᠠᠯᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ
ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠨᠠᠢᠳᠠᠪᠤᠷᠢᠵᠢᠭᠤᠯᠬᠤ
ᠡᠨᠡ ᠬᠦ᠌ ᠭᠣᠣᠯ ᠱᠢᠵᠢᠮ᠎ᠲᠡᠶ ᠨᠢᠭ᠍ᠲᠠ ᠤᠶᠠᠯᠳᠤᠭᠤᠯᠤᠨ ᠬᠠᠷᠢᠭᠤᠴᠠᠯᠭ᠎ᠠ ᠡᠭᠦᠷᠭᠡ᠎ᠪᠡᠨ ᠲᠣᠳᠣᠷᠬᠠᠢᠯᠠᠵᠤ᠂
ᠬᠠᠷᠠᠯᠲᠠ ᠱᠠᠭᠠᠷᠳᠠᠯᠭ᠎ᠠ ᠳᠤᠷᠠᠳᠴᠤ᠌᠂ᠭᠣᠣᠯᠳᠠᠯᠭ᠎ᠠ᠎ᠲᠠᠶ ᠡᠭᠦᠷᠭᠡ᠎ᠪᠡᠨ ᠪᠠᠢᠷᠢᠯᠠᠭᠤᠯᠪᠠ᠃ ᠲᠤᠭ ᠲᠡᠮᠳᠡᠭ
ᠲᠣᠳᠣᠷᠬᠠᠢ᠎ᠪᠠᠷ ᠤᠯᠤᠰ ᠲᠦᠷᠦ᠍ ᠶ᠋ᠢ ᠡᠷᠬᠢᠮᠯᠡᠬᠦ᠌ ᠪᠣᠯ 《ᠢᠯᠡᠳᠭᠡᠯ》 ᠤᠨ ᠪᠦᠬᠦ᠌ ᠠᠭᠣᠯᠭ᠎ᠠ ᠳᠤ
ᠲᠤᠭᠤᠱᠢᠯᠠᠭ᠍ᠳᠠᠭ᠍ᠰᠠᠨ ᠨᠢᠭᠡᠨ ᠤᠯᠠᠭᠠᠨ ᠱᠤᠭᠤᠮ ᠮᠥᠨ᠂ ᠪᠠᠰᠠ ᠴᠤ᠌ ᠬᠠᠮᠤᠭ᠎ᠤᠨ ᠶᠡᠬᠡ ᠣᠨᠴᠠᠯᠢᠭ ᠪᠠ ᠬᠢᠯᠠᠰ
ᠴᠡᠭ ᠮᠥᠨ᠃
ᠬᠥᠭ᠌ᠵᠢᠯᠲᠡᠶ᠋ᠢᠨᠲᠤᠷᠱᠢᠯᠭᠠᠶ᠋ᠢᠨᠲᠠᠯᠠᠪᠠᠷ ᠢᠮᠠᠭ᠍ᠲᠠ ᠤᠬᠠᠮᠰᠠᠷ᠎ᠠᠴᠠ᠎ᠪᠠᠨ ᠨᠠᠮ᠎ᠤᠨ ᠲᠥᠪ ᠬᠤᠷᠢᠶ᠎ᠠ᠎ᠲᠠᠶ ᠨᠢᠭᠡᠳᠦᠯᠲᠡᠢ
ᠪᠠᠢᠬᠤ ᠬᠡᠷᠡᠭ᠌ᠲᠡᠢ
《ᠢᠯᠡᠳᠭᠡᠯ》᠎ᠳᠦ ᠥᠩᠭᠡᠷᠡᠭ᠌ᠰᠡᠨ
ᠲᠠᠪᠤᠨ ᠵᠢᠯ᠎ᠦᠨ ᠠᠵᠢᠯ ᠵᠢᠴᠢ ᠠᠮᠵᠢᠯᠲᠠ ᠪᠦᠲᠦᠮᠵᠢ᠎ᠶ᠋ᠢ ᠶᠢᠰᠦᠨ ᠲᠠᠯ᠎ᠠ᠎ᠪᠠᠷ ᠳ᠋ᠦᠩᠨᠡᠪᠡ᠂ ᠨᠢᠭᠡᠳᠦᠭᠡᠷ
ᠵᠦᠢᠯ ᠨᠢ ᠳᠠᠷᠤᠢ ᠲᠤᠭ ᠲᠡᠮᠳᠡᠭ ᠲᠣᠳᠣᠷᠬᠠᠢ᠎ᠪᠠᠷ ᠤᠯᠤᠰ ᠲᠦᠷᠦ᠍᠎ᠶ᠋ᠢ ᠡᠷᠬᠢᠮᠯᠡᠵᠦ᠍᠂ 《ᠬᠣᠶᠠᠷ᠎ᠢ ᠬᠠᠮᠠᠭᠠᠯᠠᠬᠤ》 ᠶ᠋ᠢ ᠡᠷᠡᠰ ᠤᠬᠠᠮᠰᠠᠷ᠎ᠠᠴᠠ᠎ᠪᠠᠨ ᠪᠡᠶᠡᠯᠡᠭᠦᠯᠬᠦ ᠬᠡᠷᠡᠭᠳᠡᠢ᠃ 《ᠢᠯᠡᠳᠭᠡᠯ》᠎ᠳᠦ ᠄ 《 ᠥᠪᠡᠷᠲᠡᠭᠡᠨ ᠵᠠᠰᠠᠬᠤ
ᠣᠷᠣᠨ᠎ᠤ ᠡᠯ᠎ᠡ ᠵᠦᠢᠯ᠎ᠦᠨ ᠠᠵᠢᠯ ᠦᠢᠯᠡᠰ ᠪᠦᠬᠦ᠌ ᠲᠠᠯ᠎ᠠ᠎ᠶ᠋ᠢᠨ ᠬᠥᠭ᠌ᠵᠢᠯᠲᠡ ᠲᠠᠪᠰᠢᠯᠳᠠ᠎ᠶ᠋ᠢ ᠪᠡᠶᠡᠯᠡᠭᠦᠯᠵᠦ᠍
ᠴᠢᠳᠠᠭ᠍ᠰᠠᠨ᠎ᠤ ᠬᠠᠮᠤᠭ᠎ᠤᠨ ᠦᠨᠳᠦᠰᠦᠨ ᠱᠢᠯᠲᠠᠭᠠᠨ ᠨᠢ ᠰᠢ ᠵᠢᠨ ᠫᠢᠩ ᠨᠥᠬᠥᠷᠢᠶᠡᠷᠭᠣᠣᠯ ᠪᠣᠯᠭᠠᠭ᠍ᠰᠠᠨ ᠨᠠᠮ᠎ᠤᠨ
ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠤ ᠪᠤᠢ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ
