ᠲᠣᠭ᠍ᠲᠠᠭᠤᠨ ᠪᠥᠭᠡᠳ ᠨᠢᠭᠡᠳᠦᠯᠲᠡᠶ ᠬᠢᠯᠢ ᠬᠢᠵᠠᠭᠠᠷ᠎ᠢ ᠵᠠᠰᠠᠬᠤ ᠣᠢᠯᠠᠭᠠᠭ᠍ᠳᠠᠬᠤᠨ᠎ᠢ ᠪᠤᠢ ᠪᠤᠯᠭᠠᠬᠤ ᠪᠣᠯ ᠪᠠᠲᠤ ᠴᠢᠩᠭ᠎ᠠ ᠪᠠᠲᠤᠯᠠᠭ᠎ᠠ ᠮᠥᠨ᠃ ᠬᠢᠯᠢ ᠬᠢᠵᠠᠭᠠᠷ ᠣᠷᠣᠨ᠎ᠢ ᠵᠠᠰᠠᠬᠤ ᠨᠢᠭᠡᠳᠦᠯᠲᠡᠶ ᠣᠢᠯᠠᠭᠠᠭ᠍ᠳᠠᠬᠤᠨ ᠨᠢ ᠬᠠᠮᠲᠤ ᠵᠢᠨᠴᠣᠭ᠍ᠴᠠᠶ᠋ᠢᠨ ᠤᠬᠠᠮᠰᠠᠷᠤᠨᠪᠦᠷᠢᠯᠳᠦᠬᠦ᠌ᠳᠦ ᠲᠣᠭ᠍ᠲᠠᠭᠤᠨ ᠦᠵᠡᠯ ᠰᠠᠨᠠᠭᠠᠨ᠎ᠤ ᠰᠠᠭᠤᠷᠢ ᠪᠠ ᠵᠠᠰᠠᠯᠲᠠ ᠵᠢᠨ ᠣᠷᠴᠢᠨ ᠲᠣᠭᠣᠷᠢᠨ᠎ᠢ ᠬᠠᠩᠭᠠᠳᠠᠬ᠃ ᠥᠪᠥᠷ ᠮᠣᠩᠭᠣᠯ ᠬᠢᠯᠢ ᠬᠢᠵᠠᠭᠠᠷ᠎ᠤᠨ ᠵᠠᠰᠠᠯᠲᠠ᠎ᠶ᠋ᠢᠨ ᠲᠠᠯ᠎ᠠ᠎ᠪᠠᠷ ᠣᠷᠳᠣ ᠬᠤᠭᠤᠴᠠᠭᠠᠨ᠎ᠤ ᠬᠠᠢᠨ ᠰᠥᠪᠡᠭ᠌ᠴᠢᠯᠡᠯᠲᠡ ᠬᠢᠵᠤ᠂ ᠢᠮᠠᠭ᠍ᠲᠠ ᠬᠢᠯᠢ ᠬᠢᠵᠠᠭᠠᠷ᠎ᠢ ᠵᠠᠰᠠᠬᠤ ᠲᠣᠭ᠍ᠲᠠᠭᠤᠨ ᠨᠢᠭᠡᠳᠦᠯᠲᠡᠶ ᠣᠢᠯᠠᠭᠠᠭᠳᠠᠬᠤᠨ᠎ᠢ ᠦᠶ᠋ᠯᠡᠳᠦᠯᠭᠡ᠎ᠶ᠋ᠢᠨ ᠵᠢᠯᠣᠭᠣᠳᠣᠯᠭ᠎ᠠ ᠪᠣᠯᠭᠠᠵᠤ᠂ ᠡᠨᠡ ᠬᠦ᠌ ᠰᠠᠭᠤᠷᠢᠨ ᠳᠡᠭᠡᠷ᠎ᠡ ᠴᠠᠭ ᠦᠶ᠎ᠡ ᠶ᠋ᠢᠲᠠᠭᠠᠨ ᠤᠷᠤᠭ᠍ᠰᠢᠯᠠᠬᠤ᠂ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠬᠤ᠂ ᠪᠠᠢᠳᠠᠯ᠎ᠳᠤᠨᠢ ᠳᠣᠭᠢᠷᠠᠭᠤᠯᠤᠨ ᠱᠢᠨ᠎ᠡ ᠵᠢ ᠡᠭᠦᠳᠬᠦ᠂ ᠪᠣᠬᠢᠷᠲᠤᠯ ᠥᠬᠡᠶ ᠬᠥᠭ᠌ᠵᠢᠭᠦᠯᠬᠦ᠌ ᠣᠳᠣᠬᠢᠴᠢᠯᠠᠭ᠍ᠰᠠᠨ ᠵᠠᠰᠠᠯᠲᠠ᠎ᠶ᠋ᠢᠨ ᠱᠢᠰᠲ᠋ᠧᠮ ᠪᠠ ᠲᠣᠭ᠍ᠲᠠᠴᠠ᠎ᠶ᠋ᠢ ᠪᠦᠷᠢᠯᠳᠦᠭᠦᠯᠵᠡᠶ᠃ᠳᠣᠲᠣᠭᠠᠳᠤᠳᠠᠭᠠᠨᠠᠭᠤᠤ ᠶᠡᠬᠡ ᠡᠬᠡ ᠤᠯᠤᠰ᠂ ᠳᠤᠮᠳᠠᠳᠤ᠎ᠶ᠋ᠢᠨ ᠦᠨᠳᠦᠰᠦᠲᠡᠨ᠂ ᠳᠤᠮᠳᠠᠳᠤ ᠶ᠋ᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠲᠤᠬᠠᠢ ᠬᠠᠮᠲᠤ᠎ᠶ᠋ᠢᠨ ᠲᠠᠨᠢᠯᠲᠠ᠎ᠶ᠋ᠢ ᠲᠠᠰᠤᠷᠠᠯᠲᠠ ᠦᠭᠡᠢ ᠴᠢᠩᠭᠠᠳᠭᠠᠵᠤ᠂ ᠭᠠᠳᠠᠭᠠᠳᠤ᠎ᠳᠠᠭᠠᠨ ᠳᠤᠮᠳᠠᠳᠤ ᠮᠣᠩᠭᠣᠯ ᠤᠷᠤᠰ᠎ᠤᠨ ᠤᠯᠤᠰ ᠲᠦᠷᠦ᠍᠎ᠶ᠋ᠢᠨ ᠢᠲᠡᠭᠡᠯᠴᠡᠭᠡ᠂ ᠠᠵᠤ ᠠᠬᠤᠢ᠎ᠶ᠋ᠢᠨ ᠶᠠᠪᠤᠯᠴᠠᠭ᠎ᠠ ᠪᠣᠯᠤᠨ ᠰᠣᠶᠣᠯ ᠢᠷᠭᠡᠨᠱᠢᠯ᠎ᠦᠨ ᠰᠣᠯᠢᠯᠴᠠᠭ᠎ᠠ᠎ᠶ᠋ᠢ ᠪᠡᠲᠤᠳᠬᠠᠨ ᠴᠢᠩᠭᠠᠳᠭᠠᠵᠤ᠂ᠳᠤᠮᠳᠠᠳᠤ ᠮᠣᠩᠭᠣᠯ ᠤᠷᠤᠰ᠎ᠤᠨ ᠤᠯᠠᠨ ᠲᠠᠯᠠᠲᠤ ᠬᠠᠮᠵᠢᠯᠴᠠᠭ᠎ᠠ ᠵᠢ ᠠᠬᠢᠭᠤᠯᠬᠤ ᠶᠠᠪᠤᠴᠠ᠎ᠳᠦ ᠥᠪᠥᠷ ᠮᠣᠩᠭᠣᠯ ᠬᠥᠭᠥᠷᠭᠡ ᠬᠣᠯᠪᠣᠭᠠᠰᠤ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠪᠠ᠃
