ᠮᠡᠳᠡᠯᠭᠡ ᠵᠢᠨ ᠤᠷᠤᠯᠳᠤᠭᠠᠨ ᠳ᠋ᠠᠭᠠᠨ ᠢᠳᠡᠪᠭᠢᠯᠡᠨ ᠤᠷᠤᠯᠴᠠᠭᠠᠷᠠᠢ! ᠳᠤᠮᠤ ᠱᠠᠡᠭᠨᠠᠯ ᠳᠠᠢ
2021-12-20 21:45:52
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

知识竞赛(2).jpg


ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠤᠬᠠᠭᠤᠯᠤᠨ ᠲᠤᠭᠤᠱᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠥᠪᠥᠷ ᠮᠣᠩᠭᠣᠯ᠎ᠳᠤ ᠦᠨᠳᠦᠰᠦ ᠬᠠᠳᠭᠤᠨ᠂ ᠤᠯᠠᠮ ᠰᠠᠢᠨ ᠠᠬᠢᠭᠤᠯᠤᠨ ᠲᠤᠭᠤᠰᠢᠯᠠᠭᠤᠯᠬᠤ᠎ᠵᠢᠨ ᠳᠦᠯᠦᠬᠡ᠂ ᠬᠠᠮᠲᠤ᠎ᠪᠠᠷ ᠪᠦᠯᠬᠦᠮᠳᠡᠨ ᠲᠡᠮᠡᠴᠡᠵᠦ᠍᠂ ᠬᠠᠮᠲᠤ᠎ᠪᠠᠷ ᠴᠡᠴᠡᠭ᠌ᠯᠡᠨ ᠬᠥᠭ᠌ᠵᠢᠬᠦ᠌ ᠬᠦᠴᠦᠷᠬᠡᠭ ᠶᠡᠬᠡ ᠬᠠᠮᠲᠤᠷᠠᠯ᠎ᠤᠨ ᠬᠦᠴᠦᠨ᠎ᠢ ᠨᠢᠭ᠍ᠲᠠᠷᠠᠭᠤᠯᠬᠤ᠎ᠶ᠋ᠢᠨ ᠲᠥᠯᠥᠭᠡ

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠥᠪᠥᠷ ᠮᠣᠩᠭᠣᠯ᠎ᠤᠨ᠎ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠎ᠡᠴᠡ ᠵᠢᠯᠣᠭᠣᠳᠴᠤ᠌᠂ ᠥᠪᠥᠷ ᠮᠣᠩᠭᠣᠯ᠎ᠤᠨ ᠡᠳᠦᠷ᠎ᠦᠨ ᠰᠣᠨᠢᠨ᠎ᠤ ᠬᠣᠷᠢᠶ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠤᠷᠭᠠᠨ ᠬᠥᠮᠦᠵᠢᠯ᠎ᠦᠨ ᠠᠵᠢᠯ᠎ᠤᠨ ᠬᠣᠷᠢᠶ᠎ᠠ᠎ᠠᠴᠠ ᠭᠣᠣᠯᠯᠠᠨ ᠡᠷᠬᠢᠯᠡᠵᠦ᠍᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ᠂ ᠥᠪᠥᠷ ᠮᠣᠩᠭᠣᠯ᠎ᠤᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠂ ᠬᠥᠬᠡᠬᠣᠲᠠ ᠦᠨᠳᠦᠰᠦᠲᠡᠨ᠎ᠦ ᠳᠡᠭᠡᠳᠦ ᠰᠤᠷᠭᠠᠭᠤᠯᠢ᠎ᠠᠴᠠ ᠬᠠᠮᠵᠢᠨ ᠡᠷᠬᠢᠯᠡᠬᠰᠡᠨ ᠪᠦᠬᠦ᠌ ᠣᠷᠣᠨ᠎ᠤ ᠬᠡᠪᠴᠢᠶᠡᠨ᠎ᠦ《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ 》ᠮᠡᠳᠡᠯᠭᠡ᠎ᠶ᠋ᠢᠨ ᠤᠷᠤᠯᠳᠤᠭᠠᠨ᠎ᠢ ᠵᠣᠬᠢᠶᠠᠨ ᠪᠠᠢᠭᠤᠯᠤᠨ ᠥᠷᠨᠢᠭᠦᠯᠦᠨ᠎ᠡ᠃

ᠢᠳᠡᠪᠬᠢᠯᠡᠨ ᠣᠷᠣᠯᠴᠠᠬᠤ ᠪᠤᠯᠪᠠᠤ!

ᠲᠠ ᠵᠥᠪᠬᠡᠨ3 ᠬᠤᠭᠤᠴᠠᠭᠠᠨ᠎ᠤ ᠰᠡᠳᠦᠪ ᠬᠠᠷᠢᠭᠤᠯᠪᠡᠯ ᠬᠠᠮᠤᠭ ᠡᠴᠦᠰ᠎ᠦᠨ ᠱᠠᠩᠨᠠᠯ ᠰᠤᠭᠤᠯᠬᠤ ᠠᠵᠢᠯᠯᠠᠭ᠎ᠠ᠎ᠳᠦ ᠣᠷᠣᠯᠴᠠᠵᠤ ᠱᠠᠩᠨᠠᠯ ᠳᠤᠰᠬᠤ ᠪᠣᠯᠤᠨ᠎ᠠ᠃

ᠨᠢᠭᠡᠳᠦᠭᠡᠷ ᠳᠡᠰ᠎ᠲᠦ 10 ᠨᠡᠷ᠎ᠠ᠂ ᠤᠳᠠᠰᠤᠨ᠎ᠤ ᠬᠠᠳᠠᠭᠠᠯᠠᠮᠵᠢ᠎ᠶ᠋ᠢᠨ ᠺᠠᠷᠲ 300 ᠲᠥᠭᠥᠷᠢᠭ᠃

ᠬᠣᠶᠠᠳᠤᠭᠠᠷ ᠳᠡᠰ᠎ᠲᠦ10 ᠨᠡᠷ᠎ᠠ᠂ ᠤᠲᠠᠰᠤᠨ᠎ᠤ ᠬᠠᠳᠠᠭᠠᠯᠠᠮᠵᠢ᠎ᠶ᠋ᠢᠨ ᠺᠠᠷᠲ 200 ᠲᠥᠭᠥᠷᠢᠭ᠃

ᠭᠤᠷᠪᠠᠳᠤᠭᠠᠷ ᠳᠡᠰ᠎ᠲᠦ 30 ᠨᠡᠷ᠎ᠠ᠂ ᠤᠲᠠᠰᠤᠨ᠎ᠤ ᠬᠠᠳᠠᠭᠠᠯᠠᠮᠵᠢ᠎ᠶ᠋ᠢᠨ ᠺᠠᠷᠲ 100 ᠲᠥᠭᠥᠷᠢᠭ᠃

ᠶᠠᠭᠠᠬᠢᠵᠤ ᠣᠷᠣᠯᠴᠠᠬᠤ ᠪᠣᠶ?


微信图片_20211220182940.png

微信图片_20211220182949.png


ᠲᠣᠰ ᠤᠳᠠᠭᠠᠨ ᠎ᠤ ᠤᠷᠤᠯᠳᠤᠭᠠᠨ ᠎ᠤ ᠠᠯᠪᠠᠨ ᠲᠠᠯ᠎ᠠ᠎ᠶ᠋ᠢᠨ ᠲᠠᠪᠴᠠᠩ ᠪᠣᠯ《ᠲᠠᠯ᠎ᠠ ᠨᠤᠲᠤᠭ 》ᠰᠢᠯᠵᠢᠶ᠎ᠠ  ᠪᠣᠯᠤᠨ᠎ᠠ᠃

ᠳᠡᠭᠡᠷ᠎ᠡ ᠲᠠᠯ᠎ᠠ᠎ᠶ᠋ᠢᠨ ᠬᠣᠶᠠᠷ ᠬᠡᠮᠵᠢᠯᠳᠦ ᠺᠣᠳ᠋᠎ᠢ ᠱᠢᠷᠪᠢᠬᠦ᠌ ᠪᠤᠶᠤ ᠭᠠᠷ ᠤᠲᠠᠰᠤᠨ᠎ᠤ ᠬᠡᠷᠡᠭ᠌ᠯᠡᠭᠡᠨ᠎ᠦ ᠵᠠᠬ᠎ᠠ ᠳᠡᠯᠭᠡᠭᠦᠷ᠎ᠲᠦ 《ᠲᠠᠯ᠎ᠠ ᠨᠤᠲᠤᠭ》(草原)ᠭᠡᠬᠦ ᠦᠰᠦᠭ᠎ᠢ ᠬᠠᠢᠵᠦ᠂ ᠰᠢᠯᠵᠢᠶ᠎ᠠ ᠪᠡᠨ ᠪᠠᠭᠤᠯᠭᠠᠨ ᠠᠪᠴᠤ᠌ ᠤᠭ᠍ᠰᠠᠷᠠᠨ᠎ᠠ᠂ ᠠᠵᠢᠯᠯᠠᠭ᠎ᠠ᠎ᠵᠢᠨ ᠴᠣᠩᠬᠣᠪᠴᠢ᠂ ᠲᠦᠷᠦᠭᠦᠦ ᠨᠢᠭᠤᠷ᠎ᠤᠨ ᠠᠵᠢᠯᠯᠠᠭᠠᠨ᠎ᠦ ᠲᠣᠭᠣᠷᠢᠭ᠎ᠢᠶᠠᠷ ᠳᠠᠮᠵᠢᠨ ᠲᠣᠰ ᠤᠳᠠᠭᠠᠨ᠎ᠤ ᠤᠷᠤᠯᠳᠤᠭᠠᠨ ᠳ᠋ᠦ ᠴᠥᠮ ᠣᠷᠣᠯᠴᠠᠵᠤ ᠪᠣᠯᠤᠨ᠎ᠠ᠃

