12 ᠰᠠᠷ᠎ᠠ ᠶ᠋ᠢᠨ 14 ᠤ᠋ᠡᠳᠦᠷ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠢᠯᠪᠤᠷᠢᠯᠠᠬᠤ ᠪᠦᠯᠬᠦᠮ ᠦᠬᠠᠢ ᠬᠤᠳᠠ ᠳᠤ ᠭᠦᠨᠵᠡᠭᠡᠢᠷᠡᠨ ᠤᠬᠠᠭᠤᠯᠤᠨ ᠲᠠᠢᠯᠪᠤᠷᠢᠯᠠᠪᠠ᠃
ᠲᠣᠰ ᠡᠳᠦᠷ ᠦᠨ ᠦᠳᠡ ᠶ᠋ᠢᠨ ᠡᠮᠦᠨ᠎ᠡ᠂ ᠦᠬᠠᠶ ᠬᠣᠲᠠ ᠶ᠋ᠢᠨ ᠬᠣᠲᠠ ᠶ᠋ᠢᠨ ᠠᠷᠠᠳ ᠤᠨ ᠣᠯᠠᠨ ᠴᠢᠳᠠᠪᠬᠢᠳᠤ ᠬᠤᠷᠠᠯ ᠤᠨ ᠲᠢᠩᠬᠢᠮ ᠳᠦ᠂ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠢᠯᠪᠤᠷᠢᠯᠠᠬᠤ ᠪᠦᠯᠬᠦᠮ ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠨᠡᠢᠭᠡᠮ ᠦᠨ ᠱᠢᠨᠵᠢᠯᠡᠬᠦ᠌ ᠤᠬᠠᠭᠠᠨ ᠤ ᠡᠲᠡᠭᠡᠳ ᠤᠨ ᠬᠢᠨ ᠤ ᠬᠤᠯᠪᠤᠭ᠎ᠠ ᠵᠢᠨ ᠳᠡᠳ᠋ ᠲᠡᠷᠢᠭᠦᠯᠡᠭ᠌ᠴᠢ᠂ ᠰᠤᠳᠤᠯᠤᠭ᠍ᠴᠢ ᠵᠦ᠍ ᠱᠢᠶᠤᠤ ᠵᠢᠶᠦ᠋ᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ ᠤᠨ ᠬᠤᠷᠠᠯᠳᠤᠭᠰᠠᠨ ᠠᠬᠤᠶ ᠪᠠᠢᠳᠠᠯ ᠪᠠ ᠣᠨᠴᠠᠯᠢᠭ ᠵᠢᠴᠢ 《ᠱᠢᠶ᠋ᠳᠪᠦᠷᠢ》 ᠵᠢᠨ ᠭᠤᠤᠯ ᠠᠭᠤᠯᠭ᠎ᠠ ᠶ᠋ᠢᠨ ᠲᠣᠭᠣᠷᠢᠨ ᠳᠤ᠂ 《ᠱᠢᠶ᠋ᠳᠪᠦᠷᠢ》 ᠡᠴᠡ ᠢᠷᠡᠭᠡᠳᠦᠶ ᠪᠡᠨ ᠴᠣᠭ᠍ᠴᠠᠯᠠᠬᠤ ᠣᠶᠤᠨ ᠤᠬᠠᠭᠠᠨ ᠪᠠ ᠬᠦᠴᠦᠨ ᠴᠢᠳᠠᠯ ᠤᠯᠬᠤ ᠵᠢᠴᠢ ᠥᠪᠥᠷ ᠮᠣᠩᠭᠣᠯ ᠦᠷᠭᠦᠯᠵᠢᠯᠡᠨ ᠲᠡᠮᠡᠴᠡᠬᠦ᠌ ᠳᠦᠷᠰᠦ ᠪᠠᠢᠳᠠᠯ ᠢᠶᠠᠷ ᠱᠢᠨ᠎ᠡ ᠴᠠᠭ ᠦᠶ᠎ᠡ ᠶ᠋ᠢᠨ ᠰᠢᠯᠭᠠᠯᠲᠠ ᠵᠢᠨ ᠵᠠᠮ ᠵᠢᠡᠷ ᠰᠠᠢᠲᠤᠷ ᠵᠠᠮᠨᠠᠬᠤ ᠵᠡᠷᠭᠡ ᠳᠥᠷᠪᠡᠨ ᠲᠠᠯ᠎ᠠ ᠪᠠᠷ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶ᠋ᠢᠨ ᠨᠠᠮᠤᠨ ᠲᠥᠯᠥᠭᠡᠯᠡᠭ᠌ᠴᠢᠳᠦᠨ ᠶᠡᠬᠡ ᠬᠤᠷᠠᠯ ᠤᠨ ᠵᠣᠷᠢᠭ ᠰᠠᠨᠠᠭᠠᠶ᠋ᠢ ᠱᠢᠰᠲ᠋ᠧᠮ ᠲᠡᠶ ᠤᠬᠠᠭᠤᠯᠤᠨ ᠲᠠᠢᠯᠪᠤᠷᠢᠯᠠᠪᠠ᠃ ᠤᠬᠠᠭᠤᠯᠤᠨ ᠲᠠᠢᠯᠪᠤᠷᠢᠯᠠᠯᠳᠠ ᠵᠢᠨ ᠭᠣᠣᠯ ᠰᠡᠳᠦᠪ ᠢᠯᠡ ᠲᠣᠳᠣ᠂ ᠬᠠᠷᠠᠭᠠᠰᠤ ᠥᠷᠭᠡᠨ ᠲᠡᠯᠭᠡᠷ᠂ ᠠᠭᠤᠯᠤᠭ᠍ᠳᠠᠬᠤᠨ ᠡᠯᠪᠡᠭ ᠪᠠᠶᠠᠯᠢᠭ᠂ ᠭᠦᠨᠵᠡᠭᠡᠢ ᠪᠥᠭᠡᠳ ᠣᠢᠯᠠᠭᠠᠮᠵᠢᠲᠠᠢ ᠪᠠᠢᠵᠤ᠂ ᠨᠡᠯᠢᠶᠡᠳ ᠥᠨᠳᠥᠷ ᠤᠯᠤᠰ ᠲᠦᠷᠦ᠍ ᠶ᠋ᠢᠨ ᠵᠣᠭ᠍ᠰᠣᠴᠠᠲᠠᠶ ᠮᠥᠷᠲᠡᠭᠡᠨ ᠪᠠᠰᠠ ᠦᠵᠡᠯ ᠰᠠᠨᠠᠭᠠᠨᠤ ᠭᠦᠨᠴᠡ᠂ ᠤᠨᠤᠯᠤᠨ ᠳᠤᠯᠠᠭᠠᠴᠠ ᠪᠠ ᠦᠢᠯᠡᠳᠦᠯᠭᠡ ᠶ᠋ᠢᠨ ᠵᠤᠵᠠᠭᠠᠴᠠ ᠲᠠᠢ ᠪᠠᠢᠵᠤ᠂ ᠨᠠᠮ ᠤᠨ ᠭᠡᠱᠢᠭᠦᠨ ᠺᠠᠳ᠋ᠷᠴᠤᠳ ᠪᠦᠬᠦ ᠠᠩᠬᠠᠷᠤᠯ ᠢᠶᠠᠨ ᠲᠥᠪᠯᠡᠷᠡᠭᠦᠯᠦᠨ᠂ ᠭᠣᠣᠯᠳᠠᠯᠭ᠎ᠠ ᠶ᠋ᠢ ᠨᠢ ᠲᠡᠮᠳᠡᠭ᠌ᠯᠡᠵᠦ᠍ ᠪᠠᠢᠯ᠎ᠠ᠃ ᠤᠬᠠᠭᠤᠯᠤᠨ ᠲᠠᠢᠯᠪᠤᠷᠢᠯᠠᠯᠳᠠ ᠳᠠᠭᠤᠰᠤᠭ᠍ᠰᠠᠨ ᠤ ᠳᠠᠷᠠᠭ᠎ᠠ ᠣᠯᠠᠨ ᠢᠶᠠᠷ ᠢᠶᠠᠨ ᠤᠢᠯᠠᠭᠠᠯᠲᠠ ᠨᠡᠩ ᠲᠣᠳᠣᠷᠬᠠᠶ ᠪᠤᠯᠵᠤ᠂ ᠰᠡᠳᠬᠢᠴᠡ ᠨᠡᠩ ᠲᠤᠳᠤ ᠪᠤᠯᠵᠤ᠂ ᠴᠢᠭ᠌ᠯᠡᠯ ᠨᠡᠩ ᠲᠤᠳᠤᠷᠬᠠᠢ ᠪᠣᠯᠤᠭ᠍ᠰᠠᠨ ᠪᠠᠢᠨ᠎ᠠ ᠭᠡᠵᠦ ᠢᠯᠡᠳᠬᠡᠵᠡᠭᠡᠪᠡ᠃
《ᠲᠤᠬᠠᠢ ᠶ᠋ᠢᠨ ᠲᠠᠯᠠᠪᠠᠢ ᠳᠤ ᠤᠬᠠᠭᠤᠯᠤᠨ ᠲᠠᠢᠯᠪᠤᠷᠢᠯᠠᠬᠤ ᠶ᠋ᠢ ᠰᠣᠨᠣᠰᠤᠭᠠᠳ ᠪᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶ᠋ᠢᠨ ᠨᠠᠮ ᠤᠨ ᠲᠥᠯᠥᠭᠡᠯᠡᠭ᠌ᠴᠢᠳ ᠦᠨ ᠶᠡᠬᠡ ᠬᠤᠷᠠᠯ ᠤᠨ ᠵᠣᠷᠢᠭ ᠰᠠᠨᠠᠭ᠎ᠠ ᠶ᠋ᠢᠨ ᠲᠤᠬᠠᠢ ᠨᠡᠩ ᠪᠦᠬᠦ᠌ ᠲᠠᠯ᠎ᠠ ᠶ᠋ᠢᠨ᠂ ᠱᠢᠰᠲᠸᠮ ᠲᠠᠢ᠂ ᠭᠦᠨᠵᠡᠭᠡᠢ ᠲᠠᠨᠢᠯᠲᠠ ᠲᠠᠶ ᠪᠣᠯᠵᠠᠢ᠃ ᠬᠤᠳᠠᠯᠳᠤᠭᠠᠨ ᠤ ᠶᠠᠪᠤᠳᠠᠯ ᠤᠨ ᠭᠦᠶ᠋ᠯᠭᠡᠭᠡᠨ ᠦ ᠬᠦᠷᠢᠶ᠎ᠡ ᠴᠠᠷᠠᠭ᠎ᠠ ᠵᠢᠨ ᠱᠢᠰᠲ᠋ᠧᠮ ᠦᠨ ᠪᠠᠢᠭᠤᠯᠤᠯᠲᠠ ᠵᠢᠴᠢ ᠵᠠᠬ᠎ᠠ ᠳᠡᠯᠭᠡᠭᠦᠷᠦᠨ ᠱᠢᠰᠲ᠋ᠧᠮ ᠦᠨ ᠪᠠᠢᠭᠤᠯᠤᠯᠲᠠ ᠶ᠋ᠢ ᠰᠠᠢᠲᠤᠷ ᠪᠠᠢᠭᠤᠯᠵᠤ᠂ 〈ᠰᠥᠨᠢ ᠶ᠋ᠢᠨ ᠠᠵᠤ ᠠᠬᠤᠶ〉〈ᠲᠠᠪᠴᠠᠩᠲᠤ ᠠᠵᠤ ᠠᠬᠤᠶ〉〈ᠰᠦᠯᠵᠢᠶᠡᠨ ᠤᠳᠤᠨᠤ ᠠᠵᠤ ᠠᠬᠤᠶ〉ᠵᠡᠷᠭᠡ ᠱᠢᠨ᠎ᠡ ᠡᠵᠡᠩᠨᠡᠯᠲᠡ ᠶ᠋ᠢᠨ ᠬᠡᠯᠪᠡᠷᠢ ᠶ᠋ᠢᠨ ᠵᠠᠭ᠍ᠪᠤᠷ ᠢ ᠢᠳᠡᠪᠬᠢᠲᠡᠶ ᠬᠥᠭ᠌ᠵᠢᠭᠦᠯᠬᠦ᠌ᠶ᠋ᠢᠨ ᠬᠠᠮᠲᠤ᠂ ᠣᠷᠣᠨ ᠨᠤᠲᠤᠭ ᠤᠨ ᠭᠠᠳᠠᠭᠠᠳᠤ ᠨᠡᠭᠡᠭᠡᠯᠲᠡ᠂ ᠭᠠᠳᠠᠭᠠᠳᠤ ᠠᠷᠠᠯᠵᠢᠶᠠᠨ ᠤ ᠠᠵᠢᠯ ᠢ ᠦᠷᠭᠦᠯᠵᠢᠯᠡᠨ ᠰᠠᠢᠲᠤᠷ ᠬᠢᠵᠦ᠍᠂ ᠬᠣᠲᠠ ᠶ᠋ᠢᠨ ᠠᠷᠠᠳ ᠤᠨ ᠴᠢᠨᠠᠷ ᠰᠠᠢᠲᠠᠶ ᠠᠮᠢᠳᠤᠷᠠᠯ᠂ ᠬᠣᠲᠠ ᠶ᠋ᠢᠨ ᠴᠢᠨᠠᠷ ᠰᠠᠢᠲᠠᠶ ᠬᠥᠭ᠌ᠵᠢᠯᠲᠡ ᠶ᠋ᠢ ᠪᠡᠶᠡᠯᠡᠭᠦᠯᠬᠦ᠌ ᠳᠦ ᠬᠤᠳᠠᠯᠳᠤᠭᠠᠨ ᠤ ᠶᠠᠪᠤᠳᠠᠯ ᠤᠨ ᠬᠦᠴᠦᠨ ᠴᠢᠳᠠᠯ ᠢᠶᠠᠨ ᠡᠷᠭᠦᠨ᠎ᠡ》 ᠭᠡᠵᠦ᠍ ᠦᠬᠠᠢ ᠬᠤᠳᠠᠶ᠋ᠢᠨ ᠬᠤᠳᠠᠯᠳᠤᠭᠠᠨᠤ ᠶᠠᠪᠤᠳᠠᠯ ᠤᠨ ᠲᠣᠪᠴᠢᠶᠠᠨ ᠳᠠᠷᠤᠭ᠎ᠠ ᠯᠢᠦ ᠳ᠋ᠸ ᠼᠦᠢ ᠶᠠᠷᠢᠪᠠ᠃
