ᠳᠣᠮᠳᠠᠳᠣ ᠵᠢᠨ ᠦᠨᠳᠦᠰᠦᠳᠡᠨ᠎ᠦ ᠬᠠᠮᠳᠣ ᠵᠢᠨ ᠴᠣᠭᠴᠠ ᠵᠢᠨ ᠣᠬᠠᠮᠰᠠᠷ᠎ᠢ ᠪᠠᠳᠣ ᠴᠣᠭᠴᠠᠯᠠᠵᠣ ᠬᠥᠳᠡᠭᠡ ᠲᠣᠰᠭᠤᠨ᠎ᠤ ᠬᠦᠭ᠌ᠵᠢᠯᠳᠡ᠎ᠶ᠋ᠢ ᠪᠦᠬᠦ᠌ ᠲᠠᠯ᠎ᠠ᠎ᠪᠠᠷ ᠠᠬᠢᠭᠤᠯᠤᠶ᠎ᠠ
2021-12-24 10:29:45
ᠵᠣᠬᠢᠶᠠᠭ᠍ᠴᠢ᠄
ᠴᠣᠯᠮᠣᠨᠭᠡᠷᠡᠯ
ᠣᠩᠱᠢᠭ᠍ᠰᠠᠨ ᠣᠳᠠᠭ᠎ᠠ᠄
★★★☆☆

ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ ᠪᠣᠯ ᠳᠤᠮᠳᠠᠳᠤ ᠤᠯᠤᠰ᠎ᠤᠨ ᠲᠡᠦᠬᠡ᠎ᠶ᠋ᠢᠨ ᠬᠥᠭ᠌ᠵᠢᠯᠲᠡ᠎ᠶ᠋ᠢᠨ ᠪᠦᠲᠦᠭᠡᠭ᠌ᠳᠡᠬᠦᠨ ᠮᠥᠨ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠪᠣᠯ ᠤᠯᠤᠰ ᠣᠷᠣᠨ᠎ᠤ ᠨᠢᠭᠡᠳᠦᠯ᠎ᠤᠨ ᠰᠠᠭᠤᠷᠢ᠂ ᠦᠨᠳᠦᠰᠦᠲᠡᠨ᠎ᠤ ᠪᠦᠯᠬᠦᠮᠳᠡᠯ᠎ᠤᠨ ᠦᠨᠳᠦᠰᠦ᠂ ᠤᠶᠤᠨ ᠰᠠᠨᠠᠭᠠᠨ᠎ᠤ ᠬᠦᠴᠦᠨ᠎ᠤ ᠰᠦᠭ ᠰᠦᠨᠡᠰᠦ ᠮᠥᠨ᠃ ᠶᠡᠷᠦᠩᠬᠡᠢ ᠱᠦᠵᠢ ᠰᠢ᠎ᠶ᠋ᠢᠨ ᠫᠢᠩ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠳᠡᠭᠡᠷ᠎ᠡ ᠬᠢᠭᠰᠡᠨ ᠢᠯᠡᠳᠭᠡᠯ᠎ᠳᠡᠭᠡᠨ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭᠴᠠᠯᠠᠬᠣ ᠳᠣᠬᠠᠢ ᠲᠣᠳᠣᠷᠬᠠᠢ ᠳᠤᠷᠠᠳᠤᠭ᠍ᠰᠠᠨ᠎ᠨᠢ ᠬᠡᠳᠦᠨ ᠮᠢᠩᠭᠠᠨ᠎ᠵᠢᠯ᠎ᠤᠨ᠎ᠲᠡᠦᠬᠡ᠎ᠶ᠋ᠢᠨ᠎ᠬᠤᠪᠢᠰᠤᠯᠲᠠ᠎ᠶ᠋ᠢᠨ᠎ᠪᠤᠰᠤᠳᠴᠢ᠎ᠵᠢᠮ᠎ᠡ᠎ᠶᠣᠰᠣ᠎ᠶ᠋ᠢ᠎ᠡᠵᠡᠮᠳᠡᠵᠦ᠍᠂᠎ᠱᠢᠨ᠎ᠡ᠎ᠴᠠᠭ᠎ᠦᠶ᠎ᠡ᠎ᠶ᠋ᠢᠨ ᠦᠨᠳᠦᠰᠦᠲᠡᠨ᠎ᠤ ᠠᠵᠢᠯ᠎ᠤᠨ ᠭᠤᠣᠯ ᠰᠡᠳᠦᠪ᠂ ᠭᠤᠣᠯ ᠱᠢᠵᠢᠮ᠎ᠢ ᠠᠳᠭᠤᠵᠦ᠍᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠨᠢᠭ᠍ᠲᠠᠷᠠᠭᠤᠯᠵᠤ᠂ ᠠᠭᠤᠤ ᠶᠡᠭᠡ ᠬᠦᠰᠡᠯ ᠵᠡᠭᠦᠳᠦ᠍᠎ᠶ᠋ᠢ ᠬᠠᠮᠲᠤ᠎ᠪᠠᠷ ᠪᠡᠶᠡᠯᠡᠭᠦᠯᠬᠦ᠌ ᠢᠲᠡᠭᠡᠯ ᠵᠣᠷᠢᠭ᠎ᠢ ᠢᠯᠡᠷᠡᠭᠦᠯᠵᠡᠢ᠃ ᠪᠢᠳᠡ ᠡᠨᠡ ᠬᠦ᠌ ᠴᠢᠬᠤᠯᠠ ᠥᠭᠦᠯᠡᠯᠲᠡ᠎ᠶ᠋ᠢᠨ ᠲᠤᠬᠠᠢ ᠪᠦᠬᠦ᠌ ᠲᠠᠯ᠎ᠠ᠎ᠶ᠋ᠢᠨ ᠣᠢᠯᠠᠭᠠᠯᠲᠠ᠎ᠪᠠᠨ ᠭᠦᠨᠵᠡᠭᠡᠢᠷᠡᠭᠦᠯᠵᠦ᠍᠂ ᠬᠤᠯᠪᠣᠭ᠍ᠳᠠᠯ ᠪᠦᠬᠦᠢ ᠠᠵᠢᠯ᠎ᠢ ᠰᠠᠢᠲᠤᠷ ᠬᠢᠬᠦ᠌ ᠬᠡᠷᠡᠭ᠌ᠲᠡᠢ᠃

ᠣᠯᠠᠨ ᠦᠨᠳᠦᠰᠦᠲᠡᠨ᠎ᠲᠠᠢ ᠪᠠᠢᠬᠤ ᠨᠢ ᠮᠠᠨ᠎ᠤ ᠤᠯᠤᠰ᠎ᠤᠨ ᠨᠢᠭᠡᠨ ᠳᠣᠮᠣ ᠣᠨᠴᠠᠯᠢᠭ ᠮᠥᠨ᠂ ᠪᠠᠰᠠ ᠴᠤ᠌ ᠮᠠᠨ᠎ᠤ ᠤᠯᠤᠰ᠎ᠤᠨ᠎ᠬᠥᠭ᠌ᠵᠢᠯᠲᠡ᠎ᠶ᠋ᠢᠨ᠎ᠨᠢᠭᠡᠨ᠎ᠠᠱᠢᠭ᠍ᠲᠠᠶ᠎ᠬᠦᠴᠦᠨ᠎ᠵᠦᠢᠯ᠎ᠮᠥᠨ᠃ ᠎ᠳᠤᠮᠳᠠᠳᠤ ᠎ᠶ᠋ᠢᠨ ᠎ᠦᠨᠳᠦᠰᠦᠲᠡᠨ ᠎ᠪᠣᠯᠤᠨ ᠦᠨᠳᠦᠰᠦᠲᠡᠨ ᠨᠤᠭᠦᠳ᠎ᠤᠨ᠎ᠬᠠᠷᠢᠴᠠᠭ᠎ᠠ᠎ᠪᠣᠯ᠎ᠳᠣᠮᠣ᠎ᠭᠡᠷ᠎ᠪᠦᠯᠢ᠎ᠪᠣᠯᠤᠨ ᠎ᠭᠡᠷ ᠎ᠪᠦᠯᠢ᠎ᠶ᠋ᠢᠨ᠎ᠪᠦᠷᠢᠯᠳᠦᠬᠦᠨ᠎ᠤ᠎ᠬᠠᠷᠢᠴᠠᠭ᠎ᠠ᠎ᠮᠥᠨ᠂ ᠦᠨᠳᠦᠰᠦᠲᠡᠨ᠎ᠨᠦᠭᠦᠳ ᠎ᠤᠨ᠎ᠬᠠᠷᠢᠴᠠᠭ᠎ᠠ᠎ᠪᠣᠯ᠎ᠳᠣᠮᠣ᠎ᠭᠡᠷ᠎ᠪᠦᠯᠢ᠎ᠶ᠋ᠢᠨ᠎ᠳᠣᠲᠣᠷᠠᠬᠢ᠎ᠠᠳᠠᠯᠢ ᠎ᠪᠤᠰᠤ ᠎ᠪᠦᠷᠢᠯᠳᠦᠬᠦᠨ᠎ᠤ᠎ᠬᠠᠷᠢᠴᠠᠭ᠎ᠠ᠎ᠮᠥᠨ᠃ ᠦᠨᠳᠦᠰᠦᠲᠡᠨ᠎ᠨᠦᠭᠦᠳ ᠎ᠤᠨ ᠰᠢᠯᠢᠳᠡᠭ ᠤᠯᠠᠮᠵᠢᠯᠠᠯᠲᠤ ᠰᠣᠶᠣᠯ ᠪᠣᠯ ᠴᠥᠮ ᠳᠤᠮᠳᠠᠳᠤ᠎ᠶ᠋ᠢᠨ ᠰᠣᠶᠣᠯ᠎ᠤᠨ ᠴᠢᠬᠤᠯᠠ ᠪᠦᠷᠢᠯᠳᠦᠬᠦᠨ ᠬᠡᠰᠡᠭ ᠮᠥᠨ᠂ ᠴᠥᠮ ᠨᠡᠢᠭᠡᠮ᠎ᠵᠢᠷᠤᠮ᠎ᠤᠨ᠎ᠭᠤᠣᠯᠯᠠᠭᠴᠢ᠎ᠦᠷᠳᠡᠭ᠎ᠤᠨ᠎ᠦᠵᠡᠯᠲᠡ᠎ᠶ᠋ᠢᠨ᠎ᠲᠠᠭᠠᠭᠤᠯᠭ᠎ᠠ ᠳᠣᠣᠷ᠎ᠠ᠂ ᠪᠦᠲᠦᠭᠡᠯᠴᠢ ᠴᠢᠨᠠᠷᠲᠠᠢ᠎ᠪᠠᠷ ᠬᠤᠪᠢᠷᠠᠭᠤᠯᠬᠤ᠂ ᠱᠢᠨ᠎ᠡ᠎ᠶ᠋ᠢ᠎ᠡᠭᠦᠳᠬᠦ᠌᠎ᠴᠢᠨᠠᠷᠲᠠᠢ᠎ᠪᠠᠷ᠎ᠬᠥᠭ᠌ᠵᠢᠭᠦᠯᠬᠦ᠌ ᠪᠠ ᠠᠭᠤᠰᠤᠯᠳᠤᠨ ᠲᠤᠯᠢᠳᠠᠬᠤ᠎ᠶ᠋ᠢ ᠪᠡᠶᠡᠯᠡᠭᠦᠯᠬᠦ ᠬᠡᠷᠡᠭᠳᠡᠢ᠃ ᠦᠨᠳᠦᠰᠦᠲᠡᠨ᠎ᠨᠦᠭᠦᠳ᠎ᠤᠨ ᠠᠬ᠎ᠠ ᠳᠡᠭᠦᠦ ᠨᠡᠷ ᠪᠣᠯ ᠴᠥᠮ ᠡᠯᠢᠭᠡᠨ ᠰᠠᠳᠤᠨ ᠠᠬ᠎ᠠ ᠳᠡᠭᠦᠦ ᠮᠥᠨ᠂ ᠴᠥᠮ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠠᠬᠢᠴᠠ ᠳᠤᠮᠳᠠ᠂ ᠣᠳᠣᠬᠢᠴᠢᠯᠠᠭ᠍ᠰᠠᠨ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠬᠡᠯᠪᠡᠷᠢ᠎ᠶ᠋ᠢ ᠨᠡᠩ ᠰᠠᠢᠲᠤᠷ ᠡᠳ᠋ᠯᠡᠵᠦ᠍᠂ ᠱᠢᠨ᠎ᠡ ᠴᠠᠭ ᠦᠶ᠎ᠡ᠎ᠶ᠋ᠢᠨ ᠳᠤᠮᠳᠠᠳᠤ᠎ᠶ᠋ᠢᠨ ᠬᠥᠪᠡᠭᠦᠳ ᠥᠬᠢᠳ᠎ᠤᠨ ᠢᠲᠡᠭᠡᠯ ᠪᠠ ᠣᠮᠣᠭ᠍ᠰᠢᠯᠳᠣ ᠰᠡᠳᠬᠢᠯᠭᠡ ᠵᠢ ᠴᠢᠨᠠᠭ᠍ᠰᠢᠳᠠ ᠴᠢᠩᠭᠠᠳᠭᠠᠬᠤ ᠬᠡᠷᠡᠭᠳᠡᠢ᠃ ᠳᠤᠮᠳᠠᠳᠤ᠎ᠶ᠋ᠢᠨ ᠦᠨᠳᠦᠰᠦᠲᠡᠨ ᠪᠣᠯ ᠲᠡᠦᠬᠡᠨ᠎ᠠᠴᠠ᠎ᠪᠠᠨ ᠠᠪᠤᠭᠠᠳ ᠨᠢᠭᠡᠨ ᠬᠢᠵᠠᠭᠠᠯᠠᠰᠢ ᠦᠭᠡᠢ ᠪᠦᠲᠦᠭᠡᠯᠴᠢ ᠬᠦᠴᠦᠨ ᠪᠠ ᠬᠦᠴᠦᠷᠬᠡᠭ ᠶᠡᠭᠡ ᠪᠠᠭ᠍ᠲᠠᠭᠠᠮᠵᠢᠲᠤ ᠴᠢᠨᠠᠷ᠎ᠲᠠᠢ ᠦᠨᠳᠦᠰᠦᠲᠡᠨ ᠮᠥᠨ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠨᠢ ᠨᠡᠩ ᠥᠨᠳᠥᠷ ᠲᠡᠰ ᠳᠠᠪᠬᠤᠷᠭ᠎ᠠ᠎ᠪᠠᠷ ᠳᠤᠮᠳᠠᠳᠤ᠎ᠶ᠋ᠢᠨ ᠦᠨᠳᠦᠰᠦᠲᠡᠨ᠎ᠨᠦᠭᠦᠳ᠎ᠢ ᠨᠡᠩ ᠰᠠᠢᠲᠤᠷ ᠨᠢᠭ᠍ᠲᠠᠷᠠᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ᠂ ᠳᠤᠮᠳᠠᠳᠤ᠎ᠶ᠋ᠢᠨ ᠦᠨᠳᠦᠰᠦᠲᠡᠨ᠎ᠤ ᠳᠣᠮᠣ ᠭᠡᠷ ᠪᠦᠯᠢ᠎ᠳᠤ᠂ ᠨᠡᠩ ᠪᠦᠯᠬᠦᠮᠳᠡᠨ ᠨᠢᠭᠡᠳᠴᠦ᠍ ᠪᠠᠢᠭᠠᠳ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠍᠎ᠶ᠋ᠢ ᠲᠡᠷᠭᠡᠯᠱᠢᠭᠦᠯᠬᠦ᠌᠎ᠶ᠋ᠢᠨ ᠲᠥᠯᠥᠭᠡ ᠴᠥᠬᠦᠷᠡᠰᠢ ᠦᠭᠡᠢ ᠲᠡᠮᠡᠴᠡᠬᠦ᠌ ᠶᠠᠪᠤᠳᠠᠯ ᠪᠣᠯᠤᠨ᠎ᠠ᠃

ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭ᠍ᠴᠠᠯᠠᠵᠤ᠂ ᠶᠠᠳᠠᠭᠣ ᠡᠴᠡ ᠠᠩᠭᠢᠵᠢᠷᠠᠭᠣᠯᠣᠭᠰᠠᠨ᠎ᠦᠷ᠎ᠡ᠎ᠪᠦᠳᠦᠭᠡᠯ᠎ᠢ ᠪᠡᠬᠢᠵᠢᠭᠦᠯᠵᠦ᠂ ᠬᠥᠳᠡᠭᠡ ᠲᠣᠰᠭᠤᠨ᠎ᠤ ᠬᠦᠭ᠌ᠵᠢᠯᠳᠡ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠳᠤ᠂ ᠶᠠᠳᠠᠭᠣ ᠡᠴᠡ ᠠᠩᠬᠢᠵᠢᠷᠠᠭᠣᠯᠬᠣ ᠪᠠ ᠬᠦᠳᠡᠭᠡ ᠳᠣᠰᠬᠣᠨ᠎ᠢ ᠬᠦᠭᠵᠢᠭᠦᠯᠦᠨ ᠮᠠᠨᠳᠣᠭᠣᠯᠬᠣ ᠵᠢ ᠪᠦᠳᠦᠮᠵᠢᠳᠡᠢ ᠵᠣᠯᠭᠠᠭᠣᠯᠵᠣ᠂ ᠬᠦᠳᠡᠭᠡ ᠳᠣᠰᠬᠣᠨ᠎ᠦ ᠬᠦᠭᠵᠢᠯᠳᠡ ᠵᠢ ᠲᠦᠷᠭᠡᠳᠭᠡᠬᠦ ᠬᠡᠷᠡᠭᠳᠡᠢ᠃  ᠶᠠᠳᠠᠭᠤ ᠬᠦᠴᠢᠷᠳᠡᠯ᠎ᠢ ᠲᠦᠢᠯᠪᠤᠷᠢᠲᠠᠢ ᠠᠷᠢᠯᠭᠠᠬᠤ ᠪᠣᠯ ᠪᠦᠬᠦ᠌ ᠬᠥᠮᠦᠨ ᠲᠥᠷᠥᠯᠬᠢᠲᠡᠨ᠎ᠤ ᠬᠠᠮᠲᠤ᠎ᠶ᠋ᠢᠨ ᠬᠦᠰᠡᠯ ᠶᠤᠮ᠃ ᠳᠤᠮᠳᠠᠳᠤ᠎ᠶ᠋ᠢᠨ ᠦᠨᠳᠦᠰᠦᠲᠡᠨ᠎ᠤ ᠲᠡᠦᠬᠡ᠎ᠶ᠋ᠢᠨ ᠤᠷᠳᠤ ᠠᠶᠠᠨ᠎ᠳᠤ᠂ ᠶᠠᠳᠠᠭᠤ ᠎ᠠᠴᠠ ᠪᠠᠨ ᠠᠩᠭᠢᠵᠢᠷᠠᠬᠤ ᠪᠣᠯ ᠳᠤᠮᠳᠠᠳᠤᠴᠣᠳ᠎ᠤᠨ ᠵᠠᠭᠤ ᠮᠢᠩᠭᠠᠨ ᠵᠢᠯ᠎ᠤᠨ ᠲᠤᠷᠰᠢ ᠴᠥᠬᠦᠷᠡᠰᠢ ᠦᠭᠡᠢ ᠬᠥᠭᠡᠭᠡᠴᠡᠯᠳᠦᠵᠦ᠍᠂ ᠦᠷᠭᠦᠯᠵᠢᠯᠡᠨ ᠲᠡᠮᠡᠴᠡᠭ᠌ᠰᠡᠨ ᠰᠠᠢᠨ ᠰᠠᠢᠬᠠᠨ ᠬᠦᠰᠡᠯ ᠡᠷᠡᠮᠡᠯᠵᠡᠯ ᠪᠠ ᠪᠠᠷᠠᠭ᠍ᠳᠠᠰᠢ ᠦᠭᠡᠢ ᠬᠥᠳᠡᠯᠭᠡᠬᠦ᠌ ᠬᠦᠴᠦᠨ ᠶᠤᠮ᠃ ᠳᠤᠮᠳᠠᠳᠤ ᠤᠯᠤᠰ᠎ᠤᠨ ᠲᠡᠦᠬᠡ ᠪᠣᠯ ᠳᠠᠷᠤᠢ ᠳᠤᠮᠳᠠᠳᠤ᠎ᠶ᠋ᠢᠨ ᠦᠨᠳᠦᠰᠦᠲᠡᠨ᠎ᠤ ᠶᠠᠳᠠᠭᠤ ᠬᠦᠴᠢᠷᠳᠡᠯ᠎ᠯᠦᠭᠡ ᠲᠡᠮᠡᠴᠡᠭ᠌ᠰᠡᠨ ᠲᠡᠦᠬᠡ᠂ ᠳᠤᠮᠳᠠᠳᠤ᠎ᠶ᠋ᠢᠨ ᠦᠨᠳᠦᠰᠦᠲᠡᠨ᠎ᠨᠦᠭᠦᠳ᠎ᠤᠨ ᠪᠦᠯᠬᠦᠮᠳᠡᠨ ᠨᠢᠭ᠍ᠲᠠᠷᠠᠵᠤ᠂ ᠬᠠᠮᠲᠤ᠎ᠪᠠᠷ ᠲᠡᠮᠡᠴᠡᠭ᠌ᠰᠡᠨ ᠲᠡᠦᠬᠡ ᠮᠥᠨ᠃ 2021 ᠣᠨ᠎ᠤ 2 ᠰᠠᠷ᠎ᠠ᠎ᠶ᠋ᠢᠨ 25᠎ᠤ᠋ ᠡᠳᠦᠷ ᠶᠡᠷᠦᠩᠬᠡᠶ ᠱᠦᠵᠢ ᠰᠢ᠎ᠶ᠋ᠢᠨ ᠫᠢᠩ᠄ ᠪᠥᠬᠦ᠌ ᠨᠠᠮ ᠪᠥᠬᠦ᠌ ᠤᠯᠤᠰ᠎ᠤᠨ ᠦᠨᠳᠦᠰᠦᠲᠡᠨ ᠎ᠨᠦᠭᠦᠳ᠎ᠤᠨ ᠠᠷᠠᠳ ᠲᠦᠮᠡᠨ᠎ᠤ ᠬᠠᠮᠲᠤ᠎ᠶ᠋ᠢᠨ ᠴᠢᠷᠮᠠᠢᠯᠭ᠎ᠠ᠎ᠪᠠᠷ ᠳᠡᠮᠵᠢᠨ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠤᠨ ᠣᠶ᠎ᠶ᠋ᠢ ᠤᠭ᠍ᠲᠤᠨ ᠠᠪᠴᠢᠷᠠᠭ᠍ᠰᠠᠨ ᠴᠢᠬᠤᠯᠠ ᠴᠠᠭ ᠮᠥᠴᠡ᠎ᠳᠤ᠂ ᠮᠠᠨ᠎ᠤ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠠᠵᠢᠯ ᠪᠥᠬᠦ᠌ ᠲᠠᠯ᠎ᠠ᠎ᠪᠠᠷ ᠢᠯᠠᠯᠲᠠ ᠣᠯᠵᠤ᠂ ᠤᠳᠤᠬᠠᠨ᠎ᠤ ᠪᠠᠢᠳᠠᠯ ᠳᠤᠤᠷ᠎ᠠ ᠬᠥᠳᠡᠭᠡ ᠲᠣᠰᠭᠤᠨ᠎ᠤ 9899 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ᠎ᠶ᠋ᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠵᠤ᠂ 832 ᠶᠠᠳᠠᠭᠤ ᠬᠦᠴᠢᠷᠳᠡᠯᠲᠡᠶ ᠱᠢᠶᠠᠨ᠎ᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠵᠤ᠂ 12.8 ᠲᠦᠮᠡᠨ ᠶᠠᠳᠠᠭᠤ ᠬᠦᠴᠢᠷᠳᠡᠯᠲᠡᠶ ᠲᠣᠰᠭᠤᠨ᠎ᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠵᠤ᠂ ᠣᠷᠣᠨ ᠪᠦᠰᠡ᠎ᠶ᠋ᠢᠨ ᠴᠢᠨᠠᠷᠲᠠᠶ ᠪᠦᠬᠦᠯᠢ ᠴᠣᠭ᠍ᠴᠠ᠎ᠶ᠋ᠢᠨ ᠶᠠᠳᠠᠭᠤ ᠬᠦᠴᠢᠷᠳᠡᠯ᠎ᠢ ᠱᠢᠢᠳᠪᠦᠷᠢᠯᠡᠬᠦ᠌ ᠪᠡᠷᠬᠡ ᠬᠠᠲᠠᠭᠤᠵᠢᠯᠲᠠᠶ ᠡᠭᠦᠷᠭᠡ ᠶ᠋ᠢ ᠪᠡᠶᠡᠯᠡᠭᠦᠯᠵᠦ᠍᠂ ᠲᠡᠦᠬᠡ᠎ᠶ᠋ᠢᠨ ᠬᠠᠭᠤᠳᠠᠰᠤᠨ᠎ᠳᠤ ᠲᠡᠮᠳᠡᠭ᠌ᠯᠡᠭ᠌ᠳᠡᠬᠦ᠌ ᠬᠥᠮᠦᠨ᠎ᠤ ᠶᠢᠷᠲᠢᠨᠴᠦ᠍᠎ᠶ᠋ᠢᠨ ᠪᠠᠰᠠ ᠨᠢᠭᠡᠨ ᠭᠠᠢᠬᠠᠮᠱᠢᠭ᠎ᠢ ᠡᠭᠦᠳᠴᠡᠶ ᠭᠡᠵᠦ᠍ ᠲᠥᠪ ᠴᠢᠩᠭ᠎ᠠ᠎ᠪᠠᠷ ᠲᠤᠩᠬᠠᠭ᠍ᠯᠠᠪᠠ᠃ 8 ᠵᠢᠯ᠎ᠳᠤ᠂ ᠳ᠋ᠦᠩᠱᠢᠭᠤᠷ ᠱᠢᠬᠠᠮ᠎ᠶᠠᠳᠠᠭᠤ᠎ᠬᠦᠴᠢᠷᠳᠡᠯᠲᠡᠢ᠎ᠬᠥᠮᠦᠨ᠎ᠠᠮᠠ᠎ᠶᠠᠳᠠᠭᠤ᠎ᠠᠴᠠ᠎ᠪᠠᠨ ᠠᠩᠭᠢᠵᠢᠷᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠥᠭ᠌ᠵᠢᠯᠲᠡ᠎ᠶ᠋ᠢᠨ ᠲᠡᠦᠬᠡᠨ ᠳᠡᠭᠡᠷᠡᠬᠢ ᠠᠤᠭ᠎ᠠ ᠶᠡᠭᠡ ᠠᠮᠵᠢᠯᠲᠠ᠎ᠶ᠋ᠢ ᠡᠭᠦᠳᠴᠦ᠍᠂ ᠬᠥᠮᠦᠨ ᠲᠥᠷᠥᠯᠬᠢᠲᠡᠨ᠎ᠤ ᠲᠡᠦᠬᠡᠨ ᠳᠡᠭᠡᠷᠡᠬᠢ 《ᠬᠠᠮᠤᠭ᠎ᠤᠨ ᠠᠮᠵᠢᠯᠲᠠ᠎ᠲᠠᠢ ᠶᠠᠳᠠᠭᠤ᠎ᠠᠴᠠ ᠠᠩᠭᠢᠵᠢᠷᠠᠭ᠍ᠰᠠᠨ ᠦᠯᠢᠭᠡᠷ》᠎ᠢ᠋ ᠪᠢᠴᠢᠭ᠌ᠯᠡᠵᠡᠢ᠂ ᠡᠨᠡᠬᠦ ᠳᠣᠷᠣᠨᠠᠳᠠᠬᠢᠨ᠎ᠤ ᠭᠠᠢᠬᠠᠮᠱᠢᠭ᠂ ᠠᠭᠤᠤ ᠶᠡᠭᠡ ᠭᠠᠢᠬᠠᠮᠱᠢᠭ᠎ᠨᠢ ᠳᠤᠮᠳᠠᠳᠤ ᠤᠯᠤᠰ ᠎ᠤᠨ ᠡᠪ ᠬᠠᠮᠲᠤ ᠨᠠᠮ᠎ᠤᠨ ᠲᠦᠭ ᠲᠦᠮᠡᠨ ᠠᠷᠠᠳ ᠲᠦᠮᠡᠨ᠎ᠳᠤ ᠬᠢᠭ᠌ᠰᠡᠨ ᠲᠥᠪ ᠴᠢᠩᠭ᠎ᠠ ᠠᠮᠠᠯᠠᠯᠲᠠ᠎ᠠᠴᠠ ᠢᠷᠡᠯᠳᠡ᠎ᠲᠠᠢ᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ ᠎ᠤᠨ ᠪᠠᠢᠭᠤᠯᠤᠯ᠎ᠤᠨ ᠢᠯᠡᠳᠲᠡ ᠳᠠᠪᠠᠭᠤᠯᠢᠭ᠎ᠠᠴᠠ ᠢᠷᠡᠯᠳᠡ᠎ᠲᠠᠢ᠂ ᠳᠤᠮᠳᠠᠳᠤ᠎ᠶ᠋ᠢᠨ ᠦᠨᠳᠦᠰᠦᠲᠡᠨ᠎ᠤ ᠪᠦᠯᠬᠦᠮᠳᠡᠨ ᠨᠢᠭᠡᠳᠴᠦ᠍᠂ ᠬᠦᠴᠦᠷᠬᠡᠭ᠌ᠵᠢᠬᠦ᠌᠎ᠪᠠᠷ ᠬᠦᠴᠦᠯᠡᠨ ᠴᠢᠷᠮᠠᠢᠬᠤ ᠴᠠᠭ ᠦᠶ᠎ᠡ᠎ᠶ᠋ᠢᠨ ᠠᠤᠭ᠎ᠠ ᠬᠦᠴᠦᠨ᠎ᠠᠴᠠ ᠢᠷᠡᠯᠳᠡ᠎ᠲᠠᠢ ᠶᠤᠮ᠃ 《ᠶᠠᠳᠠᠭᠤ᠎ᠠᠴᠠ ᠠᠩᠭᠢᠵᠢᠷᠠᠭᠤᠯᠬᠤ᠂ ᠪᠦᠬᠦ᠌ ᠲᠠᠯ᠎ᠠ᠎ᠪᠠᠷ ᠴᠢᠨᠡᠭᠡᠯᠢᠭ᠌ᠵᠢᠭᠦᠯᠬᠦ᠂ ᠣᠳᠣᠬᠢᠴᠢᠯᠠᠬᠤ᠎ᠳᠤ ᠨᠢᠭᠡ ᠦᠨᠳᠦᠰᠦᠲᠡᠨ᠎ᠢ ᠴᠦ᠍ ᠣᠷᠬᠢᠭ᠍ᠳᠠᠭᠤᠯᠵᠤ ᠪᠣᠯᠬᠤ ᠦᠭᠡᠢ》᠃ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠬᠠᠷᠠᠯᠲᠠ᠎ᠠᠴᠠ ᠡᠭᠦᠰᠴᠦ᠍᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠤᠬᠰᠠᠨ ᠠᠵᠢᠯ᠎ᠢ 《ᠲᠠᠪᠤ᠎ᠶ᠋ᠢ ᠨᠢᠭᠡ ᠴᠤᠬ᠍ᠴᠠᠵᠢᠭᠤᠯᠬᠤ》 ᠶᠡᠷᠦᠩᠬᠡᠢ ᠪᠠᠢᠷᠢᠱᠢᠭᠤᠯᠤᠯᠲᠠ ᠪᠣᠯᠤᠨ 《ᠲᠦᠷᠪᠡᠨ ᠪᠦᠬᠦ᠌ ᠲᠠᠯ᠎ᠠ》᠎ᠶ᠋ᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢᠱᠢᠭᠤᠯᠤᠯᠲᠠ᠎ᠳᠤ ᠣᠷᠣᠭᠤᠯᠵᠤ᠂ ᠨᠢᠭᠡᠳᠦᠭᠡᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌ ᠭᠤᠣᠯᠳᠠᠯᠭ᠎ᠠ᠎ᠲᠠᠢ ᠡᠭᠦᠷᠭᠡ ᠪᠣᠯᠭᠠᠵᠤ᠂ ᠠᠯᠢ ᠤᠯᠠᠨ ᠴᠢᠬᠤᠯᠠ ᠶᠡᠭᠡ ᠪᠠᠢᠷᠢᠯᠠᠭᠤᠯᠤᠯᠲᠠ ᠪᠣᠯᠤᠨ ᠲᠤᠬᠢᠷᠠᠭᠤᠯᠤᠯᠳᠠ ᠬᠢᠵᠡᠢ᠃ ᠶᠡᠷᠦᠩᠬᠡᠢ ᠱᠦᠵᠢ ᠰᠢ᠎ᠶ᠋ᠢᠨ ᠫᠢᠩ ᠪᠡᠶ᠎ᠡ᠎ᠪᠠᠷ᠎ᠢᠶᠠᠨ ᠤᠳᠤᠷᠢᠳᠤᠨ᠂ ᠪᠡᠶ᠎ᠡ᠎ᠪᠠᠷ᠎ᠢᠶᠠᠨ ᠵᠢᠭᠠᠨ ᠵᠢᠯᠣᠭᠤᠳᠴᠤ᠌᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠳᠠᠭᠠᠭᠤᠯᠤᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠤᠭᠰᠠᠨ ᠳᠠᠢᠯᠠᠯᠳᠤᠭᠠᠨ ᠎ᠤ ᠠᠭᠤᠤ ᠶᠡᠭᠡ ᠢᠯᠠᠯᠲᠠ᠎ᠶ᠋ᠢ ᠲᠡᠮᠡᠴᠡᠨ ᠤᠯᠪᠠ᠃ ᠡᠨᠡᠬᠦ ᠠᠭᠣᠣ ᠶᠡᠬᠡ ᠠᠮᠵᠢᠯᠳᠠ ᠨᠢ ᠬᠦᠳᠡᠭᠡ ᠳᠣᠰᠬᠣᠨ᠎ᠢ ᠬᠦᠭᠵᠢᠭᠦᠯᠦᠨ ᠮᠠᠨᠳᠣᠭᠣᠯᠬᠣ ᠳ᠋ᠣ ᠪᠠᠳᠣ ᠪᠡᠬᠢ ᠰᠠᠭᠣᠷᠢ ᠳᠠᠯᠪᠢᠨ ᠦᠭᠴᠡᠢ ᠃

ᠬᠦᠳᠡᠭᠡ ᠳᠣᠰᠬᠣᠨ᠎ᠢ ᠬᠦᠭᠵᠢᠭᠦᠯᠦᠨ ᠮᠠᠨᠳᠣᠭᠣᠯᠬᠣ ᠪᠠᠢᠯᠳᠣᠬᠣ ᠪᠣᠳᠣᠯᠭ᠎ᠠ ᠵᠢ ᠪᠦᠬᠦ ᠳᠠᠯ᠎ᠠ ᠪᠡᠷ ᠬᠡᠷᠡᠭᠵᠢᠭᠦᠯᠵᠦ᠂ ᠬᠦᠳᠡᠭᠡ ᠳᠣᠰᠬᠣᠨ᠎ᠦ ᠪᠦᠬᠦ ᠳᠠᠯ᠎ᠠ ᠵᠢᠨ ᠬᠦᠭᠵᠢᠯᠳᠡ ᠵᠢ ᠲᠦᠷᠭᠡᠳᠭᠡᠬᠦ ᠳ᠋ᠦ᠂ ᠳᠣᠣᠷᠠᠬᠢ ᠬᠡᠳᠦᠨ ᠳᠠᠯ᠎ᠠ ᠵᠢᠨ ᠠᠵᠢᠯ᠎ᠢ ᠰᠠᠢᠳᠣᠷ ᠬᠢᠬᠦ ᠬᠡᠷᠡᠭᠳᠡᠢ ᠃

ᠨᠢᠭᠡ᠂ ᠡᠷᠬᠡᠪᠰᠢ ᠤᠯᠤᠰ ᠲᠥᠷᠥ᠎ᠪᠠᠷ ᠦᠨᠳᠦᠰᠦᠲᠡᠨ᠎ᠤ ᠪᠦᠯᠬᠦᠮᠳᠡᠯ᠎ᠢ ᠬᠥᠲᠥᠯᠥᠨ ᠳᠠᠭᠠᠭᠤᠯᠬᠤ᠎ᠶ᠋ᠢ ᠪᠠᠷᠢᠮᠲᠠᠯᠠᠵᠤ᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠤ ᠠᠵᠢᠯ᠎ᠤᠨ ᠵᠥᠪ ᠴᠢᠭ᠌ᠯᠡᠯ᠎ᠢᠶᠠᠷ ᠲᠣᠮᠣ ᠠᠯᠬᠤᠮ᠎ᠢᠶᠠᠷ ᠤᠷᠤᠭ᠍ᠰᠢᠯᠠᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠶᠡᠷᠦᠩᠬᠡᠢ ᠱᠦᠵᠢ ᠰᠢ᠎ᠶ᠋ᠢᠨ ᠫᠢᠩ ᠦᠨᠳᠦᠰᠦᠲᠡᠨ᠎ᠤ ᠠᠵᠢᠯ᠎ᠢ ᠳᠡᠭᠡᠳᠦ ᠬᠡᠮᠵᠢᠶ᠎ᠡ᠎ᠪᠠᠷ ᠬᠦᠨᠳᠦᠳᠭᠡᠵᠦ᠂ ᠦᠨᠳᠦᠰᠦᠲᠡᠨ᠎ᠤ ᠬᠠᠷᠢᠴᠠᠭ᠎ᠠ᠎ᠶ᠋ᠢᠨ ᠭᠤᠣᠯ ᠤᠷᠤᠰᠭᠠᠯ᠎ᠢ ᠲᠣᠳᠣᠷᠬᠠᠢ ᠲᠠᠨᠢᠵᠤ ᠦᠨᠳᠦᠰᠦᠲᠡᠨ᠎ᠤ ᠪᠦᠯᠬᠦᠮᠳᠡᠯ᠎ᠢ ᠶᠡᠭᠡ᠎ᠪᠠᠷ ᠰᠠᠨᠠᠭᠠᠴᠢᠯᠠᠬᠤ ᠲᠠᠯ᠎ᠠ᠎ᠪᠠᠷ ᠮᠠᠰᠢ ᠤᠯᠠᠨ ᠴᠢᠬᠤᠯᠠ ᠥᠭᠦᠯᠡᠯᠲᠡ ᠳᠤᠷᠠᠳᠴᠤ᠌᠂ ᠦᠨᠳᠦᠰᠦᠲᠡᠨ᠎ᠤ᠎ᠪᠦᠯᠬᠦᠮᠳᠡᠯ᠎ᠪᠣᠯ᠎ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠠᠮᠢᠨ ᠰᠤᠳᠠᠰᠤ ᠮᠥᠨ᠂ ᠦᠨᠳᠦᠰᠦᠲᠡᠨ᠎ᠨᠦᠭᠦᠳ ᠬᠠᠷᠢᠯᠴᠠᠨ ᠣᠢᠯᠠᠭᠠᠯᠴᠠᠵᠤ᠂ ᠬᠠᠷᠢᠯᠴᠠᠨ ᠬᠦᠨᠳᠦᠳᠭᠡᠵᠦ᠍᠂ ᠬᠠᠷᠢᠯᠴᠠᠨ ᠪᠠᠭ᠍ᠲᠠᠭᠠᠵᠤ᠂ ᠬᠠᠷᠢᠯᠴᠠᠨ ᠪᠠᠭ᠍ᠠᠷᠬᠠᠵᠤ᠂ ᠬᠠᠷᠢᠯᠴᠠᠨ ᠰᠤᠷᠤᠯᠴᠠᠵᠤ᠂ ᠬᠠᠷᠢᠯᠴᠠᠨ ᠬᠠᠪᠰᠤᠷᠤᠯᠴᠠᠵᠤ᠂ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠬᠦ᠌ ᠬᠡᠷᠡᠭ᠌ᠲᠡᠢ ᠭᠡᠵᠦ ᠴᠢᠬᠣᠯᠠᠴᠢᠯᠠᠪᠠ᠃ ᠪᠢᠳᠡ ᠡᠷᠬᠡᠪᠰᠢ ᠤᠯᠤᠰ ᠲᠥᠷᠥ᠎ᠶ᠋ᠢᠨ ᠵᠣᠭ᠍ᠰᠣᠴᠠ᠎ᠪᠠᠨ ᠦᠨᠡᠨ ᠬᠦ᠌ ᠳᠡᠭᠡᠭ᠌ᠰᠢᠯᠡᠭᠦᠯᠵᠦ᠍᠂ 《ᠳᠥᠷᠪᠡᠨ ᠤᠬᠠᠮᠰᠠᠷ》 ᠵᠢᠡᠨ ᠴᠢᠩᠭᠠᠳᠬᠠᠵᠣ᠂ 《ᠳᠥᠷᠪᠡᠨ ᠢᠲᠡᠭᠡᠯ》 ᠵᠢᠡᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠵᠢ ᠪᠡᠶᠡᠯᠡᠭᠦᠯᠵᠦ᠂ ᠬᠦᠳᠡᠭᠡ ᠳᠣᠰᠬᠣᠨ᠎ᠦ ᠡᠯ᠎ᠡ ᠳᠠᠯ᠎ᠠ ᠵᠢᠨ ᠠᠵᠢᠯ ᠢᠮᠠᠭᠳᠠ ᠵᠦᠪ ᠴᠢᠭᠯᠡᠯ ᠵᠢᠡᠷ ᠣᠷᠣᠭᠰᠢᠯᠠᠬᠣ ᠵᠢ ᠪᠠᠳᠣᠯᠠᠬᠣ ᠬᠡᠷᠡᠭᠳᠡᠢ᠃

ᠬᠤᠶᠡᠷ᠂ ᠬᠦᠳᠡᠭᠡ ᠲᠤᠰᠭᠤᠨ᠎ᠢ ᠬᠦᠭ᠌ᠵᠢᠭᠦᠯᠦᠨ ᠮᠠᠨᠳᠣᠭᠣᠯᠬᠣ ᠳ᠋ᠤ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭ᠍ᠴᠠᠯᠠᠬᠣ  ᠬᠡᠷᠡᠭᠳᠡᠢ᠃ ᠮᠠᠨ᠎ᠤ ᠤᠯᠤᠰ ᠪᠣᠯ ᠤᠯᠠᠨ ᠦᠨᠳᠦᠰᠦᠲᠡᠨ᠎ᠲᠠᠢ ᠤᠯᠤᠰ ᠮᠥᠨ᠂ ᠦᠨᠳᠦᠰᠦᠲᠡᠨ᠎ᠤ ᠠᠵᠢᠯ᠎ᠢ ᠰᠠᠢᠲᠤᠷ ᠬᠢᠬᠦ᠌᠎ᠨᠢ ᠴᠢᠬᠤᠯᠠ ᠶᠡᠭᠡ ᠠᠴᠢ ᠬᠤᠯᠪᠣᠭ᠍ᠳᠠᠯ᠎ᠲᠠᠢ ᠶᠤᠮ᠃ ᠳᠤᠮᠳᠠᠳᠤ᠎ᠶ᠋ᠢᠨ ᠦᠨᠳᠦᠰᠦᠲᠡᠨ ᠨᠣᠭᠦᠳ ᠪᠣᠯ ᠵᠢᠷᠭᠠᠯ ᠵᠣᠪᠠᠯᠠᠩ᠎ᠢᠶᠠᠨ ᠬᠠᠮᠲᠤᠳᠭᠠᠭ᠍ᠰᠠᠨ ᠬᠠᠮᠲᠤ᠎ᠶ᠋ᠢᠨ ᠴᠣᠭ᠍ᠴᠠ ᠮᠥᠨ᠂ ᠬᠣᠭᠣᠷᠣᠨᠳᠣ ᠪᠠᠨ ᠬᠠᠷᠢᠯᠴᠠᠨ ᠰᠠᠯᠵᠤ ᠴᠢᠳᠠᠬᠤ ᠦᠭᠡᠢ᠂ ᠬᠠᠷᠢᠯᠴᠠᠨ ᠲᠦᠱᠢᠭ᠌ᠯᠡᠯᠴᠡᠵᠦ᠍᠂ ᠨᠢᠭᠡ᠎ᠨᠢ ᠬᠥᠭ᠌ᠵᠢᠪᠡᠯ ᠬᠠᠮᠲᠤ᠎ᠪᠠᠷ ᠮᠠᠨᠳᠤᠵᠤ᠂ ᠨᠢᠭᠡ᠎ᠨᠢ ᠬᠤᠬᠢᠷᠠᠪᠠᠯ ᠬᠠᠮᠲᠤ᠎ᠪᠠᠷ ᠬᠤᠬᠢᠷᠠᠵᠤ᠂ ᠡᠶ᠎ᠡ ᠵᠣᠬᠢᠴᠠᠯ ᠪᠦᠯᠬᠦᠮᠳᠡᠯ᠎ᠤᠨ ᠳᠣᠲᠣᠭᠠᠳᠤ᠎ᠶ᠋ᠢᠨ ᠰᠠᠭᠤᠷᠢ᠎ᠲᠠᠢ ᠪᠣᠯᠪᠠᠯ ᠰᠠᠶᠢ ᠬᠥᠭ᠌ᠵᠢᠯᠲᠡ᠎ᠶ᠋ᠢᠨ ᠬᠦᠴᠦᠨ᠎ᠢ ᠪᠠᠳᠠᠷᠠᠭᠤᠯᠵᠤ ᠴᠢᠳᠠᠬᠤ ᠪᠣᠯᠬᠤᠷ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ᠂ ᠡᠯ᠎ᠡ ᠵᠦᠢᠯ᠎ᠤᠨ ᠦᠢᠯᠡᠰ᠎ᠢ ᠬᠦᠭᠵᠢᠬᠦᠯᠬᠦ ᠵᠢᠨ ᠰᠠᠭᠤᠷᠢ ᠮᠥᠨ᠃

