12 ᠰᠠᠷ᠎ᠠ ᠶᠢᠨ 16 ᠤ᠋ ᠡᠳᠦᠷ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠵᠢᠨ ᠵᠢᠷᠭᠤᠳᠤᠭᠠᠷ
ᠪᠦᠬᠦᠳᠠ ᠬᠤᠷᠠᠯ ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ ᠤ
ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠳᠦ ᠭᠦᠨᠵᠡᠭᠡᠢᠷᠡᠵᠦ
ᠤᠬᠠᠭᠤᠯᠤᠨ ᠲᠠᠢᠯᠪᠤᠷᠢᠯᠠᠪᠠ ᠃
ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠢᠯᠪᠤᠷᠢᠯᠠᠬᠤ ᠪᠦᠯᠬᠦᠮ
ᠤᠨ ᠬᠡᠰᠢᠬᠦᠨ ᠂ ᠦᠪᠦᠷ ᠮᠤᠨᠭᠭᠤᠯ ᠤᠨ ᠨᠠᠮ ᠤᠨ ᠰᠤᠷᠭᠠᠭᠤᠯᠢ ᠶᠢᠨ ᠨᠠᠮ ᠤᠨ ᠲᠡᠥᠬᠡ ᠨᠠᠮ ᠤᠨ ᠪᠠᠢᠭᠤᠯᠤᠯᠳᠠ
ᠶᠢᠨ ᠵᠢᠭᠠᠨ ᠰᠤᠳᠤᠯᠬᠤ ᠭᠠᠵᠠᠷ ᠤᠨ ᠳᠡᠳ᠋ ᠫᠷᠥ᠍ᠹᠧᠰᠰᠤᠷ ᠵᠤᠤ ᠱᠣ᠌ ᠯᠣ᠌《ᠨᠡᠩ ᠶᠡᠬᠡ ᠠᠮᠵᠢᠯᠳᠠ ᠪᠤᠯᠤᠨ ᠢᠷᠠᠭᠤ ᠠᠯᠳᠠᠷ ᠢ ᠤᠯᠬᠤ ᠶᠢᠨ ᠲᠦᠯᠦᠭᠡ ᠦᠷᠬᠦᠯᠵᠢᠯᠡᠨ ᠴᠢᠷᠮᠠᠢᠨ
ᠲᠡᠮᠡᠴᠡᠶ᠎ᠡ》ᠬᠡᠬᠦ ᠰᠡᠳᠦᠪ ᠵᠢᠡᠷ ᠪᠦᠬᠦ ᠳᠠᠯ᠎ᠠ ᠪᠤᠯᠤᠨ ᠪᠠᠢᠯᠳᠤᠬᠤ ᠪᠤᠳᠤᠯᠭ᠎ᠠ ᠶᠢᠨ ᠦᠨᠳᠦᠷᠴᠡ ᠡᠴᠡ
ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ ᠤᠨ
ᠴᠢᠬᠤᠯᠠ ᠶᠡᠬᠡ ᠠᠴᠢ ᠬᠤᠯᠪᠤᠭᠳᠠᠯ ᠢ ᠬᠦᠨᠵᠡᠭᠡᠢ ᠳᠠᠨᠢᠬᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ
ᠤ ᠲᠥᠪ ᠬᠤᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ ᠤᠨ ᠵᠤᠷᠢᠭ ᠰᠠᠨᠠᠭᠠᠨᠤ ᠪᠠᠶᠠᠯᠢᠭ ᠠᠭᠤᠯᠤᠭᠳᠠᠬᠤᠨ
ᠪᠤᠯᠤᠨ ᠭᠤᠤᠯ ᠤᠳᠬ᠎ᠠ ᠤᠴᠢᠷ ᠢ ᠬᠦᠨᠵᠡᠭᠡᠢ ᠤᠢᠯᠠᠭᠠᠬᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ
ᠲᠥᠪ ᠬᠤᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶ᠋ᠢ ᠬᠦᠨᠵᠡᠬᠡᠢ ᠰᠤᠷᠤᠯᠴᠠᠨ ᠨᠠᠮ ᠤᠨ ᠠᠷᠪᠠ ᠶᠢᠰᠦᠳᠦᠭᠡᠷ
ᠬᠤᠭᠤᠴᠠᠭᠠᠨ ᠤ ᠲᠥᠪ ᠬᠤᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠵᠢ ᠦᠪᠦᠷ ᠮᠤᠨᠭᠭᠤᠯ
ᠳᠤ ᠬᠦᠨ ᠦᠨᠳᠦᠰᠦᠯᠡᠬᠦᠯᠬᠦ ᠵᠢ ᠯᠠᠪᠳᠠᠭᠤᠨ ᠪᠠᠳᠤᠳᠠᠢ ᠠᠬᠢᠭᠤᠯᠬᠤ ᠵᠡᠷᠭᠡ ᠭᠤᠷᠪᠠᠨ ᠳᠠᠯ᠎ᠠ ᠡᠴᠡ ᠨᠠᠮ ᠤᠨ
ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ
ᠵᠢ ᠭᠦᠨᠵᠡᠭᠡᠶ ᠲᠣᠳᠣᠷᠬᠠᠢᠯᠠᠨ ᠥᠭᠦᠯᠡᠭ᠌ᠰᠡᠨ ᠪᠥᠭᠡᠳ ᠭᠦᠨᠵᠡᠭᠡᠶ ᠲᠠᠢᠯᠪᠤᠷᠢᠯᠠᠵᠠᠶ ᠃
ᠥᠪᠡᠷᠲᠡᠭᠡᠨ ᠵᠠᠰᠠᠬᠤ ᠣᠷᠣᠨ ᠤ ᠡᠪᠯᠡᠯᠦᠨ ᠬᠣᠷᠢᠶ᠎ᠠ ᠵᠢᠨ ᠱᠦᠵᠢ
ᠴᠧᠨ ᠱᠢᠶᠤᠤ ᠳ᠋ᠦᠩ ᠤᠬᠠᠭᠤᠯᠤᠨ ᠲᠠᠢᠯᠪᠤᠷᠢᠯᠠᠬᠤ ᠬᠤᠷᠠᠯ ᠢ ᠡᠷᠬᠢᠯᠡᠪᠡ ᠃ ᠥᠪᠡᠷᠲᠡᠭᠡᠨ ᠵᠠᠰᠠᠬᠤ ᠣᠷᠣᠨ ᠤ
ᠡᠪᠯᠡᠯ ᠦᠨ ᠬᠣᠷᠢᠶ᠎ᠠ ᠵᠢᠨ ᠱᠦᠵᠢ ᠵᠢᠨ ᠪᠠᠭ᠂ ᠪᠠᠢᠭᠤᠯᠭ᠎ᠠ
ᠵᠢᠴᠢ ᠰᠢᠭᠤᠳ ᠬᠠᠷᠢᠶ᠎ᠠ ᠪᠠᠢᠭᠤᠯᠭ᠎ᠠ ᠶ᠋ᠢᠨ ᠪᠦᠬᠦ᠌ ᠨᠠᠮ ᠤᠨ ᠭᠡᠱᠢᠭᠦᠨ᠂ ᠺᠠᠳ᠋ᠷ᠂ ᠡᠪᠯᠡᠯᠦᠨ ᠰᠤᠷᠭᠠᠭᠤᠯᠢ ᠶ᠋ᠢᠨ ᠪᠠᠭ ᠤᠨ ᠪᠦᠷᠢᠯᠳᠦᠬᠦᠨ ᠤᠬᠠᠭᠤᠯᠤᠨ ᠲᠠᠢᠯᠪᠤᠷᠢᠯᠠᠬᠤ ᠶ᠋ᠢ
ᠰᠣᠨᠣᠰᠴᠠᠢ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠨᠢ ᠭᠦᠨᠵᠡᠭᠡᠢ ᠪᠥᠭᠡᠳ ᠣᠢᠯᠠᠭᠠᠮᠵᠢᠲᠠᠢ ᠪᠠᠢᠵᠤ᠂ ᠦᠵᠡᠯ ᠰᠠᠨᠠᠭᠠᠨ ᠤ ᠦᠨᠳᠦᠷᠴᠡ᠂ ᠤᠨᠤᠯ ᠤᠨ ᠭᠦᠨᠴᠡᠲᠡᠶ ᠪᠥᠭᠡᠳ ᠮᠠᠰᠢ ᠴᠢᠩᠭ᠎ᠠ ᠬᠠᠨᠳᠤᠯᠭᠠᠲᠤ
ᠴᠢᠨᠠᠷ ᠪᠠ ᠨᠥᠯᠥᠭᠡᠯᠡᠬᠦ᠌ ᠬᠦᠴᠦᠨᠲᠡᠶ ᠪᠠᠢᠵᠤ᠂ ᠪᠦᠬᠦᠳᠠ
ᠬᠤᠷᠠᠯ ᠤᠨ ᠵᠣᠷᠢᠭ ᠰᠠᠨᠠᠭ᠎ᠠ ᠪᠤᠯᠤᠨ ᠨᠠᠮ ᠤᠨ ᠲᠥᠯᠥᠭᠡᠯᠡᠭ᠌ᠴᠢᠳᠦᠨ ᠶᠡᠬᠡ ᠬᠤᠷᠠᠯ ᠤᠨ ᠵᠣᠷᠢᠭ ᠰᠠᠨᠠᠭᠠᠶ᠋ᠢ ᠭᠦᠨᠵᠡᠭᠡᠢ ᠣᠢᠯᠠᠭᠠᠵᠤ ᠪᠦᠬᠦ᠌ ᠲᠠᠯᠠᠪᠠᠷ ᠡᠵᠡᠮᠳᠡᠬᠦ᠌ ᠳᠦ ᠴᠢᠬᠤᠯᠠ ᠬᠠᠪᠰᠤᠷᠤᠨ ᠵᠢᠯᠣᠭᠣᠳᠭᠤ ᠦᠢᠯᠡᠳᠦᠯ
ᠦᠵᠡᠬᠦᠯᠪᠡ ᠃
ᠤᠬᠠᠭᠤᠯᠤᠨ ᠲᠠᠢᠯᠪᠤᠷᠢᠯᠠᠬᠤ ᠶ᠋ᠢ ᠰᠣᠨᠣᠰᠤᠭ᠍ᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠡᠪᠯᠡᠯ ᠦᠨ ᠬᠣᠷᠢᠶ᠎ᠠ ᠵᠢᠨ
ᠨᠢᠭᠡᠳᠦᠮᠡᠯ ᠹᠷᠣᠨᠲ ᠤᠨ ᠬᠠᠷᠢᠯᠴᠠᠭᠠᠨ ᠤ ᠬᠡᠯᠲᠡᠰᠦᠨ ᠺᠠᠳ᠋ᠷ ᠶᠠᠩ ᠴᠢᠶᠦ᠋ᠨ ᠄ 《 ᠵᠤᠤ ᠱᠣ᠌ ᠯᠣ᠌
ᠪᠠᠭ᠍ᠰᠢᠶ᠋ᠢᠨ ᠤᠬᠠᠭᠤᠯᠤᠨ ᠲᠠᠢᠯᠪᠤᠷᠢᠯᠠᠬᠤ ᠵᠢ ᠰᠤᠨᠤᠰᠤᠭᠠᠳ ᠪᠦᠬᠦᠳᠠ ᠬᠤᠷᠠᠯ ᠤᠨ ᠵᠣᠷᠢᠭ ᠰᠠᠨᠠᠭ᠎ᠠ ᠳᠤ
