ᠤᠢ᠍ᠢᠷ᠎ᠠ᠎ᠳᠤ
ᠦᠬᠠᠢ ᠬᠤᠲᠠ ᠪᠦᠬᠦ᠌ ᠬᠤᠲᠠ᠎ᠶ᠋ᠢᠨ ᠺᠠᠳ᠋ᠷᠴᠤᠳ᠎ᠤᠨ ᠶᠡᠬᠡ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ
ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ
ᠲᠡᠷᠡ ᠳᠠᠷᠤᠢ᠎ᠳᠤ᠎ᠨᠢ ᠤᠯᠠᠮᠵᠢᠯᠠᠨ ᠰᠤᠷᠤᠯᠴᠠᠵᠦ᠍᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠲᠤᠬᠢᠷᠠᠭᠤᠯᠤᠨ
ᠪᠠᠢᠷᠢᠯᠠᠭᠤᠯᠪᠠ᠃
ᠬᠤᠷᠠᠯ᠎ᠡᠴᠡ᠂ ᠬᠤᠳᠠ ᠳᠠᠶᠠᠭᠠᠷ ᠵᠢᠡᠨ ᠦᠵᠡᠯ ᠰᠠᠨᠠᠭ᠎ᠠ ᠪᠠ ᠦᠢᠯᠡ
ᠠᠵᠢᠯᠯᠠᠭ᠎ᠠ᠎ᠪᠠᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ
ᠶᠡᠬᠡ ᠬᠤᠷᠠᠯ᠎ᠤᠨ ᠵᠣᠷᠢᠭ ᠰᠠᠨᠠᠭ᠎ᠠ᠎ᠲᠠᠶ ᠦᠨᠡᠨ ᠬᠦ᠌ ᠨᠢᠭᠡᠳᠭᠡᠵᠤ᠂ ᠲᠠᠪᠤᠨ ᠵᠢᠯ᠎ᠦᠨ ᠬᠥᠭ᠌ᠵᠢᠯᠲᠡ᠎ᠶ᠋ᠢᠨ
ᠠᠮᠵᠢᠯᠲᠠ ᠪᠦᠲᠦᠮᠵᠢ᠎ᠶ᠋ᠢ ᠭᠦᠨᠵᠡᠭᠡᠶ ᠣᠢᠯᠠᠭᠠᠨ ᠡᠵᠡᠮᠰᠢᠵᠦ᠂《ᠲᠠᠪᠤᠨ ᠴᠢᠬᠤᠯᠠ
ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ》᠎ᠶ᠋ᠢᠨ ᠡᠭᠦᠷᠭᠡ
ᠬᠠᠷᠢᠭᠤᠴᠠᠯᠭ᠎ᠠ᠎ᠶ᠋ᠢ ᠭᠦᠨᠵᠡᠭᠡᠶ ᠤᠢᠯᠠᠭᠠᠨ ᠡᠵᠡᠮᠰᠢᠵᠦ᠂ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ
ᠰᠠᠢᠲᠤᠷ ᠵᠠᠮᠨᠠᠬᠤ᠎ᠶ᠋ᠢᠨ ᠪᠠᠶᠠᠯᠢᠭ ᠠᠭᠤᠯᠤᠭ᠍ᠳᠠᠬᠤᠨ᠎ᠢ ᠭᠦᠨᠵᠡᠭᠡᠢ ᠤᠢᠯᠠᠭᠠᠨ ᠡᠵᠡᠮᠱᠢᠵᠤ᠂ ᠱᠢᠨ᠎ᠡ ᠠᠶᠠᠨ᠎ᠳᠤ
ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠦᠶ᠋ᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠶ ᠤᠢᠯᠠᠭᠠᠨ
ᠡᠵᠡᠮᠱᠢᠵᠤ᠂ ᠢᠮᠠᠭ᠍ᠲᠠ ᠤᠬᠠᠮᠰᠠᠷ᠎ᠡᠴᠡ᠎ᠪᠠᠨ ᠨᠠᠮ᠎ᠤᠨ ᠲᠥᠪ ᠬᠣᠷᠢᠶ᠎ᠠ᠎ᠲᠠᠶ ᠨᠢᠭᠡᠳᠦᠯᠲᠡᠢ ᠪᠠᠢᠵᠤ᠂ 《ᠬᠣᠶᠠᠷ᠎ᠢ ᠲᠣᠭ᠍ᠲᠠᠭᠠᠬᠤ》 ᠶ᠋ᠢ ᠦᠨᠡᠨᠴᠢ
ᠱᠢᠳᠤᠷᠭᠤ᠎ᠪᠠᠷ ᠬᠦᠷᠢᠶᠡᠯᠡᠵᠤ᠂《ᠬᠣᠶᠠᠷ᠎ᠢ ᠬᠠᠮᠠᠭᠠᠯᠠᠬᠤ》᠎ᠶ᠋ᠢ ᠡᠷᠡᠰ ᠪᠡᠶᠡᠯᠡᠭᠦᠯᠵᠤ᠂ ᠤᠬᠠᠮᠰᠠᠷ᠎ᠡᠴᠡ᠎ᠪᠠᠨ ᠪᠦᠬᠦ᠌ ᠣᠷᠣᠨ᠎ᠤ ᠶᠡᠬᠡ ᠲᠠᠯ᠎ᠠ᠎ᠡᠴᠡ ᠦᠬᠠᠶ᠎ᠶ᠋ᠢᠨ
ᠠᠵᠢᠯ᠎ᠢ ᠲᠥᠯᠥᠪᠵᠢᠭᠦᠯᠦᠨ ᠠᠬᠢᠭᠤᠯᠵᠤ᠂ ᠦᠬᠠᠶ᠎ᠶ᠋ᠢᠨ ᠬᠠᠷᠢᠭᠤᠴᠠᠯᠭ᠎ᠠ ᠡᠭᠦᠷᠭᠡᠯᠡᠯ᠎ᠢᠶᠡᠷ ᠪᠥᠬᠥ᠌ ᠣᠷᠣᠨ᠎ᠤ
ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠦᠶ᠋ᠯᠡᠴᠢᠯᠡᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ
ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠤᠨ ᠡᠯ᠎ᠡ ᠵᠦᠢᠯ᠎ᠦᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠦᠬᠠᠢ ᠶ᠋ᠢᠨ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ
ᠭᠡᠵᠤ ᠵᠢᠭᠠᠵᠤ ᠭᠠᠷᠭᠠᠪᠠ᠃
ᠬᠤᠷᠠᠯ᠎ᠡᠴᠡ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ
ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠵᠤ
ᠤᠬᠠᠭᠤᠯᠤᠨ ᠲᠤᠭᠤᠰᠢᠯᠠᠭᠤᠯᠬᠤ ᠪᠣᠯ ᠨᠢᠭᠡ ᠵᠦᠢᠯ᠎ᠦᠨ ᠴᠢᠬᠤᠯᠠ ᠶᠡᠬᠡ ᠤᠯᠤᠰ ᠲᠦᠷᠦ᠍᠎ᠶ᠋ᠢᠨ ᠡᠭᠦᠷᠭᠡ ᠪᠣᠯᠤᠨ᠎ᠠ᠃
ᠡᠯ᠎ᠡ ᠲᠤᠭᠤᠷᠢᠭ ᠡᠯ᠎ᠡ ᠰᠠᠯᠠᠭ᠎ᠠ ᠮᠥᠴᠢᠷ᠎ᠦᠨ᠎ᠬᠢᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ
ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ
ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ
ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠲᠠᠶ ᠤᠶᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ
ᠥᠪᠥᠷ ᠮᠣᠩᠭᠣᠯᠤᠨᠲᠤᠬᠠᠶᠴᠢᠬᠤᠯᠠᠶᠠᠷᠢᠶᠠᠴᠢᠬᠤᠯᠠᠵᠢᠭᠠᠪᠤᠷᠢᠴᠣᠬᠣᠯᠠᠪᠤᠷᠢᠶ᠋ᠢᠨᠵᠣᠷᠢᠭᠰᠠᠨᠠᠭᠠᠶ᠋ᠢᠰᠤᠷᠤᠯᠴᠠᠨ ᠲᠤᠭᠤᠱᠢᠯᠠᠭᠤᠯᠬᠤ᠎ᠲᠠᠶ ᠤᠶᠠᠯᠳᠤᠭᠤᠯᠵᠤ᠂ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠪᠠᠨ ᠨᠠᠮ᠎ᠤᠨ
ᠲᠥᠪ ᠬᠣᠷᠢᠶ᠎ᠠ ᠵᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ
ᠬᠣᠷᠢᠶ᠎ᠠ ᠵᠢᠨ ᠠᠵᠢᠯ᠎ᠤᠨ ᠱᠠᠭᠠᠷᠳᠠᠯᠭ᠎ᠠ ᠳᠡᠭᠡᠷ᠎ᠡ ᠦᠨᠡᠨ ᠬᠦ᠌ ᠨᠢᠭᠡᠳᠭᠡᠬᠦ᠌ ᠬᠡᠷᠡᠭ᠌ᠲᠡᠶ᠃ ᠬᠣᠲᠠ᠎ᠶ᠋ᠢᠨ
ᠨᠠᠮ᠎ᠤᠨ ᠬᠣᠷᠢᠶ᠎ᠠ ᠵᠢᠨ ᠨᠢᠭᠡᠳᠦᠯᠲᠡᠢᠪᠠᠢᠷᠢᠯᠠᠭᠤᠯᠤᠯᠲᠠ ᠶᠣᠰᠣᠭᠠᠷ᠂ ᠰᠤᠷᠤᠯᠴᠠᠯᠭ᠎ᠠ᠎ᠶ᠋ᠢᠨ ᠪᠣᠳᠠᠲᠤ ᠦᠷ᠎ᠡ
ᠪᠦᠲᠦᠮᠵᠢ᠎ᠳᠦ ᠴᠢᠨᠠᠷ᠂ ᠱᠢᠰᠲ᠋ᠧᠮᠲᠦ ᠴᠢᠨᠠᠷ ᠢ᠋ ᠦᠨᠡᠨ ᠬᠦ᠌ ᠴᠢᠩᠭᠠᠳᠭᠠᠵᠤ᠂ ᠲᠤᠰᠭᠠᠢ ᠰᠡᠳᠦᠪ᠎ᠢᠶᠡᠷ ᠰᠤᠳᠤᠯᠤᠨ
ᠶᠠᠷᠢᠯᠴᠠᠬᠤ᠂ ᠲᠤᠰᠭᠠᠢ ᠮᠡᠷᠭᠡᠵᠢᠯᠲᠡᠨ᠎ᠦ ᠲᠠᠢᠯᠤᠮᠵᠢ ᠬᠢᠬᠦ᠌ ᠵᠡᠷᠭᠡ ᠠᠷᠭ᠎ᠠ ᠬᠡᠯᠪᠡᠷᠢ᠎ᠶ᠋ᠢ ᠠᠪᠴᠤ᠌᠂ ᠬᠤᠭᠤᠴᠠᠭ᠎ᠠ
ᠪᠦᠯᠦᠭ ᠬᠤᠪᠢᠶᠠᠨ ᠡᠯ᠎ᠡ ᠱᠠᠲᠤᠨ᠎ᠤ ᠤᠳᠤᠷᠢᠳᠭᠤ ᠺᠠᠳ᠋ᠷ᠎ᠢ ᠪᠣᠯᠪᠠᠰᠤᠷᠠᠭᠤᠯᠵᠤ ᠡᠭᠡᠯᠵᠢᠯᠡᠨ ᠪᠣᠯᠪᠠᠰᠤᠷᠠᠭᠤᠯᠬᠤ
ᠬᠡᠷᠡᠭ᠌ᠲᠡᠢ᠃ ᠦᠨᠳᠦᠰᠦᠨ ᠱᠠᠲᠤᠨ᠎ᠤ ᠬᠢᠴᠢᠶᠡᠯ᠎ᠦᠨ ᠲᠠᠩᠬᠢᠮ᠎ᠳᠤ ᠲᠦᠱᠢᠭ᠌ᠯᠡᠨ᠂ ᠡᠳᠡᠭᠡᠳᠵᠢᠭᠦᠯᠬᠦ᠂ ᠢᠯᠭᠠᠯᠵᠢᠭᠤᠯᠬᠤ᠂
ᠬᠤᠷᠱᠢᠯᠵᠢᠭᠤᠯᠬᠤ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠶ᠋ᠢ
ᠵᠣᠬᠢᠶᠠᠨ ᠪᠠᠢᠭᠤᠯᠤᠨ ᠥᠷᠨᠢᠭᠦᠯᠬᠦ᠌᠎ᠶ᠋ᠢᠨ ᠬᠠᠮᠲᠤ᠂ ᠡᠯ᠎ᠡ ᠲᠥᠷᠥᠯ᠎ᠦᠨ ᠵᠠᠭᠤᠴᠢᠯᠠᠭᠤᠷ᠎ᠢ ᠬᠡᠷᠡᠭ᠌ᠯᠡᠨ᠂ ᠣᠯᠠᠨ
ᠳᠡᠰ ᠳᠠᠪᠬᠤᠷᠭ᠎ᠠ᠂ ᠣᠯᠠᠨ ᠬᠠᠷᠠᠭᠠᠰᠤ ᠡᠴᠡ ᠤᠬᠠᠭᠤᠯᠵᠤ᠂ ᠰᠤᠷᠤᠯᠴᠠᠨ ᠤᠬᠠᠭᠤᠯᠬᠤ ᠭᠦᠨ ᠵᠤᠵᠠᠭᠠᠨ ᠠᠭᠤᠷ ᠠᠮᠢᠰᠭᠤᠯ᠎ᠢ
ᠦᠨᠡᠨ ᠬᠦ᠌ ᠪᠣᠶ ᠪᠣᠯᠭᠠᠬᠤ ᠬᠡᠷᠡᠭ᠌ᠲᠡᠶ ᠭᠡᠵᠤ ᠴᠢᠬᠤᠯᠠᠴᠢᠯᠠᠪᠠ᠃