ᠳᠤᠮᠳᠠᠳᠤ ᠤᠯᠤᠰ᠎ᠤᠨ ᠣᠨᠴᠠᠯᠢᠭᠲᠠᠶᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ
ᠪᠤᠢ᠂ ᠶᠡᠷᠦᠩᠬᠡᠢ ᠱᠦᠵᠢ ᠰᠢ ᠵᠢᠨ ᠫᠢᠩ ᠪᠡᠶ᠎ᠡ᠎ᠪᠡᠷ᠎ᠢᠶᠡᠨ ᠥᠪᠥᠷ ᠮᠣᠩᠭᠣᠯ᠎ᠤᠨ ᠰᠤᠳᠠᠰᠤ᠎ᠶ᠋ᠢ ᠪᠠᠷᠢᠵᠤ ᠴᠢᠭ᠌ᠯᠡᠯ᠎ᠢ
ᠲᠣᠭ᠍ᠲᠠᠭᠠᠵᠤ᠂ ᠵᠠᠮ᠎ᠢ ᠵᠢᠭᠠᠵᠤ ᠠᠶᠠᠯᠠᠯ᠎ᠢ ᠵᠢᠯᠣᠭᠣᠳᠤᠭ᠍ᠰᠠᠨ᠎ᠳᠤ ᠪᠤᠢ》ᠭᠡᠵᠦ ᠵᠢᠭᠠᠵᠦ ᠭᠠᠷᠭᠠᠪᠠ᠃
ᠡᠨᠡ ᠪᠣᠯ ᠥᠪᠡᠷᠲᠡᠭᠡᠨ ᠵᠠᠰᠠᠬᠤ ᠣᠷᠣᠨ᠎ᠤ ᠥᠩᠭᠡᠷᠡᠭ᠌ᠰᠡᠨ ᠲᠠᠪᠤᠨ ᠵᠢᠯ᠎ᠦᠨ ᠠᠵᠢᠯ᠎ᠤᠨ ᠬᠤᠷᠠᠮᠳᠤᠭᠤᠯᠤᠭ᠍ᠰᠠᠨ
ᠬᠠᠮᠤᠭ᠎ᠤᠨ ᠡᠷᠬᠢᠮ ᠨᠠᠨᠳᠢᠨ ᠲᠤᠷᠱᠢᠯᠭ᠎ᠠ ᠪᠣᠯᠤᠨ᠎ᠠ᠃ 《ᠢᠯᠡᠳᠭᠡᠯ》 ᠳ᠋ᠤ ᠪᠠᠰᠠ᠂ ᠥᠪᠥᠷ ᠮᠣᠩᠭᠣᠯ᠎ᠤᠨ ᠠᠵᠢᠯ᠎ᠢ ᠰᠠᠢᠲᠤᠷ ᠬᠢᠵᠦ᠍᠂ ᠥᠪᠥᠷ ᠮᠣᠩᠭᠣᠯ᠎ᠤᠨ ᠶᠠᠪᠤᠳᠠᠯ᠎ᠢ
ᠰᠠᠢᠲᠤᠷ ᠬᠢᠬᠦ᠌᠎ᠶ᠋ᠢᠨ ᠬᠠᠮᠤᠭ᠎ᠤᠨ ᠦᠨᠳᠦᠰᠦᠨ ᠨᠢᠭᠡ ᠵᠦᠶ᠋ᠯ ᠪᠣᠯ ᠳᠠᠷᠤᠶ ᠢᠮᠠᠭ᠍ᠲᠠ ᠤᠬᠠᠮᠰᠠᠷ᠎ᠠᠴᠠ᠎ᠪᠠᠨ
ᠨᠠᠮ᠎ᠤᠨ ᠲᠥᠪ ᠬᠣᠷᠢᠶ᠎ᠠ᠎ᠲᠠᠶ ᠬᠠᠷᠭᠤᠭᠤᠯᠤᠨ ᠦᠵᠡᠵᠦ᠍᠂ ᠢᠮᠠᠭ᠍ᠲᠠ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ᠌ ᠶᠠᠪᠤᠳᠠᠯ ᠪᠣᠯᠤᠨ᠎ᠠ ᠭᠡᠵᠦ ᠵᠢᠭᠠᠵᠦ ᠭᠠᠷᠭᠠᠪᠠ ᠃
ᠬᠥᠭ᠌ᠵᠢᠯᠲᠡ᠎ᠶ᠋ᠢᠨ
ᠪᠠᠢᠷᠢ ᠲᠣᠭ᠍ᠲᠠᠭᠠᠯᠲᠠ ᠵᠢᠨ ᠲᠠᠯ᠎ᠡ ᠪᠡᠷ 《ᠲᠠᠪᠤᠨ ᠴᠢᠬᠤᠯᠠ ᠶᠡᠬᠡ ᠤᠯᠤᠰ
ᠲᠥᠷᠥ᠎ᠶ᠋ᠢᠨ ᠬᠠᠷᠢᠭᠤᠴᠠᠯᠭ᠎ᠠ》 ᠶ᠋ᠢ ᠡᠷᠡᠰ ᠡᠭᠦᠷᠭᠡᠯᠡᠬᠦ ᠬᠡᠷᠡᠭᠳᠡᠢ
《ᠢᠯᠡᠳᠭᠡᠯ》᠎ᠳᠦ ᠨᠡᠢᠭᠡᠮ ᠵᠢᠷᠤᠮᠲᠤ
ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠠᠬᠢ ᠥᠪᠥᠷ ᠮᠣᠩᠭᠣᠯ᠎ᠤᠨ
ᠴᠢᠬᠤᠯᠠ ᠶᠡᠬᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ᠎ᠶ᠋ᠢ ᠲᠤᠪᠤᠢ᠌ᠯᠭᠠᠨ ᠴᠢᠬᠤᠯᠠᠴᠢᠯᠠᠪᠠ᠂ ᠥᠪᠡᠷᠲᠡᠭᠡᠨ
ᠵᠠᠰᠠᠬᠤ ᠣᠷᠣᠨ᠎ᠤ ᠨᠠᠮ᠎ᠤᠨ ᠬᠤᠷᠢᠶ᠎ᠡ᠎ᠶ᠋ᠢᠨ ᠪᠦᠬᠦ᠌ ᠲᠠᠯ᠎ᠠ᠎ᠶ᠋ᠢ ᠪᠣᠳᠣᠯᠬᠢᠯᠠᠨ ᠨᠢᠭᠡ ᠣᠷᠣᠨ ᠪᠦᠰᠡ᠎ᠶ᠋ᠢ
