12 ᠰᠠᠷ᠎ᠠ᠎ᠶ᠋ᠢᠨ
13 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂
ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶ᠋ᠢᠨ
ᠳᠡᠳ᠋ ᠵᠠᠬᠢᠷᠤᠯ᠂ ᠳᠡᠳ᠋ ᠫᠷᠤᠹᠸᠰᠰᠤᠷ ᠸᠠᠩ ᠶᠠᠨ ᠡᠷᠢᠶᠡᠨ ᠬᠤᠳᠠ᠎ᠶ᠋ᠢᠨ ᠪᠠᠢᠭᠤᠯᠭ᠎ᠠ ᠨᠢᠭᠡᠴᠢ᠂ ᠨᠡᠢᠭᠡᠮ ᠲᠣᠭᠣᠷᠢᠭ᠎ᠲᠤ
ᠭᠦᠨᠵᠡᠭᠡᠢᠷᠡᠵᠦ᠍᠂ ᠥᠷᠭᠡᠨ ᠤᠯᠠᠨ ᠺᠠᠳ᠋ᠷ ᠤᠯᠠᠨ ᠲᠦᠮᠡᠨ᠎ᠳᠦ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ
ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ
ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ
ᠤᠬᠠᠭᠤᠯᠤᠨ ᠲᠠᠢᠯᠪᠤᠷᠢᠯᠠᠪᠠ᠃
ᠡᠷᠢᠶᠡᠨ ᠬᠤᠳᠠ᠎ᠶ᠋ᠢᠨ ᠤᠮᠠᠷᠠᠲᠤ ᠬᠢᠯᠢ ᠨᠡᠢᠭᠡᠮ ᠲᠣᠭᠣᠷᠢᠭ᠎ᠲᠤ᠂ ᠸᠠᠩ
ᠶᠠᠨ ᠨᠡᠢᠭᠡᠮ ᠲᠣᠭᠣᠷᠢᠭ᠎ᠤᠨ ᠨᠠᠮ᠎ᠤᠨ ᠭᠡᠱᠢᠭᠦᠨ ᠺᠠᠳ᠋ᠷᠴᠤᠳ᠎ᠲᠤ 《ᠲᠡᠦᠬᠡ᠎ᠪᠡᠷ
ᠪᠣᠳᠠᠲᠤ ᠠᠬᠤᠢ᠎ᠶ᠋ᠢ ᠲᠤᠰᠭᠠᠨ ᠠᠯᠤᠰ ᠢᠷᠡᠭᠡᠳᠦᠢ᠎ᠶ᠋ᠢ ᠪᠠᠷᠠᠯᠠᠵᠥ᠍᠂ ᠱᠢᠨ᠎ᠡ ᠱᠢᠯᠭᠠᠯᠲᠠ ᠳ᠋ᠤ ᠤᠷᠤᠯᠴᠠᠬᠤ
ᠵᠠᠮ ᠳᠡᠭᠡᠷ᠎ᠡ ᠱᠢᠨ᠎ᠡ ᠭᠡᠷᠡᠯ ᠰᠠᠴᠤᠷᠠᠩᠭᠤᠢ ᠠᠮᠵᠢᠯᠲᠠ᠎ᠶ᠋ᠢ ᠡᠭᠦᠳᠦᠶ᠎ᠡ》ᠭᠡᠬᠦ᠌ ᠰᠡᠳᠦᠪᠲᠦ
ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠪᠡ᠃
ᠤᠬᠠᠭᠤᠯᠤᠨ ᠲᠠᠢᠯᠪᠤᠷᠢᠯᠠᠬᠤ ᠳᠤᠮᠳᠠ᠂ ᠸᠠᠩ ᠶᠠᠨ ᠨᠠᠮ᠎ᠤᠨ ᠠᠷᠪᠠ ᠶᠢᠰᠦᠳᠦᠭᠡᠷ
ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ
ᠭᠦᠨᠵᠡᠭᠡᠢ ᠲᠠᠨᠢᠬᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ
ᠬᠤᠷᠠᠯ᠎ᠤᠨ ᠵᠣᠷᠢᠭ ᠰᠠᠨᠠᠭ᠎ᠠ᠎ᠶ᠋ᠢᠨ ᠪᠠᠶᠠᠯᠢᠭ ᠠᠭᠤᠯᠤᠭ᠍ᠳᠠᠬᠤᠨ ᠪᠠ ᠭᠣᠣᠯ ᠴᠢᠬᠤᠯᠠ ᠠᠭᠤᠯᠭ᠎ᠠ᠎ᠶ᠋ᠢ ᠭᠦᠨᠵᠡᠭᠡᠢ
ᠣᠢᠯᠠᠭᠠᠬᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ
ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠠᠷᠪᠠ ᠶᠢᠰᠦᠳᠦᠭᠡᠷ
ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠥᠪᠥᠷ ᠮᠣᠩᠭᠣᠯ᠎ᠳᠤ
ᠲᠤᠭᠤᠰᠢᠯᠠᠭᠤᠯᠤᠨ ᠨᠠᠢᠳᠠᠪᠤᠷᠢᠵᠢᠭᠤᠯᠬᠤ ᠵᠡᠷᠭᠡ 3 ᠲᠠᠯ᠎ᠠ ᠡᠴᠡ ᠠᠮᠢᠳᠤᠯᠢᠭ ᠪᠥᠭᠡᠳ ᠭᠣᠢᠳᠠ ᠰᠠᠢᠬᠠᠨ ᠮᠡᠳᠡᠭᠦᠯᠦᠯᠲᠡ
ᠬᠢᠪᠠ᠃ ᠮᠡᠳᠡᠭᠦᠯᠦᠯᠳᠡ ᠵᠢᠨ ᠭᠤᠤᠯ ᠰᠡᠳᠦᠪ ᠨᠢ ᠢᠯᠡ ᠲᠣᠳᠣ᠂ ᠠᠭᠤᠯᠭ᠎ᠠ ᠨᠢ ᠪᠠᠶᠠᠯᠢᠭ᠂ ᠭᠤᠤᠯᠳᠠᠯᠭ᠎ᠠ ᠨᠢ
ᠲᠣᠪᠣᠢᠮ᠎ᠠ ᠪᠠᠢᠵᠤ᠂ ᠤᠯᠤᠰ ᠲᠥᠷᠥ᠎ᠶ᠋ᠢᠨ ᠦᠨᠳᠦᠷᠴᠡ ᠲᠠᠢ ᠮᠥᠷᠲᠡᠭᠡᠨ ᠣᠨᠣᠯ᠎ᠤᠨ ᠭᠦᠨᠴᠡ᠎ᠲᠡᠶ ᠪᠠᠢᠵᠤ᠂ ᠨᠠᠮ᠎ᠤᠨ
ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ
ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ
ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠰᠤᠷᠤᠯᠴᠠᠨ ᠲᠤᠭᠤᠱᠢᠯᠠᠭᠤᠯᠬᠤ᠎ᠳᠤ ᠵᠢᠯᠣᠭᠣᠳᠭᠤ
ᠪᠠ ᠦᠶ᠋ᠯᠡᠳᠦᠯᠭᠡᠵᠢᠭᠦᠯᠬᠦ ᠠᠴᠢ ᠬᠣᠯᠪᠣᠭ᠍ᠳᠠᠯ᠎ᠲᠠᠶ ᠶᠤᠮ᠃
ᠸᠠᠩ ᠶᠠᠨ ᠤᠬᠠᠭᠤᠯᠤᠨ ᠲᠠᠢᠯᠪᠤᠷᠢᠯᠠᠬᠤ᠎ᠳᠠᠭᠠᠨ᠂ ᠪᠢᠳᠡ ᠵᠠᠪᠠᠯ ᠨᠠᠮ᠎ᠤᠨ
ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ
ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ
ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭᠠᠨ᠎ᠤ ᠬᠠᠷᠠᠯᠲᠠ ᠱᠠᠭᠠᠷᠳᠠᠯᠭ᠎ᠠ᠎ᠶ᠋ᠢ ᠣᠨᠣᠪᠴᠢᠲᠠᠶ
ᠡᠵᠡᠮᠳᠡᠵᠦ᠍᠂ ᠡᠷᠬᠡᠪᠰᠢ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶ᠎ᠠ᠂ ᠥᠪᠡᠷᠲᠡᠭᠡᠨ
ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠲᠠᠢ ᠨᠢᠭᠡᠳᠭᠡᠵᠦ᠍᠂
ᠡᠯ᠎ᠡ ᠵᠦᠶ᠋ᠯ᠎ᠦᠨ ᠠᠵᠢᠯ᠎ᠢ ᠰᠠᠢᠲᠤᠷ ᠨᠠᠢᠳᠠᠪᠤᠷᠢᠵᠢᠭᠤᠯᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ
ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠱᠢᠨ᠎ᠡ ᠠᠶᠠᠨ᠎ᠢ ᠡᠬᠢᠯᠡᠭᠦᠯᠬᠦ᠌᠂ ᠴᠢᠨᠠᠷ ᠰᠠᠢᠲᠠᠶ ᠬᠥᠭ᠌ᠵᠢᠯᠲᠡ᠎ᠶ᠋ᠢ
ᠪᠡᠶᠡᠯᠡᠭᠦᠯᠬᠦ᠌᠎ᠳᠦ ᠥᠪᠡᠷ᠎ᠦᠨ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠶ ᠭᠡᠪᠡ᠃