ᠬᠤᠷᠠᠯ᠎ᠡᠴᠡ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ
ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠰᠢᠯᠠᠭᠤᠯᠤᠨ
ᠨᠠᠢᠳᠠᠪᠤᠷᠢᠵᠢᠭᠤᠯᠬᠤ᠎ᠳᠤ ᠡᠷᠬᠡᠪᠰᠢ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠬᠤ ᠠᠵᠢᠯ᠎ᠢ ᠰᠠᠢᠲᠤᠷ ᠬᠢᠬᠦ᠌
ᠬᠡᠷᠡᠭ᠌ᠲᠡᠢ᠃ ᠦᠬᠠᠶ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠵᠠᠰᠠᠯᠲᠠ᠎ᠶ᠋ᠢ
ᠬᠦᠴᠦᠯᠡᠨ ᠰᠠᠢᠲᠤᠷ ᠠᠳᠭᠤᠬᠤ᠎ᠪᠠᠷ ᠴᠢᠬᠤᠯᠠ ᠵᠢᠷᠤᠮᠯᠠᠯ ᠪᠣᠯᠭᠠᠵᠤ᠂《ᠳᠣᠯᠣᠭ᠎ᠠ᠎ᠶ᠋ᠢ ᠵᠠᠰᠠᠬᠤ》ᠡᠭᠦᠷᠭᠡ᠎ᠶ᠋ᠢ
ᠤᠯᠠᠮ ᠴᠢᠨᠠᠭ᠍ᠰᠢᠳᠠ ᠪᠡᠬᠢᠵᠢᠭᠦᠯᠦᠨ ᠭᠦᠨᠵᠡᠭᠡᠢᠷᠡᠭᠦᠯᠵᠦ᠍᠂《ᠤᠰᠤ ᠪᠡᠷ ᠬᠤᠳᠠ
ᠵᠢ ᠲᠤᠬᠳᠠᠭᠠᠬᠤ᠂ ᠤᠰᠤ ᠪᠡᠷ ᠭᠠᠵᠠᠷ᠎ᠢ ᠲᠤᠬᠳᠠᠭᠠᠬᠤ᠂ ᠤᠰᠤ ᠪᠡᠷ ᠬᠦᠮᠦᠨ ᠠᠮᠠ ᠵᠢ ᠲᠤᠬᠳᠠᠭᠠᠬᠤ᠂ ᠤᠰᠤ ᠪᠡᠷ
ᠭᠠᠷᠤᠯᠳᠠ ᠵᠢ ᠲᠤᠬᠳᠠᠭᠠᠬᠤ》ᠵᠠᠷᠴᠢᠮ᠎ᠢ ᠪᠥᠬᠥ᠌
ᠲᠠᠯ᠎ᠠ᠎ᠪᠠᠷ ᠲᠤᠭᠤᠱᠢᠯᠠᠭᠤᠯᠵᠤ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ᠎ᠶ᠋ᠢ ᠲᠦᠷᠭᠡᠳᠭᠡᠨ
ᠠᠬᠢᠭᠤᠯᠬᠤ ᠬᠡᠷᠡᠭ᠌ᠲᠡᠶ᠃《ᠨᠠᠬᠦᠷᠡᠰᠤᠳᠦ᠋ᠷᠦᠭᠴᠢ
ᠵᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ᠎ᠳᠤ ᠬᠦᠷᠬᠦ ᠨᠡᠬᠦᠷᠡᠰᠦᠳᠦ᠋ᠷᠦᠭᠴᠢ ᠵᠢ ᠰᠠᠭᠠᠷᠮᠠᠬᠵᠢᠭᠤᠯᠬᠤ》 《ᠬᠤᠤᠰ ᠡᠵᠡᠮᠳᠡᠯ》᠎ᠤ᠋ᠨ ᠴᠢᠬᠤᠯᠠ ᠶᠡᠬᠡ ᠠᠵᠠ ᠲᠣᠬᠢᠶᠠᠯ᠎ᠢ ᠪᠠᠲᠤ ᠡᠵᠡᠮᠳᠡᠵᠦ᠍᠂ ᠵᠣᠷᠢᠭ ᠱᠢᠭᠤᠳᠤᠨ ᠪᠦᠲᠦᠴᠡ᠎ᠪᠡᠨ
ᠲᠣᠬᠢᠷᠠᠭᠤᠯᠵᠤ᠂ ᠴᠢᠳᠠᠪᠬᠢ᠎ᠪᠠᠨ ᠬᠤᠪᠢᠷᠠᠭᠤᠯᠵᠤ᠂ ᠶᠠᠰᠤ ᠴᠢᠨᠠᠷ᠎ᠢᠶᠠᠨ ᠳᠡᠭᠡᠭ᠌ᠰᠢᠯᠡᠭᠦᠯᠵᠦ᠍᠂ ᠤᠯᠠᠮᠵᠢᠯᠠᠯᠲᠤ
ᠠᠵᠤ ᠦᠶ᠋ᠯᠡᠰ᠎ᠦᠨ ᠲᠠᠰ ᠳᠡᠪᠱᠢᠬᠦ᠌᠎ᠶ᠋ᠢ ᠠᠬᠢᠭᠤᠯᠵᠤ᠂ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠢ ᠲᠦᠷᠭᠡᠳᠭᠡᠨ
ᠪᠣᠢᠵᠢᠭᠤᠯᠵᠤ᠂ ᠠᠷᠠᠯᠵᠢᠶᠠᠴᠢᠨ ᠤᠷᠢᠵᠤ ᠪᠠᠯᠠ ᠮᠦᠩᠭᠦ
ᠣᠷᠣᠭᠤᠯᠤᠨ ᠠᠪᠴᠢᠷᠠᠬᠤ ᠡᠷᠴᠢᠮ᠎ᠢᠶᠡᠨ ᠴᠢᠩᠭᠠᠷᠠᠭᠤᠯᠵᠤ᠂ ᠬᠥᠭ᠌ᠵᠢᠯᠲᠡ᠎ᠶ᠋ᠢᠨ ᠲᠤᠯᠭᠠᠭᠤᠷᠢᠯᠠᠯ᠎ᠢᠶᠠᠨ ᠲᠠᠰᠤᠷᠠᠯᠲᠠ
ᠥᠬᠡᠶ ᠪᠡᠬᠢᠵᠢᠭᠦᠯᠵᠦ᠍᠂ ᠬᠥᠭ᠌ᠵᠢᠯᠲᠡ᠎ᠶ᠋ᠢᠨ ᠨᠥᠭᠡᠴᠡ ᠬᠦᠴᠦᠨ᠎ᠢᠶᠡᠨ ᠴᠢᠩᠭᠠᠳᠭᠠᠬᠤ ᠬᠡᠷᠡᠭ᠌ᠲᠡᠶ᠃ ᠬᠠᠭᠤᠴᠢᠨ
ᠰᠠᠭᠤᠭᠠᠯᠢ ᠠᠷᠠᠳ᠎ᠤᠨ ᠲᠣᠭᠣᠷᠢᠭ᠎ᠢ ᠥᠭᠡᠷᠡᠴᠢᠯᠡᠨᠱᠢᠨᠡᠳᠭᠡᠬᠦ᠌ᠪᠡᠷ ᠭᠤᠤᠯᠳᠠᠯᠭ᠎ᠠ ᠪᠣᠯᠭᠠᠭ᠍ᠰᠠᠨ ᠬᠣᠲᠠ᠎ᠶ᠋ᠢᠨ
ᠱᠢᠨᠡᠴᠢᠯᠡᠯᠲᠡ᠎ᠶ᠋ᠢᠨ ᠠᠵᠢᠯᠯᠠᠭ᠎ᠠ᠎ᠶ᠋ᠢ ᠲᠣᠪᠣᠢᠮ᠎ᠠ ᠰᠠᠢᠲᠤᠷ ᠠᠳᠭᠤᠵᠤ᠂ ᠥᠨᠳᠥᠷ ᠪᠠᠷᠢᠮᠵᠢᠶ᠎ᠠ᠎ᠪᠠᠷ ᠪᠢᠨ
ᠾᠧ ᠭᠤᠤᠯ᠎ᠤᠨ ᠬᠣᠶᠠᠳᠤᠭᠠᠷ ᠬᠤᠭᠤᠴᠠᠭᠠᠨ᠎ᠤ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠣᠯᠠᠨ ᠨᠡᠢᠲᠡ᠎ᠶ᠋ᠢᠨ
