ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠲᠣᠪᠴᠢᠶ᠎ᠠ᠄ ᠦᠷᠭᠦᠯᠵᠢᠯᠡᠨ ᠲᠡᠮᠡᠴᠡᠵᠦ᠍ ᠰᠢᠨ᠎ᠠ ᠠᠶᠠᠨ ᠳ᠋ᠠᠭᠠᠨ ᠳᠠᠬᠢᠨᠲᠠ ᠮᠣᠷᠳᠠᠵᠤ ᠵᠣᠯᠭᠠᠭᠤᠯᠬᠤ ᠠᠵᠢᠯ ᠎ᠢ ᠰᠠᠢᠳᠤᠷ ᠬᠢᠵᠤ ᠱᠢᠨ᠎ᠡ ᠪᠠᠢᠳᠠᠯ᠎ᠢ ᠡᠭᠦᠳᠦᠨ᠎ᠠ
2021-12-20 10:03:33
ᠵᠣᠬᠢᠶᠠᠭ᠍ᠴᠢ᠄
ᠱᠢᠤᠸᠠᠢ ᠯᠠᠢ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠲᠣᠪᠴᠢᠶ᠎ᠠ ᠲᠤᠰᠭᠠᠢ ᠰᠡᠳᠦᠪᠲᠦ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ᠎ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠬᠤ᠎ᠶ᠋ᠢᠨ ᠬᠠᠮᠲᠤ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ᠎ᠢ ᠲᠤᠬᠢᠷᠠᠭᠤᠯᠤᠨ ᠪᠠᠢᠷᠢᠯᠠᠭᠤᠯᠪᠠ᠃

ᠬᠤᠷᠠᠯ᠎ᠡᠴᠡ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠣᠯ ᠣᠳᠣᠬᠠᠨ᠎ᠤ ᠪᠠ ᠬᠣᠢᠱᠢᠳᠠ᠎ᠶ᠋ᠢᠨ ᠨᠢᠭᠡ ᠬᠤᠭᠤᠴᠠᠭᠠᠨ᠎ᠤ ᠴᠢᠬᠤᠯᠠ ᠡᠭᠦᠷᠭᠡ ᠮᠦᠨ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠪᠦᠬᠦ᠌ ᠨᠠᠮ᠎ᠤᠨ ᠭᠡᠱᠢᠭᠦᠨ ᠺᠠᠳ᠋ᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠴᠢᠬᠤᠯᠠ ᠠᠴᠢ ᠬᠣᠯᠪᠣᠭ᠍ᠳᠠᠯ᠎ᠢ ᠭᠦᠢᠴᠡᠳ ᠲᠠᠨᠢᠵᠤ᠂ ᠣᠨᠴᠠᠭᠠᠢᠯᠠᠨ ᠢᠯᠡᠳᠭᠡᠯ᠎ᠳᠦ ᠳᠤᠷᠠᠳᠤᠭ᠍ᠰᠠᠨ ᠱᠢᠨ᠎ᠡ ᠰᠡᠳᠭᠢᠮᠵᠢ᠂ ᠱᠢᠨ᠎ᠡ ᠬᠠᠷᠠᠯᠲᠠ᠂ ᠱᠢᠨ᠎ᠡ ᠡᠭᠦᠷᠭᠡ᠂ ᠱᠢᠨ᠎ᠡ ᠱᠠᠭᠠᠷᠳᠠᠯᠭ᠎ᠠ᠎ᠶ᠋ᠢ ᠲᠣᠳᠣᠷᠬᠠᠢ ᠣᠢᠯᠠᠭᠠᠵᠤ᠂ ᠨᠠᠷᠢᠨ ᠨᠢᠮᠪᠠᠢ ᠵᠣᠬᠢᠶᠠᠨ ᠪᠠᠢᠭᠤᠯᠵᠤ᠂ ᠨᠠᠷᠢᠨ ᠨᠢᠭ᠍ᠲᠠ ᠲᠤᠬᠢᠷᠠᠭᠤᠯᠵᠤ᠂ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠠᠵᠢᠯ᠎ᠤᠨ ᠯᠠᠪᠳᠠᠭᠤᠨ ᠪᠠᠲᠤᠲᠠᠢ ᠪᠦᠲᠦᠮᠵᠢᠲᠡᠢ ᠥᠷᠨᠢᠬᠦ᠌᠎ᠶ᠋ᠢ ᠠᠬᠢᠭᠤᠯᠬᠤ ᠬᠡᠷᠡᠭ᠌ᠲᠡᠢ ᠭᠡᠵᠤ ᠵᠢᠭᠠᠵᠤ ᠭᠠᠷᠭᠠᠵᠠᠢ᠃

ᠬᠤᠷᠠᠯ᠎ᠡᠴᠡ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠡᠴᠡ ᠢᠷᠡᠭᠡᠳᠦᠢ᠎ᠶ᠋ᠢᠨ ᠲᠠᠪᠤᠨ ᠵᠢᠯ᠎ᠦᠨ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢ ᠪᠦᠳᠦᠭᠡᠨ ᠪᠠᠢᠭᠤᠯᠬᠤ ᠰᠠᠢ᠌ᠨ ᠰᠠᠢᠬᠠᠨ ᠵᠢᠷᠤᠭ ᠲᠥᠯᠥᠪᠯᠡᠭᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠵᠢᠷᠤᠭ᠍ᠯᠠᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠥᠪᠥᠷ ᠮᠣᠩᠭᠣᠯ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠤᠷᠤᠭ᠍ᠰᠢᠯᠠᠯᠲᠠ᠎ᠶ᠋ᠢᠨ ᠪᠦᠷᠢᠶ᠎ᠠ᠎ᠶ᠋ᠢ ᠬᠠᠩᠭᠢᠨᠠᠭᠤᠯᠪᠠ᠃ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠦᠨᠡᠨ ᠬᠦ᠌ ᠭᠦᠨᠵᠡᠭᠡᠢ ᠰᠤᠷᠤᠯᠴᠠᠨ ᠨᠡᠪᠳᠡᠷᠡᠳᠡᠯ᠎ᠠ ᠣᠢᠯᠠᠭᠠᠵᠤ᠂ ᠪᠦᠬᠦ ᠲᠠᠯ᠎ᠠ ᠪᠡᠷ ᠭᠦᠨᠵᠡᠭᠡᠢ ᠡᠵᠡᠮᠰᠢᠬᠦ ᠨᠢ ᠪᠦᠬᠦ᠌ ᠣᠷᠣᠨ᠎ᠤ ᠣᠳᠣᠬᠢᠴᠢᠯᠠᠯᠳᠠ ᠵᠢᠨ ᠪᠦᠳᠦᠭᠡᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠦᠢᠯᠡᠴᠢᠯᠡᠬᠦ᠎ᠳᠦ ᠪᠦᠬᠦ᠌ ᠲᠠᠯ᠎ᠠ᠎ᠶ᠋ᠢ ᠲᠥᠯᠥᠪᠵᠢᠭᠦᠯᠬᠦ᠌᠂ ᠱᠢᠨ᠎ᠡ ᠪᠠᠢᠳᠠᠯ᠎ᠢ ᠡᠭᠦᠳᠬᠦ᠌ ᠣᠨᠴᠠᠭᠠᠢ ᠠᠴᠢ ᠬᠣᠯᠪᠣᠭ᠍ᠳᠠᠯ᠎ᠲᠠᠶ ᠶᠤᠮ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠪᠦᠬᠦ᠌ ᠨᠠᠮ᠎ᠤᠨ ᠭᠡᠱᠢᠭᠦᠨ ᠺᠠᠳ᠋ᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠣᠣᠯ ᠰᠡᠳᠦᠪ ᠭᠣᠣᠯ ᠱᠢᠵᠢᠮ᠎ᠢ ᠭᠦᠨᠵᠡᠭᠡᠢ ᠤᠢ᠍ᠢᠯᠠᠭᠠᠨ ᠣᠨᠣᠪᠴᠢᠲᠠᠢ ᠡᠵᠡᠮᠱᠢᠵᠦ᠍᠂ ᠤᠯᠠᠮ ᠴᠢᠨᠠᠭ᠍ᠰᠢᠳᠠ ᠦᠵᠡᠯ ᠰᠠᠨᠠᠭ᠎ᠠ᠎ᠪᠠᠨ ᠨᠢᠭᠡᠳᠭᠡᠵᠦ᠍᠂᠎ᠵᠣᠷᠢᠭ ᠰᠠᠨᠠᠭ᠎ᠠ᠎ᠪᠠᠨ ᠨᠢᠭᠡᠳᠭᠡᠵᠦ᠍᠂ ᠠᠵᠢᠯᠯᠠᠭ᠎ᠠ᠎ᠪᠠᠨ ᠨᠢᠭᠡᠳᠭᠡᠵᠦ᠍᠂  ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌ ᠵᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ᠎ᠤᠨ ᠲᠤᠬᠠᠢ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠷᠢᠯᠠᠭᠤᠯᠤᠯᠲᠠ ᠲᠤᠬᠢᠷᠠᠭᠤᠯᠤᠯᠳᠠ ᠶᠣᠰᠣᠭᠠᠷ᠂ ᠪᠦᠲᠦᠮᠵᠢᠲᠡᠢ ᠵᠣᠯᠭᠠᠭᠤᠯᠬᠤ ᠠᠵᠢᠯ᠎ᠢ ᠭᠦᠨᠵᠡᠭᠡᠢ ᠪᠣᠳᠠᠲᠠᠢ ᠨᠠᠷᠢᠯᠢᠭ ᠠᠳᠭᠤᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠦᠢᠯᠡᠰ᠎ᠦᠨ ᠱᠢᠨ᠎ᠡ ᠪᠠᠢᠳᠠᠯ᠎ᠢ ᠡᠭᠦᠳᠬᠦ᠌᠎ᠪᠡᠷ ᠴᠢᠷᠮᠠᠢᠬᠤ ᠬᠡᠷᠡᠭ᠌ᠲᠡᠢ ᠭᠡᠵᠤ ᠴᠢᠬᠤᠯᠠᠴᠢᠯᠠᠵᠠᠢ᠃

ᠬᠤᠷᠠᠯ᠎ᠡᠴᠡ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ᠎ᠳᠤ ᠠᠵᠢᠯ᠎ᠤᠨ ᠰᠡᠳᠭᠢᠮᠵᠢ᠎ᠪᠡᠨ ᠲᠡᠭᠦᠯᠳᠡᠷᠵᠢᠭᠦᠯᠬᠦ᠌᠂ ᠬᠠᠷᠠᠯᠲᠠ ᠡᠭᠦᠷᠭᠡ᠎ᠪᠡᠨ ᠨᠠᠷᠢᠯᠢᠬ᠍ᠵᠢᠭᠤᠯᠬᠤ᠂ ᠠᠵᠢᠯ᠎ᠤᠨ ᠠᠷᠭ᠎ᠠ ᠬᠡᠮᠵᠢᠶ᠎ᠡ᠎ᠪᠡᠨ ᠴᠢᠩᠭᠠᠳᠭᠠᠬᠤ ᠳᠡᠭᠡᠷ᠎ᠡ ᠬᠦᠴᠦ᠍ ᠲᠠᠯᠪᠢᠵᠤ᠂ ᠰᠤᠷᠤᠯᠴᠠᠨ ᠤᠬᠠᠭᠤᠯᠵᠤ ᠲᠤᠭᠤᠱᠢᠯᠠᠭᠤᠯᠤᠭ᠍ᠰᠠᠨ ᠦᠷ᠎ᠡ ᠪᠦᠲᠦᠭᠡᠯ᠎ᠢᠶᠡᠨ ᠤᠯᠤᠰ ᠲᠥᠷᠥ᠎ᠶ᠋ᠢᠨ ᠬᠠᠷᠡᠴᠡ᠂ ᠤᠯᠤᠰ ᠲᠥᠷᠥ᠎ᠶ᠋ᠢᠨ ᠲᠣᠭ᠍ᠲᠠᠯ ᠬᠦᠴᠦᠨ᠂ ᠣᠨᠣᠯ᠎ᠤᠨ ᠲᠠᠳᠤᠯᠭ᠎ᠠ ᠪᠤᠯᠪᠠᠰᠤᠷᠠᠯ ᠪᠠ ᠠᠵᠢᠯ᠎ᠤᠨ ᠴᠢᠳᠠᠪᠤᠷᠢ ᠵᠢᠨ ᠱᠢᠨ᠎ᠡ ᠳᠡᠭᠡᠭ᠌ᠰᠢᠯᠡᠯᠲᠡ ᠳᠡᠭᠡᠷ᠎ᠡ ᠪᠠᠨ ᠢᠯᠡᠷᠡᠭᠦᠯᠵᠦ᠍᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠥᠬᠥ᠌ ᠲᠠᠯ᠎ᠠ᠎ᠪᠠᠷ ᠠᠬᠢᠭᠤᠯᠬᠤ ᠱᠢᠨ᠎ᠡ ᠵᠢᠳᠬᠦᠯ ᠴᠢᠷᠮᠠᠢᠯᠭ᠎ᠠ ᠳᠡᠭᠡᠷ᠎ᠡ ᠪᠠᠨ ᠢᠯᠡᠷᠡᠭᠦᠯᠬᠦ᠌ ᠬᠡᠷᠡᠭ᠌ᠲᠡᠶ᠃ ᠪᠦᠬᠦ᠌ ᠨᠠᠮ᠎ᠤᠨ ᠭᠡᠱᠢᠭᠦᠨ ᠺᠠᠳ᠋ᠷ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠶᠡᠬᠡ ᠬᠤᠷᠠᠯ᠎ᠡᠴᠡ ᠲᠣᠭ᠍ᠲᠠᠭᠠᠭ᠍ᠰᠠᠨ ᠡᠯ᠎ᠡ ᠵᠦᠢᠯ᠎ᠦᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌ ᠳᠡᠭᠡᠷ᠎ᠡ ᠨᠢᠭ᠍ᠲᠠᠷᠠᠭᠤᠯᠵᠤ᠂ ᠲᠤᠰ ᠪᠡᠶ᠎ᠡ᠎ᠶ᠋ᠢᠨ ᠡᠭᠦᠷᠭᠡ ᠴᠢᠳᠠᠪᠬᠢ᠎ᠶ᠋ᠢᠨ ᠪᠠᠢᠷᠢ ᠲᠣᠭ᠍ᠲᠠᠭᠠᠯᠲᠠ᠎ᠳᠠᠭᠠᠨ ᠰᠠᠭᠤᠷᠢᠯᠠᠵᠤ᠂ ᠭᠣᠣᠯᠳᠠᠯᠭ᠎ᠠ᠎ᠶ᠋ᠢᠨ ᠲᠣᠭᠣᠷᠢᠨ᠎ᠳᠤ ᠶᠡᠬᠡ ᠲᠠᠯ᠎ᠠ᠎ᠳᠤ ᠦᠢᠯᠡᠴᠢᠯᠡᠵᠦ᠍᠂ ᠱᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠵᠦ᠍᠂ ᠮᠥᠷᠳᠡᠨ ᠳᠠᠭᠠᠵᠤ ᠰᠠᠢᠳᠤᠷ ᠪᠠᠢᠷᠢᠯᠠᠭᠤᠯᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠱᠠᠯᠠᠪᠳᠠᠨ ᠲᠦᠷᠭᠡᠨ ᠬᠢᠵᠤ᠂ ᠲᠤᠬᠠᠢᠯᠠᠭ᠍ᠰᠠᠨ ᠠᠵᠢᠯ᠎ᠢᠶᠠᠨ ᠤᠬᠠᠮᠰᠠᠷ᠎ᠡᠴᠡ᠎ᠪᠠᠨ ᠰᠠᠢᠲᠤᠷ ᠭᠦᠢᠴᠡᠳᠭᠡᠵᠦ᠍᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌ ᠵᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭᠠᠭᠤᠯᠬᠤ᠎ᠳᠤ ᠬᠦᠴᠦᠨ ᠴᠢᠳᠠᠯ᠎ᠢᠶᠠᠨ ᠢᠳᠡᠪᠬᠢᠲᠡᠢ ᠡᠷᠭᠦᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号