《 ᠸᠠᠩ ᠶᠠᠨ ᠪᠠᠭ᠍ᠰᠢ
ᠮᠠᠰᠢ ᠰᠠᠢᠬᠠᠨ ᠶᠠᠷᠢᠯ᠎ᠠ᠂ ᠪᠢᠳᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠦᠨ ᠭᠡᠷᠡᠯ ᠰᠠᠴᠤᠷᠠᠩᠭᠤᠢ
ᠲᠡᠦᠬᠡ᠎ᠶ᠋ᠢᠨ ᠲᠤᠬᠠᠢ ᠨᠡᠩ ᠭᠦᠨᠵᠡᠭᠡᠢ ᠣᠢᠯᠠᠭᠠᠯᠲᠠ ᠲᠠᠶ
ᠪᠣᠯᠵᠠᠢ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ
ᠨᠠᠮ᠎ᠤᠨ ᠲᠥᠪ ᠬᠣᠷᠢᠶ᠎ᠠ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠪᠣᠯᠤᠨ ᠢᠯᠵᠠᠷᠡᠯ᠎ᠢ ᠡᠰᠡᠷᠭᠦᠴᠡᠬᠦ᠌
ᠲᠡᠮᠡᠴᠡᠯ᠎ᠢ ᠶᠡᠬᠡ ᠪᠡᠷ ᠠᠬᠢᠭᠤᠯᠵᠤ᠂ ᠮᠠᠨ᠎ᠤ ᠨᠠᠮ᠎ᠤᠨ ᠡᠩᠨᠡᠭᠡ᠎ᠶ᠋ᠢ ᠨᠡᠩ ᠴᠡᠪᠡᠷ ᠪᠤᠯᠭᠠᠵᠠᠢ; ᠠᠷᠠᠳ᠎ᠤᠨ ᠠᠮᠢᠳᠤᠷᠠᠯ᠎ᠢ
ᠰᠠᠢᠵᠢᠷᠠᠭᠤᠯᠬᠤ ᠲᠠᠯ᠎ᠠ᠎ᠪᠠᠷ᠂ ᠨᠠᠮ ᠡᠴᠡ ᠪᠦᠬᠦ᠌ ᠤᠯᠤᠰ᠎ᠤᠨ ᠠᠷᠠᠳ ᠲᠦᠮᠡᠨ᠎ᠢ ᠳᠠᠭᠠᠭᠤᠯᠤᠨ ᠶᠠᠳᠠᠭᠤ᠎ᠡᠴᠡ
ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠣᠯᠵᠤ᠂ ᠴᠢᠨᠡᠭᠡᠯᠢᠭ ᠨᠡᠢᠭᠡᠮ᠎ᠢ
ᠪᠦᠬᠦ᠌ ᠲᠠᠯ᠎ᠠ᠎ᠪᠠᠷ ᠪᠡᠶᠡᠯᠡᠭᠦᠯᠪᠡ》᠂ ᠤᠬᠠᠭᠤᠯᠤᠨ
ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ ᠠᠬᠠᠮᠠᠳ ᠨᠠᠮ᠎ᠤᠨ ᠭᠡᠱᠢᠭᠦᠨ ᠹᠠᠨ ᠹᠦ᠋ ᠢ ᠰᠤᠷᠪᠤᠯᠵᠢᠯᠠᠭᠠᠬᠦᠯᠢᠶᠡᠬᠦ᠌ᠳᠡᠭᠡᠨ᠂ ᠣᠲᠣ᠎ᠶ᠋ᠢᠨ ᠨᠠᠰᠤᠵᠢᠯ᠎ᠤᠨ ᠠᠰᠠᠷᠠᠮᠵᠢ᠂ ᠡᠮ ᠡᠮᠨᠡᠯᠭᠡ᠎ᠶ᠋ᠢᠨ ᠪᠠᠲᠤᠯᠠᠭ᠎ᠠ᠎ᠶ᠋ᠢᠨ ᠱᠢᠰᠲ᠋ᠧᠮ