ᠭᠤᠷᠪᠠ᠂ ᠰᠠᠨᠠᠭᠠᠴᠢᠯᠠᠭ᠎ᠠ᠎ᠠᠴᠠ᠎ᠪᠠᠨ ᠠᠵᠢᠯᠯᠠᠵᠤ᠂ ᠦᠨᠳᠦᠰᠦᠲᠡᠨ᠎ᠨᠦᠭᠦᠳ᠎ᠤᠨ ᠰᠣᠶᠣᠯ᠎ᠤᠨ ᠬᠠᠮᠲᠤ᠎ᠶ᠋ᠢᠨ ᠲᠠᠨᠢᠯᠲᠠ᠎ᠶ᠋ᠢ ᠴᠢᠩᠭᠠᠳᠭᠠᠬᠤ᠎ᠶ᠋ᠢ ᠠᠬᠢᠭᠤᠯᠬᠤ ᠬᠡᠷᠡᠭ᠌ᠲᠡᠢ᠃ ᠰᠣᠶᠣᠯ᠎ᠤᠨ ᠬᠠᠮᠲᠤ᠎ᠶ᠋ᠢᠨ ᠲᠠᠨᠢᠯᠲᠠ ᠪᠣᠯ ᠬᠠᠮᠤᠭ᠎ᠤᠨ ᠭᠦᠨ ᠭᠦᠨᠵᠡᠭᠡᠢ ᠬᠠᠮᠲᠤ᠎ᠶ᠋ᠢᠨ ᠲᠠᠨᠢᠯᠲᠠ ᠮᠥᠨ᠂ ᠦᠨᠳᠦᠰᠦᠲᠡᠨ᠎ᠤ ᠪᠦᠯᠬᠦᠮᠳᠡᠯ᠎ᠤᠨ ᠦᠨᠳᠦᠰᠦ ᠰᠤᠷᠪᠤᠯᠵᠢ ᠮᠥᠨ᠃ ᠳᠤᠮᠳᠠᠳᠤ᠎ᠶ᠋ᠢᠨ ᠰᠣᠶᠣᠯ ᠪᠣᠯ  ᠦᠨᠳᠦᠰᠦᠲᠡᠨ᠎ᠨᠦᠭᠦᠳ᠎ᠤᠨ ᠬᠠᠮᠲᠤ᠎ᠪᠠᠷ ᠡᠭᠦᠳᠦᠨ ᠪᠦᠲᠦᠭᠡᠭ᠌ᠰᠡᠨ ᠡᠷᠬᠢᠮ ᠨᠠᠨᠳᠢᠨ ᠤᠶᠤᠨ ᠰᠠᠨᠠᠭᠠᠨ᠎ᠤ ᠡᠬᠢ  ᠪᠠᠶᠠᠯᠢᠭ ᠮᠥᠨ᠃ ᠡᠯ᠎ᠡ ᠦᠨᠳᠦᠰᠦᠲᠡᠨ᠎ᠤ ᠰᠣᠶᠣᠯ᠎ᠨᠢ ᠪᠦᠷ ᠥᠪᠡᠷ ᠥᠪᠡᠷ᠎ᠤᠨ ᠳᠠᠪᠠᠭᠤᠯᠢᠭ ᠲᠠᠯ᠎ᠠ ᠪᠠ ᠣᠨᠴᠠᠯᠢᠭ᠎ᠲᠠᠢ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠪᠣᠯ ᠤᠯᠤᠰ ᠣᠷᠣᠨ᠎ᠤ ᠨᠢᠭᠡᠳᠦᠯ᠎ᠤᠨ ᠰᠠᠭᠤᠷᠢ᠂ ᠦᠨᠳᠦᠰᠦᠲᠡᠨ᠎ᠤ ᠪᠦᠯᠬᠦᠮᠳᠡᠯ᠎ᠤᠨ ᠦᠨᠳᠦᠰᠦ᠂ ᠤᠶᠤᠨ ᠰᠠᠨᠠᠭᠠᠨ᠎ᠤ ᠬᠦᠴᠦᠨ᠎ᠤ ᠰᠦᠭ ᠰᠦᠨᠡᠰᠦ ᠮᠥᠨ᠃ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠨᠠᠮ᠎ᠤᠨ ᠲᠥᠪ ᠬᠤᠷᠢᠶ᠎ᠠ ᠦᠨᠳᠦᠰᠦᠲᠡᠨ᠎ᠤ ᠠᠵᠢᠯ᠎ᠢ ᠳᠡᠭᠡᠳᠦ ᠬᠡᠮᠵᠢᠶ᠎ᠡ᠎ᠪᠠᠷ ᠬᠦᠨᠳᠦᠳᠭᠡᠭᠰᠡᠭᠡᠷ ᠢᠷᠡᠪᠡ᠂ ᠴᠥᠭᠡᠨ ᠲᠣᠭᠠᠲᠤ ᠦᠨᠳᠦᠰᠦᠲᠡᠨ᠎ᠤ ᠭᠠᠵᠠᠷ ᠣᠷᠣᠨ ᠪᠣᠯᠤᠭ᠍ᠰᠠᠨ᠎ᠤ ᠬᠤᠪᠢ᠎ᠳᠤ᠂ ᠮᠠᠨ᠎ᠦ ᠣᠷᠣᠨ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠨᠢ ᠬᠦᠳᠡᠭᠡ ᠳᠣᠰᠬᠣᠨ᠎ᠦ ᠪᠦᠬᠦ ᠳᠠᠯ᠎ᠠ ᠵᠢᠨ ᠬᠦᠭᠵᠢᠯᠳᠡ ᠵᠢ ᠠᠬᠢᠭᠣᠯᠬᠣ ᠳ᠋ᠦ ᠣᠷᠣᠯᠠᠭᠣᠯᠵᠣ ᠪᠣᠯᠣᠰᠢ ᠦᠭᠡᠢ ᠴᠢᠬᠣᠯᠠ ᠠᠴᠢ ᠬᠣᠯᠪᠣᠭᠳᠠᠯ ᠳᠠᠢ᠃

(ᠵᠣᠬᠢᠶᠠᠭᠴᠢ᠄ ᠥᠪᠥᠷ ᠮᠣᠩᠭᠤᠯ᠎ᠤᠨ ᠡᠳ᠋᠎ᠤᠨ ᠵᠠᠰᠠᠭ ᠠᠵᠤ ᠠᠬᠤᠶ᠎ᠶ᠋ᠢᠨ ᠶᠡᠭᠡ ᠰᠤᠷᠭᠠᠭᠤᠯᠢ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号