ᠱᠢᠨ᠎ᠡ ᠠᠶᠠᠨ᠎ᠳᠠᠬᠢ ᠴᠢᠬᠤᠯᠠ ᠶᠡᠬᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ᠎ᠶ᠋ᠢ ᠡᠭᠦᠷᠭᠡᠯᠡᠶ᠎ᠡ
2021-12-17 11:09:13
ᠵᠣᠬᠢᠶᠠᠭ᠍ᠴᠢ᠄
ᠪᠦᠦ ᠰᠡᠴᠡᠨ
ᠣᠩᠱᠢᠭ᠍ᠰᠠᠨ ᠣᠳᠠᠭ᠎ᠠ᠄
★★★☆☆

ᠭᠣᠣᠯ ᠰᠠᠨᠠᠭᠤᠯᠤᠮᠵᠢ

ᠥᠪᠥᠷ ᠮᠣᠩᠭᠣᠯ᠎ᠨᠢ ᠨᠠᠮ ᠪᠠ ᠤᠯᠤᠰ᠎ᠤᠨ ᠠᠵᠢᠯ᠎ᠤᠨ ᠶᠡᠬᠡ ᠲᠠᠯ᠎ᠠ᠎ᠳᠤ ᠴᠢᠬᠤᠯᠠ ᠪᠠᠢᠯᠳᠤᠬᠤ ᠪᠣᠳᠣᠯᠭ᠎ᠠ᠎ᠶ᠋ᠢᠨ ᠪᠠᠢᠷᠢ ᠰᠠᠭᠤᠷᠢ᠎ᠲᠠᠶ ᠶᠤᠮ᠂ ᠪᠢᠳᠡ ᠡᠷᠬᠡᠪᠰᠢ ᠬᠢᠯᠢ ᠬᠢᠵᠠᠭᠠᠷ᠎ᠤᠨ ᠦᠨᠳᠦᠰᠦᠲᠡᠨ᠎ᠦ᠎ᠭᠠᠵᠠᠷ᠎ᠣᠷᠣᠨ᠎ᠪᠣᠯᠤᠭ᠍ᠰᠠᠨ᠎ᠤ᠎ᠬᠤᠪᠢ᠎ᠳᠤ᠎ᠨᠡᠢᠭᠡᠮ ᠵᠢᠷᠤᠮᠳᠦ ᠣᠳᠣᠬᠢᠴᠢᠯᠠᠭ᠍ᠰᠠᠨ ᠤᠯᠤᠰ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠠᠬᠢᠴᠠ ᠳᠤᠮᠳᠠᠬᠢ ᠴᠢᠬᠤᠯᠠ ᠶᠡᠬᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ᠎ᠶ᠋ᠢ ᠪᠠᠲᠤ ᠡᠭᠦᠷᠭᠡᠯᠡᠬᠦ᠌ ᠬᠡᠷᠡᠭ᠌ᠲᠡᠶ᠃

ᠥᠪᠥᠷ ᠮᠣᠩᠭᠣᠯ ᠶᠡᠬᠡ ᠲᠠᠯ᠎ᠠ᠎ᠶ᠋ᠢ ᠡᠷᠬᠢᠮᠯᠡᠵᠦ᠍᠂ ᠡᠭᠦᠷᠭᠡ ᠬᠠᠷᠢᠭᠤᠴᠠᠯᠭ᠎ᠠ ᠡᠭᠦᠷᠭᠡᠯᠡᠵᠦ᠍᠂ ᠶᠡᠬᠡ ᠲᠠᠯ᠎ᠠ᠎ᠶ᠋ᠢᠨ ᠤᠬᠠᠮᠰᠠᠷ᠎ᠢ ᠪᠠᠲᠤ ᠪᠤᠢ ᠪᠣᠯᠭᠠᠵᠤ᠂ ᠤᠬᠠᠮᠰᠠᠷ᠎ᠠᠴᠠ᠎ᠪᠠᠨ ᠶᠡᠬᠡ ᠲᠠᠯ᠎ᠠ᠎ᠶ᠋ᠢ ᠲᠠᠭᠠᠵᠤ᠂ ᠶᠡᠬᠡ ᠲᠠᠯ᠎ᠠ᠎ᠶ᠋ᠢ ᠡᠷᠡᠰ ᠬᠠᠮᠠᠭᠠᠯᠠᠵᠤ᠂ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠪᠠᠲᠤ ᠰᠠᠬᠢᠵᠤ᠂ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠨᠡᠢᠭᠡᠮ ᠵᠢᠷᠤᠮᠳᠦ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠬᠡᠷᠡᠭ᠌ᠲᠡᠢ᠃


 

ᠣᠳᠣᠬᠠᠨ᠎ᠳᠤ᠂ ᠮᠠᠨ᠎ᠤ ᠤᠯᠤᠰ ᠨᠢᠭᠡᠨᠲᠡ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠣᠷᠣᠪᠠ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠠᠴᠠ᠂ ᠥᠪᠥᠷ ᠮᠣᠩᠭᠣᠯ ᠨᠢ ᠨᠠᠮ ᠪᠣᠯᠤᠨ ᠤᠯᠤᠰ᠎ᠤᠨ ᠠᠵᠢᠯ᠎ᠤᠨ ᠶᠡᠬᠡ ᠲᠠᠯ᠎ᠠ᠎ᠳᠤ ᠴᠢᠬᠤᠯᠠ ᠪᠠᠢᠯᠳᠤᠬᠤ ᠪᠤᠳᠤᠯᠭ᠎ᠠ᠎ᠶ᠋ᠢᠨ ᠪᠠᠢᠷᠢ ᠰᠠᠭᠤᠷᠢ᠎ᠲᠠᠶ ᠶᠤᠮ᠂ ᠪᠢᠳᠡ ᠡᠷᠬᠡᠪᠰᠢ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ ᠪᠣᠯᠤᠭ᠍ᠰᠠᠨ᠎ᠤ ᠬᠤᠪᠢ᠎ᠳᠤ ᠨᠡᠢᠭᠡᠮ ᠵᠢᠷᠤᠮᠳᠦ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠠᠬᠢᠴᠠ ᠳᠤᠮᠳᠠᠬᠢ ᠴᠢᠬᠤᠯᠠ ᠶᠡᠬᠡ ᠬᠠᠷᠢᠭᠤᠴᠠᠯᠭ᠎ᠠ ᠪᠣᠯᠤᠨ ᠢᠷᠠᠭᠤ ᠠᠯᠳᠠᠷᠲᠤ ᠡᠭᠦᠷᠭᠡ᠎ᠪᠡᠨ ᠪᠠᠲᠤ ᠡᠭᠦᠷᠭᠡᠯᠡᠬᠦ᠌ ᠬᠡᠷᠡᠭ᠌ᠲᠡᠢ᠃ ᠡᠨᠡ ᠬᠦ᠌ ᠬᠠᠷᠢᠭᠤᠴᠠᠯᠭ᠎ᠠ ᠪᠣᠯᠤᠨ ᠡᠭᠦᠷᠭᠡ ᠪᠣᠯ ᠳᠠᠷᠤᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠬᠠᠮᠠᠭᠠᠯᠠᠵᠤ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠵᠤ ᠪᠣᠬᠢᠷᠲᠤᠯ ᠦᠭᠡᠢ ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠰᠠᠢᠲᠤᠷ ᠵᠠᠮᠨᠠᠵᠤ᠂ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶᠠᠨ᠎ᠤ ᠥᠪᠥᠷ ᠮᠣᠩᠭᠣᠯ᠎ᠳᠤ ᠲᠣᠭ᠍ᠲᠠᠭᠠᠵᠦ ᠦᠭᠬᠦᠭᠰᠡᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠶᠣᠰᠣᠭᠠᠷ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《 ᠨᠢᠭᠡ ᠪᠡᠬᠢᠯᠡᠯᠲᠡ》 ᠵᠢ ᠲᠦᠷᠭᠡᠳᠭᠡᠨ ᠪᠠᠢᠭᠤᠯᠬᠤ ᠶᠠᠪᠤᠳᠠᠯ ᠪᠣᠯᠤᠨ᠎ᠠ᠃ ᠱᠢᠨ᠎ᠡ ᠠᠶᠠᠨ᠎ᠳᠠᠭᠠᠨ ᠮᠣᠷᠳᠠᠬᠤ᠎ᠳᠤ᠂ ᠪᠢᠳᠡ ᠵᠠᠪᠠᠯ ᠶᠡᠬᠡ ᠲᠠᠯ᠎ᠠ᠎ᠶ᠋ᠢ ᠡᠷᠬᠢᠮᠯᠡᠵᠦ᠍᠂ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠵᠦ᠍᠂ ᠶᠡᠬᠡ ᠲᠠᠯ᠎ᠠ᠎ᠶ᠋ᠢᠨ ᠤᠬᠠᠮᠰᠠᠷ᠎ᠢ ᠪᠠᠲᠤ ᠪᠣᠶ ᠪᠣᠯᠭᠠᠵᠤ᠂ ᠤᠬᠠᠮᠰᠠᠷ᠎ᠠᠴᠠ᠎ᠪᠠᠨ ᠶᠡᠬᠡ ᠲᠠᠯ᠎ᠠ᠎ᠶ᠋ᠢ ᠳᠠᠭᠠᠵᠤ᠂ ᠶᠡᠬᠡ ᠲᠠᠯ᠎ᠠ᠎ᠶ᠋ᠢ ᠡᠷᠡᠰ ᠬᠠᠮᠠᠭᠠᠯᠠᠵᠤ᠂ 《ᠲᠠᠪᠤᠨ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ》 ᠎ᠶ᠋ᠢ ᠡᠭᠦᠷᠭᠡᠯᠡᠵᠦ᠍᠂ ᠰᠠᠢᠲᠤᠷ ᠭᠦᠶ᠋ᠴᠡᠳᠭᠡᠵᠦ᠍᠂ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠪᠠᠲᠤ ᠰᠠᠬᠢᠵᠤ᠂ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠨᠡᠢᠭᠡᠮ ᠵᠢᠷᠤᠮᠳᠦ ᠣᠳᠣᠬᠢᠴᠢᠯᠠᠭ᠍ᠰᠠᠨ ᠤᠯᠤᠰ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠱᠢᠨ᠎ᠡ ᠠᠶᠠᠨ᠎ᠳᠤ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠬᠡᠷᠡᠭ᠌ᠲᠡᠶ᠃