ᠲᠥᠯᠥᠪᠵᠢᠭᠦᠯᠬᠦ᠌᠎ᠶ᠋ᠢ ᠪᠠᠷᠢᠮᠲᠠᠯᠠᠵᠤ᠂ ᠤᠯᠤᠰ ᠲᠦᠷᠦ᠍᠎ᠶ᠋ᠢ ᠡᠷᠬᠢᠮᠯᠡᠬᠦ᠌ ᠦᠨᠳᠦᠷᠴᠡ ᠡᠴᠡ ᠡᠯ᠎ᠡ ᠵᠦᠢᠯ᠎ᠦᠨ
ᠠᠵᠢᠯ ᠦᠢᠯᠡᠰ᠎ᠢ ᠲᠥᠯᠥᠪᠵᠢᠭᠦᠯᠦᠨ ᠪᠠᠢᠷᠢᠯᠠᠭᠤᠯᠵᠤ᠂ ᠥᠪᠥᠷ ᠮᠣᠩᠭᠣᠯ᠎ᠤᠨ ᠠᠵᠢᠯ᠎ᠢ ᠤᠬᠠᠮᠰᠠᠷ᠎ᠠᠴᠠ᠎ᠪᠠᠨ ᠨᠠᠮ
ᠪᠠ ᠤᠯᠤᠰ᠎ᠤᠨ ᠠᠵᠢᠯ᠎ᠤᠨ ᠶᠡᠬᠡ ᠲᠠᠯ᠎ᠠ᠎ᠳᠤ ᠲᠠᠯᠪᠢᠵᠤ ᠬᠢᠨᠠᠨ ᠦᠵᠡᠵᠦ᠍ ᠠᠬᠢᠭᠤᠯᠤᠭ᠍ᠰᠠᠨᠢ ᠲᠤᠰᠭᠠᠵᠠᠢ᠂
ᠡᠨᠡ ᠪᠣᠯ ᠨᠢᠭᠡᠨ ᠲᠤᠪᠤᠢ᠌ᠮ᠎ᠠ ᠬᠢᠯᠠᠰ ᠴᠡᠭ ᠮᠥᠨ᠃ 《ᠢᠯᠡᠳᠭᠡᠯ》 ᠳᠦ ᠪᠠᠰᠠ ᠥᠪᠥᠷ ᠮᠣᠩᠭᠣᠯ ᠶᠡᠬᠡ ᠲᠠᠯ᠎ᠠ᠎ᠶ᠋ᠢ ᠡᠷᠬᠢᠮᠯᠡᠵᠦ᠍᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ᠌᠎ᠳᠦ᠂ ᠡᠷᠬᠡᠪᠰᠢ ᠤᠯᠤᠰ᠎ᠤᠨ ᠠᠮᠢ ᠠᠬᠤᠢ᠎ᠶ᠋ᠢᠨ ᠠᠮᠤᠷ ᠲᠦᠪᠱᠢᠨ᠎ᠢ
ᠬᠠᠮᠠᠭᠠᠯᠠᠬᠤ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ᠰᠠᠢᠲᠤᠷ ᠭᠦᠢᠴᠡᠳᠭᠡᠬᠦ
ᠬᠡᠷᠡᠭᠳᠡᠢ; ᠤᠯᠤᠰ᠎ᠤᠨ ᠡᠨᠧᠷᠭᠢ᠎ᠶ᠋ᠢᠨ
ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠂ ᠠᠵᠤ ᠦᠢᠯᠡᠰ᠎ᠦᠨ ᠠᠮᠤᠷ ᠲᠦᠪᠱᠢᠨ᠎ᠢ ᠪᠠᠲᠤᠯᠠᠬᠤ ᠴᠢᠬᠤᠯᠠ
ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠰᠠᠢᠲᠤᠷ ᠭᠦᠢᠴᠡᠳᠭᠡᠬᠦ ᠬᠡᠷᠡᠭᠳᠡᠢ;ᠤᠯᠤᠰ᠎ᠤᠨ ᠡᠷᠬᠢᠨ ᠲᠣᠭᠣᠷᠢᠨ᠎ᠤ
ᠣᠯᠥᠰ ᠪᠠ ᠭᠠᠳᠠᠭᠠᠳᠤ ᠨᠡᠭᠡᠭᠡᠯᠳᠠ᠎ᠵᠢᠨ ᠪᠠᠢᠯᠳᠣᠬᠣ ᠪᠣᠳᠣᠯᠭ᠎ᠠ᠎ᠳᠦ ᠦᠢᠯᠡᠴᠢᠯᠡᠬᠦ ᠴᠢᠬᠤᠯᠠ ᠶᠡᠬᠡ ᠤᠯᠤᠰ
ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍ ᠂ ᠰᠠᠢᠲᠤᠷ ᠭᠦᠢᠴᠡᠳᠭᠡᠬᠦ ᠬᠡᠷᠡᠭᠳᠡᠢ ;ᠤᠯᠤᠰ᠎ᠤᠨ ᠨᠢᠭᠡᠳᠦᠯ
᠂ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ
ᠡᠭᠦᠷᠭᠡᠯᠡᠵᠦ᠍᠂ ᠰᠠᠢᠲᠤᠷ ᠭᠦᠢᠴᠡᠳᠭᠡᠬᠦ ᠬᠡᠷᠡᠭᠳᠡᠢ; ᠡᠭᠡ ᠤᠯᠤᠰ᠎ᠤᠨ ᠤᠮᠠᠷᠠᠲᠤᠬᠢᠯᠢᠵᠢᠰᠠᠬᠢᠨᠬᠠᠮᠠᠭᠠᠯᠠᠬᠤ
ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠰᠠᠢᠲᠤᠷ ᠭᠦᠢᠴᠡᠳᠭᠡᠬᠦ᠌ ᠬᠡᠷᠡᠭ᠌ᠲᠡᠢ
ᠭᠡᠵᠦ᠍ ᠲᠤᠪᠤᠢ᠌ᠯᠭᠠᠨ ᠴᠢᠬᠤᠯᠠᠴᠢᠯᠠᠪᠠ᠃ ᠡᠨᠡ ᠬᠦ᠌ 《ᠲᠠᠪᠤᠨ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ》᠎ᠨᠢ ᠥᠪᠥᠷ ᠮᠣᠩᠭᠣᠯ᠎ᠤᠨ
ᠴᠢᠬᠤᠯᠠ ᠪᠠᠢᠯᠳᠤᠬᠤ ᠪᠤᠳᠤᠯᠭ᠎ᠠ᠎ᠶ᠋ᠢᠨ ᠪᠠᠢᠷᠢ ᠰᠠᠭᠤᠷᠢ᠎ᠳᠤ ᠰᠠᠭᠤᠷᠢᠯᠠᠵᠤ᠂ ᠶᠡᠷᠦᠩᠬᠡᠢ ᠱᠦᠵᠢ ᠰᠢ ᠵᠢᠨ
ᠫᠢᠩ ᠪᠣᠯᠤᠨ ᠨᠠᠮ᠎ᠤᠨ ᠲᠥᠪ ᠬᠤᠷᠢᠶ᠎ᠠ᠎ᠠᠴᠠ ᠥᠪᠥᠷ ᠮᠣᠩᠭᠣᠯ᠎ᠳᠤ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ
ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠲᠠᠢ ᠨᠡᠢᠴᠡᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ
ᠶ᠋ᠢᠨ 《ᠤᠯᠤᠰ᠎ᠤᠨ ᠶᠡᠬᠡ ᠶᠠᠪᠣᠳᠠᠯ》 ᠢ ᠰᠡᠳᠭᠢᠯ᠎ᠳᠡᠭᠡᠨ
ᠪᠤᠳᠤᠵᠦ᠂ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ᠌
ᠤᠯᠤᠰ ᠲᠦᠷᠦ᠍᠎ᠶ᠋ᠢᠨ ᠦᠨᠡᠨᠴᠢ ᠱᠢᠳᠤᠷᠭᠤ ᠪᠠ ᠤᠯᠤᠰ ᠲᠦᠷᠦ᠍᠎ᠶ᠋ᠢᠨ ᠡᠭᠦᠷᠭᠡᠯᠡᠯ᠎ᠲᠡᠶ ᠪᠠᠢᠬᠤ᠎ᠶ᠋ᠢ ᠢᠯᠡᠷᠡᠭᠦᠯᠪᠡ᠃
ᠬᠥᠭ᠌ᠵᠢᠯᠲᠡ᠎ᠶ᠋ᠢᠨ
ᠠᠷᠭ᠎ᠠ ᠵᠠᠮ᠎ᠦᠨ ᠲᠠᠯ᠎ᠠ ᠪᠡᠷ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠰᠠᠢᠲᠤᠷ ᠵᠠᠮᠨᠠᠬᠤ
ᠬᠡᠷᠡᠭ᠌ᠲᠡᠶ
ᠥᠪᠥᠷ
ᠮᠣᠩᠭᠣᠯ ᠡᠭᠦᠷᠭᠡᠯᠡᠵᠦ᠍ ᠪᠠᠢᠭ᠎ᠠ ᠴᠢᠬᠤᠯᠠ ᠶᠡᠬᠡ ᠬᠠᠷᠢᠭᠤᠴᠠᠯᠭ᠎ᠠ ᠪᠣᠯᠤᠨ ᠢᠷᠠᠭᠤ ᠠᠯᠳᠠᠷᠲᠤ ᠡᠭᠦᠷᠭᠡ᠎ᠪᠡᠨ
ᠰᠠᠢᠲᠤᠷ ᠭᠦᠢᠴᠡᠳᠭᠡᠬᠦ᠌᠎ᠳᠦ ᠡᠷᠬᠡᠪᠰᠢ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭ᠌ᠵᠢᠬᠦᠯᠬᠦ
ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠭᠤᠢᠪᠢᠰᠢ ᠦᠭᠡᠢ