ᠬᠠᠮᠲᠤ ᠣᠷᠣᠱᠢᠵᠤ ᠬᠠᠷᠢᠯᠴᠠᠨ ᠨᠥᠬᠥᠪᠥᠷᠢᠯᠡᠬᠦ᠌ ᠠᠵᠤ ᠠᠬᠤᠶ ᠶ᠋ᠢᠨ ᠰᠠᠭᠤᠷᠢ᠎ᠶ᠋ᠢ ᠪᠡᠬᠢᠵᠢᠭᠦᠯᠬᠦ᠌ ᠪᠣᠯ ᠳᠣᠲᠣᠭᠠᠳᠤ ᠬᠥᠳᠡᠯᠭᠡᠬᠦ᠌ ᠬᠦᠴᠦᠨ ᠮᠥᠨ᠃ ᠠᠵᠤ ᠠᠬᠤᠢ᠎ᠶ᠋ᠢᠨ ᠨᠢᠭᠡ ᠴᠣᠭ᠍ᠴᠠᠵᠢᠬᠤ ᠪᠠ ᠳᠡᠯᠡᠬᠡᠢᠵᠢᠬᠦᠶ᠋ᠢᠨ ᠲᠠᠰᠤᠷᠠᠯᠲᠠ ᠦᠭᠡᠢ ᠭᠦᠨᠵᠡᠭᠡᠢᠷᠡᠬᠦ᠌᠎ᠶ᠋ᠢ ᠳᠠᠭᠠᠯᠳᠤᠨ᠂ ᠢᠷᠠᠭᠤ ᠠᠯᠳᠠᠷ ᠢᠴᠢᠭᠦᠷᠢ ᠭᠤᠲᠤᠮᠱᠢᠭ᠎ᠢ ᠬᠠᠮᠲᠤᠳᠬᠠᠬᠤ᠂ ᠠᠰᠢᠭ ᠲᠤᠰᠠ ᠵᠢ ᠬᠠᠮᠲᠤ ᠪᠠᠷ ᠡᠳ᠋ᠯᠡᠬᠦ ᠨᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠵᠢᠨ ᠴᠣᠭ᠍ᠴᠠ ᠶ᠋ᠢᠨ ᠤᠬᠠᠮᠰᠠᠷ᠎ᠢ ᠪᠦᠷᠢᠯᠳᠦᠭᠦᠯᠬᠦ᠌ ᠪᠠ ᠨᠢᠭ᠍ᠲᠠᠷᠠᠭᠤᠯᠬᠤ᠎ᠳᠤ ᠲᠠᠰᠤᠷᠠᠯᠲᠠ ᠦᠭᠡᠢ ᠬᠥᠳᠡᠯᠭᠡᠬᠦ᠌ ᠬᠦᠴᠦᠨ ᠨᠡᠮᠡᠷᠢᠯᠡᠬᠦ᠌ ᠪᠣᠯᠤᠨ᠎ᠠ᠂ ᠬᠠᠷᠢᠨ ᠬᠠᠮᠲᠤ ᠣᠷᠣᠱᠢᠵᠤ ᠬᠠᠷᠢᠯᠴᠠᠨ ᠨᠥᠬᠥᠪᠥᠷᠢᠯᠡᠬᠦ᠌ ᠠᠵᠤ ᠠᠬᠤᠶ᠎ᠶ᠋ᠢᠨ ᠰᠠᠭᠤᠷᠢ ᠪᠣᠯ ᠣᠯᠠᠨ ᠦᠨᠳᠦᠰᠦᠲᠡᠨ᠎ᠲᠡᠶ ᠤᠯᠤᠰ᠎ᠤᠨ ᠠᠱᠢᠭ ᠲᠤᠰᠠ᠎ᠶ᠋ᠢᠨ ᠬᠠᠮᠲᠤ ᠵᠢᠨ ᠴᠣᠭ᠍ᠴᠠ᠎ᠶ᠋ᠢ ᠪᠠᠢᠭᠤᠯᠬᠤ᠎ᠶ᠋ᠢᠨ ᠦᠨᠳᠦᠰᠦᠨ ᠤᠷᠢᠲᠠᠯ ᠮᠥᠨ᠂ ᠤᠯᠡᠠ ᠲᠤᠢ᠌ᠯ᠎ᠳᠦ ᠬᠠᠮᠲᠤ᠎ᠪᠠᠷ ᠵᠠᠰᠠᠬᠤ᠂ ᠬᠠᠷᠢᠯᠴᠠᠨ ᠠᠰᠢᠬᠲᠠᠢ ᠬᠠᠮᠲᠤ ᠪᠡᠷ ᠠᠰᠢᠬ ᠬᠦᠷᠲᠡᠬᠦ᠂ ᠬᠠᠮᠲᠤ᠎ᠪᠠᠷ ᠡᠳ᠋ᠯᠡᠵᠦ᠍ ᠬᠠᠮᠲᠤ᠎ᠪᠠᠷ ᠠᠱᠢᠭ ᠬᠦᠷᠲᠡᠬᠦ᠌ ᠬᠠᠩᠭᠠᠯᠭ᠎ᠠ᠎ᠶ᠋ᠢᠨ ᠬᠡᠯᠬᠢᠶ᠎ᠡ᠂ ᠠᠵᠤ ᠦᠢᠯᠡᠰ᠎ᠦᠨ ᠬᠡᠯᠬᠢᠶ᠎ᠡ᠂ ᠥᠷᠲᠡᠭ᠎ᠦᠨ ᠬᠡᠯᠬᠢᠶ᠎ᠡ᠎ᠶ᠋ᠢᠨ ᠬᠠᠷᠢᠯᠴᠠᠨ ᠲᠦᠱᠢᠯᠴᠡᠨ ᠣᠷᠣᠱᠢᠵᠤ᠂ ᠳᠠᠪᠠᠭᠤᠯᠢᠭ ᠵᠢᠡᠨ ᠲᠥᠪᠯᠡᠷᠡᠭᠦᠯᠵᠦ᠍ ᠬᠦᠷᠦᠯᠴᠡᠬᠦ᠌ ᠦᠭᠡᠢ ᠲᠠᠯ᠎ᠠ᠎ᠪᠠᠨ ᠨᠥᠬᠥᠪᠥᠷᠢᠯᠡᠨ᠂ ᠦᠨᠳᠦᠰᠦᠲᠡᠨ᠎ᠦ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠳᠣᠲᠣᠭᠠᠳᠤ ᠬᠥᠳᠡᠯᠭᠡᠬᠦ᠌ ᠬᠦᠴᠦᠨ᠎ᠢ ᠬᠥᠭ᠌ᠵᠢᠭᠡᠵᠤ᠂ ᠡᠳᠦᠷ ᠢᠷᠡᠬᠦᠶ᠎ᠡ ᠡᠯ᠎ᠡ ᠦᠨᠳᠦᠰᠦᠲᠡᠨ᠂ ᠡᠯ᠎ᠡ ᠭᠠᠵᠠᠷ ᠣᠷᠣᠨ᠎ᠢ ᠨᠡᠩ ᠨᠢᠭ᠍ᠲᠠ ᠠᠱᠢᠭ ᠲᠤᠰᠠ᠎ᠶ᠋ᠢᠨ ᠬᠠᠮᠳᠤ ᠵᠢᠨ ᠴᠣᠭ᠍ᠴᠠ᠂ ᠬᠤᠪᠢ ᠵᠠᠶᠠᠭᠠᠨ᠎ᠤ ᠬᠠᠮᠲᠤ ᠵᠢᠨ ᠴᠣᠭ᠍ᠴᠠ ᠪᠤᠯᠭᠠᠪᠠ᠃