ᠦᠬᠠᠢ ᠬᠤᠲᠠ ᠶ᠋ᠢᠨ ᠨᠠᠮ ᠤᠨ ᠬᠤᠷᠢᠶ᠎ᠠ ᠵᠢᠨ ᠯᠧᠺᠲ᠋ᠣᠷ ᠤᠨ ᠪᠦᠯᠬᠦᠮ ᠦᠨ ᠳᠡᠳ᠋ ᠳᠠᠷᠤᠭ᠎ᠠ ᠵᠢᠶᠠᠩ ᠬᠦᠢ ᡁᠢ᠄ 《ᠲᠠᠷᠠᠭᠠᠴᠢ ᠪᠡᠷ᠂ ᠪᠢᠳᠡ ᠰᠤᠷᠤᠯᠴᠠᠯᠭ᠎ᠠ ᠪᠠᠨ ᠦᠷᠭᠦᠯᠵᠢᠯᠡᠨ ᠴᠢᠩᠭᠠᠳᠭᠠᠵᠤ᠂ ᠨᠠᠮᠤᠨ ᠠᠷᠪᠠ ᠶᠢᠰᠦᠳᠦᠭᠡᠷ ᠬᠤᠭᠤᠴᠠᠭᠠᠨᠤ ᠲᠥᠪ ᠬᠤᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶ᠋ᠢᠨ ᠨᠠᠮ ᠤᠨ ᠲᠥᠯᠥᠭᠡᠯᠡᠭ᠌ᠴᠢᠳ ᠦᠨ ᠶᠡᠬᠡ ᠬᠤᠷᠠᠯ ᠤᠨ ᠵᠣᠷᠢᠭ ᠰᠠᠨᠠᠭᠠᠨ ᠤ ᠭᠤᠤᠯ ᠠᠭᠤᠯᠭ᠎ᠠ ᠶ᠋ᠢ ᠭᠦᠨᠵᠡᠭᠡᠶ ᠣᠢᠯᠠᠭᠠᠵᠤ᠂〈ᠲᠤᠯᠤᠭ᠎ᠠ ᠵᠢ ᠲᠣᠳᠣᠷᠬᠠᠶ ᠶᠠᠷᠢᠬᠤ〉 ᠬᠠᠷᠠᠯᠲᠠ ᠡᠭᠦᠷᠭᠡᠶ᠋ᠢᠨ ᠲᠣᠭᠣᠷᠢᠨᠳᠤ᠂ ᠦᠨᠳᠦᠰᠦᠨ ᠱᠠᠲᠤᠨ ᠳᠤ ᠭᠦᠨᠵᠡᠭᠡᠢᠷᠡᠨ ᠠᠳᠠᠯᠢ ᠪᠤᠰᠤ ᠵᠢᠨ ᠤᠯᠠᠨ ᠨᠡᠢᠲᠡ ᠳ᠋ᠤ ᠬᠠᠨᠳᠤᠭᠰᠠᠨ᠂ ᠬᠤᠷᠱᠢᠯ ᠬᠡᠯᠪᠡᠷᠢ ᠵᠢᠨ ᠤᠬᠠᠭᠤᠯᠤᠨ ᠲᠠᠢᠯᠪᠤᠷᠢᠯᠠᠯᠲᠠ ᠶ᠋ᠢ ᠥᠷᠨᠢᠭᠦᠯᠦᠨ᠎ᠡ》 ᠭᠡᠵᠦ ᠢᠯᠡᠳᠬᠡᠪᠡ᠃
ᠲᠤᠰ ᠡᠳᠦᠷ ᠦᠨ ᠦᠳᠡ ᠶ᠋ᠢᠨ ᠬᠣᠢᠨ᠎ᠠ᠂ ᠵᠦ᠍ ᠱᠢᠶᠤᠤ ᠵᠢᠶᠦ᠋ᠨ ᠪᠠᠰᠠ ᠦᠬᠠᠢ ᠬᠤᠳᠠ ᠶ᠋ᠢᠨ ᠨᠠᠮᠴᠢ ᠴᠢᠨᠠᠷ ᠤᠨ ᠬᠥᠮᠦᠵᠢᠯ ᠦᠢᠯᠡᠳᠦᠯᠭᠡ ᠶ᠋ᠢᠨ ᠲᠥᠪ ᠲᠦ ᠬᠦᠷᠴᠦ᠍᠂ ᠨᠡᠢᠭᠡᠮ ᠲᠣᠭᠣᠷᠢᠭ ᠤᠨ ᠨᠠᠮ ᠤᠨ ᠭᠡᠱᠢᠭᠦᠨ ᠦ ᠲᠥᠯᠥᠭᠡᠯᠡᠭ᠌ᠴᠢ᠂ ᠵᠠᠯᠠᠭᠤ ᠨᠠᠮ ᠤᠨ ᠭᠡᠱᠢᠭᠦᠨ ᠦ ᠲᠥᠯᠥᠭᠡᠯᠡᠭ᠌ᠴᠢ ᠪᠣᠯᠤᠨ ᠤᠯᠠᠨ ᠲᠦᠮᠡᠨᠦ ᠤᠬᠠᠭᠤᠯᠤᠨ ᠲᠠᠢᠯᠪᠤᠷᠢᠯᠠᠬᠤ ᠪᠦᠯᠬᠦᠮᠦᠨ ᠲᠥᠯᠥᠭᠡᠯᠡᠭ᠌ᠴᠢ ᠲᠡᠶ ᠬᠠᠮᠲᠤ ᠨᠠᠮ ᠤᠨ ᠲᠡᠦᠬᠡ ᠶ᠋ᠢᠨ ᠦᠵᠡᠭᠦᠯᠭᠡ ᠶ᠋ᠢ ᠲᠣᠭᠣᠷᠢᠨ ᠦᠵᠡᠭ᠌ᠰᠡᠨ ᠪᠥᠭᠡᠳ ᠤᠯᠠᠨ ᠲᠠᠶ ᠨᠢᠭᠤᠷᠳᠠᠨ ᠶᠠᠷᠢᠯᠴᠠᠵᠤ ᠰᠠᠨᠠᠯ ᠢᠶᠠᠨ ᠰᠣᠯᠢᠯᠴᠠᠵᠤ᠂ ᠤᠯᠠᠨ ᠲᠦᠮᠡᠨ ᠤ ᠠᠩᠬᠠᠷᠴᠦ ᠪᠠᠢᠭ᠎ᠠ ᠠᠰᠠᠭᠤᠳᠠᠯ ᠢ ᠲᠤᠬᠠᠢ ᠶ᠋ᠢᠨ ᠲᠠᠯᠠᠪᠠᠢ ᠳᠤ ᠨᠢᠭᠡᠳ ᠨᠢᠭᠡ ᠪᠡᠷ ᠬᠠᠷᠢᠭᠤᠯᠪᠠ᠃
《ᠦᠨᠳᠦᠰᠦᠨ ᠱᠠᠲᠤᠨ ᠳᠤ ᠤᠬᠠᠭᠤᠯᠤᠨ ᠲᠠᠢᠯᠪᠤᠷᠢᠯᠠᠬᠤᠲᠤᠮᠳᠠ〈ᠬᠣᠶᠠᠷ ᠢ ᠲᠣᠭ᠍ᠲᠠᠭᠠᠬᠤ〉 ᠲᠤᠬᠠᠢ ᠬᠡᠷᠬᠢᠨ ᠨᠡᠩ ᠰᠠᠢᠲᠤᠷ ᠲᠣᠳᠣᠷᠬᠠᠢᠯᠠᠨ ᠥᠭᠦᠯᠡᠪᠡᠯ ᠵᠤᠬᠢᠬᠤ ᠪᠤᠢ?》