ᠨᠠᠩ ᠰᠠᠢᠨ ᠰᠠᠢᠬᠠᠨ ᠢᠷᠡᠭᠡᠳᠦᠶ ᠶ᠋ᠢ ᠴᠢᠷᠮᠠᠢᠨ ᠴᠣᠭ᠍ᠴᠠᠯᠠᠶ᠎ᠠ ​
2021-12-17 11:16:51
ᠵᠣᠬᠢᠶᠠᠭ᠍ᠴᠢ᠄
ᠳ᠋ᠦ᠋ ᠢ ᠱᠢᠨ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯ ᠮᠠᠨ᠎ᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠦᠨ ᠤᠢ᠎ᠶ᠋ᠢᠨ ᠲᠠᠱᠢᠷᠠᠮ᠎ᠳᠤ᠂ ᠮᠠᠨ᠎ᠤ ᠤᠯᠤᠰ ᠨᠡᠢᠭᠡᠮ ᠵᠢᠷᠤᠮᠳᠦ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠤᠷᠤᠬ᠍ᠰᠠᠨ ᠴᠢᠬᠤᠯᠠ ᠴᠠᠭ ᠦᠶ᠎ᠡ᠎ᠳᠦ ᠬᠤᠷᠠᠯᠳᠤᠭ᠍ᠰᠠᠨ ᠨᠢᠭᠡ ᠤᠳᠠᠭ᠎ᠠ᠎ᠶ᠋ᠢᠨ ᠲᠤᠢᠯ᠎ᠤᠨ ᠴᠢᠬᠤᠯᠠ ᠶᠡᠬᠡ ᠬᠤᠷᠠᠯ ᠪᠣᠯᠤᠨ᠎ᠠ᠃ ᠬᠤᠷᠠᠯ᠎ᠤᠨ ᠵᠣᠷᠢᠭ ᠰᠠᠨᠠᠭ᠎ᠠ᠎ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠥᠩᠭᠡᠷᠡᠭ᠌ᠰᠡᠨ᠂ ᠣᠲᠣ ᠪᠠ ᠢᠷᠡᠭᠡᠳᠦᠶ᠎ᠶ᠋ᠢᠨ ᠲᠤᠬᠠᠶ ᠪᠣᠳᠣᠯᠬᠢᠯᠠᠯ᠂ ᠲᠠᠨᠢᠯᠲᠠ᠂ ᠲᠥᠯᠥᠪᠵᠢᠭᠦᠯᠭᠡ ᠪᠠ ᠪᠠᠢᠷᠢᠱᠢᠭᠤᠯᠤᠯᠲᠠ᠎ᠶ᠋ᠢ ᠢᠯᠡᠷᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠬᠣᠢᠱᠢᠳᠠ᠎ᠶ᠋ᠢᠨ ᠬᠥᠭ᠌ᠵᠢᠯᠲᠡ᠎ᠶ᠋ᠢᠨ ᠬᠠᠷᠠᠯᠲᠠ᠂ ᠡᠭᠦᠷᠭᠡ᠂ ᠠᠷᠭ᠎ᠠ ᠵᠠᠮ ᠪᠠ ᠦᠷ᠎ᠡ ᠪᠦᠲᠦᠮᠵᠢ᠎ᠶ᠋ᠢ ᠲᠣᠭ᠍ᠲᠠᠭᠠᠵᠤ᠂ ᠪᠥᠬᠥ᠌ ᠣᠷᠣᠨ᠎ᠤ ᠬᠥᠭ᠌ᠵᠢᠯᠲᠡ ᠳᠠᠪᠱᠢᠯᠲᠠ᠎ᠳᠦ ᠵᠢᠯᠣᠭᠣᠳᠤᠮᠵᠢ ᠪᠠ ᠬᠥᠳᠡᠯᠭᠡᠬᠦ᠌ ᠬᠦᠴᠦᠨ᠎ᠢ ᠬᠠᠩᠭᠠᠪᠠ᠃

ᠬᠤᠷᠠᠯ᠎ᠦᠨ ᠵᠤᠷᠢᠭ ᠰᠠᠨᠠᠭᠠᠨ᠎ᠦ ᠤᠯᠤᠰ ᠲᠥᠷᠥ᠎ᠶ᠋ᠢᠨ ᠤᠬᠠᠮᠰᠠᠷ᠎ᠢ ᠭᠦᠨᠵᠡᠭᠡᠶ ᠣᠢᠯᠠᠭᠠᠬᠤ ᠬᠡᠷᠡᠭ᠌ᠲᠡᠶ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠠᠴᠠ᠂ ᠥᠩᠭᠡᠷᠡᠭ᠌ᠰᠡᠨ ᠲᠠᠪᠤᠨ ᠵᠢᠯ᠎ᠢ ᠡᠷᠭᠢᠴᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢᠯ᠎ᠦᠨ ᠠᠵᠢᠯ ᠦᠢᠯᠡᠰ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠪᠡᠶᠡᠯᠡᠭᠦᠯᠵᠦ᠍ ᠴᠢᠳᠠᠭ᠍ᠰᠠᠨ᠎ᠤ ᠬᠠᠮᠤᠭ᠎ᠤᠨ ᠦᠨᠳᠦᠰᠦᠨ ᠱᠢᠯᠲᠠᠭᠠᠨ ᠨᠢ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ᠎ᠳᠤ ᠪᠤᠢ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠤᠢ᠂ ᠶᠡᠷᠦᠩᠬᠡᠢ ᠱᠦᠵᠢ ᠰᠢ ᠵᠢᠨ ᠫᠢᠩ ᠪᠡᠶ᠎ᠡ᠎ᠪᠡᠷ᠎ᠢᠶᠡᠨ ᠥᠪᠥᠷ ᠮᠣᠩᠭᠣᠯ᠎ᠤᠨ ᠴᠢᠭ᠌ᠯᠡᠯ᠎ᠢ ᠲᠣᠭ᠍ᠲᠠᠭᠠᠵᠤ᠂ ᠵᠠᠮ᠎ᠢ ᠵᠢᠭᠠᠨ ᠠᠶᠠᠯᠠᠯ᠎ᠢ ᠵᠢᠯᠣᠭᠣᠳᠤᠭ᠍ᠰᠠᠨ᠎ᠳᠤ ᠪᠤᠢ ᠬᠡᠵᠦ ᠵᠢᠭᠠᠵᠦ ᠭᠠᠷᠭᠠᠪᠠ᠃ ᠥᠪᠥᠷ ᠮᠣᠩᠭᠣᠯ᠎ᠤᠨ ᠠᠵᠢᠯ᠎ᠢ ᠰᠠᠢᠲᠤᠷ ᠬᠢᠵᠦ᠍᠂ ᠥᠪᠥᠷ ᠮᠣᠩᠭᠣᠯ᠎ᠤᠨ ᠶᠠᠪᠤᠳᠠᠯ᠎ᠢ ᠰᠠᠢᠲᠤᠷ ᠬᠢᠬᠦ᠌᠎ᠶ᠋ᠢᠨ ᠬᠠᠮᠤᠭ᠎ᠤᠨ ᠦᠨᠳᠦᠰᠦᠨ ᠨᠢᠭᠡᠨ ᠵᠦᠢᠯ ᠪᠣᠯ ᠢᠮᠠᠭ᠍ᠲᠠ᠎ᠤᠬᠠᠮᠰᠠᠷ ᠡᠴᠠ᠎ᠪᠠᠨ ᠨᠠᠮ᠎ᠤᠨ ᠲᠥᠪ ᠬᠤᠷᠢᠶ᠎ᠡ᠎ᠲᠠᠶ ᠨᠢᠭᠡᠳᠦᠯᠲᠡᠢ ᠪᠠᠢᠵᠤ᠂ ᠢᠮᠠᠭ᠍ᠲᠠ 《 ᠬᠣᠶᠠᠷ᠎ᠢ ᠬᠠᠮᠠᠭᠠᠯᠠᠬᠤ 》 ᠵᠢ ᠡᠷᠡᠰ ᠪᠡᠶᠡᠯᠡᠭᠦᠯᠬᠦ᠌ ᠶᠠᠪᠤᠳᠠᠯ ᠪᠣᠯᠤᠨ᠎ᠠ᠃ ᠶᠡᠬᠡ ᠬᠤᠷᠠᠯ᠎ᠠᠴᠠ ᠨᠡᠢᠭᠡᠮ ᠵᠢᠷᠤᠮᠳᠦ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳ᠋ᠡᠬᠢ ᠥᠪᠥᠷ ᠮᠣᠩᠭᠣᠯ᠎ᠤᠨ ᠴᠢᠬᠤᠯᠠ ᠶᠡᠬᠡ ᠬᠠᠷᠢᠭᠤᠴᠠᠯᠭ᠎ᠠ ᠪᠣᠯᠤᠨ ᠢᠷᠠᠭᠤ ᠠᠯᠳᠠᠷᠲᠤ ᠡᠭᠦᠷᠭᠡ᠎ᠶ᠋ᠢ ᠵᠢᠭᠠᠵᠤ ᠭᠠᠷᠭᠠᠪᠠ ᠂ ᠡᠨᠡ ᠨᠢ ᠳᠠᠷᠤᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠬᠠᠮᠠᠭᠠᠯᠠᠵᠤ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠦᠭᠡᠢ ᠬᠦᠭᠵᠢᠬᠦᠯᠬᠦ ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠰᠠᠢᠲᠤᠷ ᠵᠠᠮᠨᠠᠵᠤ᠂ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶᠠᠨ᠎ᠤ ᠥᠪᠥᠷ ᠮᠣᠩᠭᠣᠯ᠎ᠳᠤ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠶᠣᠰᠣᠭᠠᠷ᠂ 《ᠬᠣᠶᠠᠷ ᠬᠠᠯᠬᠠᠪᠴᠢ》 《ᠬᠣᠶᠠᠷ ᠰᠠᠭᠤᠷᠢᠨ》 《ᠨᠢᠭᠡ ᠪᠡᠬᠢᠯᠡᠯᠲᠡ》 ᠵᠢ ᠲᠦᠷᠭᠡᠳᠭᠡᠨ ᠪᠦᠳᠦᠭᠡᠨ ᠪᠠᠢᠭᠤᠯᠬᠤ ᠶᠠᠪᠤᠳᠠᠯ ᠪᠣᠯᠤᠨ᠎ᠠ᠃

ᠬᠣᠢᠱᠢᠳᠠ᠎ᠶ᠋ᠢᠨ ᠲᠠᠪᠤᠨ ᠵᠢᠯ᠎ᠦᠨ ᠠᠵᠢᠯ᠎ᠢ ᠪᠠᠢᠷᠢᠯᠠᠭᠤᠯᠬᠤ᠎ᠳᠠᠭᠠᠨ᠂ ᠶᠡᠬᠡ ᠬᠤᠷᠠᠯ᠎ᠠᠴᠠ 《 〈 ᠬᠣᠶᠠᠷ᠎ᠢ ᠬᠠᠮᠠᠭᠠᠯᠠᠬᠤ 〉 ᠵᠢ ᠡᠷᠡᠰ ᠪᠡᠶᠡᠯᠡᠭᠦᠯᠵᠦ᠍᠂ ᠡᠯ᠎ᠡ ᠵᠦᠢᠯ᠎ᠦᠨ ᠠᠵᠢᠯ ᠦᠢᠯᠡᠰ ᠢᠮᠠᠭ᠍ᠲᠠ ᠵᠥᠪ ᠤᠯᠤᠰ ᠲᠦᠷᠦ᠍᠎ᠶ᠋ᠢᠨ ᠴᠢᠭ᠌ᠯᠡᠯ᠎ᠢᠶᠡᠷ ᠤᠷᠤᠭ᠍ᠰᠢᠯᠠᠬᠤ᠎ᠶ᠋ᠢ ᠪᠠᠲᠤᠯᠠᠬᠤ ᠬᠡᠷᠡᠭ᠌ᠲᠡᠢ》ᠭᠡᠵᠦ᠍ ᠴᠢᠬᠤᠯᠠᠴᠢᠯᠠᠪᠠ᠃ ᠨᠠᠮ᠎ᠤᠨ ᠪᠦᠯᠬᠦᠮᠳᠡᠯ ᠨᠢᠭᠡᠳᠦᠯ᠎ᠢ ᠡᠷᠡᠰ ᠪᠠᠲᠤ ᠤᠬᠠᠮᠰᠠᠷ᠎ᠠᠴᠠ᠎ᠪᠠᠨ ᠬᠠᠮᠠᠭᠠᠯᠠᠵᠤ᠂ 《ᠤᠯᠤᠰ᠎ᠤᠨ ᠶᠡᠬᠡ ᠶᠠᠪᠤᠳᠠᠯ》 ᠎ᠢ ᠢᠮᠠᠭ᠍ᠲᠠ ᠪᠠᠲᠤ ᠴᠡᠭᠡᠵᠢᠯᠡᠬᠦ᠌᠎ᠶ᠋ᠢ ᠱᠠᠭᠠᠷᠳᠠᠬᠤ᠎ᠠᠴᠠ ᠭᠠᠳᠠᠨ᠎ᠠ᠂ 《ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠡᠷᠡ ᠶᠣᠰᠣᠭᠠᠷ ᠨᠢ ᠲᠤᠭᠤᠱᠢᠯᠠᠭᠤᠯᠤᠨ ᠬᠡᠷᠡᠭ᠌ᠵᠢᠭᠦᠯᠬᠦ᠌ 》 ᠎ᠶ᠋ᠢ ᠴᠢᠬᠤᠯᠠᠴᠢᠯᠠᠵᠤ᠂᠎ᠢᠮᠠᠭ᠍ᠲᠠ ᠨᠠᠮ᠎ᠤᠨ ᠲᠥᠪ ᠬᠣᠷᠢᠶᠠᠨ᠎ᠤ ᠵᠣᠷᠢᠭ ᠰᠠᠨᠠᠭ᠎ᠠ᠎ᠶ᠋ᠢ ᠨᠠᠢᠳᠠᠪᠤᠷᠢᠵᠢᠭᠤᠯᠬᠤ ᠎ᠪᠠᠷ ᠤᠷᠢᠲᠠᠯ ᠪᠣᠯᠭᠠᠨ ᠠᠵᠢᠯ᠎ᠢᠶᠠᠨ ᠥᠷᠨᠢᠭᠦᠯᠵᠦ᠍᠂ ᠡᠩᠨᠡᠭᠡ᠎ᠡᠴᠡ᠎ᠪᠡᠨ ᠬᠣᠴᠣᠷᠬᠤ ᠦᠭᠡᠢ᠂ ᠬᠡᠯᠪᠡᠢᠬᠦ᠌ ᠦᠭᠡᠢ ᠪᠠᠢᠵᠤ᠂ ᠣᠪᠯᠠᠨ ᠠᠭᠠᠱᠢᠯᠠᠬᠤ᠂ ᠨᠥᠬᠥᠴᠡᠯ ᠲᠣᠷᠠᠳᠬᠣ᠂ ᠳᠤᠲᠠᠭᠤ ᠲᠤᠷᠭᠤᠨ ᠬᠢᠬᠦ᠌᠂ ᠰᠣᠩᠭᠣᠯᠲᠠ ᠬᠢᠬᠦ᠌᠂ ᠵᠣᠬᠢᠴᠠᠭᠤᠯᠤᠨ ᠬᠤᠪᠢᠷᠠᠭᠤᠯᠬᠤ ᠦᠢᠯᠡ ᠠᠵᠢᠯᠯᠠᠭ᠎ᠠ᠎ᠶ᠋ᠢ ᠡᠷᠡᠰ ᠡᠰᠡᠷᠭᠦᠴᠡᠨ ᠵᠠᠯᠠᠷᠠᠭᠤᠯᠬᠤ ᠬᠡᠷᠡᠭ᠌ᠲᠡᠢ᠃

ᠬᠣᠷᠠᠯ᠎ᠦᠨ ᠵᠣᠷᠢᠬ ᠰᠠᠨᠠᠭᠠᠨ ᠎ᠦ ᠪᠣᠭᠣᠮᠲᠠ ᠱᠢᠪᠲᠤᠯᠬᠤ ᠡᠷᠴᠢ ᠵᠣᠷᠢᠭ᠎ᠢ ᠭᠦᠨᠵᠡᠭᠡᠶ ᠣᠢᠯᠠᠭᠠᠬᠤ ᠬᠡᠷᠡᠭ᠌ᠲᠡᠶ᠃ ᠥᠩᠭᠡᠷᠡᠭ᠌ᠰᠡᠨ ᠲᠠᠪᠤᠨ ᠵᠢᠯ ᠪᠣᠯ ᠲᠤᠢᠯ᠎ᠤᠨ ᠶᠡᠷᠦ᠍ ᠪᠤᠰᠤ᠎ᠶ᠋ᠢᠨ ᠲᠠᠪᠤᠨ ᠵᠢᠯ ᠮᠥᠨ᠂ ᠠᠮᠵᠢᠯᠲᠠ ᠪᠦᠲᠦᠮᠵᠢ ᠪᠠ ᠦᠷ᠎ᠡ ᠪᠦᠲᠦᠮᠵᠢ ᠮᠠᠰᠢ ᠠᠷᠪᠢᠨ᠂ ᠨᠤᠭᠤᠷᠠᠯ ᠪᠦᠳᠦᠷᠢᠯ ᠪᠠ ᠬᠦᠴᠢᠷ ᠪᠡᠷᠬᠡᠱᠢᠶᠡᠯ ᠴᠦ᠍ ᠴᠥᠭᠡᠨ ᠪᠤᠰᠤ ᠪᠠᠢᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠡ ᠴᠠᠭ᠎ᠢ ᠦᠵᠡᠨ ᠪᠠᠢᠳᠠᠯ᠎ᠢ ᠱᠢᠨᠵᠢᠵᠦ᠍᠂ ᠪᠠᠢᠳᠠᠯ᠎ᠢ ᠦᠨᠳᠦᠰᠦᠯᠡᠨ ᠠᠵᠢᠯᠯᠠᠵᠤ᠂ ᠬᠦᠴᠢᠷ᠎ᠢ ᠰᠦᠷᠦᠨ ᠤᠷᠤᠭ᠍ᠰᠢᠯᠠᠵᠤ᠂ ᠴᠥᠭᠡᠨ ᠪᠤᠰᠤ ᠪᠠᠴᠢᠮ ᠬᠦᠴᠢᠷ ᠠᠶᠤᠯᠲᠠᠢ ᠴᠢᠬᠤᠯᠠ ᠰᠡᠳᠦᠪ᠎ᠢ ᠠᠷᠭᠠᠴᠠᠭᠠᠨ ᠱᠢᠢᠳᠪᠦᠷᠢᠯᠡᠪᠡ᠃ ᠵᠢᠱ᠌ᠢᠶᠡᠯᠡᠪᠡᠯ᠂ ᠠᠵᠤ ᠠᠬᠤᠢ ᠪᠠᠭᠤᠷᠠᠬᠤ ᠳᠠᠷᠤᠯᠲᠠ᠎ᠶ᠋ᠢᠨ ᠡᠮᠦᠨ᠎ᠡ᠂ ᠪᠢᠳᠡ ᠢᠳᠡᠪᠬᠢᠲᠡᠢ ᠠᠷᠭᠠᠴᠠᠭᠠᠵᠤ᠂ ᠠᠵᠤ ᠠᠬᠤᠢ᠎ᠶ᠋ᠢᠨ ᠵᠦᠢ ᠵᠣᠬᠢᠰᠲᠠᠢ ᠨᠡᠮᠡᠭ᠌ᠳᠡᠯ᠎ᠢ ᠪᠠᠲᠤᠯᠠᠵᠤ᠂ ᠪᠠᠭᠤᠷᠠᠬᠤ ᠳᠠᠷᠤᠯᠲᠠ᠎ᠶ᠋ᠢ ᠪᠦᠳᠦᠮᠵᠢᠳᠡᠢ ᠰᠡᠷᠭᠡᠢᠯᠡᠪᠡ; ᠥᠷᠢ ᠥᠭ᠌ᠴᠡᠭᠡ᠎ᠶ᠋ᠢ ᠨᠠᠮᠳᠠᠭᠣᠯᠬᠣ᠂ ᠢᠯᠡ ᠪᠠ ᠳᠠᠯᠳᠠ ᠥᠷᠢ ᠥᠭ᠌ᠴᠡᠭᠡ᠎ᠶ᠋ᠢ ᠯᠠᠪᠳᠠᠭᠤᠨ᠎ᠢᠶᠠᠷ ᠲᠥᠯᠥᠬᠦ᠌᠎ᠶ᠋ᠢ ᠪᠦᠲᠦᠮᠵᠢᠲᠡᠢ ᠠᠬᠢᠭᠤᠯᠵᠤ᠂ ᠡᠳ᠋᠎ᠦᠨ ᠵᠠᠰᠠᠭ᠎ᠤᠨ ᠥᠷᠢ ᠥᠭ᠌ᠴᠡᠭᠡ᠎ᠶ᠋ᠢᠨ ᠭᠦᠢᠴᠡᠳᠭᠡᠯ ᠲᠣᠭ᠎ᠠ᠎ᠶ᠋ᠢ ᠤᠯᠠᠭᠠᠨ ᠰᠡᠷᠡᠮᠵᠢ ᠡᠴᠠ ᠭᠠᠷᠭᠠᠪᠠ; ᠦᠨᠳᠦᠰᠦᠲᠡᠨ᠎ᠦ ᠠᠵᠢᠯ᠎ᠤᠨ ᠬᠡᠯᠪᠡᠢᠭᠦᠦ ᠪᠠᠢᠳᠠᠯ᠎ᠢ ᠵᠠᠯᠠᠷᠠᠭᠤᠯᠬᠤ᠎ᠶ᠋ᠢ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠢᠳᠡᠪᠬᠢᠲᠡᠢ ᠪᠠᠲᠤ ᠴᠣᠭ᠍ᠴᠠᠯᠠᠵᠤ᠂ ᠦᠨᠳᠦᠰᠦᠲᠡᠨ᠎ᠦ ᠠᠵᠢᠯ᠎ᠤᠨ ᠵᠥᠪ ᠵᠠᠮ᠎ᠢᠶᠠᠷ ᠶᠠᠪᠤᠭ᠍ᠳᠠᠬᠤ᠎ᠶ᠋ᠢ ᠠᠬᠢᠭᠤᠯᠪᠠ; ᠲᠣᠮᠢᠯᠠᠨ ᠰᠠᠭᠤᠯᠭᠠᠬᠤ ᠠᠵᠢᠯᠯᠠᠬᠤ ᠠᠩᠭᠢ᠎ᠶ᠋ᠢ ᠴᠢᠩᠭᠠᠳᠭᠠᠬᠤ ᠵᠡᠷᠭᠡ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠌᠂ ᠪᠥᠬᠥ᠌ ᠤᠯᠤᠰ᠎ᠲᠠᠶ ᠬᠠᠮᠲᠤ᠎ᠪᠠᠷ ᠣᠲᠣ᠎ᠶ᠋ᠢᠨ ᠬᠡᠷᠡᠭ᠌ᠵᠢᠭᠦᠯᠵᠦ᠍ ᠪᠠᠢᠭ᠎ᠠ ᠪᠠᠷᠢᠮᠵᠢᠶ᠎ᠠ᠎ᠠᠴᠠ ᠳᠤᠤᠷ᠎ᠠ ᠪᠠᠢᠭ᠎ᠠ ᠶᠠᠳᠠᠭᠤ ᠬᠦᠴᠢᠷᠳᠡᠯᠲᠡᠶ ᠬᠥᠮᠦᠨ ᠠᠮᠠ᠎ᠶ᠋ᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠣᠬᠰᠠᠨ ᠵᠡᠷᠭᠡ ᠪᠣᠢ ᠃

ᠬᠣᠷᠠᠯ᠎ᠦᠨ ᠵᠣᠷᠢᠬ ᠰᠠᠨᠠᠭᠠᠨ᠎ᠦ ᠲᠡᠮᠡᠴᠡᠯ᠎ᠦᠨ ᠴᠢᠬᠤᠯᠠ ᠵᠣᠷᠢᠯᠲᠠ᠎ᠶ᠋ᠢ ᠭᠦᠨᠵᠡᠭᠡᠶ ᠣᠢᠯᠠᠭᠠᠬᠤ ᠬᠡᠷᠡᠭ᠌ᠲᠡᠶ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠠᠴᠠ ᠢᠷᠡᠭᠡᠳᠦᠢ᠎ᠶ᠋ᠢᠨ ᠲᠠᠪᠤᠨ ᠵᠢᠯ᠎ᠦᠨ ᠪᠦᠬᠦ᠌ ᠣᠷᠣᠨ᠎ᠤ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ᠎ᠤ ᠠᠤᠭ᠎ᠠ ᠲᠥᠰᠦᠪ᠎ᠢ ᠲᠥᠯᠥᠪᠵᠢᠭᠦᠯᠬᠦ᠌᠎ᠶ᠋ᠢᠨ ᠬᠠᠮᠲᠤ᠂ ᠬᠣᠢᠱᠢᠳᠠ᠎ᠶ᠋ᠢᠨ ᠨᠢᠭᠡ ᠬᠤᠭᠤᠴᠠᠭ᠎ᠠ ᠪᠣᠯ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠲᠤᠢᠯ᠎ᠤᠨ ᠬᠦᠴᠢᠷ ᠪᠡᠷᠬᠡᠱᠢᠶᠡᠯ᠎ᠲᠡᠶ ᠪᠣᠯᠪᠠᠴᠤ᠌ ᠪᠠᠰᠠ ᠲᠤᠢᠯ᠎ᠤᠨ ᠴᠢᠬᠤᠯᠠ ᠬᠡᠯᠪᠡᠷᠢ᠎ᠪᠡᠨ ᠬᠤᠪᠢᠷᠠᠭᠤᠯᠬᠤ ᠬᠤᠭᠤᠴᠠᠭ᠎ᠠ ᠪᠣᠯᠤᠨ᠎ᠠ ᠭᠡᠵᠦ᠍ ᠵᠢᠭᠠᠵᠤ ᠭᠠᠷᠭᠠᠪᠠ᠃

ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠪᠡᠶᠡᠯᠡᠭᠦᠯᠬᠦ᠌ ᠲᠠᠯ᠎ᠠ᠎ᠪᠠᠷ ᠨᠡᠩ ᠶᠡᠬᠡ ᠦᠷ᠎ᠡ ᠪᠦᠲᠦᠭᠡᠯ ᠤᠯᠬᠤ᠎ᠳᠤ᠂ ᠤᠯᠠᠮᠵᠢᠯᠠᠯᠲᠤ ᠨᠡᠭᠦᠷᠡᠰᠦ᠎ᠪᠡᠷ ᠰᠠᠭᠤᠷᠢ ᠪᠣᠯᠭᠠᠭ᠍ᠰᠠᠨ ᠠᠵᠤ ᠦᠢᠯᠡᠰ᠎ᠦᠨ 《ᠰᠠᠯᠵᠤ ᠳᠡᠢᠯᠬᠦ᠌ ᠦᠭᠡᠢ ᠪᠥᠭᠡᠳ ᠪᠠᠰᠠ ᠲᠦᠱᠢᠭ᠌ᠯᠡᠵᠦ᠍ ᠳᠡᠢᠯᠬᠦ᠌ ᠦᠭᠡᠢ》᠂ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠦᠨ《ᠠᠯᠤᠰ᠎ᠤᠨ ᠤᠰᠤ ᠤᠮᠳᠠ ᠲᠠᠢᠯᠵᠤ ᠴᠢᠳᠠᠬᠤ ᠦᠭᠡᠢ》 ᠪᠠᠢᠳᠠᠯ᠎ᠳᠤ ᠴᠢᠭ᠌ᠯᠡᠭᠦᠯᠦᠨ᠂ ᠠᠵᠤ ᠦᠢᠯᠡᠰ᠎ᠢ ᠣᠷᠣᠯᠠᠬᠤ ᠠᠰᠠᠭᠤᠳᠠᠯ᠎ᠢ ᠰᠠᠢᠲᠤᠷ ᠰᠤᠳᠤᠯᠤᠨ ᠱᠢᠢᠳᠪᠦᠷᠢᠯᠡᠬᠦ᠌ ᠬᠡᠷᠡᠭ᠌ᠲᠡᠢ; ᠱᠢᠨ᠎ᠡ᠎ᠶ᠋ᠢ ᠡᠭᠦᠳᠬᠦ᠌ ᠡᠬᠢ ᠪᠠᠶᠠᠯᠢᠭ ᠳᠤᠲᠠᠭ᠍ᠳᠠᠵᠤ ᠪᠠᠢᠬᠤ ᠪᠥᠭᠡᠳ ᠠᠯᠳᠠᠭ᠍ᠳᠠᠯ ᠬᠡᠴᠡᠭᠦᠳᠡᠵᠦ᠍ ᠪᠠᠢᠬᠤ᠂ ᠨᠡᠢᠭᠡᠮ ᠳᠠᠶᠠᠭᠠᠷ᠎ᠤᠨ ᠰᠤᠳᠤᠯᠤᠨ ᠨᠡᠭᠡᠭᠡᠬᠦ᠌ ᠡᠷᠴᠢᠮ᠎ᠨᠢ ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠠᠵᠤ ᠠᠬᠤᠶ᠎ᠶ᠋ᠢᠨ ᠴᠣᠭ᠍ᠴᠠ᠎ᠶ᠋ᠢᠨ ᠨᠥᠬᠥᠴᠡᠯ᠎ᠡᠴᠡ ᠳᠤᠤᠷ᠎ᠠ ᠪᠠᠢᠬᠤ ᠣᠳᠣᠬᠢ ᠪᠠᠢᠳᠠᠯ᠎ᠳᠤ ᠴᠢᠭ᠌ᠯᠡᠭᠦᠯᠦᠨ᠂ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠰᠠᠭᠤᠷᠢ᠎ᠶ᠋ᠢ ᠪᠣᠶ ᠪᠣᠯᠭᠠᠬᠤ ᠠᠰᠠᠭᠤᠳᠠᠯ᠎ᠢ ᠰᠤᠳᠤᠯᠤᠨ ᠰᠠᠢᠲᠤᠷ ᠱᠢᠶ᠋ᠳᠪᠦᠷᠢᠯᠡᠬᠦ ᠬᠡᠷᠡᠭᠳᠡᠢ; ᠭᠠᠳᠠᠭᠠᠳᠤ ᠠᠵᠤ ᠠᠬᠤᠶ ᠭᠠᠳᠠᠭᠠᠳᠤ ᠠᠷᠠᠯᠵᠢᠶᠠᠨ᠎ᠤ ᠬᠡᠪᠴᠢᠶ᠎ᠡ ᠪᠠᠭ᠎ᠠ᠂ ᠪᠣᠭᠣᠮᠲᠠ᠎ᠶ᠋ᠢᠨ ᠡᠬᠢ ᠪᠠᠶᠠᠯᠢᠭ᠎ᠤᠨ ᠠᠱᠢᠭ᠍ᠯᠠᠯᠲᠠ᠎ᠶ᠋ᠢᠨ ᠬᠡᠮᠵᠢᠶ᠎ᠡ ᠥᠨᠳᠥᠷ ᠪᠤᠰᠤ ᠪᠠᠢᠭ᠎ᠠ ᠪᠠᠢᠳᠠᠯ᠎ᠳᠤ ᠴᠢᠭ᠌ᠯᠡᠭᠦᠯᠦᠨ᠂ ᠭᠠᠳᠠᠭᠠᠳᠣ ᠎ᠳᠦ ᠬᠠᠨᠳᠣᠭᠣᠯᠣᠭᠰᠠᠨ ᠠᠵᠤ ᠠᠬᠤᠶ᠎ᠶ᠋ᠢᠨ ᠱᠢᠰᠲᠧᠮ᠎ᠦᠨ ᠪᠠᠢᠭᠤᠯᠤᠯᠲᠠ᠎ᠶ᠋ᠢᠨ ᠠᠰᠠᠭᠤᠳᠠᠯ᠎ᠢ ᠰᠤᠳᠤᠯᠤᠨ ᠰᠠᠢᠲᠤᠷ ᠱᠢᠶ᠋ᠳᠪᠦᠷᠢᠯᠡᠬᠦ ᠬᠡᠷᠡᠭᠳᠡᠢ᠃ ᠠᠮᠢ ᠠᠬᠤᠢ ᠣᠷᠴᠢᠨ ᠲᠣᠭᠣᠷᠢᠨ᠎ᠤ ᠥᠨᠳᠥᠷ ᠲᠦᠪᠱᠢᠨ ᠪᠦᠬᠦᠢ ᠬᠠᠮᠠᠭᠠᠯᠠᠯᠲᠠ ᠨᠡᠩ ᠶᠡᠬᠡ ᠦᠷ᠎ᠡ ᠪᠦᠲᠦᠮᠵᠢ ᠤᠯᠬᠤ᠎ᠶ᠋ᠢ ᠪᠡᠶᠡᠯᠡᠭᠦᠯᠬᠦ᠌᠎ᠳᠦ᠂ ᠠᠵᠤ᠎ᠦᠢᠯᠡᠰ᠎ᠦᠨ ᠪᠦᠲᠦᠴᠡ᠎ᠶ᠋ᠢᠨ ᠡᠨᠧᠷᠭᠢ᠎ᠶ᠋ᠢᠨ ᠬᠣᠷᠣᠭ᠍ᠳᠠᠯ ᠶᠡᠬᠡ ᠭᠠᠳᠠᠭ᠍ᠰᠢᠯᠠᠭᠤᠯᠤᠯᠲᠠ ᠶᠡᠬᠡ ᠪᠠᠢᠭ᠎ᠠ ᠪᠠᠢᠳᠠᠯ᠎ᠳᠤ ᠴᠢᠭ᠌ᠯᠡᠭᠦᠯᠦᠨ ᠬᠠᠷᠢᠭᠤᠴᠠᠯᠭ᠎ᠠ ᠡᠭᠦᠷᠭᠡᠯᠡᠨ ᠬᠠᠷᠢᠭᠤᠴᠠᠯᠭ᠎ᠠ᠎ᠪᠠᠨ ᠭᠦᠢᠴᠡᠳᠭᠡᠵᠦ᠍ ᠨᠡᠭᠦᠷᠡᠰᠦᠲᠥ᠋ᠷᠥᠭ᠌ᠴᠢ᠎ᠶ᠋ᠢ ᠡᠷᠡᠰ ᠪᠠᠭᠠᠰᠭᠠᠵᠤ᠂ ᠨᠡᠭᠦᠷᠡᠰᠦᠲᠥ᠋ᠷᠥᠭ᠌ᠴᠢ᠎ᠶ᠋ᠢ ᠪᠠᠭᠠᠰᠭᠠᠬᠤ ᠠᠰᠠᠭᠤᠳᠠᠯ᠎ᠢ ᠰᠤᠳᠤᠯᠤᠨ ᠰᠠᠢᠲᠤᠷ ᠱᠢᠢᠳᠪᠦᠷᠢᠯᠡᠬᠦ᠌ ᠬᠡᠷᠡᠭ᠌ᠲᠡᠢ᠃ ᠠᠷᠠᠳ ᠣᠯᠠᠨ᠎ᠤ ᠴᠢᠨᠠᠷ ᠰᠠᠢᠲᠠᠶ ᠠᠮᠢᠳᠤᠷᠠᠯ᠎ᠢ ᠡᠭᠦᠳᠦᠨ ᠪᠦᠲᠦᠭᠡᠬᠦ᠌᠎ᠶ᠋ᠢ ᠨᠠᠩ ᠶᠡᠬᠡ ᠠᠬᠢᠴᠠ᠎ᠲᠠᠶ ᠪᠣᠯᠭᠠᠬᠤ᠎ᠳᠤ᠂ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ᠎ᠨᠢ ᠣᠷᠳᠣ ᠬᠤᠭᠤᠴᠠᠭ᠎ᠠ᠎ᠪᠠᠷ ᠪᠥᠬᠥ᠌ ᠤᠯᠤᠰ᠎ᠤᠨ ᠳᠤᠮᠳᠠᠴᠢ ᠲᠦᠪᠱᠢᠨ᠎ᠡᠴᠡ ᠳᠤᠤᠷ᠎ᠠ ᠪᠠᠢᠬᠤ ᠣᠳᠣᠬᠢ ᠪᠠᠢᠳᠠᠯ᠎ᠳᠤ ᠴᠢᠭ᠌ᠯᠡᠭᠦᠯᠦᠨ᠂ ᠰᠠᠭᠤᠭᠠᠯᠢ ᠠᠷᠠᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌ ᠠᠰᠠᠭᠤᠳᠠᠯ᠎ᠢ ᠰᠤᠳᠤᠯᠤᠨ ᠱᠢᠶ᠋ᠳᠪᠦᠷᠢᠯᠡᠬᠦ᠌ ᠴᠢᠬᠤᠯᠠᠲᠠᠶ; ᠡᠳ᠋᠎ᠦᠨ ᠵᠠᠰᠠᠭ᠎ᠤᠨ ᠣᠷᠣᠯᠭ᠎ᠠ᠎ᠶ᠋ᠢᠨ ᠨᠡᠮᠡᠭ᠌ᠳᠡᠯ ᠤᠳᠠᠭᠠᠱᠢᠷᠠᠭ᠍ᠰᠠᠨ᠂ ᠦᠷᠭᠦᠯᠵᠢᠯᠡᠬᠦ᠌ ᠴᠢᠨᠠᠷ ᠪᠠᠭᠤᠷᠠᠭ᠍ᠰᠠᠨ᠂ ᠦᠨᠳᠦᠰᠦᠨ ᠱᠠᠲᠤᠨ᠎ᠤ ᠡᠳ᠋᠎ᠦᠨ ᠬᠦᠴᠦᠨ ᠬᠦᠷᠦᠯᠴᠡᠬᠦ᠌ ᠦᠭᠡᠢ ᠪᠠᠢᠭ᠎ᠠ ᠪᠣᠯᠪᠠᠴᠤ᠌ ᠠᠷᠠᠳ᠎ᠤᠨ ᠠᠮᠢᠳᠤᠷᠠᠯ᠎ᠤᠨ ᠵᠠᠷᠤᠯᠭ᠎ᠠ ᠵᠠᠢᠯᠠᠰᠢ ᠦᠭᠡᠢ ᠳᠡᠭᠡᠭ᠌ᠰᠢᠯᠡᠵᠦ᠍ ᠪᠠᠢᠭ᠎ᠠ ᠪᠠᠢᠳᠠᠯ᠎ᠳᠤ ᠴᠢᠭ᠌ᠯᠡᠭᠦᠯᠦᠨ᠂ ᠡᠳ᠋᠎ᠦᠨ ᠬᠦᠴᠦᠨ᠎ᠦ ᠪᠠᠲᠤᠯᠠᠭ᠎ᠠ᠎ᠶ᠋ᠢᠨ ᠠᠰᠠᠭᠤᠳᠠᠯ᠎ᠢ ᠰᠤᠳᠤᠯᠤᠨ ᠱᠢᠢᠳᠪᠦᠷᠢᠯᠡᠬᠦ ᠬᠡᠷᠡᠭᠳᠡᠢ᠃ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠥᠨᠳᠥᠷ ᠪᠦᠲᠦᠮᠵᠢᠲᠡᠶ ᠵᠠᠰᠠᠯᠲᠠ᠎ᠶ᠋ᠢ ᠨᠠᠩ ᠶᠡᠬᠡ ᠱᠢᠪᠲᠤᠯᠤᠯᠲᠠ᠎ᠲᠠᠶ ᠪᠣᠯᠭᠠᠬᠤ᠎ᠳᠤ᠂ ᠦᠨᠳᠦᠰᠦᠨ ᠱᠠᠲᠤᠨ᠎ᠤ ᠵᠠᠰᠠᠯᠲᠠ᠎ᠳᠤ ᠮᠥᠨ ᠬᠦ᠌ ᠳᠤᠲᠠᠭᠤᠳᠠᠯ ᠣᠷᠣᠱᠢᠵᠤ᠂ ᠨᠡᠢᠭᠡᠮ᠎ᠦᠨ ᠠᠮᠢᠵᠢᠷᠠᠯ᠎ᠤᠨ ᠬᠦᠴᠦᠨ ᠬᠦᠷᠦᠯᠴᠡᠬᠦ᠌ ᠥᠬᠡᠶ ᠪᠠᠢᠬᠤ ᠵᠡᠷᠭᠡ ᠪᠠᠢᠳᠠᠯ᠎ᠳᠤ ᠴᠢᠭ᠌ᠯᠡᠭᠦᠯᠦᠨ᠂ ᠡᠮᠬᠢ ᠳᠢᠭ᠌ᠯᠢᠮ ᠪᠠ ᠠᠮᠢᠵᠢᠷᠠᠯ᠎ᠤᠨ ᠬᠦᠴᠦᠨ᠎ᠢ ᠵᠡᠷᠭᠡ᠎ᠪᠡᠷ ᠴᠢᠬᠤᠯᠠᠴᠢᠯᠠᠬᠤ᠂ ᠥᠨᠢ ᠤᠳᠠᠭᠠᠨ ᠠᠮᠤᠷ ᠲᠦᠪᠱᠢᠨ ᠪᠠ ᠠᠮᠢᠵᠢᠷᠠᠯ᠎ᠤᠨ ᠬᠦᠴᠦᠨ ᠪᠢᠯᠬᠠᠮ᠎ᠠ ᠬᠤᠤᠰ ᠠᠮᠵᠢᠯᠲᠠ ᠤᠯᠬᠤ ᠠᠰᠠᠭᠤᠳᠠᠯ᠎ᠢ ᠰᠤᠳᠤᠯᠤᠨ ᠱᠢᠶ᠋ᠳᠪᠦᠷᠢᠯᠡᠬᠦ᠌ ᠴᠢᠬᠤᠯᠠᠲᠠᠶ᠃

( ᠵᠣᠬᠢᠶᠠᠭ᠍ᠴᠢ᠄ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠭᠡᠰᠢᠬᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠨᠠᠮ᠎ᠤᠨ ᠲᠡᠦᠬᠡ ᠪᠠ ᠲᠤᠯᠭᠤᠷ ᠪᠢᠴᠢᠭ ᠰᠤᠳᠤᠯᠬᠤ ᠲᠠᠰᠤᠭ᠎ᠤᠨ ᠡᠷᠬᠢᠯᠡᠭ᠌ᠴᠢ )


ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号