ᠣᠯᠠᠨ ᠡᠱᠢᠲᠦ ᠨᠢᠭᠡ ᠴᠣᠭ᠍ᠴᠠᠵᠢᠭ᠍ᠰᠠᠨ ᠰᠣᠶᠣᠯ᠎ᠤᠨ ᠪᠠᠢᠷᠢᠱᠢᠯ᠎ᠢ ᠨᠡᠢᠳᠭᠡᠬᠦ ᠪᠣᠯ ᠭᠤᠤᠯ ᠠᠭᠤᠯᠭ᠎ᠠ ᠮᠥᠨ᠃ ᠰᠣᠶᠣᠯ᠎ᠢ ᠨᠡᠢᠳᠭᠡᠬᠦ ᠨᠢ ᠰᠣᠶᠣᠯ᠎ᠢ ᠲᠠᠰᠤᠷᠠᠯᠳᠠ ᠦᠭᠡᠢ ᠱᠢᠨᠡᠴᠢᠯᠡᠨ ᠬᠥᠭ᠌ᠵᠢᠭᠦᠯᠵᠦ᠍ ᠴᠢᠳᠠᠬᠤ ᠪᠦᠭᠡᠳ ᠪᠠᠰᠠ ᠰᠣᠶᠣᠯ᠎ᠢ ᠬᠦᠭᠵᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ᠎ᠲᠡᠶ ᠪᠤᠯᠭᠠᠵᠤ ᠴᠢᠳᠠᠨ᠎ᠠ᠃ ᠡᠷᠬᠡ ᠲᠡᠭ᠌ᠰᠢ ᠪᠠ ᠬᠦᠨᠳᠦᠳᠭᠡᠯ ᠢ ᠪᠠᠷᠢᠮᠲᠠᠯᠠᠵᠤ᠂ ᠣᠮᠣᠷᠬᠠᠭ ᠰᠠᠭ᠍ᠰᠠᠭᠤ ᠪᠠ ᠬᠡᠯᠪᠡᠢᠭᠦᠦ ᠦᠵᠡᠯᠲᠡ ᠪᠡᠨ ᠲᠠᠶᠠᠭ᠍ᠳᠠᠵᠤ᠂ ᠤᠯᠠᠨ ᠦᠨᠳᠦᠰᠦᠲᠡᠨ᠂ ᠤᠯᠠᠨ ᠰᠣᠶᠣᠯ᠎ᠢ ᠪᠠᠭ᠍ᠲᠠᠭᠠᠵᠤ ᠰᠢᠮᠡᠵᠢᠭᠦᠯᠬᠦ ᠡᠴᠡ ᠪᠢᠰᠢ᠂ ᠬᠠᠷᠢᠨ ᠶᠢᠷᠲᠢᠨᠴᠦ᠍᠎ᠡᠴᠡ ᠲᠤᠰᠠᠭᠠᠷᠯᠠᠵᠤ᠂ ᠬᠠᠭᠤᠴᠢᠨ ᠢᠶᠠᠨ ᠪᠠᠷᠢᠮᠲᠠᠯᠠᠵᠤ ᠬᠡᠪᠱᠢᠨ ᠵᠣᠭ᠍ᠰᠣᠩᠭᠤᠢᠷᠠᠵᠤ ᠪᠤᠯᠬᠤ ᠦᠭᠡᠢ᠃ ᠰᠣᠯᠢᠯᠴᠠᠬᠤ᠂ ᠣᠢᠯᠠᠭᠠᠬᠤ᠂ ᠠᠭᠤᠰᠤᠯᠴᠠᠬᠤ᠂ ᠬᠠᠮᠲᠤ᠎ᠪᠠᠷ ᠡᠳ᠋ᠯᠡᠬᠦ᠌ ᠪᠣᠯ ᠠᠳᠠᠯᠢ ᠪᠤᠰᠤ ᠰᠣᠶᠣᠯ᠎ᠤᠨ ᠬᠠᠮᠲᠤ᠎ᠪᠠᠷ ᠣᠷᠣᠱᠢᠵᠤ ᠬᠠᠮᠲᠤ᠎ᠪᠠᠷ ᠴᠡᠴᠡᠭ᠌ᠯᠡᠬᠦ᠌᠎ᠶ᠋ᠢᠨ ᠦᠨᠳᠦᠰᠦᠨ ᠭᠠᠷᠬᠤ ᠵᠠᠮ ᠮᠥᠨ᠂ ᠪᠠᠰᠠ ᠴᠤ᠌ ᠴᠤᠷ᠎ᠤᠨ ᠭᠠᠭ᠍ᠴᠠ ᠭᠠᠷᠬᠤ ᠵᠠᠮ ᠮᠥᠨ᠃