ᠤᠯᠤᠰ᠎ᠤᠨ ᠠᠮᠢ ᠠᠬᠤᠶ᠎ᠶ᠋ᠢᠨ ᠠᠮᠤᠷ ᠲᠦᠪᠱᠢᠨ᠎ᠢ ᠬᠠᠮᠠᠭᠠᠯᠠᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠰᠠᠢᠲᠤᠷ ᠭᠦᠶ᠋ᠴᠡᠳᠭᠡᠵᠦ᠍᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠤᠯᠠᠮ  ᠪᠡᠬᠢᠵᠢᠭᠦᠯᠬᠦ ᠬᠡᠷᠡᠭᠳᠡᠢ

ᠥᠪᠥᠷ ᠮᠣᠩᠭᠣᠯ᠎ᠤᠨ ᠠᠮᠢ ᠠᠬᠤᠢ᠎ᠶ᠋ᠢᠨ ᠪᠠᠢᠳᠠᠯ ᠶᠠᠮᠠᠷ ᠪᠠᠢᠬᠤ ᠨᠢ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠣᠷᠣᠱᠢᠨ ᠲᠣᠭ᠍ᠲᠠᠨᠢᠯ ᠪᠠ ᠬᠥᠭ᠌ᠵᠢᠯᠲᠡ᠎ᠲᠡᠶ ᠬᠣᠯᠪᠣᠭ᠍ᠳᠠᠬᠤ᠎ᠪᠠᠷ ᠪᠠᠷᠠᠬᠤ ᠦᠭᠡᠢ ᠤᠮᠠᠷᠠᠲᠤ ᠣᠷᠣᠨ᠂ ᠵᠡᠭᠦᠨ ᠬᠣᠢᠲᠤ ᠣᠷᠣᠨ᠂ ᠪᠠᠷᠠᠭᠤᠨ ᠬᠣᠢᠲᠤ ᠣᠷᠣᠨ᠂ ᠴᠢᠨᠠᠭ᠍ᠰᠢᠯᠠᠪᠠᠯ ᠪᠦᠬᠦ᠌ ᠤᠯᠤᠰ᠎ᠤᠨ ᠠᠮᠢ ᠠᠬᠤᠢ᠎ᠶ᠋ᠢᠨ ᠠᠮᠤᠷ ᠲᠦᠪᠱᠢᠨ᠎ᠲᠡᠶ ᠬᠣᠯᠪᠣᠭ᠍ᠳᠠᠨ᠎ᠠ᠃ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ ᠪᠣᠯ ᠥᠪᠥᠷ ᠮᠣᠩᠭᠣᠯ᠎ᠤᠨ ᠡᠷᠬᠡᠪᠰᠢ ᠡᠭᠦᠷᠭᠡᠯᠡᠬᠦ᠌ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ ᠮᠥᠨ ᠂ ᠪᠢᠳᠡᠨ᠎ᠦ ᠡᠷᠬᠡᠪᠰᠢ ᠢᠮᠠᠭ᠍ᠲᠠ ᠪᠠᠲᠤ ᠴᠡᠭᠡᠵᠢᠯᠡᠬᠦ᠌ 《ᠤᠯᠤᠰ᠎ᠤᠨ ᠶᠡᠬᠡ ᠶᠠᠪᠤᠳᠠᠯ》 ᠮᠥᠨ᠃ ᠤᠯᠤᠰ᠎ᠤᠨ ᠠᠮᠢ ᠠᠬᠤᠶ ᠎ᠶ᠋ᠢᠨ᠎ᠠᠮᠤᠷ ᠲᠦᠪᠱᠢᠨ᠎ᠢ ᠬᠠᠮᠠᠭᠠᠯᠠᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠦᠨᠡᠨ ᠬᠦ᠌ ᠡᠭᠦᠷᠭᠡᠯᠡᠵᠦ᠍᠂ ᠰᠠᠢᠲᠤᠷ ᠭᠦᠶ᠋ᠴᠡᠳᠭᠡᠬᠦ᠌᠎ᠳᠦ᠂ ᠪᠢᠳᠡ ᠶᠡᠬᠡ ᠲᠠᠯ᠎ᠠ᠎ᠶ᠋ᠢᠨ ᠦᠵᠡᠯᠲᠡ᠂ ᠠᠯᠤᠰ ᠬᠡᠲᠦ᠍᠎ᠶ᠋ᠢᠨ ᠦᠵᠡᠯᠲᠡ᠂ ᠪᠦᠬᠦᠯᠢ ᠴᠣᠭ᠍ᠴᠠ᠎ᠶ᠋ᠢᠨ ᠦᠵᠡᠯᠲᠡ᠎ᠶ᠋ᠢ ᠪᠠᠲᠤ ᠪᠣᠶ ᠪᠣᠯᠭᠠᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠤᠯᠤᠰ ᠲᠥᠷᠥ᠎ᠶ᠋ᠢᠨ ᠤᠳᠤᠷᠢᠳᠤᠮᠵᠢ ᠪᠣᠯᠤᠨ ᠥᠷᠲᠡᠭ ᠎ᠦᠨ ᠎ᠬᠥᠭᠡᠭᠡᠴᠡᠯᠳᠦᠯ ᠎ᠢᠶᠡᠨ ᠪᠠᠲᠤᠳᠭᠠᠵᠤ᠂ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠬᠤ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠠᠮᠢ ᠠᠬᠤᠶ᠎ᠶ᠋ᠢᠨ ᠱᠢᠰᠲ᠋ᠧᠮ᠎ᠢ ᠬᠠᠮᠠᠭᠠᠯᠠᠬᠤ ᠡᠷᠴᠢᠮ᠎ᠢᠶᠡᠨ ᠴᠢᠩᠭᠠᠷᠠᠭᠤᠯᠵᠤ᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠭᠦᠨᠵᠡᠭᠡᠶ ᠰᠠᠢᠲᠤᠷ ᠬᠢᠵᠦ᠍᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ᠎ᠶ᠋ᠢ ᠪᠥᠬᠥ᠌ ᠲᠠᠯ᠎ᠠ᠎ᠪᠠᠷ ᠠᠬᠢᠭᠤᠯᠬᠤ ᠬᠡᠷᠡᠭ᠌ᠲᠡᠶ᠃ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠣᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠪᠠᠷᠢᠮᠲᠠᠯᠠᠵᠤ᠂ ᠴᠢᠬᠤᠯᠠ ᠠᠮᠢ ᠠᠬᠤᠢ᠎ᠶ᠋ᠢᠨ ᠱᠢᠰᠲ᠋ᠧᠮ᠎ᠢ ᠬᠠᠮᠠᠭᠠᠯᠠᠬᠤ ᠪᠠ ᠰᠡᠷᠭᠦᠭᠡᠬᠦ᠌ ᠴᠢᠬᠤᠯᠠ ᠶᠡᠬᠡ ᠢᠨᠵᠧᠨᠧᠷᠢᠩ᠎ᠢ ᠶᠡᠬᠡ᠎ᠪᠡᠷ ᠬᠡᠷᠡᠭ᠌ᠵᠢᠭᠦᠯᠬᠦ ᠬᠡᠷᠡᠭᠳᠡᠢ᠃ ᠨᠤᠲᠤᠭ ᠪᠡᠯᠴᠢᠭᠡᠷ ᠪᠠ ᠤᠢ ᠱᠢᠭᠤᠢ᠎ᠶ᠋ᠢ ᠬᠠᠮᠠᠭᠠᠯᠠᠬᠤ᠎ᠪᠠᠷ ᠲᠡᠷᠢᠭᠦᠨ ᠴᠢᠬᠤᠯᠠ ᠡᠭᠦᠷᠭᠡ᠎ᠪᠡᠨ ᠪᠣᠯᠭᠠᠬᠤ᠎ᠶ᠋ᠢ ᠪᠠᠷᠢᠮᠲᠠᠯᠠᠵᠤ᠂ ᠨᠤᠲᠤᠭ ᠪᠡᠯᠴᠢᠭᠡᠷ ᠪᠠ ᠤᠢ ᠱᠢᠭᠤᠢ᠎ᠶ᠋ᠢᠨ ᠠᠮᠢ ᠠᠬᠤᠢ᠎ᠶ᠋ᠢᠨ ᠠᠮᠤᠷ ᠲᠦᠪᠱᠢᠨ᠎ᠢ ᠬᠠᠮᠠᠭᠠᠯᠠᠬᠤ᠎ᠳᠤ ᠦᠵᠡᠭᠦᠯᠬᠦ᠌ ᠰᠠᠭᠤᠷᠢ ᠴᠢᠨᠠᠷᠲᠠᠢ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠦᠢᠯᠡᠳᠦᠯ᠎ᠢ ᠰᠠᠢᠲᠤᠷ ᠪᠠᠳᠠᠷᠠᠭᠤᠯᠬᠣ ᠭᠡᠷᠡᠭᠳᠡᠢ᠃ ᠬᠠᠲᠤᠨ ᠭᠤᠤᠯ᠎ᠢ ᠬᠠᠮᠠᠭᠠᠯᠠᠬᠤ᠎ᠶ᠋ᠢ ᠲᠣᠪᠣᠢᠮ᠎ᠠ ᠪᠠᠢᠷᠢᠨ᠎ᠳᠤ ᠲᠠᠯᠪᠢᠬᠤ᠎ᠶ᠋ᠢ ᠪᠠᠷᠢᠮᠲᠠᠯᠠᠵᠤ᠂  ᠰᠠᠪᠠ ᠭᠠᠵᠠᠷ᠎ᠤᠨ ᠠᠮᠢ ᠠᠬᠤᠶ᠎ᠶ᠋ᠢᠨ ᠳᠦᠷᠰᠦ ᠪᠠᠢᠳᠠᠯ᠎ᠢ ᠬᠦᠴᠦᠯᠡᠨ ᠰᠠᠢᠵᠢᠷᠠᠭᠤᠯᠬᠣ ᠭᠡᠷᠡᠭᠳᠡᠢ᠃ ᠭᠣᠣᠯᠳᠠᠯᠭ᠎ᠠ᠎ᠲᠠᠶ ᠭᠣᠣᠯ ᠨᠠᠭᠤᠷ᠂ ᠨᠤᠭᠤ ᠭᠠᠵᠠᠷ᠂ ᠤᠰᠤᠨ ᠴᠣᠭ᠍ᠴᠠ᠂ ᠰᠠᠪᠠ ᠭᠠᠵᠠᠷ᠎ᠤᠨ ᠠᠮᠢ ᠠᠬᠤᠢ᠎ᠶ᠋ᠢᠨ ᠬᠠᠮᠠᠭᠠᠯᠠᠯᠲᠠ ᠪᠠ ᠵᠠᠰᠠᠯᠲᠠ᠎ᠶ᠋ᠢ ᠱᠢᠰᠲ᠋ᠧᠮ᠎ᠲᠡᠶ ᠠᠬᠢᠭᠤᠯᠬᠣ ᠭᠡᠷᠡᠭᠳᠡᠢ᠃ ᠭᠠᠵᠠᠷ ᠱᠢᠷᠣᠶ᠎ᠶ᠋ᠢᠨ ᠡᠯᠡᠰᠦᠷᠬᠡᠭ᠌ᠵᠢᠯ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ᠎ᠶ᠋ᠢ ᠱᠢᠨᠵᠢᠯᠡᠬᠦ᠌ ᠤᠬᠠᠭᠠᠨᠴᠢ᠎ᠪᠠᠷ ᠠᠬᠢᠭᠤᠯᠵᠤ᠂ ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠬᠤ ᠭᠡᠷᠡᠭᠳᠡᠢ᠃ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭᠠᠯᠠᠬᠤ ᠴᠢᠬᠤᠯᠠ ᠶᠡᠬᠡ ᠢᠨᠵᠧᠨᠧᠷᠢᠩ᠎ᠢ ᠬᠡᠷᠡᠭ᠌ᠵᠢᠭᠦᠯᠵᠦ᠍᠂ ᠶᠡᠬᠡ ᠬᠢᠩᠭᠠᠨ ᠳᠠᠪᠠᠭ᠎ᠠ᠂ ᠮᠤᠨᠢ ᠠᠭᠤᠯᠠ ᠨᠢᠷᠤᠭᠤ᠂ ᠠᠯᠠᠱᠠ ᠠᠭᠤᠯᠠ ᠨᠢᠷᠤᠭᠤ᠎ᠶ᠋ᠢᠨ ᠠᠮᠢ ᠠᠬᠤᠶ᠎ᠶ᠋ᠢᠨ ᠬᠣᠩᠭᠢᠯ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠭᠠᠵᠠᠷ᠎ᠤᠨ ᠱᠢᠰᠲ᠋ᠸᠮ᠎ᠢ ᠲᠦᠷᠭᠡᠳᠭᠡᠨ ᠪᠠᠢᠭᠤᠯᠬᠤ ᠬᠡᠷᠡᠭᠳᠡᠢ᠃


ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠂ ᠠᠵᠤ ᠦᠶ᠋ᠯᠡᠰ᠎ᠦᠨ ᠠᠮᠤᠷ ᠲᠦᠪᠱᠢᠨ᠎ᠢ ᠪᠠᠲᠤᠯᠠᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠰᠠᠢᠲᠤᠷ ᠭᠦᠶ᠋ᠴᠡᠳᠭᠡᠵᠦ᠍᠂ ᠮᠠᠨ᠎ᠤ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠢ ᠰᠠᠢᠲᠤᠷ ᠪᠥᠲᠥᠭᠡᠨ ᠪᠠᠢᠭᠤᠯᠬᠣ ᠭᠡᠷᠡᠭᠳᠡᠢ

ᠥᠪᠥᠷ ᠮᠣᠩᠭᠣᠯ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠂ ᠠᠵᠤ ᠦᠢᠯᠡᠰ᠎ᠦᠨ ᠠᠮᠤᠷ ᠲᠦᠪᠱᠢᠨ᠎ᠢ ᠪᠠᠲᠤᠯᠠᠬᠤ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠰᠠᠢᠲᠤᠷ ᠭᠦᠢᠴᠡᠳᠭᠡᠵᠦ᠍᠂ ᠠᠵᠤ ᠠᠬᠤᠢ᠎ᠶ᠋ᠢᠨ ᠬᠡᠯᠪᠡᠷᠢ᠎ᠶ᠋ᠢ ᠬᠤᠪᠢᠷᠠᠭᠤᠯᠬᠤ᠎ᠶ᠋ᠢ ᠭᠤᠢᠪᠢᠰᠢ ᠦᠭᠡᠢ ᠠᠬᠢᠭᠤᠯᠵᠤ᠂ ᠣᠳᠣᠬᠢᠴᠢᠯᠠᠭ᠍ᠰᠠᠨ ᠠᠵᠤ ᠠᠬᠤᠢ᠎ᠶ᠋ᠢᠨ ᠱᠢᠰᠲ᠋ᠧᠮ᠎ᠦᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠬᠤ ᠬᠡᠷᠡᠭ᠌ᠲᠡᠢ᠃ ᠠᠮᠢ ᠠᠬᠤᠢ ᠣᠷᠴᠢᠨ ᠲᠣᠭᠣᠷᠢᠨ᠎ᠢ ᠪᠦᠲᠦᠮᠵᠢᠲᠡᠢ ᠬᠠᠮᠠᠭᠠᠯᠠᠬᠤ᠂ ᠡᠨᠧᠷᠭᠢ ᠡᠬᠢ ᠪᠠᠶᠠᠯᠢᠭ᠎ᠢ ᠥᠨᠳᠥᠷ ᠪᠦᠲᠦᠮᠵᠢᠲᠡᠢ ᠠᠱᠢᠭ᠍ᠯᠠᠬᠤ᠂ ᠶᠠᠰᠤ ᠴᠢᠨᠠᠷ ᠦᠷ᠎ᠡ ᠠᠱᠢᠭ᠎ᠢ ᠲᠣᠭ᠍ᠲᠠᠭᠤᠨ᠎ᠢᠶᠠᠷ ᠳᠡᠭᠡᠭ᠌ᠰᠢᠯᠡᠭᠦᠯᠦᠭ᠌ᠰᠡᠨ ᠰᠠᠭᠤᠷᠢᠨ ᠳᠡᠭᠡᠷ᠎ᠡ ᠠᠵᠤ ᠠᠬᠤᠢ᠎ᠶ᠋ᠢᠨ ᠦᠷᠭᠦᠯᠵᠢᠯᠡᠨ ᠡᠷᠡᠭᠦᠯ᠎ᠢᠶᠡᠷ ᠬᠥᠭ᠌ᠵᠢᠬᠦ᠌᠎ᠶ᠋ᠢ ᠪᠡᠶᠡᠯᠡᠭᠦᠯᠦᠨ᠎ᠡ᠃ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠢ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠡᠨᠡ ᠬᠦ᠌ ᠭᠣᠣᠯ ᠱᠢᠵᠢᠮ᠎ᠢ ᠪᠠᠲᠤ ᠡᠵᠡᠮᠳᠡᠵᠦ᠍᠂ ᠠᠵᠤ ᠠᠬᠤᠢ᠎ᠶ᠋ᠢᠨ ᠬᠥᠭ᠌ᠵᠢᠯᠲᠡ᠎ᠶ᠋ᠢ ᠡᠬᠢ ᠪᠠᠶᠠᠯᠢᠭ᠎ᠲᠤ ᠲᠦᠱᠢᠭ᠌ᠯᠡᠬᠦ᠌ ᠬᠡᠯᠪᠡᠷᠢ᠎ᠡᠴᠡ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠡᠯᠪᠡᠷᠢ ᠲᠡᠢᠰᠢ ᠬᠤᠪᠢᠷᠠᠭᠤᠯᠬᠤ᠂ ᠪᠦᠳᠦᠭᠦᠯᠢᠭ ᠶᠡᠬᠡ ᠨᠡᠭᠦᠷᠡᠰᠦᠲᠥ᠋ᠷᠥᠭ᠌ᠴᠢᠲᠦ ᠬᠡᠯᠪᠡᠷᠢ᠎ᠡᠴᠡ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠳᠦ ᠬᠡᠯᠪᠡᠷᠢ ᠲᠡᠢᠰᠢ ᠬᠤᠪᠢᠷᠠᠭᠤᠯᠬᠤ᠂ ᠲᠠᠷᠠᠬᠠᠢ ᠪᠤᠲᠠᠷᠬᠠᠢ ᠦᠷ᠎ᠡ ᠠᠱᠢᠭ ᠳᠣᠣᠷ᠎ᠠ ᠬᠡᠯᠪᠡᠷᠢ᠎ᠡᠴᠡ ᠡᠷᠴᠢᠮᠯᠢᠭ ᠥᠨᠳᠥᠷ ᠪᠦᠲᠦᠮᠵᠢᠲᠡᠢ ᠬᠡᠯᠪᠡᠷᠢ ᠲᠡᠢᠰᠢ ᠬᠤᠪᠢᠷᠠᠭᠤᠯᠬᠤ᠎ᠶ᠋ᠢ ᠬᠦᠴᠦᠯᠡᠨ ᠠᠬᠢᠭᠤᠯᠬᠤ ᠬᠡᠷᠡᠭ᠌ᠲᠡᠢ᠃ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ ᠭᠠᠵᠠᠷ᠎ᠤᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠳᠦ ᠬᠡᠯᠪᠡᠷᠢ᠎ᠲᠠᠢᠰᠢ ᠬᠣᠪᠢᠷᠠᠭᠣᠯᠬᠣ ᠵᠢ ᠠᠬᠢᠭᠤᠯᠬᠤ ᠬᠡᠷᠡᠭᠳᠡᠢ᠃ ᠤᠳᠤ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠢ᠎ᠶ᠋ᠢᠨ ᠠᠵᠢᠯ᠎ᠢ ᠦᠨᠡᠨ ᠬᠦ᠌ ᠰᠠᠢᠲᠤᠷ ᠬᠢᠵᠦ᠍᠂ ᠡᠨᠧᠷᠭᠢ᠎ᠶ᠋ᠢᠨ ᠬᠤᠪᠢᠰᠭᠠᠯ᠎ᠢ ᠭᠦᠨᠵᠡᠭᠡᠢ ᠠᠬᠢᠭᠤᠯᠵᠤ᠂ ᠥᠪᠥᠷ ᠮᠣᠩᠭᠣᠯ᠎ᠢ ᠪᠦᠬᠦ᠌ ᠤᠯᠤᠰ ᠴᠢᠨᠠᠭ᠍ᠰᠢᠯᠠᠪᠠᠯ ᠤᠯᠠᠨ ᠤᠯᠤᠰ᠎ᠤᠨ ᠱᠢᠨ᠎ᠡ ᠡᠨᠧᠷᠭᠢ᠎ᠶ᠋ᠢᠨ ᠠᠵᠤ ᠦᠢᠯᠡᠰ᠎ᠦᠨ ᠥᠨᠳᠥᠷᠯᠢᠭ ᠭᠠᠵᠠᠷ ᠪᠣᠯᠭᠠᠨ ᠪᠦᠳᠦᠭᠡᠨ ᠪᠠᠢᠭᠤᠯᠬᠤ ᠬᠡᠷᠡᠭ᠌ᠲᠡᠢ᠃ ᠤᠶᠤᠨᠲᠤ ᠡᠨᠧᠷᠭᠢ᠎ᠶ᠋ᠢᠨ ᠰᠤᠷᠪᠤᠯᠵᠢ᠎ᠶ᠋ᠢ ᠶᠡᠬᠡ᠎ᠪᠡᠷ ᠬᠥᠭ᠌ᠵᠢᠭᠦᠯᠵᠦ᠍᠂ ᠪᠦᠬᠦ᠌ ᠤᠯᠤᠰ᠎ᠲᠤ ᠱᠢᠨ᠎ᠡ ᠡᠨᠧᠷᠭᠢ᠎ᠪᠡᠷ ᠭᠣᠣᠯ ᠴᠣᠭ᠍ᠴᠠ ᠪᠣᠯᠭᠠᠭ᠍ᠰᠠᠨ ᠡᠨᠧᠷᠭᠢ᠎ᠶ᠋ᠢᠨ ᠰᠤᠷᠪᠤᠯᠵᠢ ᠬᠠᠩᠭᠠᠬᠤ ᠱᠢᠰᠲ᠋ᠧᠮ᠎ᠢ ᠤᠷᠢᠳ᠎ᠢᠶᠠᠷ ᠪᠠᠢᠭᠤᠯᠵᠤ᠂ ᠱᠢᠨ᠎ᠡ ᠡᠨᠧᠷᠭᠢ᠎ᠪᠡᠷ ᠭᠣᠣᠯ ᠴᠣᠭ᠍ᠴᠠ ᠪᠣᠯᠭᠠᠭ᠍ᠰᠠᠨ ᠱᠢᠨ᠎ᠡ ᠬᠡᠯᠪᠡᠷᠢ᠎ᠶ᠋ᠢᠨ ᠴᠠᠬᠢᠯᠭᠠᠨ ᠬᠦᠴᠦᠨ᠎ᠦ ᠱᠢᠰᠲ᠋ᠧᠮ᠎ᠢ ᠤᠷᠢᠳ᠎ᠢᠶᠠᠷ ᠪᠠᠢᠭᠤᠯᠬᠤ ᠬᠡᠷᠡᠭᠳᠡᠢ᠃ ᠬᠣᠪᠣᠷ ᠱᠢᠷᠣᠶ᠎ᠶ᠋ᠢᠨ ᠡᠨᠡᠬᠦ᠌ ᠨᠡᠷᠡᠳᠦ ᠲᠡᠮᠳᠡᠭ᠎ᠢ ᠰᠠᠢᠲᠤᠷ ᠬᠢᠵᠦ᠍᠂ ᠬᠣᠪᠣᠷ ᠱᠢᠷᠣᠶ᠎ᠶ᠋ᠢᠨ ᠡᠬᠢ ᠪᠠᠶᠠᠯᠢᠭ᠎ᠤᠨ ᠬᠠᠮᠠᠭᠠᠯᠠᠯᠲᠠ᠎ᠶ᠋ᠢᠨ ᠴᠢᠨᠠᠷᠲᠠᠶ ᠨᠡᠭᠡᠭᠡᠯᠲᠡ ᠬᠢᠬᠦ᠌᠂ ᠴᠢᠨᠠᠷ ᠰᠠᠢᠲᠠᠶ ᠠᠱᠢᠭ᠍ᠯᠠᠬᠤ᠂ ᠵᠢᠷᠤᠮᠵᠢᠭᠤᠯᠤᠨ ᠬᠠᠮᠢᠶᠠᠷᠬᠤ᠎ᠶ᠋ᠢ ᠠᠬᠢᠭᠤᠯᠵᠤ᠂ ᠥᠪᠥᠷ ᠮᠣᠩᠭᠣᠯ᠎ᠢ ᠪᠦᠬᠦ᠌ ᠤᠯᠤᠰ᠎ᠤᠨ ᠬᠣᠪᠣᠷ ᠱᠢᠷᠣᠶ᠎ᠶ᠋ᠢᠨ ᠱᠢᠨ᠎ᠡ ᠮᠠᠲ᠋ᠧᠷᠢᠶᠠᠯ᠎ᠤᠨ ᠦᠢᠯᠡᠳᠪᠦᠷᠢᠯᠡᠯ᠎ᠦᠨ ᠴᠢᠬᠤᠯᠠ ᠰᠠᠭᠤᠷᠢᠨ ᠭᠠᠵᠠᠷ ᠪᠣᠯᠭᠠᠨ ᠪᠦᠲᠦᠭᠡᠨ ᠪᠠᠢᠭᠤᠯᠬᠤ ᠬᠡᠷᠡᠭ᠌ᠲᠡᠶ᠃ ᠲᠠᠷᠢᠶᠠᠯᠠᠩ᠎ᠤᠨ ᠪᠦᠲᠦᠭᠡᠭ᠌ᠳᠡᠬᠦᠨ ᠮᠠᠯ᠎ᠤᠨ ᠠᠱᠢᠭ ᠱᠢᠮ᠎ᠡ᠎ᠶ᠋ᠢᠨ ᠦᠶ᠋ᠯᠡᠳᠪᠦᠷᠢᠯᠡᠯ᠎ᠦᠨ ᠰᠠᠭᠤᠷᠢᠨ ᠭᠠᠵᠠᠷ᠎ᠤᠨ ᠴᠢᠨᠠᠷ ᠰᠠᠢᠲᠠᠶ ᠥᠨᠳᠥᠷ ᠦᠷ᠎ᠡ ᠪᠦᠲᠦᠮᠵᠢᠲᠡᠶ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠬᠤ ᠬᠡᠷᠡᠭᠳᠡᠢ᠃ ᠤᠯᠠᠮᠵᠢᠯᠠᠯᠲᠤ ᠲᠠᠷᠢᠶᠠᠯᠠᠩ ᠮᠠᠯ ᠠᠵᠤ ᠠᠬᠤᠢ᠎ᠶ᠋ᠢᠨ᠎ᠦᠢᠯᠡᠳᠪᠦᠷᠢᠯᠡᠯ᠎ᠡᠵᠡᠩᠨᠡᠯᠲᠡ᠎ᠶ᠋ᠢᠨ᠎ᠠᠷᠭ᠎ᠠ ᠮᠠᠶᠢᠭ᠎ᠢ ᠲᠦᠷᠭᠡᠳᠭᠡᠨ ᠬᠤᠪᠢᠷᠠᠭᠤᠯᠵᠤ᠂ ᠲᠠᠷᠢᠶᠠᠯᠠᠩ ᠮᠠᠯ ᠠᠵᠤ ᠠᠬᠤᠢ᠎ᠶ᠋ᠢᠨ ᠡᠷᠴᠢᠮᠵᠢᠭ᠌ᠰᠡᠨ᠂ ᠬᠡᠪᠴᠢᠶᠡᠵᠢᠭ᠌ᠰᠡᠨ᠂ ᠳᠡᠭᠡᠳᠦ ᠲᠡᠰᠵᠢᠭ᠌ᠰᠡᠨ ᠬᠥᠭ᠌ᠵᠢᠯᠲᠡ᠎ᠶ᠋ᠢ ᠠᠬᠢᠭᠤᠯᠤᠨ᠎ᠠ᠃ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠡᠷ ᠬᠥᠭ᠌ᠵᠢᠭ᠌ᠰᠡᠨ ᠠᠵᠤ ᠦᠢᠯᠡᠰ᠂ ᠲᠡᠷᠢᠭᠦᠨ᠎ᠦ ᠦᠢᠯᠡᠳᠬᠦ᠌ ᠦᠢᠯᠡᠰ ᠪᠠ ᠤᠳᠤ ᠦᠶ᠎ᠡ᠎ᠶ᠋ᠢᠨ ᠦᠢᠯᠡᠴᠢᠯᠡᠭᠡᠨ᠎ᠦ ᠦᠢᠯᠡᠰ᠎ᠢ  ᠬᠥᠭ᠌ᠵᠢᠭᠦᠯᠬᠦ ᠬᠡᠷᠡᠭᠳᠡᠢ᠃


