12 ᠰᠠᠷ᠎ᠠ ᠶ᠋ᠢᠨ 15 ᠤ᠋ ᠡᠳᠦᠷ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠤᠯᠤᠰ ᠲᠦᠷᠦ᠍ ᠬᠠᠤᠯᠢ ᠴᠠᠭᠠᠵᠠ᠎ᠶ᠋ᠢᠨ ᠬᠣᠷᠢᠶ᠎ᠠ ᠵᠢᠨ ᠪᠠᠢᠭᠤᠯᠭ᠎ᠠ᠎ᠳᠤ ᠭᠦᠨᠵᠡᠭᠡᠢᠷᠡᠵᠦ ᠤᠬᠠᠭᠤᠯᠤᠨ ᠲᠠᠢᠯᠪᠤᠷᠢᠯᠠᠪᠠ᠃
ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠎ᠶ᠋ᠢᠨ ᠳᠡᠳ᠋ ᠵᠠᠬᠢᠷᠤᠯ᠂ ᠫᠷᠤᠹᠸᠰᠰᠤᠷ ᠠᠨ ᠵᠢᠩ ᠽᠸ 《ᠪᠦᠬᠦ᠌ ᠲᠠᠯ᠎ᠠ ᠪᠣᠯᠤᠨ ᠪᠠᠢᠯᠳᠤᠬᠤ ᠪᠤᠳᠤᠯᠭ᠎ᠠ ᠶ᠋ᠢᠨ ᠦᠨᠳᠦᠷᠴᠡ ᠡᠴᠡ ᠨᠠᠮ ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠢ ᠲᠠᠨᠢᠬᠤ》᠂ 《ᠨᠠᠮ ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠵᠢᠨ ᠪᠠᠶᠠᠯᠢᠭ ᠠᠭᠤᠯᠤᠭ᠍ᠳᠠᠬᠤᠨ ᠪᠣᠯᠤᠨ ᠭᠣᠣᠯ ᠴᠢᠬᠤᠯᠠ ᠠᠭᠤᠯᠭ᠎ᠠ ᠶ᠋ᠢ ᠭᠦᠨᠵᠡᠭᠡᠢ ᠣᠢᠯᠠᠭᠠᠬᠤ》᠂ 《ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠥᠪᠥᠷ ᠮᠣᠩᠭᠣᠯ᠎ᠳᠤ ᠪᠣᠳᠠᠲᠠᠶ ᠨᠠᠢᠳᠠᠪᠤᠷᠢᠵᠢᠭᠤᠯᠬᠤ ᠵᠢ ᠯᠠᠪᠲᠠᠭᠤᠨ ᠪᠠᠲᠤᠲᠠᠢ ᠠᠬᠢᠭᠤᠯᠬᠤ》 ᠵᠡᠷᠭᠡ ᠭᠤᠷᠪᠠᠨ ᠲᠠᠯ᠎ᠠ ᠢ᠋ᠢᠨ ᠲᠤᠭᠤᠷᠢᠨ ᠳ᠋ᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ᠂ ᠰᠢᠰᠲ᠋ᠸᠮ ᠲᠠᠢ ᠦᠭᠦᠯᠡᠨ ᠲᠠᠢᠯᠪᠤᠷᠢᠯᠠᠪᠠ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠶ᠋ᠢᠨ ᠭᠣᠣᠯ ᠰᠡᠳᠦᠪ ᠢᠯᠡ ᠲᠣᠳᠣ᠂ ᠠᠭᠤᠯᠭ᠎ᠠ ᠪᠠᠶᠠᠯᠢᠭ᠂ ᠥᠭᠦᠯᠡᠯᠲᠡ ᠨᠡᠪᠲᠡᠷᠬᠡᠢ᠂ ᠤᠨᠤᠯ᠎ᠤᠨ ᠦᠨᠳᠦᠷᠴᠡ ᠲᠠᠢ ᠪᠥᠭᠡᠳ ᠦᠢᠯᠡᠳᠦᠯᠭᠡ ᠶ᠋ᠢᠨ ᠭᠦᠨᠴᠡ ᠲᠡᠶ ᠪᠠᠢᠵᠤ᠂ ᠥᠷᠭᠡᠨ ᠤᠯᠠᠨ ᠤᠯᠤᠰ ᠲᠦᠷᠦ᠍ ᠬᠠᠤᠯᠢ ᠴᠠᠭᠠᠵᠠ᠎ᠶ᠋ᠢᠨ ᠺᠠᠳ᠋ᠷ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠣᠨᠣᠪᠴᠢᠲᠠᠢ ᠣᠢᠯᠠᠭᠠᠬᠤ ᠳᠤ ᠮᠠᠰᠢ ᠴᠢᠩᠭ᠎ᠠ ᠵᠢᠯᠣᠭᠣᠳᠭᠤ ᠦᠢᠯᠡᠳᠦᠯ᠎ᠲᠡᠶ ᠶᠤᠮ ᠃
ᠥᠪᠡᠷᠲᠡᠭᠡᠨ ᠵᠠᠰᠠᠬᠤ ᠣᠷᠣᠨ᠎ᠤ ᠨᠠᠮ ᠤᠨ ᠬᠣᠷᠢᠶ᠎ᠠ ᠵᠢᠨ ᠤᠯᠤᠰ ᠲᠥᠷᠥ᠍ ᠬᠠᠤᠯᠢ ᠴᠠᠭᠠᠵᠠ᠎ᠶ᠋ᠢᠨ ᠬᠣᠷᠢᠶ᠎ᠠ ᠵᠢᠨ ᠳᠡᠳ᠋ ᠱᠦᠵᠢ ᠴᠢᠶᠧ ᠭᠦᠸᠧ ᠱᠠᠨ᠂ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠨᠢ ᠭᠣᠢᠳᠠ ᠰᠠᠢᠬᠠᠨ ᠪᠥᠭᠡᠳ ᠠᠮᠢᠳᠤᠯᠢᠭ᠂ ᠠᠭᠤᠯᠤᠭ᠍ᠳᠠᠬᠤᠨ ᠢᠶᠠᠷ ᠪᠠᠶᠠᠯᠢᠭ ᠪᠠᠢᠵᠤ᠂ ᠰᠣᠨᠣᠰᠤᠭ᠍ᠰᠠᠨ᠎ᠤ ᠳᠠᠷᠠᠭ᠎ᠠ ᠮᠠᠰᠢ ᠣᠯᠠᠨ ᠣᠯᠤᠯᠲᠠ᠎ᠲᠠᠶ ᠪᠣᠯᠵᠠᠶ᠃ ᠬᠣᠢᠱᠢᠳᠠ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ᠎ᠢ ᠬᠥᠲᠥᠯᠥᠨ ᠵᠢᠯᠣᠭᠣᠳᠴᠤ᠌ ᠪᠠᠢᠭᠠᠳ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ ᠪᠠᠨ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ ᠪᠠ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠤᠨ ᠵᠣᠷᠢᠭ ᠰᠠᠨᠠᠭ᠎ᠠ ᠲᠠᠶ ᠤᠬᠠᠮᠰᠠᠷ ᠡᠴᠡ ᠪᠠᠨ ᠨᠢᠭᠡᠳᠭᠡᠵᠦ᠍᠂ ᠡᠬᠡ ᠤᠯᠤᠰ᠎ᠤᠨ ᠤᠮᠠᠷᠠᠲᠤ ᠶ᠋ᠢᠨ ᠠᠮᠤᠷ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠡᠨᠡ ᠬᠦ᠌ ᠴᠢᠬᠤᠯᠠ ᠶᠡᠬᠡ ᠤᠯᠤᠰ ᠲᠥᠷᠥ ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠡᠬᠡ ᠤᠯᠤᠰ᠎ᠤᠨ 《ᠤᠮᠠᠷᠠᠲᠦ ᠲᠤᠮᠤ ᠬᠠᠭᠠᠯᠭ᠎ᠠ》᠂ ᠨᠡᠢᠰᠯᠡᠯ᠎ᠦᠨ《ᠬᠤᠲᠠ ᠬᠠᠮᠠᠭᠠᠯᠠᠬᠤ ᠭᠤᠤᠯ》᠎ᠢ᠋ ᠰᠠᠢᠲᠤᠷ ᠰᠠᠬᠢᠵᠤ᠂ ᠠᠮᠤᠭᠤᠯᠠᠩᠲᠦ ᠥᠪᠥᠷ ᠮᠣᠩᠭᠣᠯ᠂ ᠬᠠᠤᠯᠢᠵᠢᠯ᠎ᠤᠨ ᠥᠪᠥᠷ ᠮᠣᠩᠭᠣᠯ᠎ᠤᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠳᠤ ᠠᠮᠤᠷ ᠲᠦᠪᠱᠢᠨ ᠲᠣᠭ᠍ᠲᠠᠭᠤᠨ ᠨᠡᠢᠭᠡᠮ᠎ᠦᠨ ᠣᠷᠴᠢᠨ ᠲᠣᠭᠣᠷᠢᠨ᠎ᠢ ᠪᠣᠶ ᠪᠣᠯᠭᠠᠵᠤ ᠥᠭ᠌ᠭᠦᠨ᠎ᠡ ᠬᠡᠵᠦ ᠢᠯᠡᠷᠬᠡᠢᠯᠡᠪᠡ ᠃
《ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢ ᠰᠣᠨᠣᠰᠤᠭᠠᠳ ᠭᠦᠨ ᠰᠡᠩᠬᠡᠷᠡᠭᠦᠯᠦᠯ ᠣᠯᠵᠤ᠂ ᠶᠡᠬᠡᠳᠡ ᠵᠣᠷᠢᠭ᠍ᠵᠢᠪᠠ᠃ ᠤᠯᠤᠰ ᠲᠦᠷᠦ᠍ ᠬᠠᠤᠯᠢ ᠴᠠᠭᠠᠵᠠ᠎ᠶ᠋ᠢᠨ ᠺᠠᠳ᠋ᠷ ᠪᠣᠯᠤᠭ᠍ᠰᠠᠨ᠎ᠤ ᠬᠤᠪᠢ᠎ᠳᠤ᠂ ᠬᠣᠢᠱᠢᠳᠠ᠎ᠶ᠋ᠢᠨ ᠠᠵᠢᠯ᠎ᠤᠨ ᠳᠤᠮᠳᠠ᠎ᠪᠠᠨ ᠪᠢᠳᠡ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠬᠠᠤᠯᠢᠵᠢᠯ ᠤ᠋ᠨ ᠬᠦᠷᠢᠶᠡᠨ ᠳᠡᠬᠢ ᠲᠤᠪᠤᠢ᠌ᠮ᠎ᠠ ᠠᠰᠠᠭᠤᠳᠠᠯ᠎ᠢ ᠱᠢᠢᠳᠪᠦᠷᠢᠯᠡᠬᠦ᠌ ᠪᠡᠷ ᠬᠦᠴᠦᠯᠡᠬᠦ᠌ ᠴᠡᠭ ᠪᠣᠯᠭᠠᠵᠤ᠂ ᠬᠠᠤᠯᠢ ᠪᠠᠷᠢᠬᠤ ᠪᠠᠢᠭᠤᠯᠤᠮᠵᠢ ᠵᠢᠨ ᠶᠡᠷᠦᠩᠬᠡᠢᠯᠡᠭ᠌ᠰᠡᠨ ᠢᠵᠢ ᠪᠦᠷᠢᠳᠦᠬᠦᠯᠬᠦ᠌ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠂ ᠬᠠᠤᠯᠢ ᠬᠡᠷᠡᠭ᠌ᠵᠢᠭᠦᠯᠬᠦ᠌ ᠬᠠᠤᠯᠢ ᠪᠠᠷᠢᠬᠤ ᠬᠢᠵᠠᠭᠠᠷᠯᠠᠯ ᠬᠢᠨᠠᠯᠲᠠ᠎ᠶ᠋ᠢ ᠴᠢᠩᠭᠠᠳᠭᠠᠵᠤ᠂ ᠬᠠᠤᠯᠢ ᠬᠡᠷᠡᠭ᠌ᠵᠢᠭᠦᠯᠬᠦ᠌ ᠬᠠᠤᠯᠢ ᠪᠠᠷᠢᠬᠤ ᠬᠠᠷᠢᠭᠤᠴᠠᠯᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠤᠨ᠂ ᠬᠠᠤᠯᠢ ᠪᠠᠷᠢᠬᠤ᠎ᠶ᠋ᠢ ᠢᠯᠡ ᠪᠣᠯᠭᠠᠬᠤ᠎ᠶ᠋ᠢ ᠭᠦᠨᠵᠡᠭᠡᠢ ᠠᠬᠢᠭᠤᠯᠵᠤ᠂ ᠬᠠᠤᠯᠢ ᠲᠦᠭᠡᠮᠡᠯᠵᠢᠭᠦᠯᠬᠦ᠌ ᠡᠷᠴᠢᠮ᠎ᠢ ᠶᠡᠬᠡ ᠪᠡᠷ ᠴᠢᠩᠭᠠᠷᠠᠭᠤᠯᠤᠨ᠂ ᠬᠠᠤᠯᠢ ᠴᠠᠭᠠᠵᠠ ᠢ᠋ᠢᠨ ᠬᠡᠷᠡᠭ ᠪᠣᠯᠭᠠᠨ ᠡᠴᠡ ᠠᠷᠠᠳ ᠤᠯᠠᠨ᠎ᠳᠤ ᠲᠥᠪ ᠭᠣᠣᠯᠴᠢ ᠱᠢᠳᠤᠷᠭᠤ ᠶᠣᠰᠣ᠎ᠶ᠋ᠢ ᠪᠠᠷᠢᠮᠲᠠᠯᠠᠭ᠍ᠰᠠᠨ ᠲᠦᠷᠦᠭ᠌ᠳᠡᠯ ᠢ ᠣᠯᠭᠣᠬᠤ ᠪᠠᠷ ᠴᠢᠷᠮᠠᠢᠨ᠎ᠠ》 ᠬᠡᠵᠦ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠯᠤᠰ ᠲᠥᠷᠥ᠍ ᠬᠠᠤᠯᠢ ᠴᠠᠭᠠᠵᠠ᠎ᠶ᠋ᠢᠨ ᠬᠣᠷᠢᠶ᠎ᠠ ᠵᠢᠨ ᠬᠠᠤᠯᠢᠵᠢᠯ ᠤ᠋ᠨ ᠭᠠᠵᠠᠷ᠎ᠤᠨ ᠳᠡᠳ᠋ ᠳᠠᠷᠤᠭ᠎ᠠ ᠨᠠ ᠨᠠ ᠬᠡᠯᠡᠪᠡ ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠯᠤᠰ ᠲᠦᠷᠦ᠍ ᠬᠠᠤᠯᠢ ᠴᠠᠭᠠᠵᠠ᠎ᠶ᠋ᠢᠨ ᠬᠣᠷᠢᠶ᠎ᠠ ᠵᠢᠨ ᠦᠨᠳᠦᠰᠦᠨ ᠱᠠᠲᠤᠨ᠎ᠤ ᠨᠡᠢᠭᠡᠮ᠎ᠦᠨ ᠵᠠᠰᠠᠯᠲᠠ᠎ᠶ᠋ᠢᠨ ᠭᠠᠵᠠᠷ ᠤᠨ ᠺᠠᠳ᠋ᠷ ᠯᠢ ᠱᠧᠩ ᠺᠸ᠄ 《ᠲᠤᠰ ᠤᠳᠠᠭ᠎ᠠ ᠶ᠋ᠢᠨ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠬᠤᠷᠠᠯ ᠢᠶᠠᠷ ᠵᠢᠯᠣᠭᠣᠳᠤᠮᠵᠢ ᠪᠣᠯᠭᠠᠵᠤ᠂ ᠲᠤᠬᠠᠢᠯᠠᠭ᠍ᠰᠠᠨ ᠠᠵᠢᠯ ᠤᠨ ᠪᠠᠢᠷᠢ ᠳᠠᠭᠠᠨ ᠰᠠᠭᠤᠷᠢᠯᠠᠵᠤ᠂ ᠬᠤᠷᠠᠯ ᠤᠨ ᠵᠣᠷᠢᠭ ᠰᠠᠨᠠᠭ᠎ᠠ ᠶ᠋ᠢ ᠨᠠᠷᠢᠨ ᠬᠢᠨᠠᠮᠠᠭᠠᠢ ᠤᠢ᠍ᠢᠯᠠᠭᠠᠨ ᠡᠵᠡᠮᠱᠢᠵᠦ᠍᠂ ᠥᠷᠭᠡᠨ ᠤᠯᠠᠨ ᠤᠯᠤᠰ ᠲᠦᠷᠦ᠍ ᠬᠠᠤᠯᠢ ᠴᠠᠭᠠᠵᠠ ᠶ᠋ᠢᠨ ᠺᠠᠳ᠋ᠷ ᠲᠠᠶ ᠬᠠᠮᠲᠤ ᠪᠠᠷ ᠬᠠᠤᠯᠢᠵᠢᠬ᠍ᠰᠠᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ ᠢ ᠴᠢᠷᠮᠠᠢᠨ ᠪᠠᠢᠭᠤᠯᠵᠤ᠂ ᠠᠷᠠᠳ ᠤᠯᠠᠨ᠎ᠤ ᠬᠠᠤᠯᠢᠵᠢᠯ᠎ᠤᠨ ᠦᠢᠯᠡᠴᠢᠯᠡᠭᠡᠨ᠎ᠦ ᠲᠦᠪᠱᠢᠨ᠎ᠢ ᠳᠡᠭᠡᠭ᠌ᠰᠢᠯᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠳᠤ ᠱᠢᠨ᠎ᠡ ᠬᠤᠪᠢ ᠨᠡᠮᠡᠷᠢ ᠦᠵᠡᠭᠦᠯᠦᠨ᠎ᠡ》 ᠬᠡᠵᠦ ᠬᠡᠯᠡᠪᠡ ᠃