ᠨᠡᠩ ᠭᠦᠨᠵᠡᠭᠡᠢ ᠣᠢᠯᠠᠭᠠᠯᠲᠠᠲᠠᠶ ᠪᠣᠯᠵᠠᠢ ᠃ ᠡᠪᠯᠡᠯ ᠦᠨ ᠺᠠᠳ᠋ᠷ ᠪᠣᠯᠤᠭ᠍ᠰᠠᠨ ᠤ ᠬᠤᠪᠢ ᠳᠤ ᠪᠢ ᠤᠬᠠᠮᠰᠠᠷ
ᠡᠴᠡ ᠪᠠᠨ ᠦᠵᠡᠯ ᠰᠠᠨᠠᠭ᠎ᠠ ᠤᠯᠤᠰ ᠲᠦᠷᠦ᠍ ᠪᠠ ᠦᠢᠯᠡ ᠠᠵᠢᠯᠯᠠᠭ᠎ᠠ ᠶ᠋ᠢᠨ ᠲᠠᠯᠠᠪᠠᠷ ᠰᠢ ᠵᠢᠨ ᠫᠢᠩ ᠨᠥᠬᠥᠷᠢᠶᠡᠷ
ᠭᠣᠣᠯ ᠪᠣᠯᠭᠠᠭ᠍ᠰᠠᠨ ᠨᠠᠮ ᠤᠨ ᠲᠥᠪ ᠬᠣᠷᠢᠶᠠᠲᠠᠶ ᠳᠡᠭᠡᠳᠦ ᠬᠡᠮᠵᠢᠶ᠎ᠡ ᠪᠡᠷ ᠨᠢᠭᠡᠳᠦᠯᠲᠡᠢ ᠪᠠᠢᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠣᠷᠢᠶ᠎ᠠ
ᠵᠢᠨ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ
ᠨᠢᠭᠡᠳᠦᠭᠡᠷ ᠤᠳᠠᠭ᠎ᠠ ᠶ᠋ᠢᠨ ᠨᠠᠮ ᠤᠨ ᠲᠥᠯᠥᠭᠡᠯᠡᠭ᠌ᠴᠢᠳᠦᠨ ᠶᠡᠬᠡ ᠬᠤᠷᠠᠯ ᠤᠨ ᠵᠣᠷᠢᠭ ᠰᠠᠨᠠᠭ᠎ᠠ ᠶ᠋ᠢ
ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂
ᠨᠢᠭᠡᠳᠦᠮᠡᠯ ᠹᠷᠣᠨᠲ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠡᠯ᠎ᠡ ᠦᠨᠳᠦᠰᠦᠲᠡᠨ ᠡᠯ᠎ᠡ ᠡᠲᠡᠭᠡᠳ
ᠦᠨ ᠵᠠᠯᠠᠭᠤᠴᠤᠳ ᠢ ᠨᠠᠮ ᠤᠨ ᠲᠣᠭᠣᠷᠢᠨ ᠳᠤ ᠨᠢᠭ᠍ᠲᠠᠷᠠᠭᠤᠯᠵᠤ᠂ ᠢᠮᠠᠭ᠍ᠲᠠ ᠨᠠᠮᠲᠠᠶ ᠰᠡᠳᠭᠢᠯ ᠨᠢᠭᠡᠳᠤᠨ᠂ ᠴᠠᠭ ᠦᠶᠡᠲᠡᠶ
ᠬᠠᠮᠲᠤ ᠪᠡᠷ ᠤᠷᠤᠭ᠍ᠰᠢᠯᠠᠨᠠ 》ᠭᠡᠪᠡ᠃
ᠥᠪᠡᠷᠲᠡᠭᠡᠨ ᠵᠠᠰᠠᠬᠤ ᠣᠷᠣᠨ ᠤ ᠡᠪᠯᠡᠯ ᠦᠨ ᠬᠤᠷᠢᠶ᠎ᠠ ᠵᠢᠨ ᠵᠠᠯᠠᠭᠤᠴᠤᠳ
ᠪᠠᠭᠠᠴᠤᠳ ᠤᠨ ᠡᠷᠬᠡ ᠠᠱᠢᠭ ᠢ ᠬᠠᠮᠠᠭᠠᠯᠠᠬᠤ ᠬᠡᠯᠲᠡᠰᠦᠨ ᠳᠠᠷᠤᠭ᠎ᠠ ᠼᠤᠤ ᠵᠢᠶᠧ᠄ 《ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡᠨᠢ ᠪᠥᠬᠥ᠌ ᠲᠠᠯ᠎ᠠ ᠵᠢᠨ ᠱᠢᠰᠲ᠋ᠧᠮᠲᠡᠶ᠂ ᠭᠤᠤᠯᠳᠠᠯᠭᠠᠨᠢ
ᠲᠣᠪᠣᠢᠮ᠎ᠠ ᠂ ᠠᠭᠤᠯᠤᠭ᠍ᠳᠠᠬᠤᠨ ᠨᠢ ᠪᠠᠶᠠᠯᠢᠭ ᠂ ᠭᠦᠨᠵᠡᠭᠡᠶ
ᠪᠥᠭᠡᠳ ᠨᠡᠪᠲᠡᠷᠬᠡᠶ ᠪᠠᠢᠵᠤ᠂ ᠵᠠᠯᠠᠭᠤᠴᠤᠳ ᠪᠠᠭᠠᠴᠤᠳᠲᠤ
ᠬᠠᠨᠳᠤᠭᠤᠯᠤᠨ ᠪᠥᠬᠥᠳᠡ ᠬᠤᠷᠠᠯ ᠤᠨ ᠵᠣᠷᠢᠭ ᠰᠠᠨᠠᠭᠠᠨᠤ ᠤᠬᠠᠭᠤᠯᠭ᠎ᠠ ᠬᠥᠮᠦᠵᠢᠯ ᠥᠷᠨᠢᠭᠦᠯᠬᠦ᠌ ᠠᠵᠢᠯ ᠢ
ᠤᠯᠠᠮ ᠨᠢᠭᠡ ᠠᠯᠬᠤᠮ ᠰᠠᠢᠲᠤᠷ ᠬᠢᠬᠦ᠌ ᠳᠦ ᠴᠢᠬᠤᠯᠠ ᠵᠢᠯᠣᠭᠣᠳᠴᠦ ᠰᠡᠩᠬᠡᠷᠡᠭᠦᠯᠬᠦ᠌ ᠦᠶ᠋ᠯᠡᠳᠦᠯᠲᠡᠶ ᠃ ᠬᠣᠢᠱᠢᠳᠠ
ᠪᠢᠳᠡ ᠪᠤᠳᠠᠳᠦ ᠦᠢᠯᠡᠳᠦᠯᠭᠡ ᠶ᠋ᠢᠨ ᠳᠤᠮᠳᠠ ᠵᠠᠯᠠᠭᠤᠴᠤᠳ ᠪᠠᠭᠠᠴᠤᠳ ᠪᠣᠯᠤᠨ ᠭᠡᠷ ᠪᠦᠯᠢ ᠳᠦ ᠦᠢᠯᠡᠴᠢᠯᠡᠬᠦ᠌
ᠪᠠᠷᠢᠮᠵᠢᠶᠠᠵᠢᠭᠤᠯᠤᠭ᠍ᠰᠠᠨ ᠵᠢᠷᠤᠮ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠍᠂ ᠵᠠᠯᠠᠭᠤᠴᠤᠳ ᠪᠠᠭᠠᠴᠤᠳ ᠢ ᠠᠪᠤᠷᠠᠨ ᠲᠤᠰᠠᠯᠠᠬᠤ ᠪᠠᠴᠢᠮ ᠪᠠᠢᠳᠠᠯ
ᠢ ᠠᠷᠭᠠᠴᠠᠭᠠᠬᠤ ᠬᠡᠷᠡᠭ ᠦᠨ ᠬᠣᠯᠪᠣᠯᠳᠤᠭ᠍ᠰᠠᠨ ᠲᠣᠭ᠍ᠲᠠᠴᠠᠶ᠋ᠢ ᠪᠠᠢᠭᠤᠯᠤᠨ ᠲᠡᠭᠦᠯᠳᠡᠷᠵᠢᠭᠦᠯᠵᠦ᠍᠂ ᠵᠢᠵᠢᠭ ᠰᠠᠵᠢᠭ ᠶᠠᠪᠤᠳᠠᠯᠡᠴᠡ ᠵᠠᠯᠠᠭᠤᠴᠤᠳ ᠪᠠᠭᠠᠴᠤᠳ ᠤᠨ