ᠡᠷᠬᠢᠨ ᠲᠣᠭᠣᠷᠢᠨ᠎ᠤ ᠤᠯᠤᠰ ᠪᠠ ᠭᠠᠳᠠᠭᠠᠳᠤ ᠨᠡᠭᠡᠭᠡᠯᠲᠡ᠎ᠶ᠋ᠢᠨ ᠪᠠᠢᠯᠳᠤᠬᠤ ᠪᠣᠳᠣᠯᠭ᠎ᠠ᠎ᠳᠤ ᠦᠶ᠋ᠯᠡᠴᠢᠯᠡᠬᠦ᠌ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠰᠠᠢᠲᠤᠷ ᠭᠦᠶ᠋ᠴᠡᠳᠭᠡᠵᠦ᠍᠂ ᠮᠠᠨ᠎ᠤ ᠤᠯᠤᠰ᠎ᠠᠴᠠ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠎ᠶ᠋ᠢ ᠰᠠᠢᠲᠤᠷ ᠪᠦᠲᠦᠭᠡᠨ ᠪᠠᠢᠭᠤᠯᠬᠤ ᠬᠡᠷᠡᠭ᠌ᠲᠡᠶ

ᠥᠪᠥᠷ ᠮᠣᠩᠭᠣᠯ ᠤᠯᠤᠰ᠎ᠤᠨ ᠡᠷᠬᠢᠨ ᠲᠣᠭᠣᠷᠢᠨ᠎ᠤ ᠤᠯᠤᠰ ᠪᠠ ᠭᠠᠳᠠᠭᠠᠳᠤ ᠨᠡᠭᠡᠭᠡᠯᠲᠡ᠎ᠶ᠋ᠢᠨ ᠪᠠᠢᠯᠳᠤᠬᠤ ᠪᠣᠳᠣᠯᠭ᠎ᠠ᠎ᠳᠤ ᠦᠶ᠋ᠯᠡᠴᠢᠯᠡᠬᠦ᠌ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠪᠠᠨ ᠡᠭᠦᠷᠭᠡᠯᠡᠵᠦ᠍᠂ ᠰᠠᠢᠲᠤᠷ ᠭᠦᠶ᠋ᠴᠡᠳᠭᠡᠵᠦ᠍᠂ 《 ᠨᠢᠭᠡ ᠪᠦᠰᠡ ᠨᠢᠭᠡ ᠵᠠᠮ 》 ᠎ᠢ ᠬᠠᠮᠲᠤ᠎ᠪᠠᠷ ᠪᠥᠲᠥᠭᠡᠨ ᠪᠠᠢᠭᠤᠯᠬᠤ ᠪᠠ ᠳᠤᠮᠳᠠᠳᠤ ᠮᠣᠩᠭᠣᠯ ᠣᠷᠣᠰ᠎ᠤᠨ ᠠᠵᠤ ᠠᠬᠤᠶ᠎ᠶ᠋ᠢᠨ ᠬᠣᠩᠭᠢᠯ᠎ᠤᠨ ᠪᠥᠲᠥᠭᠡᠨ ᠪᠠᠢᠭᠤᠯᠤᠯᠲᠠ᠎ᠳᠤ ᠣᠷᠣᠯᠴᠠᠬᠤ᠎ᠪᠠᠷ ᠬᠥᠳᠡᠯᠭᠡᠭᠦᠷ ᠪᠣᠯᠭᠠᠵᠤ᠂ ᠨᠡᠭᠡᠭᠡᠯᠲᠡᠲᠦ ᠬᠡᠯᠪᠡᠷᠢ᠎ᠶ᠋ᠢᠨ ᠠᠵᠤ ᠠᠬᠤᠶ᠎ᠶ᠋ᠢᠨ ᠪᠠᠢᠭᠤᠯᠤᠯ᠎ᠢ ᠱᠢᠨᠡᠴᠢᠯᠡᠨ ᠪᠠᠢᠭᠤᠯᠵᠤ᠂ ᠨᠡᠭᠡᠭᠡᠯᠲᠡᠲᠦ ᠬᠡᠯᠪᠡᠷᠢ᠎ᠶ᠋ᠢᠨ ᠠᠵᠤ ᠠᠬᠤᠶ᠎ᠶ᠋ᠢᠨ ᠣᠷᠴᠢᠨ ᠲᠣᠭᠣᠷᠢᠨ᠎ᠢ ᠪᠣᠶ ᠪᠣᠯᠭᠠᠵᠤ᠂ ᠨᠡᠭᠡᠭᠡᠯᠲᠡ᠎ᠶ᠋ᠢᠨ ᠲᠠᠰ ᠳᠠᠪᠬᠤᠷᠭ᠎ᠠ ᠪᠠ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠬᠦ᠌ ᠬᠡᠷᠡᠭ᠌ᠲᠡᠶ᠃ ᠥᠷᠭᠡᠨ ᠬᠡᠪᠴᠢᠶᠡᠨ᠎ᠦ ᠪᠣᠭᠣᠮᠲᠠ᠎ᠶ᠋ᠢᠨ ᠠᠵᠤ ᠠᠬᠤᠶ᠎ᠶ᠋ᠢ ᠶᠡᠬᠡ ᠪᠡᠷ ᠬᠥᠭ᠌ᠵᠢᠭᠦᠯᠦᠨ᠎ᠡ᠃᠎ᠭᠠᠳᠠᠭᠠᠳᠤ᠎ᠠᠷᠠᠯᠵᠢᠶᠠᠨ᠎ᠤ᠎ᠪᠦᠲᠦᠴᠡ᠎ᠶ᠋ᠢ᠎ᠲᠣᠬᠢᠷᠠᠭᠤᠯᠤᠨ ᠱᠢᠯᠢᠳᠡᠭ᠌ᠵᠢᠭᠦᠯᠦᠨ᠎ᠡ᠃ ᠣᠷᠣᠨ ᠪᠦᠰᠡ᠎ᠶ᠋ᠢᠨ ᠠᠵᠤ ᠠᠬᠤᠶ᠎ᠶ᠋ᠢᠨ ᠬᠠᠮᠲᠤᠷᠠᠯᠴᠠᠭ᠎ᠠ᠎ᠶ᠋ᠢ ᠤᠯᠠᠮ ᠨᠢᠭᠡ ᠠᠯᠬᠤᠮ ᠴᠢᠩᠭᠠᠳᠭᠠᠵᠤ᠂ ᠬᠥᠭ᠌ᠵᠢᠭ᠌ᠰᠡᠨ ᠭᠠᠵᠠᠷ ᠣᠷᠣᠨ᠎ᠤ ᠲᠡᠷᠢᠭᠦᠨ᠎ᠦ ᠠᠵᠤ ᠦᠶ᠋ᠯᠡᠰ᠎ᠦᠨ ᠱᠢᠯᠵᠢᠯᠲᠡ᠎ᠶ᠋ᠢ ᠢᠳᠡᠪᠬᠢᠲᠡᠶ᠎ᠪᠡᠷ ᠵᠠᠯᠭᠠᠨ ᠠᠪᠴᠤ᠌᠂ ᠮᠠᠨ᠎ᠤ ᠣᠷᠣᠨ᠎ᠤ ᠠᠵᠤ ᠦᠶ᠋ᠯᠡᠰ᠎ᠦᠨ ᠬᠡᠯᠬᠢᠶ᠎ᠡ᠂ ᠱᠢᠨ᠎ᠡ᠎ᠶ᠋ᠢ ᠡᠭᠦᠳᠬᠦ᠌ ᠬᠡᠯᠬᠢᠶ᠎ᠡ᠂ ᠬᠠᠩᠭᠠᠯᠭ᠎ᠠ᠎ᠶ᠋ᠢᠨ ᠬᠡᠯᠬᠢᠶ᠎ᠡ᠂ ᠪᠠᠷᠠᠭᠠᠨ᠎ᠤ ᠭᠦᠶ᠋ᠯᠭᠡᠭᠡᠨ᠎ᠦ ᠬᠡᠯᠬᠢᠶ᠎ᠡ᠂ ᠥᠷᠲᠡᠭ᠎ᠦᠨ ᠬᠡᠯᠬᠢᠶ᠎ᠡ᠎ᠶ᠋ᠢ ᠪᠥᠬᠥ᠌ ᠤᠯᠤᠰ᠎ᠤᠨ ᠲᠣᠮᠣ ᠵᠠᠬ᠎ᠠ ᠳᠡᠯᠭᠡᠭᠦᠷ᠎ᠯᠦᠭᠡ ᠪᠥᠬᠥ᠌ ᠲᠠᠯ᠎ᠠ᠎ᠪᠠᠷ ᠵᠣᠯᠭᠠᠭᠤᠯᠵᠤ ᠂ ᠭᠦᠨᠵᠡᠭᠡᠶ ᠠᠭᠤᠰᠤᠯᠴᠠᠭᠤᠯᠵᠤ᠂ ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ᠎ᠳᠤ ᠨᠠᠩ ᠰᠠᠢᠨ ᠦᠶ᠋ᠯᠡᠴᠢᠯᠡᠬᠦ᠌ ᠪᠠ ᠪᠦᠲᠦᠮᠵᠢᠲᠡᠶ ᠠᠭᠤᠰᠤᠯᠴᠠᠭᠤᠯᠬᠤ᠎ᠶ᠋ᠢ ᠠᠬᠢᠭᠤᠯᠬᠣ ᠬᠡᠷᠡᠭᠳᠡᠢ᠃