ᠰᠡᠳᠦᠪ ᠬᠠᠷᠢᠭᠤᠯᠬᠤ᠎ᠠᠴᠠ ᠡᠮᠦᠨ᠎ᠡ ᠬᠤᠪᠢ ᠬᠥᠮᠦᠨ᠎ᠦ ᠮᠡᠳᠡᠭᠡ ᠵᠠᠩᠭᠢ᠎ᠪᠠᠨ ᠲᠠᠭ᠍ᠯᠠᠭᠠᠷᠠᠶ᠂ ᠱᠠᠩᠨᠠᠯ ᠣᠯᠤᠭ᠍ᠰᠠᠨ ᠪᠣᠯ ᠭᠤᠤᠯᠯᠠᠨ ᠡᠷᠬᠢᠯᠡᠭ᠌ᠴᠢ ᠲᠠᠯ᠎ᠠ ᠨᠢ ᠲᠠᠨ᠎ᠲᠠᠶ ᠬᠠᠷᠢᠯᠴᠠᠬᠤ ᠪᠤᠯᠤᠨ᠎ᠠ᠃ ᠲᠠᠭ᠍ᠯᠠᠭ᠍ᠰᠠᠨ ᠮᠡᠳᠡᠭᠡ ᠵᠢ ᠵᠥᠪᠬᠡᠨ ᠲᠣᠰ ᠤᠳᠠᠭᠠᠨ᠎ᠤ ᠱᠠᠩᠨᠠᠯ ᠰᠤᠭᠤᠯᠬᠤ᠎ᠳᠤ ᠬᠡᠷᠡᠭ᠌ᠯᠡᠬᠦ ᠲᠤᠯᠠ ᠰᠠᠨᠠᠭ᠎ᠠ ᠠᠮᠤᠷ ᠲᠠᠭ᠍ᠯᠠᠭᠠᠷᠠᠶ᠃


微信图片_20211220182953.jpg


ᠰᠡᠳᠦᠪ ᠬᠠᠷᠢᠭᠤᠯᠬᠤ ᠴᠠᠭ᠄ 12 ᠰᠠᠷ᠎ᠠ᠎ᠶ᠋ᠢᠨ 9 ᠎ᠦ ᠡᠳᠦᠷ᠎ᠦᠨ 16 ᠴᠠᠭ 12 ᠰᠠᠷ᠎ᠠ᠎ᠶ᠋ᠢᠨ 28 ᠎ᠤ ᠡᠳᠦᠷ᠎ᠦᠨ 16 ᠴᠠᠭ

ᠱᠠᠩᠨᠠᠯ ᠤᠯᠤᠭᠰᠠᠳ᠎ᠤᠨ ᠨᠡᠷᠡᠰ᠎ᠢ 12 ᠰᠠᠷ᠎ᠠ᠎ᠶ᠋ᠢᠨ 31᠎ᠦ ᠡᠳᠦᠷ 《ᠲᠠᠯ᠎ᠠ ᠨᠤᠲᠤᠭ》APP ᠳ᠋ᠥ᠍ ᠨᠡᠢᠲᠡᠯᠡᠨ᠎ᠡ᠃

ᠨᠠᠢᠵᠠ ᠨᠠᠷ᠎ᠶ᠋ᠢᠡᠨ ᠤᠷᠢᠵᠤ ᠬᠠᠮᠲᠤ  ᠪᠡᠷ ᠣᠷᠣᠯᠴᠠᠭᠠᠷᠠᠢ!

ᠮᠡᠳᠡᠯᠬᠡ᠎ᠵᠢᠨ ᠤᠷᠤᠯᠳᠤᠭᠠᠨ᠎ᠤ ᠮᠤᠩᠭᠤᠯ ᠰᠡᠳᠦᠪ᠎ᠢ ᠳᠤᠤᠷ᠎ᠠ ᠨᠡᠢᠳᠡᠯᠡᠪᠡ᠃

ᠠᠵᠢᠯᠯᠠᠭ᠎ᠠ᠎ᠳᠦ ᠤᠷᠤᠯᠴᠠᠬᠤ᠎ᠳᠠᠭᠠᠨ ᠲᠠ ᠡᠬᠦᠨ ᠶ᠋ᠢᠡᠷ ᠯᠠᠪᠯᠠᠮᠵᠢ ᠪᠤᠯᠭᠠᠵᠦ᠂ 《ᠲᠠᠯ᠎ᠠ ᠨᠤᠲᠤᠭ》ᠰᠢᠯᠵᠢᠶ᠎ᠠ᠎ᠳᠦ ᠤᠷᠤᠵᠦ ᠬᠠᠷᠢᠭᠤᠯᠳᠠ ᠪᠡᠨ ᠳᠡᠪᠰᠢᠬᠦᠯᠬᠦ ᠪᠤᠯᠪᠠᠤ!

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号