ᠬᠡᠷᠡᠭ᠌ᠯᠡᠭᠡ ᠪᠣᠯᠤᠨ ᠰᠠᠭᠤᠭᠠᠯᠢ ᠠᠷᠠᠳ᠎ᠤᠨ ᠬᠡᠷᠡᠭ᠌ᠯᠡᠭᠡ᠎ᠶ᠋ᠢ ᠪᠦᠲᠦᠮᠵᠢᠲᠡᠶ ᠠᠬᠢᠭᠤᠯᠵᠤ᠂ ᠬᠣᠲᠠ ᠬᠥᠳᠡᠭᠡ᠎ᠶ᠋ᠢᠨ
ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠵᠤ᠂ ᠨᠡᠢᠭᠡᠮ᠎ᠦᠨ ᠵᠠᠰᠠᠯᠲᠠ᠎ᠶ᠋ᠢ ᠴᠢᠩᠭᠠᠳᠭᠠᠨ ᠱᠢᠨᠡᠴᠢᠯᠡᠵᠦ᠍᠂ ᠠᠷᠠᠳ᠎ᠤᠨ
ᠠᠮᠢᠳᠤᠷᠠᠯ᠎ᠤᠨ ᠪᠤᠶᠠᠨ ᠵᠢᠷᠭᠠᠯ᠎ᠢ ᠪᠥᠬᠥ᠌ ᠲᠠᠯ᠎ᠠ᠎ᠪᠠᠷ ᠨᠡᠮᠡᠭ᠌ᠳᠡᠭᠦᠯᠬᠦ᠌ ᠬᠡᠷᠡᠭ᠌ᠲᠡᠶ᠃ ᠳᠤᠮᠳᠠᠳᠤ᠎ᠶ᠋ᠢᠨ
ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠬᠤ᠎ᠶ᠋ᠢ
ᠪᠠᠷᠢᠮᠲᠠᠯᠠᠵᠤ᠂ ᠦᠨᠳᠦᠰᠦᠲᠡᠨ᠎ᠦ ᠠᠵᠢᠯ᠎ᠢ ᠦᠷᠭᠦᠯᠵᠢᠯᠡᠨ ᠴᠢᠩᠭᠠᠳᠭᠠᠨ ᠰᠠᠢᠵᠢᠷᠠᠭᠤᠯᠵᠤ᠂ ᠤᠯᠤᠰ᠎ᠤᠨ ᠨᠡᠢᠳᠡᠮ
ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠠᠵᠢᠯ᠎ᠢ ᠪᠦᠬᠦ᠌ ᠬᠦᠴᠦ᠍᠎ᠪᠡᠷ᠎ᠢᠶᠡᠨ
ᠰᠠᠢᠲᠤᠷ ᠬᠢᠵᠦ᠍᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠪᠦᠲᠦᠮᠵᠢᠲᠡᠢ ᠠᠬᠢᠭᠤᠯᠵᠤ᠂
ᠦᠨᠳᠦᠰᠦᠲᠡᠨ᠎ᠨᠦᠭᠦᠳ᠎ᠦᠨ ᠬᠠᠤᠯᠢ ᠶᠣᠰᠣᠨ᠎ᠤ ᠡᠷᠬᠡ ᠠᠱᠢᠭ᠎ᠢ ᠬᠠᠤᠯᠢ ᠶᠣᠰᠣᠭᠠᠷ ᠪᠠᠲᠤᠯᠠᠬᠤ ᠬᠡᠷᠡᠭ᠌ᠲᠡᠢ᠃ ᠪᠥᠬᠥ᠌
ᠲᠠᠯ᠎ᠠ᠎ᠪᠠᠷ ᠵᠢᠭ᠍ᠰᠠᠭᠠᠨ ᠪᠠᠢᠴᠠᠭᠠᠵᠤ᠂ ᠴᠡᠭ᠌ᠴᠡᠯᠡᠨ ᠵᠠᠰᠠᠵᠤ᠂ ᠡᠯ᠎ᠡ ᠲᠥᠷᠥᠯ᠎ᠦᠨ ᠠᠮᠤᠷ ᠲᠦᠪᠱᠢᠨ᠎ᠦ ᠬᠡᠮ