ᠣᠨᠴᠠᠭᠠᠶ ᠪᠦᠷᠢᠨ ᠲᠡᠭᠦᠯᠳᠡᠷ ᠪᠣᠯᠵᠣ᠂ ᠨᠠᠰᠤᠲᠠᠢᠴᠤᠳ᠎ᠢ ᠥᠲᠡᠯᠦᠭᠡ ᠨᠠᠰᠤ᠎ᠪᠠᠨ ᠰᠠᠨᠠᠭ᠎ᠠ ᠠᠮᠤᠷ ᠦᠩᠭᠡᠷᠡᠭᠦᠯᠬᠦ
ᠪᠤᠯᠭᠠᠵᠤ᠂ ᠮᠠᠨ᠎ᠤ ᠤᠯᠤᠰ ᠨᠠᠩ ᠴᠡᠴᠡᠭ᠌ᠯᠡᠨ ᠬᠥᠭ᠌ᠵᠢᠵᠦ᠍᠂ ᠠᠷᠠᠳ ᠣᠯᠠᠨ᠎ᠤ ᠠᠮᠢᠳᠤᠷᠠᠯ ᠨᠠᠩ ᠵᠣᠯ ᠵᠢᠷᠭᠠᠯ᠎ᠲᠠᠶ
ᠰᠠᠢᠨ ᠰᠠᠢᠬᠠᠨ ᠪᠣᠯᠬᠤ᠎ᠶ᠋ᠢ ᠴᠢᠩ ᠰᠡᠳᠭᠢᠯ᠎ᠡᠴᠡ᠎ᠪᠡᠨ ᠵᠥᠩᠨᠡᠵᠦ᠍ ᠪᠠᠢᠨ᠎ᠠ ᠭᠡᠵᠦ᠍ ᠬᠡᠯᠡᠪᠡ᠃
ᠤᠬᠠᠭᠤᠯᠤᠨ ᠲᠠᠢᠯᠪᠤᠷᠢᠯᠠᠵᠤ ᠳᠠᠭᠤᠰᠤᠭ᠍ᠰᠠᠨ᠎ᠤ ᠳᠠᠷᠠᠭ᠎ᠠ᠂ ᠸᠠᠩ ᠶᠠᠨ
ᠤᠯᠠᠨ᠎ᠲᠠᠶ ᠰᠠᠨᠠᠯ᠎ᠢᠶᠠᠨ ᠰᠣᠯᠢᠯᠴᠠᠵᠤ᠂ ᠤᠯᠠᠨᠢᠶᠠᠷᠢᠶᠠᠨᠠᠩᠬᠠᠷᠤᠨ᠌ᠬᠠᠯᠠᠮᠵᠢᠯᠠᠵᠤᠪᠠᠢᠭᠠᠦᠨᠳᠦᠰᠦᠨ
ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ᠂ ᠨᠡᠢᠭᠡᠮ ᠲᠣᠭᠣᠷᠢᠭ᠎ᠤᠨ ᠺᠠᠳ᠋ᠷᠴᠤᠳ ᠨᠠᠮ᠎ᠤᠨ
ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠂
ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ
ᠬᠤᠷᠠᠯ᠎ᠤᠨ ᠵᠣᠷᠢᠭ ᠰᠠᠨᠠᠭ᠎ᠠ᠎ᠶ᠋ᠢ ᠬᠡᠷᠬᠢᠨ ᠰᠠᠢᠲᠤᠷ ᠲᠤᠭᠤᠱᠢᠯᠠᠭᠤᠯᠤᠨ ᠨᠠᠢᠳᠠᠪᠤᠷᠢᠵᠢᠭᠤᠯᠬᠤ ᠵᠡᠷᠭᠡ ᠠᠰᠠᠭᠤᠳᠠᠯ᠎ᠤᠨ
ᠲᠤᠬᠠᠢ ᠨᠢᠭᠡᠳ ᠨᠢᠭᠡ᠎ᠪᠡᠷ ᠲᠠᠢᠯᠪᠤᠷᠢᠯᠠᠪᠠ᠃
ᠡᠷᠢᠶᠡᠨ ᠬᠣᠲᠠ᠎ᠶ᠋ᠢᠨ ᠤᠮᠠᠷᠠᠲᠤ ᠬᠢᠯᠢ ᠨᠡᠢᠭᠡᠮ ᠲᠣᠭᠣᠷᠢᠭ᠎ᠤᠨ ᠲᠤᠤᠷᠵᠢᠯ᠎ᠤᠨ
ᠠᠵᠢᠯᠲᠠᠨ ᠪᠠᠶ ᠮᠡᠷᠭᠡᠨ᠄ 《ᠨᠡᠢᠭᠡᠮ ᠲᠣᠭᠣᠷᠢᠭ᠎ᠤᠨ
