ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠳᠦ ᠭᠦᠨᠵᠡᠭᠡᠢᠷᠡᠵᠦ ᠤᠬᠠᠭᠤᠯᠤᠨ ᠲᠠᠢᠯᠪᠤᠷᠢᠯᠠᠪᠠ
2021-12-23 09:47:26
ᠵᠣᠬᠢᠶᠠᠭ᠍ᠴᠢ᠄
​ᠯᠢ ᠶᠦᠩ ᠲᠤᠤ
ᠣᠩᠱᠢᠭ᠍ᠰᠠᠨ ᠣᠳᠠᠭ᠎ᠠ᠄
★★★☆☆

12 ᠰᠠᠷ᠎ᠠ᠎ᠶ᠋ᠢᠨ 17᠎ᠤ᠋ ᠦᠳᠡ᠎ᠶ᠋ᠢᠨ ᠡᠮᠦᠨ᠎ᠡ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ᠎ᠶᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ ᠎ᠶ᠋ᠢᠨ ᠵᠥᠪᠯᠡᠯ ᠎ᠳᠦ ᠭᠦᠨᠵᠡᠭᠡᠢᠷᠡᠵᠦ ᠤᠬᠠᠭᠤᠯᠤᠨ ᠲᠠᠢᠯᠪᠤᠷᠢᠯᠠᠪᠠ ᠃

ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠠᠯᠪᠠᠨ ᠠᠰᠠᠷ᠎ᠤᠨ ᠨᠢᠭᠡᠳᠦᠭᠡᠷ ᠳᠠᠪᠬᠤᠷᠯᠢᠭ᠎ᠤᠨ ᠮᠡᠳᠡᠭᠦᠯᠦᠯᠲᠡ᠎ᠶ᠋ᠢᠨ ᠲᠢᠩᠬᠢᠮ᠎ᠳᠦ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠨᠠᠮ᠎ᠤᠨ ᠠᠵᠢᠯ᠎ᠤᠨ ᠬᠣᠷᠢᠶ᠎ᠠ᠎ᠶ᠋ᠢᠨ ᠬᠣᠶᠠᠳᠤᠭᠠᠷ ᠳᠡᠰ᠎ᠤᠨ ᠲᠣᠭᠣᠷᠢᠨ ᠪᠠᠢᠴᠠᠭᠠᠭ᠍ᠴᠢ ᠵᠠᠶ ᠬᠣᠶ ᠵᠢᠶᠦ᠋ᠨ 《ᠣᠭ ᠰᠠᠨᠠᠭ᠎ᠠ ᠎ᠪᠠᠨ ᠦᠶ᠋ᠯᠡᠳᠦᠯᠭᠡᠵᠢᠭᠦᠯᠵᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠱᠢᠨ᠎ᠡ ᠱᠢᠯᠭᠠᠯᠲᠠ᠎ᠳᠤ ᠣᠷᠣᠯᠴᠠᠬᠤ ᠠᠶᠠᠨ᠎ᠳᠠᠭᠠᠨ ᠠᠷᠠᠳ ᠲᠦᠮᠡᠨ᠎ᠳᠤ ᠬᠠᠨᠤᠮᠵᠢᠳᠠᠢ ᠬᠠᠷᠢᠭᠤᠯᠲᠠ᠎ᠶ᠋ᠢᠨ ᠬᠠᠭᠤᠳᠠᠰᠤ ᠎ᠶ᠋ᠢ ᠲᠤᠱᠢᠶᠠᠶ᠎ᠠ》 ᠭᠡᠬᠦ ᠭᠤᠤᠯ ᠰᠡᠳᠦᠪ᠎ᠵᠢᠡᠷ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ᠎ᠶᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭᠠᠨ᠎ᠤ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠢ ᠲᠠᠨᠢᠬᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ᠎ᠶᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭᠠᠨ᠎ᠤ ᠪᠠᠶᠠᠯᠢᠭ ᠠᠭᠤᠯᠤᠭ᠍ᠳᠠᠬᠤᠨ ᠪᠠ ᠭᠤᠤᠯ ᠴᠢᠬᠤᠯᠠ ᠠᠭᠤᠯᠭ᠎ᠠ ᠎ᠶ᠋ᠢ ᠭᠦᠨᠵᠡᠭᠡᠶ ᠣᠢᠯᠠᠭᠠᠬᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ ᠎ᠶ᠋ᠢᠨ ᠨᠠᠮ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠎ᠶᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠎ᠶ᠋ᠢ ᠥᠪᠥᠷ ᠮᠣᠩᠭᠣᠯ ᠎ᠳᠤ ᠪᠣᠳᠠᠲᠠᠶ ᠨᠠᠢᠳᠠᠪᠤᠷᠢᠵᠢᠭᠤᠯᠬᠤ ᠵᠢ ᠯᠠᠪᠳᠠᠭᠤᠨ ᠪᠠᠲᠤᠲᠠᠶ ᠠᠬᠢᠭᠤᠯᠬᠤ ᠵᠡᠷᠭᠡ ᠲᠠᠯ᠎ᠠ ᠪᠡᠷ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ᠎ᠶᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠱᠢᠰᠲ᠋ᠧᠮ᠎ᠲᠡᠶ ᠲᠣᠳᠣᠷᠬᠠᠢᠯᠠᠨ ᠥᠭᠦᠯᠡᠭ᠌ᠰᠡᠨ ᠪᠥᠭᠡᠳ ᠭᠦᠨᠵᠡᠭᠡᠶ ᠲᠠᠢᠯᠪᠤᠷᠢᠯᠠᠪᠠ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠭᠤᠤᠯ ᠰᠡᠳᠦᠪ᠎ᠨᠢ ᠢᠯᠡ ᠲᠣᠳᠣ᠂ ᠠᠭᠤᠯᠭ᠎ᠠ᠎ᠨᠢ ᠨᠠᠷᠢᠨ ᠪᠣᠳᠠᠲᠠᠶ᠂ ᠭᠤᠤᠯᠳᠠᠯᠭ᠎ᠠ᠎ᠨᠢ ᠲᠣᠪᠣᠢᠮ᠎ᠠ᠂ ᠤᠯᠤᠰ ᠲᠥᠷᠥ᠎ᠶ᠋ᠢᠨ ᠦᠨᠳᠦᠷᠴᠡ᠎ᠲᠠᠢ ᠮᠥᠷᠲᠡᠭᠡᠨ ᠣᠨᠣᠯ᠎ᠤᠨ ᠭᠦᠨᠴᠡ᠎ᠲᠡᠶ ᠪᠠᠢᠵᠤ᠂ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠺᠠᠳ᠋ᠷᠴᠤᠳ᠎ᠤᠨ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ᠎ᠶᠢᠨ ᠵᠢᠷᠭᠤᠳᠤᠭᠠᠷ ᠪᠥᠬᠥᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠣᠢᠯᠠᠭᠠᠬᠤ᠂ ᠣᠨᠣᠪᠴᠢᠲᠠᠶ ᠡᠵᠡᠮᠰᠢᠬᠦ᠌᠂ ᠪᠥᠬᠥ᠌ ᠲᠠᠯ᠎ᠠ ᠎ᠪᠠᠷ ᠨᠠᠢᠳᠠᠪᠤᠷᠢᠵᠢᠭᠤᠯᠬᠤ᠎ᠳᠤ ᠲᠤᠢᠯ ᠎ᠤᠨ ᠴᠢᠬᠤᠯᠠ ᠵᠢᠯᠣᠭᠣᠳᠭᠤ ᠠᠴᠢ ᠬᠣᠯᠪᠣᠭ᠍ᠳᠠᠯ ᠎ᠲᠠᠶ  ᠶᠤᠮ᠃

ᠥᠪᠡᠷᠲᠡᠭᠡᠨ ᠵᠠᠰᠠᠬᠤ ᠣᠷᠣᠨ ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ ᠎ᠶ᠋ᠢᠨ ᠵᠥᠪᠯᠡᠯ᠎ᠦᠨ ᠪᠠᠢᠭᠤᠯᠭ᠎ᠠ᠎ᠶ᠋ᠢᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠵᠢᠨ ᠱᠦᠵᠢ ᠯᠢᠶᠠᠩ ᠷᠦᠸᠸ ᠪᠢᠩ᠄《ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠠᠭᠤᠯᠤᠭ᠍ᠳᠠᠬᠤᠨ ᠪᠠᠶᠠᠯᠢᠭ᠂ ᠭᠦᠨᠵᠡᠭᠡᠢ ᠪᠥᠭᠡᠳ ᠣᠢᠯᠠᠭᠠᠮᠵᠢᠲᠠᠢ᠂ ᠰᠣᠨᠣᠰᠤᠭᠰᠠᠨ᠎ᠤ ᠲᠠᠷᠠᠭ᠎ᠠ ᠮᠠᠰᠢ ᠶᠡᠬᠡ ᠰᠡᠩᠬᠡᠷᠡᠭᠦᠯᠦᠯ ᠪᠠ ᠵᠣᠷᠢᠭ᠍ᠵᠢᠭᠤᠯᠤᠯ ᠣᠯᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ᠎ᠶᠢᠨ ᠵᠢᠷᠭᠤᠳᠤᠭᠠᠷ ᠪᠦᠬᠦᠳᠠ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠵᠣᠷᠢᠭ ᠰᠠᠨᠠᠭ᠎ᠠ᠎ᠶ᠋ᠢᠨ ᠲᠤᠬᠠᠢ ᠨᠡᠩ ᠭᠦᠨᠵᠡᠭᠡᠢ ᠣᠢᠯᠠᠭᠠᠯᠲᠠ ᠲᠠᠶ ᠪᠣᠯᠵᠠᠢ᠃ ᠬᠥᠮᠦᠨ ᠵᠣᠷᠢᠭ ᠰᠠᠨᠠᠭ᠎ᠠ ᠦᠭᠡᠢ ᠪᠣᠯ ᠣᠷᠣᠱᠢᠨ ᠲᠣᠭ᠍ᠲᠠᠨᠢᠵᠤ ᠴᠢᠳᠠᠬᠤ ᠦᠭᠡᠢ᠂ ᠤᠯᠤᠰ ᠣᠷᠣᠨ ᠵᠣᠷᠢᠭ ᠰᠠᠨᠠᠭ᠎ᠠ ᠦᠭᠡᠢ ᠪᠣᠯ ᠬᠦᠴᠦᠷᠬᠡᠭ᠌ᠵᠢᠵᠦ᠍ ᠴᠢᠳᠠᠬᠤ ᠦᠭᠡᠢ᠂ ᠨᠠᠮ ᠵᠣᠷᠢᠭ ᠰᠠᠨᠠᠭ᠎ᠠ ᠦᠭᠡᠢ ᠪᠣᠯ ᠬᠦᠭᠵᠢᠨ ᠮᠠᠨᠳᠤᠵᠤ ᠴᠢᠳᠠᠬᠤ ᠦᠭᠡᠢ ᠶᠤᠮ᠃ ᠬᠣᠶᠠᠳᠤᠭᠠᠷ ᠵᠠᠭᠤᠨ ᠵᠢᠯ ᠎ᠦᠨ ᠲᠡᠮᠡᠴᠡᠬᠦ᠌ ᠬᠠᠷᠠᠯᠲᠠ᠎ᠶ᠋ᠢ ᠡᠬᠢᠯᠡᠭᠦᠯᠬᠦ᠌ ᠠᠭᠤᠤ ᠶᠡᠬᠡ ᠠᠶᠠᠨ᠎ᠳ᠋ᠤ᠂ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠰᠠᠯᠠᠭ᠎ᠠ ᠮᠥᠴᠢᠷ᠎ᠤᠨ ᠬᠢᠨ ᠬᠣᠷᠸ᠎ᠠ ᠠᠵᠤ ᠠᠬᠤᠶ ᠎ᠶ᠋ᠢᠨ ᠰᠠᠯᠠᠭ᠎ᠠ ᠮᠥᠴᠢᠷ ᠪᠣᠯᠤᠭ᠍ᠰᠠᠨ᠎ᠤ ᠬᠤᠪᠢ᠎ᠳᠤ᠂ ᠮᠠᠨ᠎ᠤ ᠲᠡᠷᠢᠭᠦᠨ ᠴᠢᠬᠤᠯᠠ ᠡᠭᠦᠷᠭᠡ ᠪᠣᠯ ᠳᠠᠷᠤᠢ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ ᠡᠴᠡ ᠥᠪᠥᠷ ᠮᠣᠩᠭᠣᠯ ᠎ᠳᠤ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠤᠳᠤᠯᠭ᠎ᠠ ᠎ᠶ᠋ᠢᠨ ᠪᠠᠢᠷᠢ ᠲᠣᠭ᠍ᠲᠠᠭᠠᠯᠲᠠ ᠪᠣᠯᠤᠨ ᠠᠵᠢᠯᠯᠠᠭᠠᠨ᠎ᠤ ᠬᠥᠲᠥᠯᠪᠦᠷᠢ᠎ᠶ᠋ᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠣᠨᠣᠪᠴᠢᠲᠠᠶ ᠪᠦᠬᠦ᠌ ᠲᠠᠯ᠎ᠠ ᠎ᠪᠠᠷ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠬᠦᠰᠡᠯᠡᠩ ᠢᠲᠡᠭᠡᠯ ᠪᠢᠰᠢᠷᠡᠯ᠎ᠢᠶᠠᠨ ᠤᠯᠠᠮ ᠴᠢᠨᠠᠬᠰᠢᠲᠠ ᠪᠠᠲᠤᠳᠭᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ ᠎ᠶ᠋ᠢ ᠪᠠᠷᠢᠮᠲᠠᠯᠠᠵᠤ᠂ ᠠᠷᠠᠳ ᠤᠯᠠᠨ ᠎ᠤ ᠰᠠᠢ᠌ᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠲᠠᠰᠤᠷᠠᠯᠳᠠ ᠦᠭᠡᠢ ᠬᠠᠩᠭᠠᠬᠤ ᠪᠠ ᠠᠷᠠᠳ ᠤᠯᠠᠨ᠎ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠱᠢᠢᠳᠪᠦᠷᠢᠯᠡᠬᠦ᠌᠎ᠶ᠋ᠢ ᠠᠯᠢᠪᠠ ᠠᠵᠢᠯ᠎ᠤᠨ ᠎ᠢᠶᠠᠨ ᠵᠤᠷᠢᠯᠲᠠ ᠪᠠ ᠲᠤᠰᠤᠯᠲᠠ ᠪᠤᠯᠭᠠᠨ᠎ᠠ》ᠭᠡᠵᠦ ᠤᠬᠠᠭᠤᠯᠤᠨ ᠲᠠᠢᠯᠪᠤᠷᠢᠯᠡᠬᠤ ᠮᠡᠳᠡᠬᠦᠯᠤᠯᠳᠠ᠎ᠵᠢ ᠰᠤᠨᠤᠰᠤᠭᠰᠠᠨ᠎ᠤ ᠲᠠᠷᠠᠭᠠᠬᠢ ᠤᠯᠤᠯᠳᠠ ᠲᠦᠷᠦᠭᠳᠡᠯ᠎ᠵᠢᠡᠨ ᠶᠠᠷᠢᠨ᠎ᠠ᠃

ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ ᠎ᠦᠨ ᠲᠣᠭ᠍ᠲᠠᠮᠠᠯ ᠬᠥᠷᠥᠩᠭᠡ᠎ᠶ᠋ᠢᠨ ᠪᠠᠯᠠ ᠣᠷᠣᠭᠤᠯᠤᠯᠲᠠ᠎ᠶ᠋ᠢᠨ ᠭᠠᠵᠠᠷ ᠎ᠤᠨ ᠳᠡᠳ᠋ ᠳᠠᠷᠤᠭ᠎ᠠ ᠵᠠᠩ ᠭᠦᠸᠧ ᠳ᠋ᠦᠩ᠄《ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠨᠢ ᠨᠠᠷᠢᠯᠢᠭ ᠪᠤᠳᠠᠳᠠᠢ ᠠᠮᠢᠳᠤᠯᠢᠭ ᠪᠦᠭᠡᠳ ᠪᠥᠬᠥ᠌ ᠲᠠᠯ᠎ᠠ᠎ᠵᠢ ᠬᠠᠮᠤᠷᠴᠤ᠂ ᠮᠠᠰᠢ ᠰᠠᠢᠨ ᠣᠯᠤᠯᠲᠠ ᠲᠦᠷᠦᠭᠳᠡᠯ ᠤᠯᠵᠠᠢ᠃ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ᠎ᠶᠢᠨ ᠵᠢᠷᠭᠤᠳᠤᠭᠠᠷ ᠪᠥᠬᠥᠳᠡ ᠬᠤᠷᠠᠯ ᠡᠴᠡ ᠨᠠᠮ ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ ᠎ᠶ᠋ᠢ ᠪᠥᠬᠥ᠌ ᠲᠠᠯ᠎ᠠ ᠎ᠪᠠᠷ ᠳ᠋ᠦᠩᠨᠡᠵᠦ᠂ ᠪᠥᠬᠥ᠌ ᠨᠠᠮ᠎ᠤᠨ ᠦᠵᠡᠯ ᠰᠠᠨᠠᠭ᠎ᠠ᠎ᠪᠠᠨ ᠨᠢᠭᠡᠳᠭᠡᠬᠦ᠌᠂ ᠵᠣᠷᠢᠭ ᠰᠠᠨᠠᠭ᠎ᠠ ᠎ᠪᠠᠨ ᠨᠢᠭᠡᠳᠭᠡᠬᠦ᠌᠂ ᠦᠶ᠋ᠯᠡ ᠠᠵᠢᠯᠯᠠᠭ᠎ᠠ᠎ᠪᠠᠨ ᠨᠢᠭᠡᠳᠭᠡᠬᠦ᠌ ᠵᠢ ᠤᠯᠠᠮ ᠴᠢᠨᠠᠬᠰᠢᠲᠠ ᠠᠬᠢᠭᠤᠯᠵᠤ᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠨᠠᠩ ᠡᠷᠡᠰ ᠪᠠᠲᠤ ᠤᠬᠠᠮᠰᠠᠷ ᠡᠴᠡ ᠎ᠪᠠᠨ ᠦᠶ᠋ᠯᠡᠳᠦᠯᠭᠡᠵᠢᠭᠦᠯᠵᠦ᠂ ᠱᠢᠨ᠎ᠡ ᠴᠠᠭ ᠦᠶ᠎ᠡ᠎ᠳᠦ ᠳᠤᠮᠳᠠᠳᠤ ᠤᠯᠤᠰ᠎ᠤᠨ ᠣᠨᠴᠠᠯᠢᠭ ᠎ᠲᠠᠶ ᠨᠡᠢᠭᠡᠮ ᠵᠢᠷᠤᠮ ᠎ᠢ ᠨᠠᠩ ᠰᠠᠢᠲᠤᠷ ᠪᠠᠷᠢᠮᠲᠠᠯᠠᠨ ᠬᠥᠭ᠌ᠵᠢᠭᠦᠯᠬᠦ᠌ ᠎ᠳᠦ ᠴᠢᠬᠤᠯᠠ ᠶᠡᠬᠡ ᠪᠣᠳᠠᠲᠤ ᠠᠴᠢ ᠬᠣᠯᠪᠣᠭ᠍ᠳᠠᠯ ᠪᠠ ᠠᠯᠤᠰ ᠬᠡᠲᠦ᠍ ᠎ᠶ᠋ᠢᠨ ᠲᠡᠦᠬᠡᠲᠦ ᠠᠴᠢ ᠬᠣᠯᠪᠣᠭ᠍ᠳᠠᠯ ᠎ᠲᠠᠶ ᠶᠤᠮ ᠃ ᠪᠢᠳᠡ ᠨᠠᠮ᠎ᠤᠨ ᠠᠷᠪᠠ ᠶᠢᠰᠦᠳᠦᠭᠡᠷ ᠬᠤᠭᠤᠴᠠᠭᠠ ᠎ᠤ ᠲᠥᠪ ᠬᠣᠷᠢᠶ᠎ᠠ᠎ᠶᠢᠨ ᠵᠢᠷᠭᠤᠳᠤᠭᠠᠷ ᠪᠥᠬᠥᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠰᠤᠷᠤᠯᠴᠠᠯᠭ᠎ᠠ ᠎ᠶ᠋ᠢᠨ ᠦᠷ᠎ᠡ ᠪᠦᠲᠦᠮᠵᠢ ᠎ᠶ᠋ᠢ ᠠᠵᠢᠯ᠎ᠤᠨ ᠵᠢᠡᠨ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ᠂ 〈ᠬᠣᠶᠠᠷ᠎ᠢ ᠲᠣᠭ᠍ᠲᠠᠭᠠᠬᠤ〉 ᠵᠢᠨ ᠱᠢᠢᠳᠪᠦᠷᠢᠯᠡᠭ᠌ᠴᠢ ᠠᠴᠢ ᠬᠣᠯᠪᠣᠭ᠍ᠳᠠᠯ᠎ᠢ ᠭᠦᠢᠴᠡᠳ ᠲᠠᠨᠢᠵᠤ᠂ ᠭᠡᠬᠦᠳᠡᠭ ᠴᠡᠭᠡᠵᠢᠨ ᠎ᠳᠡᠭᠡᠨ 〈ᠬᠣᠶᠠᠷ ᠶᠡᠬᠡ ᠲᠠᠯ᠎ᠠ〉᠎ᠶ᠋ᠢ ᠪᠠᠭ᠍ᠲᠠᠭᠠᠵᠤ᠂ 〈ᠤᠯᠤᠰ᠎ᠤᠨ ᠶᠡᠬᠡ ᠶᠠᠪᠤᠳᠠᠯ〉᠎ᠢ᠋ ᠪᠠᠲᠤ ᠴᠡᠭᠡᠵᠢᠯᠡᠵᠦ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ ᠎ᠶ᠋ᠢ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠠᠵᠢᠯ᠎ᠢ ᠠᠬᠢᠭᠤᠯᠬᠤ᠎ᠳᠤ ᠡᠷᠬᠡᠪᠰᠢ ᠪᠠᠷᠢᠮᠲᠠᠯᠠᠬᠤ ᠬᠠᠮᠤᠭ᠎ᠤᠨ ᠳᠡᠭᠡᠳᠦ ᠤᠯᠤᠰ ᠲᠦᠷᠦ᠍᠎ᠶ᠋ᠢᠨ ᠵᠠᠷᠴᠢᠮ ᠪᠣᠯᠭᠠᠵᠤ᠂ ᠦᠵᠡᠯ ᠰᠠᠨᠠᠭ᠎ᠠ ᠤᠯᠤᠰ ᠲᠦᠷᠦ᠍ ᠦᠢᠯᠡ ᠠᠵᠢᠯᠯᠠᠭ᠎ᠠ᠎ᠶ᠋ᠢᠨ ᠲᠠᠯ᠎ᠠ ᠎ᠪᠠᠷ ᠢᠮᠠᠭ᠍ᠲᠠ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠎ᠲᠠᠶ ᠳᠡᠭᠡᠳᠦ ᠬᠡᠮᠵᠢᠶ᠎ᠡ ᠎ᠪᠡᠷ ᠨᠢᠭᠡᠳᠦᠯᠲᠡᠢ ᠪᠠᠢᠵᠤ᠂ 〈 ᠬᠣᠶᠠᠷ᠎ᠢ ᠲᠣᠭ᠍ᠲᠠᠭᠠᠬᠤ〉 ᠶ᠋ᠢ ᠡᠷᠡᠰ ᠬᠦᠷᠢᠶᠡᠯᠡᠵᠦ᠂ 〈ᠬᠣᠶᠠᠷ ᠎ᠢ ᠬᠠᠮᠠᠭᠠᠯᠠᠬᠤ〉 ᠎ᠶ᠋ᠢ ᠡᠷᠡᠰ ᠪᠡᠶᠡᠯᠡᠭᠦᠯᠵᠦ᠂ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠠᠵᠢᠯ᠎ᠤᠨ ᠱᠢᠨ᠎ᠡ ᠦᠷ᠎ᠡ ᠪᠦᠲᠦᠮᠵᠢ ᠤᠯᠬᠤ ᠎ᠶ᠋ᠢ ᠲᠠᠰᠤᠷᠠᠯᠲᠠ ᠥᠬᠡᠶ ᠠᠬᠢᠭᠤᠯᠤᠨ᠎ᠠ》 ᠭᠡᠵᠤ ᠭᠦᠨ ᠰᠡᠳᠬᠢᠭᠳᠡᠯ ᠲᠠᠢ ᠶᠠᠷᠢᠵᠤ ᠪᠠᠢᠯ᠎ᠠ᠃

ᠤᠬᠠᠭᠤᠯᠤᠨ ᠲᠠᠢᠯᠪᠤᠷᠢᠯᠠᠬᠤ ᠮᠠᠳᠡᠬᠦᠯᠤᠯᠳᠠ ᠳᠠᠭᠤᠰᠤᠭ᠍ᠰᠠᠨ᠎ᠤ ᠳᠠᠷᠠᠭ᠎ᠠ᠂ ᠣᠯᠠᠨ ᠎ᠢᠶᠠᠷ ᠎ᠢᠶᠠᠨ ᠪᠠᠰᠠ ᠰᠠᠨᠠᠯ ᠪᠤᠳᠤᠯ ᠎ᠵᠢᠡᠨ ᠰᠣᠯᠢᠯᠴᠠᠪᠠ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号