ᠪᠠᠲᠤ ᠪᠡᠬᠢ ᠬᠠᠷᠢᠯᠴᠠᠨ ᠠᠭᠤᠰᠤᠯᠴᠠᠬᠤ ᠨᠡᠢᠭᠡᠮ ᠲᠣᠭᠣᠷᠢᠭ ᠤᠨ ᠣᠷᠴᠢᠨ ᠲᠣᠭᠣᠷᠢᠨ᠎ᠢ ᠪᠠᠢᠭᠤᠯᠬᠤ ᠪᠣᠯ ᠪᠤᠰᠤᠳᠴᠢ ᠬᠡᠷᠡᠭ᠌ᠴᠡᠭᠡ ᠮᠥᠨ᠃ ᠡᠶ᠎ᠡ ᠵᠣᠬᠢᠴᠠᠩᠭᠤᠢ ᠨᠠᠢᠷᠰᠠᠭ ᠳᠤᠲᠤᠨᠤ ᠦᠨᠳᠦᠰᠦᠲᠡᠨ᠎ᠦ ᠬᠠᠷᠢᠴᠠᠭ᠎ᠠ ᠪᠣᠯ ᠦᠨᠳᠦᠰᠦᠲᠡᠨ᠎ᠦ ᠪᠦᠯᠬᠦᠮᠳᠡᠯ᠎ᠢ ᠪᠡᠶᠡᠯᠡᠭᠦᠯᠬᠦ᠌ ᠦᠨᠳᠦᠰᠦᠨ ᠠᠷᠭ᠎ᠠ ᠵᠠᠮ ᠮᠥᠨ᠂ ᠡᠶ᠎ᠡ ᠵᠤᠬᠢᠴᠠᠩᠭᠤᠢ ᠦᠨᠳᠦᠰᠦᠲᠡᠨ᠎ᠦ ᠬᠠᠷᠢᠴᠠᠭ᠎ᠠ᠎ᠶ᠋ᠢ ᠪᠠᠢᠭᠤᠯᠬᠤ᠎ᠳᠤ ᠵᠣᠬᠢᠬᠤ ᠣᠷᠣᠨ ᠵᠠᠢ᠎ᠶ᠋ᠢᠨ ᠰᠠᠭᠤᠷᠢᠨ ᠳᠤᠲᠤᠯᠭᠠᠭᠤᠷᠢᠯᠠᠬᠤ ᠴᠢᠬᠤᠯᠠᠲᠠᠢ᠃ ᠣᠷᠣᠱᠢᠨ ᠰᠠᠭᠤᠬᠤ ᠣᠷᠣᠨ ᠵᠠᠢ᠂ ᠰᠤᠷᠤᠯᠴᠠᠬᠤ ᠣᠷᠣᠨ ᠵᠠᠢ᠂ ᠵᠤᠭ᠎ᠠ ᠴᠡᠩᠭᠡᠯ᠎ᠦᠨ ᠣᠷᠣᠨ ᠵᠠᠢ ᠵᠡᠷᠭᠡ ᠲᠠᠯ᠎ᠠ᠎ᠪᠠᠷ ᠦᠨᠳᠦᠰᠦᠲᠡᠨ᠎ᠨᠦᠭᠦᠳ᠎ᠲᠤ ᠬᠠᠮᠲᠤ᠎ᠪᠠᠷ ᠣᠷᠣᠱᠢᠨ ᠰᠠᠭᠤᠬᠤ ᠂ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠠᠵᠢᠯᠯᠠᠬᠤ᠂ ᠬᠠᠮᠲᠤ᠎ᠪᠠᠷ ᠤᠷᠤᠭ᠍ᠰᠢᠯᠠᠬᠤ ᠣᠷᠣᠨ ᠵᠠᠢ ᠬᠠᠩᠭᠠᠵᠤ᠂ ᠬᠠᠷᠢᠯᠴᠠᠨ ᠠᠭᠤᠰᠤᠯᠴᠠᠬᠤ ᠮᠠᠶᠢᠭ᠎ᠤᠨ ᠨᠡᠢᠭᠡᠮ ᠲᠣᠭᠣᠷᠢᠭ᠎ᠤᠨ ᠣᠷᠴᠢᠨ ᠲᠣᠭᠣᠷᠢᠨ᠎ᠢ ᠪᠠᠢᠭᠤᠯᠬᠤ ᠶ᠋ᠢ ᠠᠬᠢᠭᠤᠯᠵᠤ᠂ ᠡᠭᠦᠨ᠎ᠦ ᠤᠯᠠᠮ᠎ᠢᠶᠠᠷ ᠠᠵᠤ ᠠᠬᠤᠢ᠎ᠶ᠋ᠢᠨ ᠲᠠᠯ᠎ᠠ᠎ᠪᠠᠷ ᠬᠠᠷᠢᠯᠴᠠᠨ ᠲᠦᠱᠢᠯᠴᠡᠬᠦ᠌᠂ ᠰᠣᠶᠣᠯ᠎ᠤᠨ ᠲᠠᠯ᠎ᠠ᠎ᠪᠠᠷ ᠪᠦᠬᠦᠨ᠎ᠢ ᠠᠪᠴᠤ᠌ ᠪᠠᠢᠳᠠᠭ᠎ᠢ ᠬᠠᠳᠠᠭᠠᠯᠠᠬᠤ᠂ ᠰᠡᠳᠭᠢᠯᠭᠡ᠎ᠶ᠋ᠢᠨ ᠲᠠᠯ᠎ᠠ᠎ᠪᠠᠷ ᠬᠠᠷᠢᠯᠴᠠᠨ ᠳᠣᠲᠣᠨᠣᠴᠢᠯᠠᠬᠤ ᠦᠨᠳᠦᠰᠦᠲᠡᠨ᠎ᠦ ᠬᠠᠷᠢᠴᠠᠭ᠎ᠠ᠎ᠶ᠋ᠢ ᠪᠦᠷᠢᠯᠳᠦᠭᠦᠯᠬᠦ ᠬᠡᠷᠡᠭᠳᠡᠢ᠃
(ᠵᠣᠬᠢᠶᠠᠭ᠍ᠴᠢ ᠪᠣᠯ ᠥᠪᠥᠷ ᠮᠣᠩᠭᠣᠯ᠎ᠤᠨ ᠠᠵᠤ ᠦᠶ᠋ᠯᠡᠳᠪᠦᠷᠢ ᠶ᠋ᠢᠨ ᠶᠡᠬᠡ ᠰᠤᠷᠭᠠᠭᠤᠯᠢ᠎ᠶ᠋ᠢᠨ ᠤᠭᠰᠠᠭᠠᠲᠠᠨ ᠵᠦᠢ ᠬᠢᠭᠡᠳ ᠬᠦᠮᠦᠨ ᠵᠦᠢ ᠵᠢᠨ ᠰᠤᠳᠤᠯᠭᠠᠨ᠎ᠤ ᠭᠠᠵᠠᠷ᠎ᠤᠨ ᠳᠠᠷᠤᠭ᠎ᠠ᠂ ᠥᠪᠥᠷ ᠮᠣᠩᠭᠣᠯ᠎ᠤᠨ ᠠᠵᠤ ᠦᠶ᠋ᠯᠡᠳᠪᠦᠷᠢ᠎ᠶ᠋ᠢᠨ ᠶᠡᠬᠡ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶ᠋ᠢᠨ ᠫᠷᠤᠹᠧᠰᠰᠤᠷ)