ᠭᠡᠵᠦ ᠦᠬᠠᠶ ᠬᠣᠲᠠ ᠶ᠋ᠢᠨ ᠠᠵᠢᠯ ᠮᠡᠷᠭᠡᠵᠢᠯ ᠦᠨ ᠳᠡᠭᠡᠳᠦ ᠰᠤᠷᠭᠠᠭᠤᠯᠢ ᠶ᠋ᠢᠨ ᠦᠵᠡᠯ ᠰᠠᠨᠠᠭ᠎ᠠ ᠤᠯᠤᠰ ᠲᠥᠷᠥ ᠶ᠋ᠢᠨ ᠪᠠᠭ᠍ᠰᠢ ᠪᠠᠶ ᠱᠢᠶᠠᠩ ᠳ᠋ᠦᠩ ᠠᠰᠠᠭᠤᠪᠠ᠃ ᠡᠨᠡ ᠠᠰᠠᠭᠤᠳᠠᠯᠤᠨ ᠲᠤᠬᠠᠢ ᠵᠦ᠍ ᠱᠢᠶᠤᠤ ᠵᠢᠶᠦ᠋ᠨ᠄《ᠡᠩ ᠲᠡᠷᠢᠭᠦᠨᠳᠦ ᠤᠬᠠᠭᠤᠯᠤᠨ ᠲᠠᠢᠯᠪᠤᠷᠢᠯᠠᠭ᠍ᠴᠢ ᠨᠠᠮᠤᠨ ᠲᠦᠷᠦ᠍ ᠶ᠋ᠢᠨ ᠪᠤᠳᠤᠯᠭ᠎ᠠ ᠤᠨᠤᠯ ᠢ ᠰᠤᠷᠤᠯᠴᠠᠨ ᠣᠢᠯᠠᠭᠠᠵᠤ ᠨᠡᠪᠳᠡᠷᠡᠳᠡᠯ᠎ᠡ ᠣᠢᠯᠠᠭᠠᠭᠰᠠᠨ ᠪᠠᠢᠬᠤ ᠬᠡᠷᠡᠭᠳᠡᠢ᠂ ᠲᠠᠷᠠᠭᠠᠯᠠᠪᠠᠯ᠂ ᠤᠬᠠᠭᠤᠯᠤᠨ ᠲᠠᠢᠯᠪᠤᠷᠢᠯᠠᠬᠤ ᠬᠡᠯᠪᠡᠷᠢ ᠪᠡᠨ ᠪᠠᠶᠠᠯᠢᠭ᠍ᠵᠢᠭᠤᠯᠵᠤ᠂ ᠤᠬᠠᠭᠤᠯᠤᠨ ᠲᠠᠢᠯᠪᠤᠷᠢᠯᠠᠬᠤ ᠳᠤᠮᠳᠠ ᠪᠠᠨ ᠤᠯᠠᠨ ᠲᠦᠮᠡᠨ ᠦ ᠬᠡᠯᠡᠯᠭᠡ ᠵᠢ ᠬᠡᠷᠡᠭ᠌ᠯᠡᠬᠦ᠌ ᠵᠢᠨ ᠬᠠᠮᠲᠤ ᠤᠯᠠᠨ ᠲᠦᠮᠡᠨ ᠦ ᠳᠡᠷᠭᠡᠳᠡ ᠡᠭᠦᠰᠦᠭ᠌ᠰᠡᠨ ᠪᠣᠳᠠᠲᠠᠢ ᠵᠢᠱ᠌ᠢᠢᠡ ᠪᠣᠯᠤᠨ ᠤᠯᠠᠨᠤ ᠳᠤᠷ᠎ᠠ ᠪᠠᠬ᠎ᠠ ᠶ᠋ᠢ ᠲᠠᠲᠠᠭ᠍ᠰᠠᠨ ᠵᠠᠷᠢᠮ ᠰᠡᠳᠦᠪ ᠢᠶᠡᠷ ᠳᠠᠮᠵᠢᠭᠤᠯᠤᠨ ᠲᠠᠢᠯᠪᠤᠷᠢᠯᠠᠪᠠᠯ ᠵᠤᠬᠢᠨ᠎ᠠ᠂ ᠢᠩᠭᠢᠪᠡᠯ ᠤᠯᠠᠨ ᠢᠶᠠᠷ ᠢᠶᠠᠨ ᠨᠡᠩ ᠠᠮᠠᠷᠬᠠᠨ ᠬᠦᠯᠢᠶᠠᠨ ᠠᠪᠬᠤ ᠪᠣᠯᠤᠨ᠎ᠠ》 ᠭᠡᠵᠦ ᠬᠠᠷᠢᠭᠤᠯᠳᠠ ᠦᠭᠴᠦ ᠪᠠᠢᠯ᠎ᠠ᠃