ᠰᠠᠢᠲᠤᠷ ᠵᠠᠮᠨᠠᠬᠤ ᠬᠡᠷᠡᠭ᠌ᠲᠡᠢ᠃ 《ᠢᠯᠡᠳᠭᠡᠯ》 ᠳᠦ ᠡᠨᠡ ᠬᠦ᠌ ᠱᠢᠨ᠎ᠡ ᠵᠠᠮ᠎ᠢᠶᠠᠷ ᠰᠠᠢᠲᠤᠷ ᠵᠠᠮᠨᠠᠬᠤ᠎ᠶ᠋ᠢᠨ ᠴᠢᠬᠤᠯᠠ ᠴᠢᠨᠠᠷ᠂ᠲᠤᠯᠭᠠᠮᠴᠢᠨᠠᠷᠪᠠᠦᠢᠯᠡᠳᠦᠯᠭᠡᠶ᠋ᠢᠨᠱᠠᠭᠠᠷᠳᠠᠯᠭᠠᠶ᠋ᠢᠲᠤᠪᠤᠢ᠌ᠯᠭᠠᠨ ᠴᠢᠬᠤᠯᠠᠴᠢᠯᠠᠵᠤ᠂ ᠡᠨᠡ ᠬᠦ᠌ ᠱᠢᠨ᠎ᠡ
ᠵᠠᠮ᠎ᠢᠶᠠᠷ ᠰᠠᠢᠲᠤᠷ ᠵᠠᠮᠨᠠᠬᠤ᠎ᠶ᠋ᠢ ᠴᠢᠬᠤᠯᠠᠴᠢᠯᠠᠭ᠍ᠰᠠᠨ ᠨᠢ᠂ ᠶᠡᠷᠦᠩᠬᠡᠢ ᠱᠦᠵᠢ ᠰᠢ ᠵᠢᠨ ᠫᠢᠩ ᠪᠣᠯᠤᠨ
ᠨᠠᠮ᠎ᠤᠨ ᠲᠥᠪ ᠬᠤᠷᠢᠶ᠎ᠡ ᠠᠴᠠ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠬᠥᠭ᠌ᠵᠢᠯᠲᠡ᠎ᠳᠦ ᠲᠠᠯᠪᠢᠭ᠍ᠰᠠᠨ
ᠴᠢᠩ ᠰᠡᠳᠭᠢᠯ᠎ᠦᠨ ᠬᠦᠰᠡᠯ ᠨᠠᠢᠳᠠᠯᠭ᠎ᠠ ᠮᠥᠨ᠂ ᠴᠢᠬᠤᠯᠠ ᠶᠡᠬᠡ ᠤᠯᠤᠰ ᠲᠦᠷᠦ᠍᠎ᠶ᠋ᠢᠨ ᠱᠠᠭᠠᠷᠳᠠᠯᠭ᠎ᠠ ᠮᠥᠨ᠂ ᠥᠴᠦᠬᠡᠨ ᠴᠦ᠍ ᠬᠠᠰᠢ ᠶᠠᠰᠢ ᠪᠠᠢᠵᠤ ᠪᠣᠯᠬᠤ ᠦᠭᠡᠢ᠂ ᠱᠢᠨ᠎ᠡ ᠵᠠᠮ᠎ᠢᠶᠠᠷ ᠵᠠᠮᠨᠠᠬᠤ ᠤᠯᠤᠰ ᠲᠦᠷᠦ᠍᠎ᠶ᠋ᠢᠨ
ᠤᠬᠠᠮᠰᠠᠷᠲᠤ ᠴᠢᠨᠠᠷ ᠪᠠ ᠠᠬᠤᠢᠴᠢ ᠲᠤᠯᠭᠠᠮ ᠰᠡᠳᠭᠢᠯᠭᠡ᠎ᠪᠡᠨ ᠴᠢᠩᠭᠠᠳᠭᠠᠬᠤ᠎ᠶ᠋ᠢ ᠱᠠᠭᠠᠷᠳᠠᠵᠤ᠂ ᠲᠠᠬᠢᠵᠤ
ᠶᠠᠮᠠᠷ ᠴᠤ᠌ ᠬᠡᠢ ᠬᠦᠰᠡᠯ ᠡᠪᠦᠷᠯᠠᠵᠤ ᠪᠣᠯᠬᠤ ᠦᠭᠡᠢ᠂ ᠥᠴᠦᠬᠡᠨ ᠴᠦ᠍ ᠡᠷᠡᠭᠡᠯᠵᠡᠵᠦ᠍ ᠪᠣᠯᠬᠤ ᠦᠭᠡᠢ᠂ ᠥᠴᠦᠬᠡᠨ
ᠴᠦ᠍ ᠠᠯᠭᠣᠷᠯᠠᠵᠦ ᠪᠣᠯᠬᠤ ᠦᠭᠡᠢ ᠭᠡᠳᠡᠭ᠎ᠢ ᠱᠠᠭᠠᠷᠳᠠᠵᠠᠢ᠃ ᠪᠣᠳᠠᠲᠠᠶ ᠠᠵᠢᠯ᠎ᠦᠨ ᠪᠠᠢᠷᠢᠯᠠᠭᠤᠯᠤᠯᠲᠠ ᠳᠤᠮᠳᠠ᠂
《ᠠᠮᠢ ᠠᠬᠤᠶ᠎ᠶ᠋ᠢ ᠤᠷᠢᠳ᠎ᠢᠶᠠᠷ
ᠪᠣᠳᠣᠯᠬᠢᠯᠠᠬᠤ ᠤᠯᠤᠰ ᠲᠥᠷᠥ᠎ᠶ᠋ᠢᠨ ᠤᠳᠤᠷᠢᠳᠤᠮᠵᠢ ᠪᠠ ᠥᠷᠲᠡᠭ᠎ᠦᠨ ᠬᠥᠭᠡᠭᠡᠴᠡᠯᠳᠦᠯ᠎ᠢ ᠪᠠᠲᠤᠳᠭᠠᠬᠤ ᠬᠡᠷᠡᠭ᠌ᠲᠡᠶ》 ᠭᠡᠵᠦ᠍ ᠤᠯᠠᠮ ᠨᠢᠭᠡ
ᠠᠯᠬᠤᠮ ᠴᠢᠬᠤᠯᠠᠴᠢᠯᠠᠪᠠ᠃ ᠠᠮᠢ ᠠᠬᠤᠶ᠎ᠶ᠋ᠢ ᠲᠡᠷᠢᠭᠦᠨ᠎ᠳᠦ ᠲᠠᠯᠪᠢᠵᠤ᠂ ᠪᠣᠬᠢᠷᠲᠤᠯ ᠦᠭᠡᠢ ᠬᠥᠭ᠌ᠵᠢᠬᠦᠯᠬᠦ ᠶ᠋ᠢ
ᠪᠠᠷᠢᠮᠲᠠᠯᠠᠵᠦ᠂ ᠬᠥᠭ᠌ᠵᠢᠯᠲᠡ᠎ᠶ᠋ᠢᠨ ᠣᠷᠴᠢᠨ ᠲᠣᠭᠣᠷᠢᠨ᠂ ᠬᠥᠭ᠌ᠵᠢᠯᠲᠡ᠎ᠶ᠋ᠢᠨ ᠨᠥᠬᠥᠴᠡᠯᠶᠠᠭᠠᠬᠢᠵᠦ ᠬᠣᠪᠢᠷᠠᠬᠰᠠᠨ
ᠴᠦ ᠠᠮᠢ ᠠᠬᠤᠶ᠎ᠶ᠋ᠢᠨ ᠣᠷᠴᠢᠨ ᠲᠣᠭᠣᠷᠢᠨ᠎ᠢ ᠦᠷᠡᠭ᠌ᠳᠡᠭᠦᠯᠵᠦ᠍
ᠪᠠᠢᠭᠠᠳ ᠨᠢᠭᠡ ᠴᠠᠭ ᠨᠢᠭᠡ ᠭᠠᠵᠠᠷ᠎ᠤᠨ ᠠᠵᠤ ᠠᠬᠤᠶ᠎ᠶ᠋ᠢᠨ ᠨᠡᠮᠡᠭ᠌ᠳᠡᠯ᠎ᠢ ᠰᠣᠯᠢᠵᠤ ᠠᠪᠴᠢᠷᠠᠬᠤ ᠣᠬᠣᠷ ᠪᠣᠳᠣᠯ᠎ᠢ
ᠡᠷᠬᠡᠪᠰᠢ ᠲᠤᠢᠯᠪᠤᠷᠢᠲᠠᠶ ᠲᠠᠶᠠᠭ᠍ᠳᠠᠬᠤ ᠬᠡᠷᠡᠭ᠌ᠲᠡᠶ᠂ ᠡᠬᠢ ᠪᠠᠶᠠᠯᠢᠭ᠎ᠢ ᠨᠡᠭᠡᠭᠡᠨ ᠠᠱᠢᠭ᠍ᠯᠠᠬᠤ᠎ᠳᠤ ᠬᠡᠲᠦᠷᠬᠡᠶ
ᠲᠦᠱᠢᠭ᠌ᠯᠡᠬᠦ᠂ ᠡᠬᠢ ᠪᠠᠶᠠᠯᠢᠭ᠎ᠤᠨ ᠬᠣᠷᠣᠭ᠍ᠳᠠᠯ᠎ᠢᠶᠠᠷ ᠠᠵᠤ ᠦᠢᠯᠡᠰ᠎ᠦᠨ ᠬᠥᠭ᠌ᠵᠢᠯᠲᠡ᠎ᠶ᠋ᠢ ᠠᠬᠢᠭᠤᠯᠬᠤ ᠵᠣᠬᠢᠰ
ᠦᠭᠡᠢ ᠠᠷᠭ᠎ᠠ᠎ᠶ᠋ᠢ ᠡᠷᠬᠡᠪᠰᠢ ᠲᠤᠢᠯᠪᠤᠷᠢᠲᠠᠢ ᠲᠠᠶᠠᠭ᠍ᠳᠠᠬᠤ ᠬᠡᠷᠡᠭ᠌ᠲᠡᠢ᠂ ᠡᠨᠧᠷᠭᠢ᠎ᠶ᠋ᠢᠨ ᠬᠣᠷᠣᠭ᠍ᠳᠠᠯ ᠶᠡᠬᠡᠲᠡᠶ᠂
ᠭᠠᠳᠠᠭ᠍ᠰᠢᠯᠠᠭᠤᠯᠤᠯᠲᠠ ᠶᠡᠬᠡᠲᠡᠢ ᠵᠦᠢᠯᠡᠰ᠎ᠢ ᠡᠷᠬᠡᠪᠰᠢ ᠡᠷᠡᠰᠴᠢᠩᠭᠠ ᠬᠢᠵᠠᠭᠠᠷᠯᠠᠬᠤ ᠬᠡᠷᠡᠭ᠌ᠲᠡᠢ᠂ ᠬᠣᠴᠣᠷᠤᠩᠭᠤᠢ
ᠪᠠ ᠦᠯᠡᠭᠦᠳᠡᠭ᠌ᠰᠡᠨ ᠦᠢᠯᠡᠳᠪᠦᠷᠢᠯᠡᠯ᠎ᠦᠨ ᠴᠢᠳᠠᠪᠤᠷᠢ᠎ᠶ᠋ᠢ ᠡᠷᠬᠡᠪᠰᠢ ᠡᠷᠡᠰ ᠭᠡᠭᠡᠭ᠌ᠳᠡᠭᠦᠯᠬᠦ᠌ ᠬᠡᠷᠡᠭ᠌ᠲᠡᠢ᠂
ᠡᠳ᠋᠎ᠦᠨ ᠬᠦᠴᠦᠨ᠎ᠢᠶᠡᠷ ᠬᠡᠲᠦᠷᠬᠡᠶ ᠵᠢᠭᠡᠯᠡᠯᠭᠡ ᠠᠪᠴᠤ᠌ ᠪᠦᠲᠦᠭᠡᠨ ᠪᠠᠢᠭᠤᠯᠤᠯᠲᠠ ᠬᠢᠵᠦ᠍ ᠪᠣᠯᠬᠤ ᠡᠰᠡᠬᠦ᠌᠎ᠶ᠋ᠢ
ᠬᠠᠮᠢᠶᠠᠷᠬᠤ ᠦᠭᠡᠢ᠂ ᠠᠵᠤ ᠦᠢᠯᠡᠰ᠎ᠦᠨ ᠰᠠᠭᠤᠷᠢ᠎ᠶ᠋ᠢ ᠬᠠᠢᠬᠤᠷᠬᠤ ᠦᠭᠡᠢ ᠰᠣᠬᠣᠷ ᠪᠠᠯᠠᠢ᠎ᠪᠠᠷ ᠪᠡᠯᠡ ᠣᠷᠣᠭᠤᠯᠬᠤ
ᠪᠠ ᠳᠠᠪᠬᠤᠷᠳᠠᠭᠤᠯᠤᠨ ᠪᠦᠳᠦᠭᠡᠨ ᠪᠠᠢᠭᠤᠯᠬᠤ ᠠᠵᠢᠯᠯᠠᠭ᠎ᠠ᠎ᠶ᠋ᠢ ᠡᠷᠬᠡᠪᠰᠢ ᠡᠷᠡᠰ ᠲᠡᠪᠴᠢᠬᠦ᠌ ᠬᠡᠷᠡᠭ᠌ᠲᠡᠢ᠃
ᠡᠨᠡ 《ᠭᠤᠷᠪᠠᠨ ᠪᠣᠯᠬᠤ ᠥᠬᠡᠶ
》 ᠪᠠ 《ᠲᠠᠪᠤᠨ ᠡᠷᠬᠡᠪᠰᠢ》 ᠪᠣᠯ ᠮᠠᠨ᠎ᠤ ᠣᠷᠣᠨ᠎ᠤ
ᠠᠵᠤ ᠦᠶ᠋ᠯᠡᠰ᠎ᠦᠨ ᠬᠥᠭ᠌ᠵᠢᠯᠲᠡ ᠪᠠ ᠠᠵᠤ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠡᠮᠦᠷ ᠶᠣᠰᠣ ᠲᠦᠷᠢᠮ᠂ ᠬᠠᠲᠠᠭᠤ ᠪᠠᠷᠢᠮᠵᠢᠶᠠᠮᠥᠨ᠂ᠨᠠᠮᠤᠨᠲᠥᠪ ᠬᠣᠷᠢᠶᠠᠨ᠎ᠤ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠲᠡᠷᠡ ᠶᠣᠰᠣᠭᠠᠷ᠎ᠨᠢ ᠲᠤᠭᠤᠱᠢᠯᠠᠭᠤᠯᠤᠨ ᠨᠠᠢᠳᠠᠪᠤᠷᠢᠵᠢᠭᠤᠯᠵᠦ
ᠪᠠᠢᠭ᠎ᠠ ᠵᠢ ᠢᠯᠡᠷᠡᠬᠦᠯᠵᠡᠢ ; ᠱᠢᠨ᠎ᠡ ᠵᠠᠮ᠎ᠢᠶᠠᠷ ᠰᠠᠢᠲᠤᠷ
ᠵᠠᠮᠨᠠᠬᠤ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ ᠪᠠ ᠤᠯᠤᠰ ᠲᠥᠷᠥ᠎ᠶ᠋ᠢᠨ ᠤᠬᠠᠮᠰᠠᠷ ᠮᠥᠨ᠂ ᠠᠵᠤ
