ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠤᠷᠢᠶ᠎ᠠ ᠵᠢᠨ ᠭᠠᠳᠠᠭᠠᠳᠤ ᠶᠠᠪᠤᠳᠠᠯ ᠎ᠤᠨ ᠠᠵᠢᠯ ᠎ᠤᠨ ᠬᠤᠷᠢᠶ᠎ᠠ ᠵᠢᠨ ᠠᠯᠪᠠᠨ ᠭᠡᠷ ᠎ᠤᠨ ᠪᠠᠢᠭᠤᠯᠭ᠎ᠠ ᠳ᠋ᠤ ᠭᠦᠨᠵᠡᠭᠡᠢᠷᠡᠵᠤ ᠤᠬᠠᠭᠤᠯᠤᠨ ᠲᠠᠢᠯᠪᠤᠷᠢᠯᠠᠪᠠ
2021-12-22 21:16:48
ᠵᠣᠬᠢᠶᠠᠭ᠍ᠴᠢ᠄
ᠰᠦᠩ ᠱᠤᠸᠠᠩ ᠳᠠᠳᠤᠯᠭ᠎ᠠ ᠎ᠶ᠋ᠢᠨ ᠰᠤᠷᠪᠤᠯᠵᠢᠯᠠᠭ᠍ᠴᠢ ᠯᠢ ᠴᠤᠤ ᠷᠠᠨ
ᠣᠩᠱᠢᠭ᠍ᠰᠠᠨ ᠣᠳᠠᠭ᠎ᠠ᠄
★★★☆☆

12ᠰᠠᠷ᠎ᠠ ᠎ᠶ᠋ᠢᠨ 16 ᠎ᠤ᠋ ᠡᠳᠦᠷ ᠂ ᠨᠠᠮ ᠎ᠤᠨ ᠠᠷᠪᠠ ᠶᠢᠰᠦᠳᠦᠭᠡᠷ ᠬᠤᠭᠤᠴᠠᠭᠠᠨ ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠭᠠᠳᠠᠭᠠᠳᠤ ᠶᠠᠪᠤᠳᠠᠯ᠎ᠤᠨ ᠠᠵᠢᠯ᠎ᠤᠨ ᠬᠤᠷᠢᠶ᠎ᠠ ᠵᠢᠨ ᠠᠯᠪᠠᠨ ᠭᠡᠷ᠎ᠤᠨ ᠪᠠᠢᠭᠤᠯᠭ᠎ᠠ ᠳ᠋ᠤ ᠭᠦᠨᠵᠡᠭᠡᠢᠷᠡᠵᠤ ᠤᠬᠠᠭᠤᠯᠤᠨ ᠲᠠᠢᠯᠪᠤᠷᠢᠯᠠᠪᠠ᠃

ᠮᠡᠳᠡᠭᠦᠯᠦᠯᠲᠡ᠎ᠶ᠋ᠢᠨ ᠬᠤᠷᠠᠯ ᠳ᠋ᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠎ᠤ ᠠᠷᠠᠳ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠪᠠᠢᠩᠭᠤ᠎ᠶ᠋ᠢᠨ ᠬᠤᠷᠢᠶ᠎ᠠ ᠵᠢᠨ ᠠᠯᠪᠠᠨ ᠲᠢᠩᠬᠢᠮ᠎ᠦᠨ ᠵᠠᠬᠢᠳᠠᠯ ᠰᠤᠷᠪᠤᠯᠵᠢᠯᠠᠯ᠎ᠤᠨ ᠲᠣᠪᠴᠢᠶ᠎ᠠ ᠵᠢᠨ ᠳᠠᠷᠤᠭ᠎ᠠ᠂ ᠨᠢᠭᠡᠳᠦᠭᠡᠷ ᠳᠡᠰ᠎ᠤᠨ ᠲᠣᠭᠣᠷᠢᠨ ᠪᠠᠢᠴᠠᠭᠠᠭ᠍ᠴᠢ ᠮᠠ ᠴᠧᠨ ᠨᠠᠮ ᠎ᠤᠨ ᠠᠷᠪᠠ ᠶᠢᠰᠦᠳᠦᠭᠡᠷ ᠬᠤᠭᠤᠴᠠᠭᠠᠨ ᠎ᠤ ᠲᠥᠪ  ᠬᠤᠷᠢᠶ᠎ᠠ  ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ ᠎ᠢ ᠭᠦᠨᠵᠡᠭᠡᠢ ᠲᠠᠨᠢᠬᠤ᠂ ᠨᠠᠮ ᠎ᠤᠨ ᠠᠷᠪᠠ ᠶᠢᠰᠦᠳᠦᠭᠡᠷ ᠬᠤᠭᠤᠴᠠᠭᠠᠨ ᠎ᠤ ᠲᠥᠪ ᠬᠤᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠎ᠶ᠋ᠢᠨ ᠪᠠᠶᠠᠯᠢᠭ ᠠᠭᠤᠯᠤᠭ᠍ᠳᠠᠬᠤᠨ ᠪᠠ ᠭᠣᠣᠯ ᠠᠭᠤᠯᠭ᠎ᠠ ᠎ᠶ᠋ᠢ ᠭᠦᠨᠵᠡᠭᠡᠢ ᠣᠢᠯᠠᠭᠠᠬᠤ᠂ ᠥᠪᠡᠷᠲᠡᠭᠡᠨ ᠵᠠᠰᠠᠬᠤ ᠣᠷᠣᠨ ᠎ᠤ ᠠᠷᠪᠠᠨ ᠨᠢᠭᠡᠳᠦᠭᠡᠷ ᠤᠳᠠᠭ᠎ᠠ ᠎ᠶ᠋ᠢᠨ ᠨᠠᠮ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠬᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ ᠎ᠤᠨ ᠵᠣᠷᠢᠭ ᠰᠠᠨᠠᠭ᠎ᠠ ᠎ᠶ᠋ᠢ ᠥᠪᠥᠷ ᠮᠣᠩᠭᠣᠯ᠎ᠳᠤ ᠪᠤᠳᠠᠳᠠᠢᠵᠢᠭᠤᠯᠤᠨ ᠨᠠᠢᠳᠠᠪᠤᠷᠢᠵᠢᠭᠤᠯᠬᠤ᠎ᠶ᠋ᠢ ᠯᠠᠪᠳᠠᠭᠤᠨ ᠪᠠᠲᠤᠲᠠᠢ ᠠᠬᠢᠭᠤᠯᠬᠤ ᠵᠡᠷᠭᠡ ᠲᠠᠯ᠎ᠠ᠎ᠪᠠᠷ ᠭᠦᠨᠵᠡᠭᠡᠢ ᠪᠥᠭᠡᠳ ᠣᠢᠯᠠᠭᠠᠮᠵᠢᠲᠠᠢ᠂ ᠪᠦᠬᠦ᠌ ᠲᠠᠯ᠎ᠠ ᠎ᠪᠠᠷ᠂  ᠱᠢᠰᠲ᠋ᠧᠮ ᠎ᠲᠡᠶ ᠲᠠᠢᠯᠤᠮᠵᠢ ᠬᠢᠭᠰᠡᠨ ᠪᠠᠢᠨ᠎ᠠ᠃

ᠤᠬᠠᠭᠤᠯᠤᠨ ᠲᠠᠢᠯᠪᠤᠷᠢᠯᠠᠯᠳᠠ᠎ᠶ᠋ᠢᠨ ᠭᠣᠣᠯ ᠰᠡᠳᠦᠪ ᠢᠯᠡ ᠲᠣᠳᠣ᠂ ᠠᠭᠤᠯᠭ᠎ᠠ ᠪᠠᠶᠠᠯᠢᠭ᠂ ᠤᠨᠤᠯ ᠎ᠤᠨ ᠦᠨᠳᠦᠷᠴᠡ ᠲᠠᠢ ᠪᠥᠭᠡᠳ ᠪᠣᠳᠠᠲᠤ ᠠᠴᠢ ᠬᠣᠯᠪᠣᠭ᠍ᠳᠠᠯ᠎ᠲᠠᠶ ᠪᠠᠢᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭᠠᠨ᠎ᠤ ᠭᠣᠣᠯ ᠠᠭᠤᠯᠭ᠎ᠠ᠂ ᠴᠢᠬᠤᠯᠠ ᠶᠡᠬᠡ ᠠᠴᠢ ᠬᠣᠯᠪᠣᠭ᠍ᠳᠠᠯ ᠎ᠢ ᠲᠣᠳᠣᠷᠬᠠᠢ ᠲᠠᠢᠯᠪᠤᠷᠢᠯᠠᠭᠰᠠᠨ ᠪᠥᠭᠡᠳ ᠪᠠᠰᠠ ᠺᠠᠳ᠋ᠷ ᠤᠯᠠᠨ ᠲᠦᠮᠡᠨ ᠎ᠦ ᠬᠠᠯᠠᠮᠵᠢᠯᠠᠵᠤ ᠪᠠᠢᠭ᠎ᠠ ᠠᠰᠠᠭᠤᠳᠠᠯ ᠎ᠳᠤ ᠬᠠᠷᠢᠭᠤᠯᠲᠠ ᠥᠭ᠌ᠴᠦ᠂ ᠮᠠᠰᠢ ᠴᠢᠩᠭ᠎ᠠ ᠤᠯᠤᠰ ᠲᠦᠷᠦᠴᠢ ᠴᠢᠨᠠᠷ᠂ ᠦᠵᠡᠯ ᠰᠠᠨᠠᠭᠠᠴᠢ ᠴᠢᠨᠠᠷ ᠪᠣᠯᠤᠨ ᠬᠠᠨᠳᠤᠯᠭᠠᠲᠤ ᠴᠢᠨᠠᠷ ᠲᠠᠶ ᠪᠤᠯᠵᠠᠢ᠃

《ᠪᠢᠳᠡ ᠨᠠᠮ ᠎ᠤᠨ ᠠᠷᠪᠠ ᠶᠢᠰᠦᠳᠦᠭᠡᠷ ᠬᠤᠭᠤᠴᠠᠭᠠᠨ ᠎ᠤ ᠲᠥᠪ ᠬᠤᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠭᠠᠳᠠᠭᠠᠳᠤ ᠶᠠᠪᠤᠳᠠᠯ ᠎ᠤᠨ ᠰᠠᠯᠠᠭ᠎ᠠ ᠮᠥᠴᠢᠷ᠎ᠦᠨ ᠡᠭᠦᠷᠭᠡ ᠴᠢᠳᠠᠪᠬᠢ ᠎ᠳᠤ ᠰᠠᠭᠤᠷᠢᠯᠠᠨ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢᠨ ᠲᠤᠬᠠᠶ ᠭᠠᠳᠠᠭᠠᠳᠤ ᠤᠬᠠᠭᠤᠯᠭ᠎ᠠ ᠲᠠᠨᠢᠯᠴᠠᠭᠤᠯᠭ᠎ᠠ ᠵᠢ ᠴᠢᠩᠭᠠᠳᠭᠠᠵᠤ᠂ ᠣᠯᠠᠨ ᠤᠯᠤᠰ᠎ᠯᠤᠭ᠎ᠠ ᠎ᠶ᠋ᠢᠨ ᠶᠠᠪᠤᠯᠴᠠᠭ᠎ᠠ ᠬᠠᠮᠲᠤᠷᠠᠯᠴᠠᠭ᠎ᠠ ᠵᠢ  ᠴᠢᠩᠭᠠᠳᠭᠠᠨ᠂ ᠤᠯᠤᠰ᠎ᠤᠨ ᠬᠦᠷᠰᠢ ᠵᠡᠷᠭᠡᠯᠡᠳᠡᠭᠡ ᠪᠠᠨ ᠡᠪᠯᠡᠵᠦ ᠵᠠᠰᠠᠬᠤ ᠪᠠ ᠭᠠᠳᠠᠭᠠᠳᠤ ᠨᠡᠭᠡᠭᠡᠯᠲᠡ᠎ᠶ᠋ᠢᠨ ᠪᠠᠢᠯᠳᠤᠬᠤ ᠪᠣᠳᠣᠯᠭ᠎ᠠ ᠳ᠋ᠤ ᠦᠢᠯᠡᠴᠢᠯᠡᠬᠦ ᠴᠢᠬᠤᠯᠠ ᠶᠡᠬᠡ ᠤᠯᠤᠰ ᠲᠥᠷᠥ ᠶ᠋ᠢᠨ ᠬᠠᠷᠢᠭᠤᠴᠠᠯᠭ᠎ᠠ ᠵᠢ ᠰᠠᠢᠳᠤᠷ ᠭᠦᠶ᠋ᠴᠡᠳᠭᠡᠬᠦ᠌ ᠎ᠳᠦ ᠭᠠᠳᠠᠭᠠᠳᠤ ᠶᠠᠪᠤᠳᠠᠯ᠎ᠤᠨ ᠰᠠᠯᠠᠭ᠎ᠠ ᠮᠥᠴᠢᠷ᠎ᠦᠨ ᠦᠵᠡᠭᠦᠯᠪᠡᠰᠦ ᠵᠣᠬᠢᠬᠤ ᠬᠤᠪᠢ ᠨᠡᠮᠡᠷᠢ ᠎ᠪᠡᠨ ᠦᠵᠡᠭᠦᠯᠦᠨ᠎ᠡ》 ᠭᠡᠵᠦ ᠥᠪᠡᠷᠲᠡᠭᠡᠨ ᠵᠠᠰᠠᠬᠤ ᠣᠷᠣᠨ ᠎ᠤ ᠨᠠᠮ᠎ᠤᠨ ᠬᠤᠷᠢᠶ᠎ᠠ ᠵᠢᠨ ᠭᠠᠳᠠᠭᠠᠳᠤ ᠶᠠᠪᠤᠳᠠᠯ ᠎ᠤᠨ ᠠᠵᠢᠯ᠎ᠤᠨ ᠬᠤᠷᠢᠶ᠎ᠠ ᠵᠢᠨ ᠠᠯᠪᠠᠨ ᠭᠡᠷ᠎ᠦᠨ ᠨᠠᠷᠢᠨ ᠪᠢᠴᠢᠭ᠎ᠦᠨ ᠭᠠᠵᠠᠷ ᠎ᠤᠨ ᠨᠠᠮ ᠎ᠤᠨ ᠡᠭᠦᠷ ᠎ᠦᠨ ᠱᠦᠵᠢ ᠴᠧᠨ ᠭᠠᠩ ᠤᠬᠠᠭᠤᠯᠤᠨ ᠲᠠᠢᠯᠪᠤᠷᠢᠯᠠᠬᠤ ᠎ᠶ᠋ᠢ ᠰᠣᠨᠣᠰᠤᠭᠰᠠᠨ᠎ᠤ ᠲᠠᠷᠠᠭᠠᠬᠢ ᠤᠢᠯᠠᠭᠠᠯᠳᠠ ᠲᠦᠷᠦᠭ᠌ᠳᠡᠯ ᠵᠢᠡᠨ ᠶᠠᠷᠢᠵᠤ ᠪᠠᠢᠯ᠎ᠠ᠃

ᠥᠪᠡᠷᠲᠡᠭᠡᠨ ᠵᠠᠰᠠᠬᠤ ᠣᠷᠣᠨ ᠎ᠤ ᠨᠠᠮ᠎ᠤᠨ ᠬᠤᠷᠢᠶ᠎ᠠ ᠵᠢᠨ ᠭᠠᠳᠠᠭᠠᠳᠤ ᠶᠠᠪᠤᠳᠠᠯ᠎ᠤᠨ ᠠᠵᠢᠯ᠎ᠤᠨ ᠬᠤᠷᠢᠶ᠎ᠠ ᠵᠢᠨ ᠠᠯᠪᠠᠨ ᠬᠡᠷ ᠎ᠦᠨ ᠭᠠᠳᠠᠭᠠᠳᠤ ᠎ᠳᠤ ᠭᠠᠷᠬᠤ  ᠭᠠᠵᠠᠷ ᠎ᠤᠨ ᠬᠤᠯᠪᠤᠭᠠᠲᠤ ᠨᠠᠮ᠎ᠤᠨ ᠡᠭᠦᠷ ᠎ᠦᠨ ᠱᠦᠵᠢ ᠯᠢ ᠱᠢᠶᠤᠤ ᠭᠠᠩ᠂ ᠨᠠᠮ ᠎ᠤᠨ ᠠᠷᠪᠠ ᠶᠢᠰᠦᠳᠦᠭᠡᠷ ᠬᠤᠭᠤᠴᠠᠭᠠᠨ ᠎ᠤ ᠲᠥᠪ ᠬᠤᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠎ᠶ᠋ᠢ ᠣᠳᠣᠬᠠᠨ᠎ᠤ ᠪᠠ ᠬᠣᠢᠱᠢᠳᠠ ᠎ᠶ᠋ᠢᠨ ᠨᠢᠭᠡ ᠬᠤᠭᠤᠴᠠᠭᠠᠨ ᠎ᠤ ᠴᠢᠬᠤᠯᠠ ᠶᠡᠬᠡ ᠤᠯᠤᠰ ᠲᠥᠷᠥ ᠎ᠶ᠋ᠢᠨ ᠡᠭᠦᠷᠭᠡ ᠪᠣᠯᠭᠠᠵᠤ᠂ ᠰᠤᠷᠤᠯᠴᠠᠬᠤ ᠲᠥᠯᠥᠪᠯᠡᠭᠡ ᠎ᠶ᠋ᠢ ᠨᠠᠷᠢᠨ ᠬᠢᠨᠠᠮᠠᠭᠠᠶ ᠲᠣᠭ᠍ᠲᠠᠭᠠᠵᠤ᠂ ᠬᠠᠮᠲᠤ ᠎ᠶ᠋ᠢᠨ ᠰᠤᠷᠤᠯᠴᠠᠯᠭ᠎ᠠ᠂ ᠰᠤᠳᠤᠯᠤᠨ ᠶᠠᠷᠢᠯᠴᠠᠵᠤ ᠰᠣᠯᠢᠯᠴᠠᠬᠤ ᠵᠡᠷᠭᠡ ᠣᠯᠠᠨ ᠵᠦᠶ᠋ᠯ ᠎ᠦᠨ ᠬᠡᠯᠪᠡᠷᠢ ᠎ᠪᠡᠷ ᠳᠠᠮᠵᠢᠭᠤᠯᠤᠨ᠂ ᠬᠤᠷᠠᠯ ᠎ᠤᠨ ᠵᠣᠷᠢᠭ ᠰᠠᠨᠠᠭ᠎ᠠ᠎ᠶ᠋ᠢ ᠠᠵᠢᠯ ᠬᠢᠵᠦ᠍ ᠦᠶ᠋ᠯᠡᠰ ᠪᠤᠰᠭᠠᠬᠤ ᠣᠷᠭᠢᠯᠤᠮ᠎ᠠ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ᠂ ᠪᠥᠬᠥ᠌ ᠣᠷᠣᠨ᠎ᠤ ᠭᠠᠳᠠᠭᠠᠳᠤ ᠶᠠᠪᠤᠳᠠᠯ ᠎ᠤᠨ ᠠᠵᠢᠯ᠎ᠯᠤᠭ᠎ᠠ ᠎ᠶ᠋ᠢᠨ ᠤᠶᠠᠯᠳᠤᠯ ᠎ᠤᠨ ᠴᠡᠭ ᠎ᠢ ᠣᠨᠣᠪᠴᠢᠲᠠᠶ ᠣᠯᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ ᠎ᠳᠦ ᠬᠦᠴᠦᠨ ᠴᠢᠳᠠᠯ ᠎ᠢᠶᠠᠨ ᠡᠷᠭᠦᠨ᠎ᠡ ᠭᠡᠵᠦ᠍ ᠢᠯᠡᠳᠭᠡᠪᠡ᠃

《ᠡᠨᠡ ᠤᠳᠠᠭ᠎ᠠ᠎ᠶ᠋ᠢᠨ ᠤᠬᠠᠭᠤᠯᠤᠨ ᠲᠠᠢᠯᠪᠤᠷᠢᠯᠠᠯᠲᠠ ᠴᠠᠭ᠎ᠲᠠᠭᠠᠨ ᠮᠠᠰᠢ ᠲᠤᠬᠢᠷᠠᠵᠦ᠂  ᠪᠢᠳᠡᠨ᠎ᠢ  ᠨᠠᠮ ᠎ᠤᠨ ᠵᠠᠭᠤᠨ ᠵᠢᠯ ᠎ᠦᠨ ᠲᠡᠮᠡᠴᠡᠯ ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠣᠯᠤᠨ ᠲᠡᠦᠬᠡ ᠎ᠶ᠋ᠢᠨ ᠲᠤᠷᠱᠢᠯᠭ᠎ᠠ ᠎ᠶ᠋ᠢᠨ ᠲᠤᠬᠠᠢ ᠨᠡᠩ ᠭᠦᠨᠵᠡᠭᠡᠢ ᠲᠠᠨᠢᠯᠲᠠ ᠎ᠲᠠᠶ  ᠪᠣᠯᠭᠠᠪᠠ᠃ ᠪᠢᠳᠡ ᠰᠢ ᠵᠢᠨ ᠫᠢᠩ ᠨᠥᠬᠥᠷ ᠵᠢᠡᠷ ᠭᠣᠣᠯ ᠪᠣᠯᠭᠠᠭ᠍ᠰᠠᠨ ᠨᠠᠮ ᠎ᠤᠨ ᠲᠥᠪ ᠬᠣᠷᠢᠶ᠎ᠠ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠢᠲᠡᠭᠡᠯ ᠵᠣᠷᠢᠭ᠎ᠢᠶᠠᠨ ᠪᠠᠲᠤᠳᠭᠠᠵᠤ᠂ ᠵᠢᠳᠬᠦᠯ ᠴᠢᠷᠮᠠᠢᠯᠭ᠎ᠠ ᠭᠠᠷᠭᠠᠵᠤ᠂ ᠵᠤᠷᠢᠬᠳᠠᠢ ᠤᠷᠤᠭ᠍ᠰᠢᠯᠠᠵᠤ᠂ ᠱᠢᠨ᠎ᠡ ᠴᠠᠭ ᠦᠶ᠎ᠡ ᠱᠢᠨ᠎ᠡ ᠠᠶᠠᠨ᠎ᠳᠠᠭᠠᠨ ᠡᠷᠡᠮᠡᠭᠡᠢᠯᠡᠨ ᠤᠷᠤᠭᠰᠢᠯᠠᠨ᠎ᠠ》ᠭᠡᠵᠦ ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠤᠷᠢᠶ᠎ᠠ ᠵᠢᠨ ᠭᠠᠳᠠᠭᠠᠳᠤ ᠶᠠᠪᠤᠳᠠᠯ ᠎ᠤᠨ ᠠᠵᠢᠯ ᠎ᠤᠨ ᠬᠤᠷᠢᠶ᠎ᠠ ᠵᠢᠨ ᠠᠯᠪᠠᠨ ᠬᠡᠷ ᠎ᠦᠨ ᠣᠷᠣᠰ ᠮᠣᠩᠭᠣᠯ᠎ᠤᠨ ᠭᠠᠵᠠᠷ᠎ᠤᠨ ᠬᠤᠯᠪᠤᠭᠠᠲᠤ ᠨᠠᠮ ᠎ᠤᠨ ᠡᠭᠦᠷ ᠎ᠦᠨ ᠱᠦᠵᠢ ᠵᠧᠸ᠋ ᠵᠢᠶᠠᠨ ᠬᠤᠸᠠ ᠶᠠᠷᠢᠨ᠎ᠠ᠃ ᠲᠡᠷᠡ᠂ ᠭᠠᠳᠠᠭᠠᠳᠤ ᠶᠠᠪᠤᠳᠠᠯ ᠎ᠤᠨ ᠠᠵᠢᠯᠲᠠᠨ ᠪᠣᠯᠤᠭ᠍ᠰᠠᠨ᠎ᠤ ᠬᠤᠪᠢ ᠎ᠳᠤ᠂ ᠣᠭ ᠰᠠᠨᠠᠭ᠎ᠠ ᠎ᠪᠠᠨ ᠥᠯᠥ᠍ ᠮᠠᠷᠲᠠᠵᠤ᠂ ᠡᠭᠦᠷᠭᠡ ᠬᠠᠷᠢᠭᠤᠴᠠᠯᠭ᠎ᠠ ᠎ᠪᠠᠨ ᠪᠠᠲᠤ ᠴᠡᠭᠡᠵᠢᠯᠡᠵᠦ᠍᠂ ᠰᠢ ᠎ᠵᠢᠨ ᠫᠢᠩ᠎ᠦᠨ ᠭᠠᠳᠠᠭᠠᠳᠤ ᠬᠠᠷᠢᠯᠴᠠᠭᠠᠨ᠎ᠤ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠥᠷ ᠮᠣᠩᠭᠣᠯ ᠵᠢᠠᠨ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠪᠣᠯᠭᠠᠨ ᠪᠥᠲᠥᠭᠡᠨ ᠪᠠᠢᠭᠤᠯᠬᠤ ᠎ᠶ᠋ᠢᠨ ᠲᠥᠯᠥᠭᠡ ᠴᠥᠬᠥᠷᠡᠰᠢ ᠥᠬᠡᠶ ᠴᠢᠷᠮᠠᠢᠬᠤ ᠬᠡᠷᠡᠭ᠌ᠲᠡᠶ  ᠭᠡᠵᠦ ᠦᠵᠡᠵᠦ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号