ᠨᠢᠭᠡᠨ ᠺᠠᠳ᠋ᠷ ᠪᠣᠯᠤᠭ᠍ᠰᠠᠨ᠎ᠤ ᠬᠤᠪᠢ᠎ᠳᠤ᠂ ᠪᠢᠳᠡ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ
ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ
ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠦᠨᠳᠦᠰᠦᠨ ᠱᠠᠲᠤᠨ᠎ᠤ
ᠠᠵᠢᠯ ᠳ᠋ᠠᠭᠠᠨ ᠬᠡᠷᠬᠢᠨ ᠨᠠᠢᠳᠠᠪᠤᠷᠢᠵᠢᠭᠤᠯᠬᠤ ᠪᠣᠶ? 》 ᠭᠡᠰᠡᠨ ᠠᠰᠠᠭᠤᠯᠳᠠ
ᠲᠤᠷᠠᠳᠪᠠ᠃
《ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ
ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠳ᠋ᠤ ᠭᠣᠣᠯᠳᠠᠭᠤ
ᠤᠬ ᠰᠠᠨᠠᠭ᠎ᠠ᠎ᠪᠠᠨ ᠰᠠᠬᠢᠵᠤ᠂ ᠡᠭᠦᠷᠭᠡ ᠬᠠᠷᠢᠭᠤᠴᠠᠯᠭ᠎ᠠ ᠡᠭᠦᠷᠭᠡᠯᠡᠵᠦ᠍᠂ ᠦᠵᠡᠯ ᠰᠠᠨᠠᠭ᠎ᠠ ᠵᠣᠷᠢᠭ ᠵᠢᠡᠨ
ᠨᠢᠭᠡᠳᠭᠡᠬᠦ᠌ ᠬᠡᠷᠡᠭ᠌ᠲᠡᠢ᠃ ᠡᠭᠦᠨ᠎ᠦ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ
ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠵᠠᠪᠠᠯ ᠰᠠᠢᠲᠤᠷ ᠲᠤᠭᠤᠰᠢᠯᠠᠭᠤᠯᠤᠨ
ᠨᠠᠢᠳᠠᠪᠤᠷᠢᠵᠢᠭᠤᠯᠬᠤ ᠬᠡᠷᠡᠭ᠌ᠲᠡᠢ᠃ ᠡᠷᠢᠶᠡᠨ ᠬᠣᠲᠠ ᠪᠣᠯ ᠨᠢᠭᠡᠨ ᠬᠢᠯᠢ᠎ᠶ᠋ᠢᠨ ᠪᠣᠭᠣᠮᠲᠠ᠎ᠶ᠋ᠢᠨ ᠬᠣᠲᠠ ᠮᠥᠨ᠂
ᠦᠨᠳᠦᠰᠦᠨ ᠱᠠᠲᠤᠨ᠎ᠤ ᠠᠵᠢᠯᠲᠠᠨ ᠪᠣᠯᠤᠭ᠍ᠰᠠᠨ᠎ᠤ ᠬᠤᠪᠢ᠎ᠳᠤ᠂ ᠡᠷᠬᠡᠪᠰᠢ ᠡᠬᠡ ᠤᠯᠤᠰ᠎ᠤᠨ ᠤᠮᠠᠷᠠᠲᠤ ᠬᠢᠯᠢ᠎ᠶ᠋ᠢᠨ
ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠦᠨᠳᠤᠷᠴᠡ᠎ᠡᠴᠡ ᠠᠷᠠᠳ ᠲᠦᠮᠡᠨ᠎ᠦ ᠲᠥᠯᠥᠭᠡ
ᠦᠨᠡᠨ ᠬᠦ᠌ ᠪᠣᠳᠣᠯᠬᠢᠯᠠᠵᠤ᠂ ᠨᠠᠮ᠎ᠤᠨ ᠲᠠᠭᠤᠨ᠂ ᠥᠪᠡᠷᠲᠡᠭᠡᠨ ᠵᠠᠰᠠᠬᠤ ᠣᠷᠣᠨ᠎ᠤ ᠲᠥᠷᠥ᠎ᠶ᠋ᠢᠨ ᠪᠣᠳᠣᠯᠭ᠎ᠠ᠎ᠶ᠋ᠢ
ᠮᠠᠨ᠎ᠤ ᠪᠣᠳᠠᠲᠠᠶ ᠠᠵᠢᠯ᠎ᠳᠠᠭᠠᠨ ᠨᠠᠢᠳᠠᠪᠤᠷᠢᠵᠢᠭᠤᠯᠵᠤ᠂ ᠮᠠᠨ᠎ᠤ ᠪᠣᠶ ᠪᠥᠬᠥᠶ ᠠᠵᠢᠯ᠎ᠢᠶᠠᠨ ᠡᠷᠬᠡᠪᠰᠢ ᠣᠨᠣᠯ᠎ᠤᠨ
ᠲᠤᠯᠭᠠᠭᠤᠷᠢᠯᠠᠯ᠎ᠲᠠᠶ ᠪᠣᠯᠭᠠᠬᠤ ᠬᠡᠷᠡᠭ᠌ᠲᠡᠶ᠃ ᠡᠢᠮᠦ᠍ ᠰᠠᠭᠤᠷᠢᠨ ᠳᠡᠭᠡᠷ᠎ᠡ᠂ ᠲᠠᠨ᠎ᠤ ᠨᠡᠢᠭᠡᠮ ᠲᠣᠭᠣᠷᠢᠭ᠎ᠤᠨ
ᠺᠠᠳ᠋ᠷ᠎ᠤᠨ ᠱᠢᠷᠭᠠᠭᠤ ᠴᠢᠷᠮᠠᠢᠯᠭ᠎ᠠ ᠪᠠᠢᠪᠠᠯ᠂ ᠤᠯᠠᠨ ᠲᠦᠮᠡᠨ᠎ᠦ ᠠᠮᠢᠳᠤᠷᠠᠯ ᠯᠠᠪᠲᠠᠢ ᠤᠯᠠᠮ᠎ᠡᠴᠡ ᠤᠯᠠᠮ ᠵᠣᠯ
ᠵᠢᠷᠭᠠᠯ᠎ᠲᠠᠶ ᠪᠣᠯᠬᠤ ᠶᠤᠮ》ᠭᠡᠰᠡᠨ ᠸᠠᠩ
ᠶᠠᠨ ᠪᠠᠭ᠍ᠰᠢ᠎ᠶ᠋ᠢᠨ ᠭᠣᠢᠳᠠ ᠰᠠᠢᠬᠠᠨ ᠬᠠᠷᠢᠭᠤᠯᠲᠠ ᠨᠢ ᠬᠠᠯᠠᠭᠤᠨ ᠠᠯᠠᠭ᠎ᠠ ᠲᠠᠱᠢᠯᠳᠠ᠎ᠶ᠋ᠢ ᠤᠯᠪᠠ᠃
ᠲᠤᠬᠠᠶ᠎ᠶ᠋ᠢᠨ ᠡᠳᠦᠷ᠂ ᠸᠠᠩ ᠶᠠᠨ ᠪᠠᠰᠠ ᠡᠷᠢᠶᠡᠨ ᠬᠣᠲᠠ᠎ᠶ᠋ᠢᠨ ᠵᠠᠰᠠᠭ
ᠵᠠᠬᠢᠷᠭᠠᠨ᠎ᠤ ᠲᠥᠪ᠎ᠲᠦ ᠬᠦᠷᠴᠦ᠍᠂ ᠲᠣᠰ ᠬᠣᠲᠠ᠎ᠶ᠋ᠢᠨ ᠳᠥᠷᠪᠡᠨ ᠶᠡᠬᠡ ᠤᠳᠤᠷᠢᠳᠭᠤ ᠪᠠᠭ ᠤ᠋ᠨ ᠨᠦᠭᠦᠳ ᠪᠠ ᠬᠣᠲᠠ᠎ᠶ᠋ᠢᠨ
ᠱᠢᠭᠤᠳ ᠬᠠᠷᠢᠶ᠎ᠠ ᠪᠠᠢᠭᠤᠯᠭ᠎ᠠ᠂ ᠲᠥᠪ ᠤ᠋ᠨ ᠵᠢᠴᠢ ᠥᠪᠡᠷᠲᠡᠭᠡᠨ ᠵᠠᠰᠠᠬᠤ ᠣᠷᠣᠨ᠎ᠤ ᠡᠷᠢᠶᠡᠨ ᠬᠣᠲᠠ᠎ᠳᠤ ᠰᠠᠭᠤᠭ᠎ᠠ
ᠨᠢᠭᠡᠴᠢ᠎ᠶ᠋ᠢᠨ ᠬᠠᠷᠢᠭᠤᠴᠠᠯᠭᠠᠲᠠᠨ᠎ᠳᠤ ᠤᠬᠠᠭᠤᠯᠤᠨ ᠲᠠᠢᠯᠪᠤᠷᠢᠯᠠᠵᠤ ᠮᠡᠳᠡᠭᠦᠯᠦᠯᠲᠡ ᠬᠢᠪᠠ᠃