ᠠᠬᠤᠶ᠎ᠶ᠋ᠢᠨ ᠲᠠᠯ᠎ᠠ᠎ᠠᠴᠠ ᠠᠳᠬᠣᠬᠣ ᠮᠥᠷᠲᠡᠭᠡᠨ ᠨᠠᠩ ᠴᠤ᠌ ᠤᠯᠤᠰ ᠲᠥᠷᠥ᠎ᠶ᠋ᠢ ᠡᠷᠬᠢᠮᠯᠡᠬᠦ᠌ ᠦᠨᠳᠦᠷᠴᠡ᠎ᠠᠴᠠ
ᠨᠠᠢᠳᠠᠪᠤᠷᠢᠵᠢᠭᠤᠯᠬᠤ ᠬᠡᠷᠡᠭ᠌ᠲᠡᠶ᠃
ᠬᠥᠭ᠌ᠵᠢᠯᠲᠡ᠎ᠶ᠋ᠢᠨ
ᠴᠢᠭ᠌ᠯᠡᠯ᠎ᠦᠨ ᠲᠠᠯ᠎ᠠ ᠪᠡᠷᠡᠤᠯᠤᠰ ᠲᠥᠷᠥ᠎ᠶ᠋ᠢᠨ ᠵᠢᠯᠣᠭᠣᠳᠤᠮᠵᠢ᠎ᠶ᠋ᠢ ᠨᠠᠩ ᠳᠣᠪᠣᠢᠯᠭᠠᠬᠣ ᠭᠡᠷᠡᠭᠳᠡᠢ
ᠪᠣᠳᠠᠲᠠᠢ
ᠠᠵᠢᠯ᠎ᠢ ᠪᠠᠢᠷᠢᠯᠠᠭᠤᠯᠬᠤ ᠦᠶ᠎ᠡ᠎ᠳᠦ᠂ 《ᠢᠯᠡᠳᠭᠡᠯ》 ᠨᠢ ᠲᠥᠯᠥᠪᠵᠢᠭᠦᠯᠵᠦ᠍
ᠪᠠᠢᠷᠢᠯᠠᠭᠤᠯᠬᠤ ᠲᠠᠯ᠎ᠠ᠎ᠪᠠᠷ ᠥᠩᠭᠡᠷᠡᠭ᠌ᠰᠡᠨ᠎ᠦ ᠬᠢ᠎ᠲᠡᠶ ᠠᠳᠠᠯᠢ ᠦᠭᠡᠢ ᠪᠠᠢᠵᠤ᠂ 《ᠬᠣᠶᠠᠷ᠎ᠢ ᠬᠠᠮᠠᠭᠠᠯᠠᠬᠤ》 ᠵᠢ ᠤᠬᠠᠮᠰᠠᠷ᠎ᠠᠴᠠ᠎ᠪᠠᠨ
ᠡᠷᠡᠰ ᠪᠡᠶᠡᠯᠡᠭᠦᠯᠵᠦ᠍᠂ ᠥᠪᠥᠷ ᠮᠣᠩᠭᠣᠯ᠎ᠤᠨ ᠡᠯ᠎ᠡ ᠵᠦᠢᠯᠦᠨᠠᠵᠢᠯᠦᠢᠯᠡᠰᠢᠮᠠᠭ᠍ᠲᠠᠵᠥᠪ ᠤᠯᠤᠰ ᠲᠦᠷᠦ᠍᠎ᠶ᠋ᠢᠨ
ᠴᠢᠭ᠌ᠯᠡᠯ᠎ᠢᠶᠡᠷ ᠤᠷᠤᠭ᠍ᠰᠢᠯᠠᠬᠤ᠎ᠶ᠋ᠢ ᠦᠨᠡᠨ ᠬᠦ᠌ ᠪᠠᠲᠤᠯᠠᠵᠤ᠂ ᠤᠯᠤᠰ ᠲᠦᠷᠦ᠍᠎ᠶ᠋ᠢᠨ ᠵᠢᠯᠣᠭᠣᠳᠤᠮᠵᠢ᠎ᠶ᠋ᠢ
ᠨᠡᠩ ᠳᠤᠪᠤᠢ᠌ᠯᠭᠠᠵᠤ᠂ ᠤᠯᠤᠰ ᠲᠦᠷᠦ᠍᠎ᠶ᠋ᠢᠨ ᠲᠠᠯ᠎ᠠ᠎ᠪᠠᠷ ᠡᠷᠡᠰ ᠪᠠᠲᠤ ᠪᠥᠭᠡᠳ ᠬᠠᠲᠠᠭᠤ ᠳᠠᠭᠠᠭᠠᠮᠠᠭᠠᠢ ᠪᠠᠢᠬᠤ᠎ᠪᠠᠷ
ᠡᠯ᠎ᠡ ᠵᠦᠢᠯ᠎ᠦᠨ ᠠᠵᠢᠯ ᠦᠢᠯᠡᠰ᠎ᠦᠨ ᠤᠷᠤᠭ᠍ᠰᠢᠲᠠᠢ ᠤᠷᠤᠭ᠍ᠰᠢᠯᠠᠵᠤ ᠡᠷᠡᠭᠦᠯ᠎ᠢᠶᠡᠷ ᠬᠥᠭ᠌ᠵᠢᠬᠦ᠌᠎ᠶ᠋ᠢ ᠪᠠᠲᠤᠯᠠᠬᠤ
ᠬᠡᠷᠡᠭ᠌ᠲᠡᠢ ᠭᠡᠵᠦ᠍ ᠣᠨᠴᠠᠭᠠᠢᠯᠠᠨ ᠴᠢᠬᠤᠯᠠᠴᠢᠯᠠᠪᠠ᠃ 《ᠬᠣᠶᠠᠷ᠎ᠢ ᠬᠠᠮᠠᠭᠠᠯᠠᠬᠤ
》 ᠵᠢ ᠠᠮᠠᠨ ᠳᠡᠭᠡᠷ᠎ᠡ᠎ᠪᠡᠨ
ᠶᠠᠷᠢᠭᠠᠳ ᠪᠣᠯᠬᠤ ᠦᠭᠡᠢ᠂ ᠬᠠᠷᠢᠨ ᠪᠣᠳᠠᠲᠠᠢ ᠠᠵᠢᠯᠯᠠᠭ᠎ᠠ ᠳᠡᠭᠡᠷ᠎ᠡ᠎ᠪᠡᠨ ᠨᠠᠢᠳᠠᠪᠤᠷᠢᠵᠢᠭᠤᠯᠵᠤ᠂ ᠪᠣᠳᠠᠲᠠᠢ
ᠠᠵᠢᠯ᠎ᠳᠠᠭᠠᠨ ᠢᠯᠡᠷᠡᠭᠦᠯᠬᠦ᠌ ᠬᠡᠷᠡᠭ᠌ᠲᠡᠢ᠃ ᠡᠭᠦᠨ᠎ᠦ ᠲᠤᠯᠠ᠂ 《 ᠢᠯᠡᠳᠭᠡᠯ》 ᠳᠦ ᠶᠡᠷᠦᠩᠬᠡᠢ ᠱᠦᠵᠢ
ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ
ᠵᠣᠷᠢᠭ ᠰᠠᠨᠠᠭ᠎ᠠ ᠪᠠ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ
ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠨ᠂ ᠠᠯᠢ ᠤᠯᠠᠨ ᠪᠣᠳᠠᠲᠠᠢ ᠬᠠᠷᠠᠯᠲᠠ ᠡᠭᠦᠷᠭᠡ ᠪᠠ ᠪᠣᠳᠠᠲᠠᠢ᠎ᠶ᠋ᠢ ᠡᠷᠬᠢᠮᠯᠡᠭ᠌ᠰᠡᠨ ᠠᠷᠭ᠎ᠠ ᠬᠡᠮᠵᠢᠶ᠎ᠡ᠎ᠶ᠋ᠢ
ᠪᠦᠲᠦᠭᠡᠯᠴᠢ᠎ᠪᠡᠷ ᠳᠤᠷᠠᠳᠤᠨ ᠭᠠᠷᠭᠠᠪᠠ᠃ ᠡᠳᠡᠭᠡᠷ ᠱᠠᠭᠠᠷᠳᠠᠯᠭ᠎ᠠ
ᠪᠠ ᠠᠷᠭ᠎ᠠ ᠬᠡᠮᠵᠢᠶ᠎ᠡ ᠨᠢ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ
ᠥᠪᠥᠷ ᠮᠣᠩᠭᠣᠯ᠎ᠳᠤ ᠥᠭ᠌ᠭᠦᠭ᠌ᠰᠡᠨ ᠵᠢᠭᠠᠪᠤᠷᠢ ᠱᠠᠭᠠᠷᠳᠠᠯᠭ᠎ᠠ ᠪᠠ ᠬᠦᠰᠡᠯ ᠡᠷᠡᠮᠡᠯᠵᠡᠯ᠎ᠲᠡᠶ ᠳᠡᠭᠡᠳᠦ ᠬᠡᠮᠵᠢᠶ᠎ᠡ᠎ᠪᠡᠷ
ᠨᠢᠭᠡᠳᠦᠯᠲᠡᠢ ᠪᠠᠢᠬᠤ ᠪᠥᠭᠡᠳ ᠥᠪᠥᠷ ᠮᠣᠩᠭᠣᠯ᠎ᠤᠨ ᠣᠨᠴᠠᠯᠢᠭ᠎ᠢ ᠭᠦᠢᠴᠡᠳ ᠢᠯᠡᠷᠡᠭᠦᠯᠵᠦ᠍᠂ ᠥᠪᠥᠷ ᠮᠣᠩᠭᠣᠯ᠎ᠤᠨ
ᠪᠣᠳᠠᠲᠤ ᠪᠠᠢᠳᠠᠯ᠎ᠲᠠᠶ ᠨᠡᠢᠴᠡᠵᠦ᠍ ᠪᠠᠢᠨ᠎ᠠ᠃ ᠪᠢᠳᠡ ᠡᠷᠬᠡᠪᠰᠢ ᠤᠯᠤᠰ ᠲᠥᠷᠥ᠎ᠶ᠋ᠢᠨ ᠮᠠᠭᠠᠳᠯᠠᠬᠤ ᠴᠢᠳᠠᠪᠤᠷᠢ᠂
ᠤᠯᠤᠰ ᠲᠥᠷᠥ᠎ᠶ᠋ᠢᠨ ᠣᠢᠯᠠᠭᠠᠬᠤ ᠴᠢᠳᠠᠪᠤᠷᠢ᠂ ᠤᠯᠤᠰ ᠲᠥᠷᠥ᠎ᠶ᠋ᠢᠨ ᠬᠦᠢᠴᠡᠳᠬᠡᠬᠦ ᠴᠢᠳᠠᠪᠤᠷᠢ᠎ᠪᠠᠨ ᠲᠠᠰᠤᠷᠠᠯᠲᠠ
ᠥᠬᠡᠶ ᠳᠡᠭᠡᠭ᠌ᠰᠢᠯᠡᠭᠦᠯᠵᠦ᠍᠂ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠬᠦᠴᠦᠲᠡᠶ ᠪᠦᠲᠦᠮᠵᠢᠲᠡᠶ ᠰᠠᠢᠲᠤᠷ
ᠠᠳᠭᠤᠵᠤ᠂ ᠠᠵᠢᠯ᠎ᠤᠨ ᠴᠢᠭ᠌ᠯᠡᠯ ᠨᠠᠩ ᠣᠨᠣᠪᠴᠢᠲᠠᠶ᠂ ᠠᠯᠬᠤᠮ ᠨᠠᠩ ᠯᠠᠪᠳᠠᠭᠤᠨ᠂ ᠦᠷ᠎ᠡ ᠪᠦᠲᠦᠮᠵᠢ ᠨᠠᠩ ᠪᠣᠳᠠᠲᠠᠶ
ᠪᠠᠢᠬᠤ᠎ᠶ᠋ᠢ ᠦᠨᠡᠨ ᠬᠦ᠌ ᠪᠠᠲᠤᠯᠠᠵᠤ᠂ ᠲᠡᠮᠡᠴᠡᠯ᠎ᠦᠨ ᠱᠢᠨ᠎ᠡ ᠴᠠᠭ ᠦᠶ᠎ᠡ᠂ ᠡᠷᠡᠮᠡᠬᠡᠢᠯᠡᠨ ᠤᠷᠤᠭ᠍ᠰᠢᠯᠠᠬᠤ
ᠱᠢᠨ᠎ᠡ ᠠᠶᠠᠨ᠎ᠳᠤ ᠥᠪᠥᠷ ᠮᠣᠩᠭᠣᠯ᠎ᠤᠨ ᠡᠭᠦᠷᠭᠡᠯᠡᠯ᠎ᠢ ᠢᠯᠡᠷᠡᠭᠦᠯᠵᠦ᠍᠂ ᠥᠪᠥᠷ ᠮᠣᠩᠭᠣᠯ᠎ᠤᠨ ᠬᠦᠴᠦᠨ ᠴᠢᠳᠠᠯ᠎ᠢᠶᠠᠨ
ᠡᠷᠭᠦᠵᠦ᠍᠂ ᠥᠪᠥᠷ ᠮᠣᠩᠭᠣᠯ᠎ᠤᠨ ᠴᠣᠭ ᠵᠢᠪᠬᠤᠭ᠎ᠠ᠎ᠶ᠋ᠢ ᠪᠠᠳᠠᠷᠠᠭᠠᠬᠤ ᠬᠡᠷᠡᠭ᠌ᠲᠡᠶ᠃
( ᠵᠣᠬᠢᠶᠠᠭ᠍ᠴᠢ᠄ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ )