ᠪᠤᠤ ᠨᠠᠰᠤᠳᠠᠨ ᠎ᠤ ᠰᠡᠳᠭᠢᠯ᠎ᠤᠨ ᠡᠪᠡᠳᠴᠢᠨ᠎ᠢ ᠠᠷᠢᠯᠭᠠᠭᠰᠠᠨ ᠰᠠᠢᠨ 《ᠵᠤᠷ》
2021-12-24 10:26:04
ᠵᠣᠬᠢᠶᠠᠭ᠍ᠴᠢ᠄
ᠬᠡᠱᠢᠭ᠌ᠪᠥᠶᠠᠨ ᠯᠢᠶᠠᠨ ᠵᠦ᠍
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠵᠠᠯᠠᠢᠳ᠎ᠬᠤᠱᠢᠭᠤᠨ᠎ᠤ᠎ᠬᠦᠷᠡᠯ ᠪᠠᠯᠭᠠᠰᠤᠨ᠎ᠳᠤ ᠰᠠᠭᠤᠭ᠎ᠠ ᠪᠦᠦ ᠨᠠᠰᠤᠲᠠᠨ᠎ᠳᠤ ᠪᠠᠶᠠᠷ᠎ᠤᠨ ᠶᠠᠪᠤᠳᠠᠯ ᠲᠣᠬᠢᠶᠠᠯᠳᠤᠵᠠᠢ᠃ ᠡᠨᠡ ᠬᠦ᠌ ᠪᠠᠶᠠᠷᠲᠦ ᠶᠠᠪᠤᠳᠠᠯ᠎ᠨᠢ ᠶᠠᠭᠤ ᠪᠤᠯᠪᠠ ᠭᠡᠪᠡᠯ ᠬᠦᠷᠡᠯ ᠪᠠᠯᠭᠠᠰᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠠᠴᠠ ᠪᠦᠦ ᠨᠠᠰᠤᠲᠠᠨ᠎ᠳᠤ ᠥᠭ᠌ᠭᠦᠭ᠌ᠰᠡᠨ 《ᠰᠠᠢᠨ ᠵᠣᠷ》 ᠡᠴᠨ ᠡᠬᠢᠯᠡᠵᠦ᠍ ᠶᠠᠷᠢᠬᠤ ᠴᠢᠬᠤᠯᠨ ᠲᠠᠢ᠃

ᠪᠦᠦ ᠨᠠᠰᠤᠲᠠᠨ᠎ᠤ ᠨᠡᠷ᠎ᠡ᠎ᠨᠢ ᠪᠦᠦ ᠵᠠᠭᠤᠨᠨᠠᠮᠤᠷ ᠭᠡᠳᠡᠭ᠂ ᠬᠦᠷᠡᠯ ᠪᠠᠯᠭᠠᠰᠤᠨ᠎ᠤ ᠴᠠᠭᠠᠨᠮᠦ᠋ᠷᠡᠨ ᠭᠠᠴᠠᠭᠠᠨ᠎ᠤ ᠵᠡᠮᠳᠡᠭ ᠰᠠᠭᠤᠭᠠᠯᠢ ᠠᠷᠠᠳ ᠪᠣᠯᠤᠨ᠎ᠠ᠃ ᠪᠡᠶ᠎ᠡ ᠮᠠᠬᠠᠪᠣᠳ᠎ᠤᠨ ᠲᠠᠯ᠎ᠠ᠎ᠪᠠᠷ᠎ᠬᠢ ᠳᠥᠭᠦᠮ ᠦᠭᠡᠢ ᠪᠠᠢᠳᠠᠯ᠎ᠲᠠᠢ ᠬᠠᠷᠢᠴᠠᠭᠤᠯᠪᠠᠯ᠂ ᠰᠡᠳᠭᠢᠯ ᠰᠠᠨᠠᠭᠠᠨ᠎ᠳᠠᠬᠢ ᠤᠳᠠᠭᠠᠨ ᠵᠢᠯ ᠱᠢᠢᠳᠪᠦᠷᠢᠯᠡᠭ᠌ᠳᠡᠭᠡ ᠦᠭᠡᠢ ᠵᠠᠩᠭᠢᠷᠠᠭ᠎ᠠ᠎ᠨᠢ ᠰᠠᠶᠢ ᠲᠡᠭᠦᠨ᠎ᠢ ᠬᠠᠮᠤᠭ᠎ᠡᠴᠡ ᠵᠤᠪᠠᠭᠠᠳᠠᠭ 《ᠡᠪᠡᠳᠴᠢᠨ》 ᠪᠠᠢᠵᠤ᠂ ᠲᠡᠭᠦᠨ᠎ᠤ ᠦᠢᠯᠡᠳᠪᠦᠷᠢᠯᠡᠯ ᠠᠮᠢᠳᠤᠷᠠᠯ᠎ᠳᠤ ᠶᠡᠭᠡᠭᠡᠨ ᠶᠠᠷᠱᠢᠭ ᠲᠦᠪᠡᠭ ᠤᠴᠠᠷᠠᠭᠤᠯᠵᠠᠶ᠃ ᠡᠨᠡ᠎ᠨᠢ ᠲᠠᠷᠤᠢ ᠪᠦᠦ ᠨᠠᠰᠤᠲᠠᠨ ᠪᠣᠯᠤᠨ ᠵᠡᠷᠭᠡᠯᠡᠳᠡᠭᠡ ᠠᠢᠯ᠎ᠤᠨ ᠬᠤᠭᠤᠷᠣᠨᠳᠣᠬᠢ ᠨᠢᠭᠡ ᠤᠳᠠᠭᠠᠨ᠎ᠤ ᠨᠤᠲᠤᠭ ᠪᠡᠯᠴᠢᠭᠡᠷ᠎ᠤᠨ ᠵᠢᠭᠤᠷᠠᠯᠳᠤᠭᠠᠨ᠎ᠪᠤᠯᠤᠨ᠎ᠡ ᠃

ᠪᠦᠦ ᠨᠠᠰᠤᠲᠠᠨ ᠬᠢᠭᠡᠳ ᠵᠡᠷᠭᠡᠯᠡᠳᠡᠭᠡ ᠠᠢᠯ᠎ᠤᠨ ᠬᠢᠨᠢ ᠨᠤᠲᠤᠭ ᠪᠡᠯᠴᠢᠭᠡᠷ᠎ᠤᠨ ᠵᠠᠭᠠᠭ ᠬᠢᠵᠠᠭᠠᠷ᠎ᠨᠢ ᠲᠣᠳᠣᠷᠬᠠᠶ ᠦᠭᠡᠢ᠎ᠠᠴᠠ ᠪᠤᠯᠵᠤ ᠭᠡᠳᠦᠨ ᠵᠢᠯ᠎ᠤᠨ ᠡᠮᠦᠨ᠎ᠡ ᠵᠥᠷᠢᠴᠡᠯ ᠡᠬᠦᠰᠴᠤ᠌᠂  2019 ᠣᠨ᠎ᠤ ᠬᠠᠪᠤᠷ ᠨᠡᠩ ᠴᠤ᠌ ᠱᠢᠷᠦᠭᠦᠰᠴᠦ᠍᠂ ᠬᠤᠶᠠᠷ ᠲᠠᠯ᠎ᠠ᠎ᠪᠠᠷ᠎ᠢᠶᠠᠨ ᠤᠯᠠᠨ ᠤᠳᠠᠭ᠎ᠠ ᠮᠥᠷᠭᠦᠯᠳᠦᠭᠡᠨ ᠭᠠᠷᠴᠠᠶ᠃ ᠬᠠᠤᠯᠢ ᠴᠠᠭᠠᠵᠠ᠎ᠶ᠋ᠢᠨ ᠭᠠᠵᠠᠷ ᠪᠠ ᠲᠤᠳᠤᠭᠠᠳᠥ᠎ᠶ᠋ᠢ ᠬᠠᠮᠠᠭᠠᠯᠠᠬᠤ ᠰᠠᠯᠪᠤᠷᠢ ᠬᠡᠳᠦ᠋ᠢᠪᠡᠷ ᠤᠯᠠᠨ ᠤᠳᠠᠭ᠎ᠠ ᠡᠶᠡᠳᠡᠭᠦᠯᠦᠨ ᠱᠢᠢᠳᠪᠦᠷᠢᠯᠡᠭ᠌ᠰᠡᠨ ᠪᠣᠯᠪᠠᠴᠤ᠌ ᠦᠷ᠎ᠡ ᠳ᠋ᠦᠩ᠎ᠨᠢ ᠶᠡᠷᠦ᠍᠎ᠨᠢ ᠠᠨᠠᠢ ᠪᠠᠢᠵᠤ᠂ ᠠᠰᠠᠭᠤᠳᠠᠯ᠎ᠢ ᠦᠨᠳᠦᠰᠦᠨ᠎ᠠᠴᠠ᠎ᠨᠢ ᠱᠢᠢᠳᠪᠦᠷᠢᠯᠡᠵᠦ᠍ ᠴᠢᠳᠠᠬᠤ ᠦᠭᠡᠢ ᠪᠠᠢᠯ᠎ᠠ᠃

ᠪᠦᠦ ᠨᠠᠰᠤᠲᠠᠨ᠎ᠤ ᠰᠡᠳᠭᠢᠯ᠎ᠤᠨ 《ᠡᠪᠡᠳᠴᠢᠨ》 ᠢ᠋ ᠦᠨᠳᠦᠰᠦᠨ᠎ᠠᠴᠠ᠎ᠨᠢ ᠠᠷᠢᠯᠭᠠᠵᠤ᠂ ᠬᠤᠶᠠᠷ ᠬᠡᠷ᠎ᠤᠨ ᠵᠥᠷᠢᠴᠡᠯ ᠵᠢᠭᠤᠷᠠᠯᠳᠤᠭᠠᠨ᠎ᠢ ᠦᠨᠳᠦᠰᠦᠨ᠎ᠠᠴᠠ᠎ᠨᠢ ᠱᠢᠢᠳᠪᠦᠷᠢᠯᠡᠬᠦ᠌᠎ᠶ᠋ᠢᠨ ᠲᠥᠯᠥᠭᠡ᠂ ᠬᠦᠷᠡᠯ ᠪᠠᠯᠭᠠᠰᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠡᠴᠡ ᠠᠷᠠᠳ᠎ᠤᠨ ᠲᠥᠯᠥᠭᠡᠯᠡᠭ᠌ᠴᠢ᠎ᠶ᠋ᠢᠨ 《ᠬᠠᠤᠯᠢ᠎ᠶ᠋ᠢ ᠮᠡᠳᠡᠵᠦ᠍᠂ ᠤᠴᠢᠷ ᠶᠠᠪᠤᠳᠠᠯ᠎ᠢ ᠭᠤᠤᠯᠴᠢ᠎ᠪᠠᠷ ᠱᠢᠢᠳᠪᠦᠷᠢᠯᠡᠬᠦ᠂ ᠠᠷᠠᠳ ᠲᠦᠮᠡᠨ᠎ᠤ ᠳᠤᠮᠳᠠ᠎ᠠᠴᠠ ᠢᠷᠡᠵᠦ᠍᠂ ᠠᠷᠠᠳ ᠲᠦᠮᠡᠨ᠎ᠳᠤ ᠦᠢᠯᠡᠴᠢᠯᠡᠬᠦ᠌》ᠵᠢ ᠭᠦᠢᠴᠡᠳ ᠪᠠᠳᠠᠷᠠᠭᠤᠯᠵᠤ᠂ ᠵᠢᠭᠤᠷᠠᠯᠳᠤᠭᠠᠨ᠎ᠤ ᠬᠤᠶᠠᠷ ᠡᠲᠡᠭᠡᠳ᠎ᠤᠨ ᠪᠠᠢᠳᠠᠯ᠎ᠢ ᠤᠢᠯᠠᠭᠠᠵᠤ᠂᠎ᠬᠡᠷᠡᠭ ᠶᠠᠪᠤᠳᠠᠯ᠎ᠤᠨ ᠣᠭ ᠱᠢᠯᠲᠠᠭᠠᠨ᠎ᠢ ᠨᠢ ᠤᠯᠵᠠᠢ᠃ ᠡᠨᠡ ᠭᠦ᠌ ᠵᠢᠭᠤᠷᠠᠯᠳᠤᠭᠠᠨ᠎ᠤ ᠦᠨᠳᠦᠰᠦ ᠰᠤᠷᠪᠤᠯᠵᠢ᠎ᠨᠢ ᠪᠦᠦ ᠨᠠᠰᠤᠲᠠᠨ ᠪᠣᠯᠤᠨ ᠵᠡᠷᠭᠡᠯᠡᠳᠡᠭᠡ ᠠᠢᠯ᠎ᠤᠨ ᠨᠤᠲᠤᠭ ᠪᠡᠯᠴᠢᠭᠡᠷ᠎ᠲᠤ ᠵᠢᠯ ᠲᠤᠷᠰᠢ ᠲᠣᠳᠣᠷᠬᠠᠶ ᠵᠠᠭᠠᠭ ᠱᠤᠭᠤᠮ ᠪᠠᠢᠬᠤ ᠦᠭᠡᠢ᠎ᠠᠴᠠ ᠰᠢᠯᠳᠠᠭᠠᠯᠠᠭᠳᠠᠭᠰᠡᠨ ᠪᠠᠢᠨ᠎ᠠ᠃ ᠤᠤᠯ᠎ᠤᠨ ᠵᠠᠭᠠᠭ᠍ᠯᠠᠭ᠍ᠰᠠᠨ ᠵᠠᠭᠠᠭ ᠱᠤᠭᠤᠮ᠎ᠨᠢ ᠵᠤᠨ᠎ᠤ ᠤᠯᠠᠷᠢᠯ ᠪᠣᠯᠬᠤ᠎ᠳᠤ ᠡᠪᠡᠰᠥ᠍ ᠪᠠᠯᠴᠢᠬᠡᠷ᠎ᠲᠤ ᠬᠠᠯᠬᠠᠯᠠᠭ᠍ᠳᠠᠵᠤ᠂ ᠬᠤᠶᠠᠷ ᠡᠲᠡᠭᠡᠳ᠎ᠢᠶᠠᠷ᠎ᠢᠶᠠᠨ ᠥᠪᠡᠷ᠎ᠤᠨ ᠨᠤᠲᠤᠭ ᠪᠡᠯᠴᠢᠭᠡᠷ᠎ᠤᠨ ᠬᠦᠷᠢᠶ᠎ᠡ ᠬᠡᠪᠴᠢᠶ᠎ᠡ᠎ᠪᠠᠨ ᠣᠨᠣᠪᠴᠢᠲᠠᠶ ᠢᠯᠭᠠᠵᠤ ᠴᠢᠳᠠᠬᠤ ᠦᠭᠡᠢ ᠪᠤᠯᠵᠠᠢ᠃ ᠡᠭᠢᠯᠡᠨᠭᠭᠦᠳᠡ ᠲᠤᠰ ᠵᠦᠷᠢᠴᠡᠯ᠎ᠢ ᠰᠠᠢᠳᠤᠷ ᠰᠢᠢᠳᠪᠦᠷᠢᠯᠡᠵᠤ ᠴᠢᠳᠠᠭᠰᠠᠨ ᠦᠭᠡᠢ ᠡᠴᠡ ᠤᠤᠯ᠎ᠤᠨ ᠪᠠᠭ᠎ᠠ ᠰᠠᠭ᠎ᠠ ᠮᠠᠷᠭᠤᠭᠠᠨ᠎ᠨᠢ ᠬᠡᠳᠦᠨ ᠵᠢᠯ᠎ᠵᠢᠡᠷ ᠡᠳᠡᠭᠡᠷᠡᠳᠡᠭ ᠦᠭᠡᠢ 《ᠡᠪᠡᠳᠴᠢᠨ》 ᠪᠣᠯᠤᠨ ᠬᠤᠪᠢᠷᠠᠵᠠᠶ᠃

ᠬᠦᠷᠡᠯ ᠪᠠᠯᠭᠠᠰᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ᠎ᠬᠢᠨ ᠵᠦᠷᠢᠴᠡᠯ᠎ᠤᠨ ᠦᠨᠳᠦᠰᠦ ᠰᠤᠷᠪᠤᠯᠵᠢ ᠵᠢ ᠲᠣᠳᠣᠷᠬᠠᠢᠯᠠᠭ᠍ᠰᠠᠨ᠎ᠤ ᠳᠠᠷᠠᠭ᠎ᠠ᠂ ᠰᠠᠨᠠᠭᠠᠴᠢᠯᠠᠭ᠎ᠠ᠎ᠠᠴᠠ᠎ᠪᠠᠨ ᠡᠯ᠎ᠡ ᠲᠠᠯ᠎ᠠ᠎ᠶ᠋ᠢᠨ ᠮᠠᠲ᠋ᠧᠷᠢᠶᠠᠯ᠎ᠢ ᠪᠠᠢᠴᠠᠭᠠᠨ ᠦᠵᠡᠵᠦ᠍᠂ ᠪᠦᠦ ᠨᠠᠰᠤᠲᠠᠨ᠎ᠤ ᠤᠤᠯ᠎ᠤᠨ ᠨᠤᠲᠤᠭ ᠪᠡᠯᠴᠢᠭᠡᠷ᠎ᠤᠨ ᠲᠠᠯᠠᠪᠠᠶ ᠪᠠ ᠵᠠᠭᠠᠭ ᠬᠢᠵᠠᠭᠠᠷ᠎ᠤᠨ ᠲᠠᠷᠬᠠᠯᠲᠠ᠎ᠶ᠋ᠢ ᠣᠢᠯᠠᠭᠠᠪᠠ᠃ ᠡᠭᠦᠨ᠎ᠤ ᠲᠠᠭᠠᠦ᠂ ᠠᠷᠠᠳ᠎ᠤᠨ ᠲᠥᠯᠥᠭᠡᠯᠡᠭ᠌ᠴᠢ ᠲᠣᠮᠢᠯᠠᠨ᠂ ᠪᠦᠦ ᠨᠠᠰᠤᠲᠠᠨ ᠪᠣᠯᠤᠨ ᠲᠡᠭᠦᠨ᠎ᠤ ᠬᠥᠷᠰᠢ ᠠᠢᠯ᠎ᠢ ᠡᠷᠢᠨ᠂ ᠬᠠᠨᠳᠤᠯᠭᠠᠲᠤ ᠴᠢᠨᠠᠷᠲᠠᠢ ᠠᠷᠭ᠎ᠠ ᠪᠤᠳᠤᠯᠭ᠎ᠠ᠎ᠶ᠋ᠢ ᠵᠥᠪᠳᠡᠯᠴᠡᠨ᠂ ᠤᠯᠠᠨ ᠵᠦᠢᠯ᠎ᠤᠨ᠎ᠡᠶᠡᠳᠡᠭᠦᠯᠬᠦ᠌ ᠠᠷᠭ᠎ᠠ ᠮᠠᠶᠢᠭ᠎ᠢ ᠶᠡᠷᠦᠩᠬᠡᠢᠯᠡᠨ ᠬᠡᠷᠡᠭ᠌ᠯᠡᠵᠦ᠍᠂ ᠬᠤᠶᠠᠷ ᠲᠠᠯ᠎ᠠ᠎ᠶ᠋ᠢᠨ᠎ᠬᠢᠨ᠎ᠢ ᠡᠶᠡᠲᠡᠭᠦᠯᠪᠡ ᠃

ᠬᠠᠮᠤᠭ ᠡᠴᠦᠰ᠎ᠲᠤ᠌᠂ ᠲᠡᠳᠡᠨ᠎ᠳᠤ 《ᠡᠪᠡᠳᠴᠢᠨ》 ᠎ᠳᠤᠨᠢ ᠵᠤᠬᠢᠴᠠᠭᠤᠯᠵᠤ ᠦᠨᠳᠦᠰᠦᠨ᠎ᠠᠴᠠ᠎ᠨᠢ ᠵᠠᠰᠠᠬᠤ 《ᠰᠠᠢᠨ ᠵᠣᠷ》 — ᠬᠠᠤᠯᠢ ᠲᠣᠭ᠍ᠲᠠᠭᠠᠯ᠎ᠳᠤ ᠨᠡᠢᠴᠡᠭ᠌ᠰᠡᠨ ᠵᠦᠶ ᠵᠣᠬᠢᠰᠲᠠᠶ ᠨᠤᠲᠤᠭ ᠪᠡᠯᠴᠢᠭᠡᠷ᠎ᠤᠨ ᠵᠠᠭᠠᠭ᠎ᠤᠨ ᠲᠥᠰᠦᠯ᠎ᠢ ᠪᠢᠴᠢᠵᠦ᠍ ᠥᠭ᠌ᠭᠦᠭ᠌ᠰᠡᠨ ᠪᠠᠢᠨ᠎ᠠ᠃ ᠵᠢᠭᠤᠷᠠᠯᠳᠤᠭᠠᠨ ᠲᠠᠢ ᠪᠠᠢᠭ᠎ᠠ 500 ᠮᠥ᠍ ᠨᠤᠳᠤᠬ ᠪᠡᠯᠴᠢᠭᠡᠷ᠎ᠲᠤ ᠢᠯᠡ ᠲᠣᠳᠣᠷᠬᠠᠶ ᠵᠠᠭᠠᠭ ᠱᠤᠭᠤᠮ ᠭᠠᠷᠭᠠᠵᠤ᠂ ᠡᠨᠡ ᠬᠦ᠌ ᠵᠠᠭᠠᠭ ᠱᠤᠭᠤᠮ᠎ᠨᠢ ᠵᠣᠨ᠎ᠤ ᠡᠪᠡᠰᠦ ᠤᠷᠭᠤᠮᠠᠯ᠎ᠳᠤ ᠬᠠᠯᠬᠠᠯᠠᠭ᠍ᠳᠠᠬᠤ ᠥᠬᠡᠶ ᠮᠥᠷᠲᠡᠭᠡᠨ ᠡᠪᠦᠯ᠎ᠤᠨ ᠴᠠᠰᠤᠨ᠎ᠳᠤ ᠴᠤ᠌ ᠪᠤᠯᠠᠭ᠍ᠳᠠᠬᠤ ᠥᠬᠡᠶ ᠪᠠᠢᠵᠤ᠂ ᠬᠤᠶᠠᠷ ᠡᠷᠦᠭᠡ ᠵᠢᠨ ᠨᠤᠲᠤᠭ ᠪᠡᠯᠴᠢᠭᠡᠷ᠎ᠤᠨ ᠬᠦᠷᠢᠶ᠎ᠡ ᠬᠡᠪᠴᠢᠶ᠎ᠡ᠎ᠵᠢ ᠲᠤᠪ ᠲᠤᠳᠤᠷᠬᠠᠢ ᠪᠤᠯᠭᠠᠵᠠᠢ᠃ ᠬᠤᠶᠠᠷ ᠲᠠᠯ᠎ᠠ᠎ᠪᠠᠷ᠎ᠢᠶᠠᠨ ᠡᠨᠡ ᠬᠦ᠌ ᠱᠢᠢᠳᠪᠦᠷᠢᠯᠡᠬᠦ᠌ ᠲᠥᠰᠦᠯ᠎ᠢ ᠦᠵᠡᠭ᠌ᠰᠡᠨ᠎ᠤ ᠳᠠᠷᠠᠭ᠎ᠠ ᠲᠦᠢᠯ᠎ᠢᠶᠠᠷ ᠪᠠᠶᠠᠷᠯᠠᠵᠤ᠂ ᠳᠤᠷᠠᠲᠠᠶ᠎ᠠ ᠬᠦᠯᠢᠶᠡᠨ ᠠᠪᠤᠪᠠ᠃ ᠬᠡᠷᠡᠭ ᠶᠠᠪᠤᠳᠠᠯ ᠡᠴᠦᠰ᠎ᠲᠡᠭᠡᠨ ᠢᠡᠭᠭᠢᠵᠦ᠎ᠲᠡᠭᠦᠰ᠎ᠠᠮᠵᠢᠯᠲᠠᠲᠠᠢ ᠱᠢᠢᠳᠪᠦᠷᠢᠯᠡᠭ᠌ᠳᠡᠪᠡ᠃

ᠤᠳᠤ ᠪᠦᠦ ᠨᠠᠰᠤᠲᠠᠨ᠎ᠤ ᠰᠡᠳᠭᠢᠯ᠎ᠤᠨ 《ᠡᠪᠡᠳᠴᠢᠨ》 ᠨᠢ ᠬᠤᠭ ᠦᠭᠡᠢ ᠰᠠᠢᠨ ᠪᠤᠯᠤᠭᠰᠠᠨ ᠵᠢᠡᠷ ᠦᠯᠦ ᠪᠠᠷᠠᠮ ᠪᠠᠯᠭᠠᠰᠤᠨ᠎ᠤ ᠵᠡᠮᠳᠡᠭ᠌ᠴᠦᠳ᠎ᠤᠨ ᠬᠤᠯᠪᠣᠭ᠎ᠠ ᠡᠴᠡ ᠲᠡᠭᠦᠨ᠎ᠳᠤ ᠵᠡᠮᠳᠡᠭ᠎ᠤᠨ ᠦᠨᠡᠮᠯᠡᠯ ᠤᠯᠭᠤᠵᠤ᠂ ᠲᠡᠳᠡᠨ᠎ᠤ ᠭᠡᠷ ᠪᠦᠯᠢ᠎ᠶ᠋ᠢᠨ ᠠᠵᠤ ᠠᠬᠤᠶ᠎ᠶ᠋ᠢᠨ ᠳᠠᠷᠤᠭᠠᠰᠤ ᠎ᠶ᠋ᠢ ᠨᠢ ᠴᠸ᠋  ᠬᠦᠨᠭᠭᠡᠷᠡᠭᠦᠯᠦᠭᠰᠡᠨ ᠪᠠᠢᠨ᠎ᠠ᠃

ᠬᠦᠷᠡᠯ ᠪᠠᠯᠭᠠᠰᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠨᠢ ᠭᠤᠣᠯ ᠴᠣᠭ᠍ᠴᠠ᠎ᠶ᠋ᠢᠨ ᠦᠢᠯᠡᠳᠦᠯ᠎ᠢᠶᠠᠨ ᠭᠦᠢᠴᠡᠳ ᠪᠠᠳᠠᠷᠠᠭᠤᠯᠵᠤ᠂ ᠣᠯᠠᠨ ᠲᠦᠮᠡᠨ᠎ᠤ ᠬᠦᠴᠢᠷᠳᠡᠯ ᠢ᠋ ᠱᠢᠢᠳᠪᠦᠷᠢᠯᠡᠬᠦ᠌᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ 《ᠪᠢ ᠲᠠᠨ᠎ᠢ ᠬᠠᠪᠰᠤᠷᠤᠶ᠎ᠠ》 ᠬᠡᠬᠦ᠌ ᠰᠠᠢᠨ ᠳᠤᠷᠠᠴᠤᠤᠯ᠎ᠤᠨ ᠦᠢᠯᠡᠴᠢᠯᠡᠭᠡᠨ᠎ᠤ ᠠᠵᠢᠯᠯᠠᠭ᠎ᠠ᠎ᠶ᠋ᠢ ᠥᠷᠨᠢᠭᠦᠯᠦᠨ᠂ ᠪᠣᠯᠪᠠᠰᠤᠨ ᠡᠶ᠎ᠡ ᠵᠣᠬᠢᠴᠠᠩᠭᠤᠢ ᠰᠠᠢ᠌ᠨ ᠰᠠᠢ᠌ᠬᠠᠨ ᠰᠤᠷᠲᠠᠯ᠎ᠢ ᠪᠤᠢ ᠪᠤᠯᠭᠠᠬᠤ᠎ᠳᠤ ᠦᠪᠡᠷ᠎ᠤᠨ ᠬᠦᠴᠦᠨ ᠴᠢᠳᠠᠯ᠎ᠢᠶᠠᠨ ᠨᠡᠮᠡᠷᠢᠯᠡᠵᠤ ᠪᠠᠢ᠌ᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号