ᠤᠯᠤᠰ ᠣᠷᠣᠨ᠎ᠤ ᠨᠢᠭᠡᠳᠦᠯ᠂ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠰᠠᠢᠲᠤᠷ ᠭᠦᠢᠴᠡᠳᠭᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠲᠠᠰᠤᠷᠠᠯᠲᠠ ᠦᠭᠡᠢ ᠪᠠᠲᠤ ᠴᠣᠭ᠍ᠴᠠᠯᠠᠬᠤ ᠬᠡᠷᠡᠭ᠌ᠲᠡᠢ

ᠥᠪᠥᠷ ᠮᠣᠩᠭᠣᠯ ᠤᠯᠤᠰ᠎ᠤᠨ ᠨᠢᠭᠡᠳᠦᠯ᠂ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠰᠠᠢᠲᠤᠷ ᠭᠦᠶ᠋ᠴᠡᠳᠭᠡᠬᠦ᠌᠎ᠳᠦ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠲᠡᠦᠬᠡᠨ ᠣᠷᠣᠨ ᠪᠠᠢᠷᠢ᠎ᠶ᠋ᠢ ᠪᠠᠲᠤ ᠡᠵᠡᠮᠳᠡᠵᠦ᠍᠂ ᠮᠠᠨ᠎ᠤ ᠣᠷᠣᠨ᠎ᠤ ᠦᠨᠳᠦᠰᠦᠲᠡᠨ᠎ᠦ ᠪᠦᠯᠬᠦᠮᠳᠡᠯ᠎ᠦᠨ ᠢᠷᠠᠭᠤ ᠠᠯᠳᠠᠷᠲᠤ ᠤᠯᠠᠮᠵᠢᠯᠠᠯ᠎ᠢ ᠶᠡᠬᠡ᠎ᠪᠡᠷ ᠪᠠᠳᠠᠷᠠᠭᠤᠯᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠎ᠤ ᠡᠷᠬᠢᠮ ᠳᠡᠭᠡᠳᠦ ᠢᠷᠠᠭᠤ ᠠᠯᠳᠠᠷ᠎ᠢᠶᠠᠨ ᠮᠠᠰᠢ ᠨᠠᠨᠳᠢᠩᠨᠠᠵᠤ᠂ ᠦᠨᠳᠦᠰᠦᠲᠡᠨ᠎ᠦ ᠠᠵᠢᠯ᠎ᠤᠨ ᠵᠢᠯᠣᠭᠣᠳᠭᠤ ᠦᠵᠡᠯ ᠰᠠᠨᠠᠭᠠᠨ᠎ᠤ ᠬᠡᠯᠪᠡᠢᠯᠳᠡ ᠶ᠋ᠢ ᠡᠷᠡᠰ ᠵᠠᠯᠠᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠪᠥᠬᠥ᠌ ᠲᠠᠯ᠎ᠠ᠎ᠪᠠᠷ ᠭᠦᠨᠵᠡᠭᠡᠶ ᠠᠬᠢᠭᠤᠯᠵᠤ᠂ ᠦᠨᠳᠦᠰᠦᠲᠡᠨ᠎ᠦ ᠪᠦᠯᠬᠦᠮᠳᠡᠯ᠎ᠦᠨ ᠴᠡᠴᠡᠭ᠎ᠢ ᠳᠡᠯᠭᠡᠷᠡᠭᠦᠯᠵᠦ᠍᠂ ᠳᠤᠮᠳᠠᠳᠤ ᠤᠯᠤᠰ᠎ᠤᠨ ᠣᠨᠴᠠᠯᠢᠭ᠎ᠲᠠᠶ ᠦᠨᠳᠦᠰᠦᠲᠡᠨ᠎ᠦ ᠠᠰᠠᠭᠤᠳᠠᠯ᠎ᠢ ᠱᠢᠶ᠋ᠳᠪᠦᠷᠢᠯᠡᠬᠦ᠌ ᠵᠥᠪ ᠵᠠᠮ᠎ᠤᠨ ᠨᠠᠩ ᠶᠡᠬᠡ ᠳᠠᠪᠠᠭᠤᠯᠢᠭ ᠴᠢᠨᠠᠷ ᠪᠠ ᠨᠠᠩ ᠴᠢᠩᠭ᠎ᠠ ᠠᠮᠢᠵᠢᠷᠠᠯ᠎ᠤᠨ ᠬᠦᠴᠦᠨ᠎ᠢ ᠢᠯᠡᠷᠡᠭᠦᠯᠬᠦ᠌ ᠬᠡᠷᠡᠭ᠌ᠲᠡᠶ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠤ ᠪᠠᠢᠭᠤᠯᠤᠯᠲᠠ᠎ᠶ᠋ᠢ ᠠᠬᠢᠭᠤᠯᠬᠤ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠨᠡᠢᠭᠡᠮ ᠵᠢᠷᠤᠮᠳᠦ ᠣᠳᠣᠬᠢᠴᠢᠯᠠᠯᠲᠠ ᠲᠡᠢᠰᠢ ᠤᠷᠤᠭ᠍ᠰᠢᠯᠠᠬᠤ᠎ᠶ᠋ᠢ ᠠᠬᠢᠭᠤᠯᠬᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠬᠡᠷᠡᠭ᠌ᠲᠡᠢ᠃ ᠦᠨᠳᠦᠰᠦᠲᠡᠨ᠎ᠨᠦᠭᠦᠳ᠎ᠦᠨ ᠵᠥᠪ ᠡᠬᠡ ᠤᠯᠤᠰ᠎ᠦᠨ ᠦᠵᠡᠯᠲᠡ᠂ ᠲᠡᠦᠬᠡ᠎ᠶ᠋ᠢᠨ ᠦᠵᠡᠯᠲᠡ᠂ ᠦᠨᠳᠦᠰᠦᠲᠡᠨ᠎ᠦ ᠦᠵᠡᠯᠲᠡ᠂ ᠰᠣᠶᠣᠯ᠎ᠤᠨ ᠦᠵᠡᠯᠲᠡ᠂ ᠱᠠᠱᠢᠨ᠎ᠤ ᠦᠵᠡᠯᠲᠡ᠎ᠶ᠋ᠢ ᠪᠤᠢ ᠪᠣᠯᠭᠠᠬᠤ᠎ᠶ᠋ᠢ ᠭᠦᠨᠵᠡᠭᠡᠢ ᠠᠬᠢᠭᠤᠯᠵᠤ ᠂ ᠵᠢᠷᠭᠠᠯ ᠵᠣᠪᠠᠯᠠᠩ᠎ᠢᠶᠠᠨ ᠬᠠᠮᠲᠤᠳᠭᠠᠬᠤ᠂ ᠢᠷᠠᠭᠣ ᠠᠯᠳᠠᠷ ᠢᠴᠢᠬᠦᠷᠢ ᠭᠣᠳᠣᠮᠰᠢᠬ ᠵᠢᠡᠨ ᠬᠠᠮᠳᠣᠳᠬᠠᠬᠣ᠂ ᠦᠬᠦᠵᠦ᠍ ᠰᠡᠭᠡᠬᠦ᠌᠎ᠪᠡᠨ ᠬᠠᠮᠲᠤᠳᠭᠠᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ ᠬᠠᠮᠲᠤ᠎ᠶ᠋ᠢᠨ ᠴᠣᠭ᠍ᠴᠠ᠎ᠶ᠋ᠢᠨ ᠣᠢᠯᠠᠭᠠᠭ᠍ᠳᠠᠬᠤᠨ᠎ᠢ ᠪᠠᠲᠤ ᠪᠡᠬᠢ ᠪᠤᠢ ᠪᠣᠯᠭᠠᠵᠤ ᠂ 《 ᠭᠤᠷᠪᠠᠨ ᠰᠠᠯᠵᠤ ᠴᠢᠳᠠᠬᠤ ᠦᠭᠡᠢ》《ᠲᠠᠪᠤᠨ ᠬᠠᠮᠲᠤ᠎ᠶ᠋ᠢᠨ ᠲᠠᠨᠢᠯᠲᠠ》᠎ᠶ᠋ᠢ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠡᠳᠭᠢᠯ᠎ᠳᠦ ᠭᠦᠨ ᠦᠨᠳᠦᠰᠦᠯᠡᠭᠦᠯᠬᠦ ᠬᠡᠷᠡᠭᠳᠡᠢ᠃ ᠬᠣᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠪᠠᠢᠷᠢᠱᠢᠭᠤᠯᠤᠯᠲᠠ᠎ᠶ᠋ᠢᠨ ᠲᠥᠯᠥᠪᠵᠢᠭᠦᠯᠪᠡ ᠪᠠ ᠣᠯᠠᠨ ᠨᠡᠢᠲᠡ᠎ᠶ᠋ᠢᠨ ᠦᠢᠯᠡᠴᠢᠯᠡᠭᠡᠨ᠎ᠦ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ ᠨᠢᠭᠡᠳᠦᠯᠲᠡᠢ ᠲᠥᠯᠥᠪᠯᠡᠨ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠮᠲᠤ  ᠪᠠᠷ ᠰᠠᠭᠤᠷᠢᠱᠢᠵᠤ ᠬᠠᠮᠲᠤ ᠪᠠᠷ ᠰᠤᠷᠤᠯᠴᠠᠬᠤ᠂ ᠬᠠᠮᠲᠤ ᠪᠠᠷ ᠪᠠᠢᠭᠤᠯᠵᠤ ᠬᠠᠮᠲᠤ ᠪᠠᠷ ᠬᠦᠷᠲᠡᠬᠦ᠌᠂ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ ᠪᠠ ᠨᠡᠭᠦᠳᠡᠯᠯᠡᠨ ᠱᠢᠯᠵᠢᠬᠦ᠌ ᠨᠡᠢᠭᠡᠮ᠎ᠦᠨ ᠨᠥᠬᠥᠴᠡᠯ᠎ᠢ ᠢᠳᠡᠪᠬᠢᠲᠡᠢ ᠡᠭᠦᠳᠴᠦ᠍ ᠦᠭᠬᠦ ᠬᠡᠷᠡᠭᠳᠡᠢ᠃ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠡᠭᠦᠳᠦᠨ ᠪᠠᠢᠭᠤᠯᠤᠯᠲᠠ᠎ᠶ᠋ᠢ ᠭᠦᠨᠵᠡᠭᠡᠶ ᠪᠥᠭᠡᠳ ᠤᠳᠠᠭᠠᠨ ᠳᠠᠭᠠᠭᠠᠮᠠᠭᠠᠶ ᠥᠷᠨᠢᠭᠦᠯᠦᠨ᠎ᠡ᠃ ᠦᠨᠳᠦᠰᠦᠲᠡᠨ᠎ᠦ ᠬᠡᠷᠡᠭ ᠡᠷᠭᠢᠯᠡᠬᠦ᠌᠎ᠶ᠋ᠢ ᠵᠠᠰᠠᠬᠤ ᠱᠢᠰᠲ᠋ᠧᠮ ᠪᠠ ᠵᠠᠰᠠᠬᠤ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢᠨ ᠲᠦᠪᠰᠢᠨ᠎ᠢ ᠳᠡᠭᠡᠭ᠌ᠰᠢᠯᠡᠭᠦᠯᠬᠦ ᠬᠡᠷᠡᠭᠳᠡᠢ᠃ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ ᠬᠡᠷᠡᠭᠳᠡᠢ᠃ ᠦᠨᠳᠦᠰᠦᠲᠡᠨ᠎ᠦ ᠬᠡᠷᠡᠭ ᠶᠠᠪᠤᠳᠠᠯ᠎ᠢ ᠬᠠᠤᠯᠢ ᠶᠣᠰᠣᠭᠠᠷ ᠵᠠᠰᠠᠬᠤ᠎ᠶ᠋ᠢ ᠪᠠᠷᠢᠮᠲᠠᠯᠠᠨ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠤᠯᠢ ᠶᠣᠰᠣᠨ᠎ᠤ ᠡᠷᠬᠡ ᠠᠱᠢᠭ᠎ᠢ ᠬᠠᠤᠯᠢ ᠶᠣᠰᠣᠭᠠᠷ ᠪᠠᠲᠤᠯᠠᠵᠤ᠂ ᠬᠠᠤᠯᠢ ᠴᠠᠭᠠᠵᠠ᠎ᠶ᠋ᠢᠨ ᠡᠮᠦᠨ᠎ᠡ ᠬᠥᠮᠦᠨ ᠪᠦᠬᠦᠨ ᠡᠷᠬᠡ ᠲᠡᠭ᠌ᠰᠢ ᠪᠠᠢᠬᠤ ᠬᠡᠷᠡᠭ᠌ᠲᠡᠶ᠃ ᠲᠡᠦᠬᠡ᠎ᠶ᠋ᠢᠨ ᠦᠭᠡᠢᠰᠭᠡᠬᠦ᠌ ᠦᠵᠡᠯ᠂ ᠬᠡᠲᠦᠷᠡᠮᠡᠬᠡᠢ ᠦᠨᠳᠦᠰᠦᠲᠡᠨ᠎ᠦ ᠦᠵᠡᠯ᠂ ᠱᠠᠱᠢᠨ ᠰᠤᠷᠲᠠᠬᠤᠨ᠎ᠤ ᠬᠡᠲᠦᠷᠡᠮᠡᠬᠡᠢ ᠦᠵᠡᠯ᠂ ᠬᠢᠲᠠᠳ᠎ᠤᠨ ᠳᠡᠭᠡᠷᠡᠩᠭᠦᠢ ᠦᠵᠡᠯ ᠪᠣᠯᠤᠨ ᠣᠷᠣᠨ ᠨᠤᠲᠤᠭ᠎ᠤᠨ ᠦᠨᠳᠦᠰᠦᠲᠡᠨ᠎ᠦ ᠦᠵᠡᠯ᠎ᠢ ᠲᠤᠭ ᠲᠡᠮᠳᠡᠭ ᠲᠣᠳᠣᠷᠬᠠᠢ᠎ᠪᠠᠷ ᠡᠰᠡᠷᠭᠦᠴᠡᠬᠦ ᠬᠡᠷᠡᠭᠳᠡᠢ᠃