ᠰᠣᠭᠣᠭ᠎ᠢ ᠠᠷᠢᠯᠭᠠᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ ᠪᠠᠢᠩᠭᠤᠵᠢᠭᠤᠯᠬᠤ ᠠᠵᠢᠯ᠎ᠢ
ᠨᠢᠭᠡᠳᠦᠯᠲᠡᠶ ᠲᠥᠯᠥᠪᠵᠢᠭᠦᠯᠦᠨ ᠰᠠᠢᠲᠤᠷ ᠬᠢᠵᠦ᠍᠂ ᠠᠮᠤᠭᠤᠯᠠᠨᠭᠳᠤ ᠦᠬᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢ
ᠦᠨᠡᠨ ᠬᠦ᠌ ᠠᠬᠢᠭᠤᠯᠵᠤ᠂ ᠨᠡᠢᠭᠡᠮ᠎ᠦᠨ ᠶᠡᠬᠡ ᠲᠠᠯ᠎ᠠ᠎ᠶ᠋ᠢᠨ ᠡᠶ᠎ᠡ ᠵᠣᠬᠢᠴᠠᠩᠭᠤᠶ ᠲᠣᠭ᠍ᠲᠠᠭᠤᠨ᠎ᠢ ᠦᠨᠡᠨ ᠬᠦ᠌
ᠪᠠᠲᠤᠯᠠᠬᠤ ᠬᠡᠷᠡᠭ᠌ᠲᠡᠶ᠃ 《ᠴᠢᠩᠭ᠎ᠠ》 ᠪᠠᠢᠬᠤ ᠭᠣᠣᠯ ᠬᠥᠭ ᠠᠶᠠᠰ᠎ᠢ ᠤᠷᠲᠤ ᠬᠤᠭᠤᠴᠠᠭ᠎ᠠ᠎ᠪᠠᠷ ᠪᠠᠷᠢᠮᠲᠠᠯᠠᠵᠤ᠂ ᠤᠯᠤᠰ ᠲᠥᠷᠦ᠍᠎ᠶ᠋ᠢᠨ
ᠪᠠᠢᠭᠤᠯᠤᠯᠲᠠ ᠪᠠ ᠣᠨᠣᠯ᠎ᠢᠶᠠᠷ ᠵᠡᠪᠰᠡᠭ᠌ᠯᠡᠬᠦ᠌᠎ᠶ᠋ᠢ ᠭᠦᠨᠵᠡᠭᠡᠢᠷᠡᠭᠦᠯᠵᠦ᠍᠂ ᠺᠠᠳ᠋ᠷᠴᠤᠳ᠎ᠤᠨ ᠬᠠᠷᠢᠭᠤᠴᠠᠯᠭ᠎ᠠ
ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠵᠣᠷᠢᠭ᠍ᠵᠢᠭᠤᠯᠵᠤ᠂《ᠬᠠᠮᠤᠭ᠎ᠤᠨ ᠬᠦᠴᠦᠷᠬᠡᠭ ᠨᠠᠮ᠎ᠤᠨ ᠡᠭᠦᠷ》᠎ᠤ᠋ᠨ ᠪᠠᠢᠭᠤᠯᠤᠯᠲᠠ᠎ᠶ᠋ᠢ
ᠦᠷᠭᠦᠯᠵᠢᠯᠡᠨ ᠴᠢᠩᠭᠠᠳᠭᠠᠵᠤ᠂ ᠢᠯᠵᠠᠷᠠᠯ᠎ᠢ ᠡᠰᠡᠷᠭᠦᠴᠡᠬᠦ᠌ ᠲᠡᠮᠡᠴᠡᠯ᠎ᠢ ᠭᠦᠨᠵᠡᠭᠡᠢᠷᠡᠭᠦᠯᠵᠦ᠍᠂ ᠪᠦᠬᠦ᠌ ᠬᠣᠲᠠ᠎ᠶ᠋ᠢᠨ
ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ᠎ᠤ ᠡᠯ᠎ᠡ ᠵᠦᠢᠯ᠎ᠦᠨ ᠦᠢᠯᠡᠰ᠎ᠲᠦ ᠪᠠᠲᠤ ᠴᠢᠩᠭ᠎ᠠ ᠪᠠᠲᠤᠯᠠᠭ᠎ᠠ ᠬᠠᠩᠭᠠᠬᠤ
ᠬᠡᠷᠡᠭ᠌ᠲᠡᠢ ᠭᠡᠵᠤ ᠴᠢᠬᠤᠯᠠᠴᠢᠯᠠᠪᠠ᠃