ᠦᠨᠳᠦᠰᠦᠨ ᠠᠱᠢᠭ ᠲᠤᠰᠠ ᠶ᠋ᠢ ᠲᠠᠰᠤᠷᠠᠯᠲᠠ ᠦᠭᠡᠢ ᠰᠠᠢᠲᠤᠷ ᠪᠡᠶᠡᠯᠡᠭᠦᠯᠵᠦ᠍᠂ ᠰᠠᠢᠲᠤᠷ ᠬᠠᠮᠠᠭᠠᠯᠠᠨ ᠂ ᠰᠠᠢᠲᠤᠷ ᠬᠥᠭ᠌ᠵᠢᠭᠦᠯᠵᠦ᠍᠂ ᠨᠡᠢᠭᠡᠮ ᠦᠨ ᠵᠠᠰᠠᠯᠲᠠ ᠶ᠋ᠢᠨ ᠨᠡᠢᠭᠡᠮᠴᠢᠯᠡᠯᠲᠡ ᠶ᠋ᠢ
ᠳᠡᠭᠡᠭ᠌ᠰᠢᠯᠡᠭᠦᠯᠬᠦ᠌ ᠳᠦ ᠬᠦᠴᠦᠨ ᠴᠢᠳᠠᠯᠢᠶᠠᠨ ᠡᠷᠭᠦᠨ᠎ᠡ》ᠭᠡᠵᠡᠢ ᠃
ᠵᠤᠤ ᠱᠣ᠌ ᠯᠦ᠍ ᠳᠡᠳ᠋ ᠫᠷᠥ᠍ᠹᠧᠰᠰᠤᠷ ᠦᠳᠡ ᠶ᠋ᠢᠨ ᠬᠣᠢᠨ᠎ᠠ ᠨᠢ ᠥᠪᠡᠷᠲᠡᠭᠡᠨ ᠵᠠᠰᠠᠬᠤ ᠣᠷᠣᠨ ᠤ ᠡᠪᠯᠡᠯ ᠦᠨ ᠰᠤᠷᠭᠠᠭᠤᠯᠢ
(ᠥᠪᠥᠷ ᠮᠣᠩᠭᠣᠯ ᠤᠨ ᠪᠠᠭ᠍ᠰᠢ ᠶ᠋ᠢᠨ ᠶᠡᠬᠡ ᠰᠤᠷᠭᠠᠭᠤᠯᠢ ᠶ᠋ᠢᠨ ᠵᠠᠯᠠᠭᠤᠴᠤᠳ ᠤᠨ ᠤᠯᠤᠰ
ᠲᠦᠷᠦ᠍ ᠶ᠋ᠢᠨ ᠳᠡᠭᠡᠳᠦ ᠰᠤᠷᠭᠠᠭᠤᠯᠢ) ᠳ᠋ᠤ ᠬᠦᠷᠴᠦ᠍᠂ ᠰᠤᠷᠤᠭ᠍ᠴᠢᠳᠲᠠᠶ ᠰᠠᠨᠠᠯ ᠢᠶᠠᠨ ᠰᠣᠯᠢᠯᠴᠠᠨ ᠤᠬᠠᠭᠤᠯᠤᠨ
ᠲᠠᠢᠯᠪᠤᠷᠢᠯᠠᠵᠤ᠂ ᠰᠤᠷᠤᠭ᠍ᠴᠢᠳ ᠤᠨ ᠬᠠᠯᠠᠮᠵᠢᠯᠠᠵᠤ
ᠪᠠᠢᠭ᠎ᠠ ᠠᠰᠠᠭᠤᠳᠠᠯ ᠳᠤ ᠨᠢᠭᠡᠳ ᠨᠢᠭᠡᠪᠡᠷ ᠬᠠᠷᠢᠭᠤᠯᠲᠠ ᠥᠭ᠌ᠴᠦ ᠂ ᠲᠤᠬᠠᠢ ᠶ᠋ᠢᠨ ᠲᠠᠯᠠᠪᠠᠢ ᠶ᠋ᠢᠨ ᠠᠭᠤᠷ
ᠠᠮᠢᠰᠭᠤᠯ ᠬᠦᠷ ᠬᠥᠭ᠌ᠵᠢᠶᠡᠨᠲᠡᠢ ᠪᠠᠢᠵᠦ᠂ ᠰᠤᠷᠤᠭ᠍ᠴᠢᠳᠲᠤ
ᠠᠮᠢᠳᠤᠯᠢᠭ ᠰᠠᠢᠬᠠᠨ ᠦᠵᠡᠯ ᠰᠠᠨᠠᠭ᠎ᠠ ᠤᠯᠤᠰ ᠲᠦᠷᠦ᠍ ᠶ᠋ᠢᠨ ᠬᠢᠴᠢᠶᠡᠯ ᠣᠷᠣᠯ᠎ᠠ ᠃
《ᠪᠠᠭ᠍ᠰᠢ ᠡ ᠂ ᠨᠠᠮ ᠤᠨ ᠠᠷᠪᠠ ᠶᠢᠰᠦᠳᠦᠭᠡᠷ
ᠬᠤᠭᠤᠴᠠᠭᠠᠨ ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠡ ᠬᠤᠷᠠᠯ ᠤᠨ ᠬᠤᠷᠠᠯᠳᠤᠭ᠍ᠰᠠᠨ ᠨᠢ ᠮᠠᠨ ᠤ
ᠵᠠᠯᠠᠭᠤ ᠰᠤᠷᠤᠭ᠍ᠴᠢᠳ ᠤᠨ ᠦᠰᠦᠨ ᠪᠣᠢᠵᠢᠵᠤ ᠴᠢᠳᠠᠪᠤᠷᠢᠲᠠᠨ ᠪᠣᠯᠬᠤ᠂ ᠠᠵᠢᠯ ᠣᠯᠵᠤ ᠦᠢᠯᠡᠰ ᠪᠤᠰᠭᠠᠬᠤ ᠳᠤ
ᠶᠠᠮᠠᠷ ᠶᠠᠮᠠᠷ ᠪᠣᠳᠠᠲᠠᠢ ᠵᠢᠯᠣᠭᠣᠳᠭᠤ ᠠᠴᠢ ᠬᠣᠯᠪᠣᠭ᠍ᠳᠠᠯᠲᠠᠶ ᠪᠤᠢ?》 ᠬᠡᠵᠤ ᠰᠤᠷᠤᠭ᠍ᠴᠢ
ᠷᠧᠨ ᠮᠧᠢ ᠴᠢᠶᠠᠩ ᠠᠰᠠᠭᠤᠬᠤ ᠳ᠋ᠤ ᠂ 《ᠮᠢᠨᠤ ᠥᠵᠡᠬᠥ
ᠪᠡᠷ ᠂ ᠪᠦᠭᠦᠳᠡ ᠬᠤᠷᠠᠯ ᠤᠨ ᠵᠣᠷᠢᠭ ᠰᠠᠨᠠᠭ᠎ᠠ ᠪᠤᠯᠤᠨ
ᠨᠠᠮ ᠤᠨ ᠲᠥᠯᠥᠭᠡᠯᠡᠭ᠌ᠴᠢᠳᠦᠨ ᠶᠡᠬᠡ ᠬᠤᠷᠠᠯ ᠤᠨ ᠵᠣᠷᠢᠭ ᠰᠠᠨᠠᠭ᠎ᠠ ᠨᠢ ᠬᠤᠪᠢ ᠬᠥᠮᠦᠨᠦ ᠦᠰᠦᠨ ᠪᠣᠢᠵᠢᠬᠤ᠂ ᠠᠵᠢᠯ ᠰᠣᠩᠭᠣᠬᠤ᠂ ᠠᠵᠢᠯᠯᠠᠬᠤ ᠵᠡᠷᠭᠡ ᠲᠠᠯᠠᠳ᠋ᠤ ᠴᠥᠮ ᠵᠣᠬᠢᠬᠤ ᠵᠢᠯᠣᠭᠣᠳᠭᠤ
ᠦᠢᠯᠡᠳᠦᠯᠲᠡᠶ᠂ ᠵᠠᠯᠠᠭᠤ ᠰᠤᠷᠤᠭ᠍ᠴᠢᠳ ᠢ ᠠᠶᠠᠨᠳᠠᠭᠠᠨ
ᠨᠦᠯᠦᠭᠡᠯᠡᠵᠦ ᠂ ᠠᠯᠤᠰ ᠬᠡᠳᠦ᠍ ᠶ᠋ᠢᠨ ᠠᠴᠢ ᠬᠣᠯᠪᠣᠭ᠍ᠳᠠᠯᠲᠠᠶ ᠶᠤᠮ᠃ ᠵᠠᠯᠠᠭᠤ ᠰᠤᠷᠤᠭ᠍ᠴᠢᠳ ᠪᠥᠬᠥᠳᠡ ᠬᠤᠷᠠᠯ
ᠤᠨ ᠴᠢᠬᠤᠯᠠ ᠶᠡᠬᠡ ᠠᠴᠢ ᠬᠣᠯᠪᠣᠭ᠍ᠳᠠᠯ ᠢ ᠭᠦᠨᠵᠡᠭᠡᠶ ᠲᠠᠨᠢᠵᠤ᠂ ᠨᠠᠮᠤᠨ ᠵᠠᠭᠤᠨ ᠵᠢᠯ ᠦᠨ ᠲᠡᠮᠡᠴᠡᠯ ᠦᠨ ᠴᠢᠬᠤᠯᠠ ᠶᠡᠬᠡ
ᠠᠮᠵᠢᠯᠲᠠ ᠪᠦᠲᠦᠮᠵᠢ ᠪᠠ ᠲᠡᠦᠬᠡ ᠶ᠋ᠢᠨ ᠲᠤᠷᠱᠢᠯᠭ᠎ᠠ ᠶ᠋ᠢᠨ ᠪᠠᠶᠠᠯᠢᠭ ᠠᠭᠤᠯᠤᠭ᠍ᠳᠠᠬᠤᠨ ᠢ ᠭᠦᠨᠵᠡᠭᠡᠶ
ᠣᠢᠯᠠᠭᠠᠵᠤ ᠂ ᠨᠠᠮ ᠤᠨ ᠵᠠᠭᠤᠨ ᠵᠢᠯ ᠦᠨ ᠲᠡᠮᠡᠴᠡᠯ
ᠦᠨ ᠥᠩᠭᠡᠷᠡᠯᠲᠡ ᠡᠴᠡ ᠣᠶᠤᠨ ᠤᠬᠠᠭᠠᠨ ᠪᠠ ᠬᠦᠴᠦᠨ ᠴᠢᠳᠠᠯ ᠰᠢᠩᠭᠡᠭᠡᠨ ᠠᠪᠴᠤ ᠂ ᠬᠦᠰᠡᠯᠡᠩ ᠢᠲᠡᠭᠡᠯ ᠪᠢᠱᠢᠷᠡᠯ ᠢᠶᠡᠨ ᠪᠠᠲᠤᠳᠭᠠᠨ ᠂ ᠦᠨᠳᠦᠰᠦᠲᠡᠨ
ᠦ ᠰᠡᠷᠭᠦᠨ ᠮᠠᠨᠳᠤᠯᠲᠠ ᠶ᠋ᠢᠨ ᠬᠦᠨᠳᠦ ᠡᠭᠦᠷᠭᠡ ᠶ᠋ᠢ ᠡᠭᠦᠷᠭᠡᠯᠡᠵᠦ᠍ ᠳᠡᠢᠯᠬᠦ᠌ ᠴᠠᠭ ᠦᠶ᠎ᠡ ᠶ᠋ᠢᠨ ᠱᠢᠨ᠎ᠡ
ᠬᠥᠮᠦᠨ ᠪᠣᠯᠬᠤ ᠬᠡᠷᠡᠭ᠌ᠲᠡᠶ》 ᠭᠡᠵᠦ᠍ ᠵᠤᠤ
ᠱᠣ᠌ ᠯᠦ᠍ ᠬᠠᠷᠢᠭᠤᠯᠪᠠ ᠃
ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠳᠠᠭᠤᠰᠤᠭ᠍ᠰᠠᠨ ᠤ ᠳᠠᠷᠠᠭ᠎ᠠ᠂ ᠤᠶᠤᠳᠠᠳ ᠬᠠᠮᠳᠤ ᠪᠡᠷ ᠱᠢᠨ᠎ᠡ ᠴᠠᠭ ᠦᠶᠡᠶ᠋ᠢᠨ ᠣᠶᠤᠲᠠᠨ
ᠪᠣᠯᠤᠭ᠍ᠰᠠᠨ ᠤ ᠬᠤᠪᠢ ᠳᠤ᠂ ᠨᠠᠮ ᠤᠨ ᠵᠠᠭᠤᠨ ᠵᠢᠯ
ᠦᠨ ᠲᠡᠮᠡᠴᠡᠯ ᠦᠨ ᠲᠡᠦᠬᠡ ᠪᠡᠷ ᠤᠶᠤᠨ ᠤᠬᠠᠭᠠᠨ ᠢᠶᠡᠨ ᠰᠡᠩᠬᠡᠷᠡᠭᠦᠯᠵᠦ᠍᠂ ᠵᠠᠩ ᠴᠢᠨᠠᠷ ᠢᠶᠡᠨ ᠳᠠᠪᠲᠠᠨ ᠪᠣᠯᠪᠠᠰᠤᠷᠠᠭᠤᠯᠵᠤ᠂ ᠴᠥᠬᠥᠷᠡᠰᠢ
ᠦᠭᠡᠢ ᠲᠡᠮᠡᠴᠡᠨ ᠤᠷᠤᠭ᠍ᠰᠢᠯᠠᠵᠤ᠂ ᠪᠣᠳᠠᠲᠤ ᠠᠵᠢᠯᠯᠠᠭ᠎ᠠ
ᠪᠠᠷ ᠢᠶᠠᠨ 《ᠨᠠᠮᠮᠢᠨᠢ ᠰᠠᠨᠠᠭ᠎ᠠ
ᠠᠮᠤᠷ ᠪᠠᠢᠭᠠᠷᠠᠢ ᠂ ᠤᠯᠤᠰ ᠢᠶᠠᠨ ᠬᠦᠴᠦᠷᠬᠡᠭ᠌ᠵᠢᠭᠦᠯᠬᠦ᠌ ᠳᠦ ᠪᠢᠳᠡ ᠪᠠᠢᠨ᠎ᠠ 》ᠭᠡᠬᠦ ᠵᠠᠯᠠᠭᠤ ᠨᠠᠰᠤᠨ ᠤ ᠲᠠᠩᠭᠠᠷᠢᠭ ᠢ ᠦᠢᠯᠡᠳᠦᠯᠭᠡᠵᠢᠭᠦᠯᠵᠦ᠍ ᠂ ᠦᠵᠡᠰᠭᠦᠯᠡᠩᠲᠦ ᠰᠠᠢᠬᠠᠨ ᠥᠪᠥᠷ ᠮᠣᠩᠭᠣᠯ ᠢᠶᠠᠨ ᠪᠦᠲᠦᠭᠡᠨ
ᠪᠠᠢᠭᠤᠯᠬᠤ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠨ᠎ᠡ ᠭᠡᠵᠦ᠍ ᠰᠠᠨᠠᠯ ᠨᠢᠭᠡᠲᠡᠢ ᠢᠯᠡᠳᠭᠡᠵᠡᠭᠡᠪᠡ
᠃