ᠡᠬᠡ ᠤᠯᠤᠰ᠎ᠤᠨ ᠤᠮᠠᠷᠠᠲᠤ ᠬᠢᠯᠢ᠎ᠶ᠋ᠢ ᠰᠠᠬᠢᠨ ᠬᠠᠮᠠᠭᠠᠯᠠᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠰᠠᠢᠲᠤᠷ ᠭᠦᠶ᠋ᠴᠡᠳᠭᠡᠵᠦ᠍᠂ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠭᠡᠷᠡᠭᠳᠡᠢ


ᠥᠪᠥᠷ ᠮᠣᠩᠭᠣᠯ ᠪᠣᠯ ᠡᠬᠡ ᠤᠯᠤᠰ᠎ᠤᠨ 《ᠣᠮᠠᠷᠠᠳᠦ ᠶᠡᠬᠡ ᠬᠠᠭᠠᠯᠭ᠎ᠠ》᠂ ᠨᠡᠢᠰᠯᠡᠯ᠎ᠦᠨ 《ᠬᠠᠮᠠᠭᠠᠯᠠᠯᠳᠠ ᠵᠢᠨ ᠭᠣᠣᠯ 》 ᠪᠣᠯᠤᠨ᠎ᠠ᠂ ᠤᠯᠤᠰ᠎ᠤᠨ ᠠᠮᠤᠷ ᠲᠦᠪᠱᠢᠨ ᠲᠣᠭ᠍ᠲᠠᠭᠤᠨ᠎ᠤ ᠶᠡᠬᠡ ᠲᠠᠯ᠎ᠠ᠎ᠳᠤ ᠴᠢᠬᠣᠯᠠ  ᠪᠠᠢᠷᠢ ᠰᠠᠭᠤᠷᠢ ᠲᠠᠢ᠂ ᠬᠦᠨᠳᠣ ᠬᠠᠷᠢᠭᠤᠴᠠᠯᠭ᠎ᠠ ᠲᠠᠢ ᠶᠣᠮ᠃ ᠤᠯᠤᠰ᠎ᠤᠨ ᠶᠡᠷᠦᠩᠬᠡᠶ ᠠᠮᠤᠷ ᠲᠦᠪᠱᠢᠨ᠎ᠦ ᠦᠵᠡᠯᠲᠡ᠎ᠶ᠋ᠢ ᠭᠦᠨᠵᠡᠭᠡᠶ ᠲᠤᠭᠤᠱᠢᠯᠠᠭᠤᠯᠵᠤ᠂ ᠤᠯᠤᠰ᠎ᠤᠨ ᠤᠯᠤᠰ ᠲᠥᠷᠥ᠎ᠶ᠋ᠢᠨ ᠠᠮᠤᠷ ᠲᠦᠪᠱᠢᠨ᠎ᠢ ᠬᠠᠮᠠᠭᠠᠯᠠᠬᠤ᠎ᠶ᠋ᠢ ᠲᠡᠷᠢᠭᠦᠨ ᠪᠠᠢᠷᠢᠨ᠎ᠳᠤ ᠲᠠᠯᠪᠢᠵᠤ ᠂ ᠠᠮᠤᠷ ᠲᠦᠪᠱᠢᠨ ᠬᠥᠭ᠌ᠵᠢᠯᠲᠡ᠎ᠶ᠋ᠢᠨ ᠬᠣᠷᠢᠭ᠎ᠠ ᠱᠤᠭᠤᠮ᠎ᠢ ᠪᠠᠲᠤ ᠰᠠᠬᠢᠵᠤ᠂ ᠶᠡᠬᠡ ᠠᠮᠤᠷ ᠲᠦᠪᠱᠢᠨ᠎ᠦ ᠪᠠᠢᠷᠢᠱᠢᠯ᠎ᠢ ᠲᠦᠷᠭᠡᠳᠭᠡᠨ ᠪᠠᠢᠭᠤᠯᠵᠤ᠂ ᠶᠡᠬᠡ ᠠᠮᠤᠷ ᠲᠦᠪᠱᠢᠨ᠎ᠦ ᠱᠢᠰᠲ᠋ᠧᠮ᠎ᠢ ᠲᠡᠭᠦᠯᠳᠡᠷᠵᠢᠭᠦᠯᠦᠨ᠂ ᠴᠢᠨᠠᠷ ᠰᠠᠢᠲᠠᠶ ᠬᠥᠭ᠌ᠵᠢᠯᠲᠡ ᠪᠠ ᠥᠨᠳᠥᠷ ᠲᠦᠪᠱᠢᠨ ᠪᠥᠬᠥᠶ ᠠᠮᠤᠷ ᠲᠦᠪᠱᠢᠨ᠎ᠦ ᠰᠠᠢᠨ ᠨᠥᠬᠥᠴᠡᠯᠳᠦᠯ᠎ᠢ ᠠᠬᠢᠭᠤᠯᠵᠤ᠂ ᠨᠡᠢᠭᠡᠮ᠎ᠦᠨ ᠨᠠᠩ ᠠᠮᠤᠷ ᠲᠣᠭ᠍ᠲᠠᠭᠤᠨ᠂ ᠠᠷᠠᠳ ᠲᠦᠮᠡᠨ᠎ᠦ ᠨᠠᠩ ᠠᠮᠤᠷ ᠠᠮᠤᠭᠤᠯᠠᠩ ᠪᠠᠢᠬᠤ᠎ᠶ᠋ᠢ ᠦᠨᠡᠨ ᠬᠦ᠌ ᠪᠠᠲᠤᠯᠠᠨ᠂ ᠥᠪᠥᠷ ᠮᠣᠩᠭᠣᠯ᠎ᠤᠨ ᠲᠣᠭ᠍ᠲᠠᠭᠤᠨ ᠪᠠᠢᠳᠠᠯ᠎ᠢᠶᠠᠷ ᠬᠢᠯᠢ ᠬᠢᠵᠠᠭᠠᠷ᠎ᠤᠨ ᠠᠮᠤᠷ ᠲᠦᠪᠱᠢᠨ᠎ᠢ ᠬᠠᠮᠠᠭᠠᠯᠠᠵᠤ᠂ ᠨᠡᠢᠰᠯᠡᠯ᠎ᠦᠨ ᠠᠮᠤᠷ ᠲᠦᠪᠱᠢᠨ᠎ᠢ ᠬᠠᠮᠠᠭᠠᠯᠠᠬᠤ ᠬᠡᠷᠡᠭ᠌ᠲᠡᠶ᠃ ᠤᠯᠤᠰ᠎ᠤᠨ ᠠᠮᠤᠷ ᠲᠦᠪᠱᠢᠨ᠎ᠦ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠬᠤ ᠬᠡᠷᠡᠭ᠌ᠲᠡᠢ᠃ ᠨᠠᠮ᠎ᠤᠨ ᠬᠣᠷᠢᠶ᠎ᠠ ( ᠨᠠᠮ᠎ᠤᠨ ᠤᠳᠤᠷᠢᠳᠭᠤ ᠳᠤᠭᠤᠢᠯᠠᠩ ) ᠎ᠶ᠋ᠢᠨ ᠤᠯᠤᠰ᠎ᠤᠨ᠎ᠠᠮᠤᠷ᠎ᠲᠦᠪᠱᠢᠨ᠎ᠦ᠎ᠬᠠᠷᠢᠭᠤᠴᠠᠯᠭ᠎ᠠ᠎ᠶ᠋ᠢᠨ᠎ᠲᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠤᠯᠤᠰ᠎ᠤᠨ ᠠᠮᠤᠷ ᠲᠦᠪᠱᠢᠨ᠎ᠦ ᠬᠢᠨᠠᠨ ᠪᠠᠢᠴᠠᠭᠠᠬᠤ ᠪᠠ ᠬᠢᠨᠠᠨ ᠬᠠᠮᠢᠶᠠᠷᠬᠤ ᠲᠦᠷᠢᠮ᠎ᠢ ᠲᠡᠭᠦᠯᠳᠡᠷᠵᠢᠭᠦᠯᠦᠨ᠂ ᠠᠶᠤᠯ ᠲᠦᠭ᠌ᠰᠢᠭᠦᠷᠢ᠎ᠶ᠋ᠢ ᠰᠤᠳᠤᠯᠤᠨ ᠮᠠᠭᠠᠳᠯᠠᠬᠤ᠂ ᠰᠡᠷᠭᠡᠢᠯᠡᠨ ᠡᠵᠡᠮᠳᠡᠬᠦ᠌ ᠲᠠᠯ᠎ᠠ᠎ᠪᠠᠷ ᠬᠠᠮᠵᠢᠯᠴᠠᠬᠤ᠂ ᠰᠡᠷᠭᠡᠢᠯᠡᠨ ᠠᠷᠢᠯᠭᠠᠬᠤ ᠲᠣᠭ᠍ᠲᠠᠴᠠ᠎ᠶ᠋ᠢ ᠪᠦᠷᠢᠨᠱᠢᠭᠦᠯᠵᠦ᠍᠂ ᠡᠯ᠎ᠡ ᠬᠦᠷᠢᠶ᠎ᠡ ᠡᠯ᠎ᠡ ᠲᠠᠰ ᠳᠠᠪᠬᠤᠷᠭ᠎ᠠ᠎ᠶ᠋ᠢ ᠬᠠᠮᠤᠷᠤᠭ᠍ᠰᠠᠨ᠂ ᠬᠤᠷᠴᠠ ᠰᠡᠷᠭᠡᠭ ᠵᠣᠬᠢᠴᠠᠩᠭᠤᠶ ᠥᠨᠳᠥᠷ ᠪᠦᠲᠦᠮᠵᠢᠲᠡᠶ ᠠᠮᠤᠷ ᠲᠦᠪᠱᠢᠨ᠎ᠦ ᠰᠡᠷᠭᠡᠢᠯᠡᠨ ᠡᠵᠡᠮᠳᠡᠬᠦ᠌ ᠲᠤᠤᠷ᠎ᠢ ᠲᠦᠷᠭᠡᠪᠴᠢᠯᠡᠨ ᠪᠠᠢᠭᠤᠯᠤᠨ᠎ᠠ᠃ ᠨᠠᠮ ᠵᠠᠰᠠᠭ ᠴᠡᠷᠢᠭ ᠴᠠᠭ᠍ᠳᠠᠭ᠎ᠠ ᠠᠷᠠᠳ ᠬᠦᠴᠦ᠍᠎ᠪᠡᠨ ᠬᠠᠮᠲᠤᠳᠭᠠᠨ ᠬᠢᠯᠢ ᠬᠢᠵᠠᠭᠠᠷ᠎ᠢ ᠬᠦᠴᠦᠷᠬᠡᠭ᠌ᠵᠢᠭᠦᠯᠵᠦ᠍ ᠰᠡᠷᠭᠡᠢᠯᠡᠯᠲᠡ᠎ᠶ᠋ᠢ ᠪᠡᠬᠢᠵᠢᠭᠦᠯᠬᠦ᠌᠎ᠶ᠋ᠢ ᠴᠢᠩᠭᠠᠳᠭᠠᠵᠤ᠂ ᠬᠢᠯᠢ ᠬᠢᠵᠠᠭᠠᠷ ᠣᠷᠣᠨ᠎ᠤ ᠪᠣᠰᠣᠭ᠎ᠠ ᠴᠣᠭ᠍ᠴᠠᠲᠤ ᠣᠶᠤᠨᠴᠢ ᠰᠡᠷᠭᠡᠢᠯᠡᠨ ᠡᠵᠡᠮᠳᠡᠬᠦ᠌ ᠱᠢᠰᠲ᠋ᠧᠮ᠎ᠦᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠶ ᠠᠬᠢᠭᠤᠯᠬᠣ ᠬᠡᠷᠡᠭᠳᠡᠢ᠃ ᠣᠯᠠᠨ ᠨᠡᠢᠲᠡ᠎ᠶ᠋ᠢᠨ ᠠᠮᠤᠷ ᠲᠦᠪᠱᠢᠨ᠎ᠦ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠬᠦ ᠬᠡᠷᠡᠭᠳᠡᠢ᠃ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠱᠢᠰᠲ᠋ᠧᠮ ᠪᠣᠯᠤᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠭᠠᠮᠱᠢᠭ᠎ᠢ ᠰᠡᠷᠭᠡᠢᠯᠡᠬᠦ᠌ ᠭᠠᠮᠱᠢᠭ᠎ᠢ ᠪᠠᠭᠠᠰᠭᠠᠬᠤ ᠭᠠᠮᠱᠢᠭ᠎ᠲᠠᠶ ᠲᠡᠮᠡᠴᠡᠬᠦ᠌ ᠭᠠᠮᠱᠢᠭ᠎ᠠᠴᠠ ᠠᠪᠤᠷᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠨᠡᠢᠭᠡᠮ᠎ᠦᠨ ᠲᠣᠭ᠍ᠲᠠᠭᠤᠨ ᠪᠠ ᠠᠮᠤᠷ ᠲᠦᠪᠱᠢᠨ᠎ᠢ ᠪᠦᠬᠦ᠌ ᠬᠦᠴᠦᠨ᠎ᠢᠶᠡᠷ᠎ᠢᠶᠡᠨ ᠬᠠᠮᠠᠭᠠᠯᠠᠨ᠎ᠠ᠃ ᠵᠠᠬᠢᠳᠠᠯ ᠰᠤᠷᠪᠤᠯᠵᠢᠯᠠᠯ᠎ᠦᠨ ᠠᠵᠢᠯ᠎ᠢ ᠴᠢᠩᠭᠠᠳᠭᠠᠨ ᠰᠠᠢᠵᠢᠷᠠᠭᠤᠯᠵᠤ᠂ ᠤᠯᠠᠨ ᠲᠦᠮᠡᠨ᠎ᠦ ᠵᠦᠢ ᠵᠣᠬᠢᠰᠲᠠᠢ ᠬᠠᠤᠯᠢ ᠶᠣᠰᠣᠨ᠎ᠤ ᠬᠦᠰᠡᠯ ᠱᠠᠭᠠᠷᠳᠠᠯᠭ᠎ᠠ᠎ᠶ᠋ᠢ ᠬᠠᠤᠯᠢ ᠶᠣᠰᠣᠭᠠᠷ ᠲᠣᠬᠢᠲᠠᠢ ᠱᠢᠢᠳᠪᠦᠷᠢᠯᠡᠨ᠎ᠡ᠃᠎ᠨᠡᠢᠭᠡᠮ᠎ᠦᠨ ᠲᠠᠯ᠎ᠠ᠎ᠶ᠋ᠢᠨ ᠤᠶᠤᠨᠲᠤ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠲᠡᠮᠡᠴᠡᠯ᠎ᠢ ᠪᠠᠢᠩᠭᠤᠵᠢᠭᠤᠯᠤᠨ ᠥᠷᠨᠢᠭᠦᠯᠬᠦ ᠭᠡᠷᠡᠭᠳᠡᠢ᠃(ᠵᠣᠬᠢᠶᠠᠭ᠍ᠴᠢ᠄ ᠥᠪᠥᠷ ᠮᠣᠩᠭᠣᠯ᠎ᠤᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠦᠷᠢᠶᠡᠯᠡᠩ )

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号