ᠬᠠᠷᠠᠴᠢᠨ ᠬᠣᠱᠢᠭᠤ 《ᠠᠰᠠᠭᠤᠳᠠᠯ᠎ᠤᠨ ᠳᠠᠩᠰᠠ》 ᠶ᠋ᠢ ᠣᠯᠠᠨ ᠲᠦᠮᠡᠨ᠎ᠤ 《ᠬᠠᠨᠤᠮᠵᠢᠲᠠᠶ ᠳᠠᠩᠰᠠ 》 ᠪᠤᠯᠭᠠᠪᠠ
2021-12-24 10:20:12
ᠵᠣᠬᠢᠶᠠᠭ᠍ᠴᠢ᠄
ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠠᠵᠢᠯᠯᠠᠭ᠎ᠠ ᠵᠢ ᠥᠷᠨᠢᠭᠦᠯᠦᠭ᠌ᠰᠡᠨ᠎ᠡᠴᠡ ᠨᠠᠭᠠᠰᠢ᠂ ᠬᠠᠷᠠᠴᠢᠨ ᠬᠣᠱᠢᠭᠤ ᠬᠠᠮᠤᠭ᠎ᠤᠨ ᠬᠦᠴᠢᠷᠳᠡᠯᠲᠡᠶ ᠣᠯᠠᠨ ᠲᠦᠮᠡᠨ᠎ᠡᠴᠡ ᠭᠠᠷᠲᠠᠨ᠂ ᠬᠠᠮᠤᠭ᠎ᠤᠨ ᠲᠣᠪᠣᠢᠮ᠎ᠠ ᠠᠰᠠᠭᠤᠳᠠᠯ᠎ᠠᠴᠠ ᠡᠬᠢᠯᠡᠨ ᠠᠳᠭᠤᠵᠤ᠂ ᠬᠠᠮᠤᠭ᠎ᠤᠨ ᠪᠣᠳᠠᠲᠠᠶ ᠠᠱᠢᠭ ᠲᠤᠰᠠ᠎ᠠᠴᠠ ᠡᠭᠦᠰᠴᠦ᠍᠂ ᠠᠷᠠᠳ ᠲᠦᠮᠡᠨ᠎ᠳᠦ ᠦᠶ᠋ᠯᠡᠴᠢᠯᠡᠬᠦ᠌ ᠱᠢᠷᠢᠰ ᠠᠷᠭ᠎ᠠ ᠬᠡᠮᠵᠢᠶ᠎ᠡ᠎ᠶ᠋ᠢ ᠭᠠᠷᠭᠠᠵᠤ᠂ ᠣᠯᠠᠨ ᠲᠦᠮᠡᠨ᠎ᠦ ᠬᠠᠨᠤᠮᠵᠢ᠎ᠶ᠋ᠢᠨ ᠬᠡᠮᠵᠢᠶ᠎ᠡ᠎ᠶ᠋ᠢ ᠴᠢᠷᠮᠠᠢᠨ ᠳᠡᠭᠡᠭ᠌ᠰᠢᠯᠡᠭᠦᠯᠪᠡ ᠃

ᠤᠳᠤᠷᠢᠳᠭᠤ ᠺᠠᠳ᠋ᠷ ᠪᠦᠬᠦ᠌ ᠲᠠᠯ᠎ᠠ᠎ᠪᠠᠷ ᠳᠠᠢᠴᠢᠯᠠᠪᠠ᠃ ᠲᠣᠰ ᠬᠣᠱᠢᠭᠤ ᠲᠥᠷᠥᠯ ᠵᠦᠶ᠋ᠯ᠎ᠦᠨ ᠨᠠᠷᠢᠨ ᠲᠠᠩᠰᠠ᠎ᠶ᠋ᠢ ᠨᠠᠷᠢᠯᠢᠭ ᠣᠨᠣᠪᠴᠢᠲᠠᠶ ᠬᠠᠷᠭᠤᠭᠤᠯᠵᠤ᠂ 26 ᠬᠣᠱᠢᠭᠤᠨ᠎ᠤ ᠲᠠᠰ᠎ᠤᠨ ᠨᠠᠮ᠎ᠤᠨ ᠭᠡᠱᠢᠭᠦᠨ ᠤᠳᠤᠷᠢᠳᠭᠤ ᠺᠠᠳ᠋ᠷ 《ᠠᠰᠠᠭᠤᠳᠠᠯ᠎ᠤᠨ ᠨᠠᠷᠢᠨ ᠲᠠᠩᠰᠠ》ᠳ᠋ᠠᠬᠢ ᠠᠷᠠᠳ᠎ᠤᠨ ᠠᠮᠢᠳᠤᠷᠠᠯ᠎ᠤᠨ ᠠᠰᠠᠭᠤᠳᠠᠯ᠎ᠢ ᠠᠩᠬᠠᠷᠴᠤ᠌᠂ ᠪᠡᠶ᠎ᠡ ᠪᠡᠷ ᠵᠢᠡᠨ ᠲᠦᠷᠦᠭᠦᠯᠡᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠬᠠᠷᠢᠯᠴᠠᠬᠤ ᠴᠡᠭ ᠪᠠ ᠪᠦᠬᠦ᠌ ᠤᠯᠤᠰ᠎ᠤᠨ ᠪᠤᠯᠪᠠᠰᠤᠨ ᠬᠤᠲᠠ ᠵᠢ ᠴᠤᠭ᠍ᠴᠠᠯᠠᠨ ᠪᠠᠢ᠌ᠭᠤᠯᠬᠤ ᠳᠠᠭᠠᠭᠠᠴᠢᠯᠠᠨ ᠬᠣᠯᠪᠣᠭᠠᠯᠠᠬᠤ ᠨᠡᠢᠭᠡᠮ ᠲᠣᠭᠣᠷᠢᠭ᠎ᠲᠤ ᠭᠦᠨᠵᠡᠭᠡᠢᠷᠡᠵᠦ᠍᠂ 41 ᠭᠤᠤᠯᠳᠠᠯᠭ᠎ᠠ᠎ᠲᠠᠶ ᠠᠷᠠᠳ᠎ᠤᠨ ᠠᠮᠢᠳᠤᠷᠠᠯ᠎ᠤᠨ ᠲᠥᠷᠥᠯ ᠵᠦᠶ᠋ᠯ᠎ᠢ ᠢᠳᠡᠪᠬᠢᠲᠡᠶ ᠳᠠᠭᠠᠭᠤᠯᠤᠨ ᠭᠦᠶ᠋ᠴᠡᠳᠭᠡᠵᠦ᠍᠂ ᠠᠷᠠᠳ᠎ᠤᠨ ᠢᠲᠡᠭᠡᠯ᠎ᠢ ᠤᠯᠪᠠ ᠃ ᠣᠳᠣᠬᠠᠨ ᠪᠣᠯᠲᠠᠯ᠎ᠠ᠂ 510 ᠲᠦᠮᠡᠨ ᠲᠥᠭᠥᠷᠢᠭ᠎ᠦᠨ ᠪᠠᠯᠠ ᠣᠷᠣᠭᠤᠯᠤᠭ᠍ᠰᠠᠨ ᠵᠢᠨᠱᠠᠨ᠎ᠤ ᠭᠤᠷᠪᠠᠳᠤᠭᠠᠷ ᠪᠠᠭ᠎ᠠ ᠰᠤᠷᠭᠠᠭᠤᠯᠢ᠂ ᠵᠢᠨᠱᠠᠨ᠎ᠤ ᠭᠤᠷᠪᠠᠳᠤᠭᠠᠷ ᠳᠤᠮᠳᠠᠳᠤ ᠰᠤᠷᠭᠠᠭᠤᠯᠢ᠎ᠶ᠋ᠢᠨ ᠵᠡᠭᠡᠯᠢ ᠥᠩᠭᠡᠷᠡᠬᠦ᠌ ᠬᠥᠭᠥᠷᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠢᠨᠵᠧᠨᠧᠷᠢᠩ ᠵᠡᠷᠭᠡ ᠠᠷᠠᠳ᠎ᠤᠨ ᠠᠮᠢᠳᠤᠷᠠᠯ᠎ᠤᠨ 25 ᠭᠤᠤᠯᠳᠠᠯᠭ᠎ᠠ᠎ᠲᠠᠶ ᠪᠣᠳᠠᠲᠤ ᠶᠠᠪᠤᠳᠠᠯ᠎ᠤᠨ ᠲᠥᠷᠥᠯ ᠵᠦᠶ᠋ᠯ᠎ᠢ ᠨᠢᠭᠡᠨᠲᠡ ᠪᠦᠬᠦᠨ᠎ᠢ ᠳᠠᠭᠤᠰᠭᠠᠵᠤ᠂ 《ᠠᠰᠠᠭᠤᠳᠠᠯ᠎ᠤᠨ ᠨᠠᠷᠢᠨ ᠲᠠᠩᠰᠠ》 ᠎ᠶ᠋ᠢ ᠦᠨᠡᠨ ᠬᠦ᠌ 《ᠬᠠᠨᠤᠮᠵᠢᠲᠠᠶ ᠨᠠᠷᠢᠨ ᠲᠠᠩᠰᠠ 》 ᠪᠣᠯᠭᠠᠨ ᠬᠤᠪᠢᠷᠠᠭᠤᠯᠪᠠ ᠃

ᠲᠣᠭ᠍ᠲᠠᠴᠠ᠎ᠶ᠋ᠢ ᠲᠡᠭᠦᠯᠳᠡᠷᠵᠢᠭᠦᠯᠵᠦ᠍ ᠥᠨᠳᠥᠷ ᠪᠦᠲᠦᠮᠵᠢᠲᠡᠶ ᠠᠬᠢᠭᠤᠯᠪᠠ ᠃ ᠲᠣᠰ ᠬᠣᠱᠢᠭᠤ ᠨᠢ 《ᠳᠥᠷᠪᠡᠨ ᠲᠥᠪ᠂ ᠨᠢᠭᠡ ᠲᠠᠪᠴᠠᠩ》 ᠤ᠋ᠨ ᠠᠵᠢᠯ᠎ᠤᠨ ᠲᠦᠷᠢᠮ᠎ᠢ ᠪᠠᠷᠢᠮᠲᠠᠯᠠᠨ ᠬᠡᠷᠡᠭ᠌ᠵᠢᠭᠦᠯᠵᠦ᠍᠂ 《ᠲᠠᠨ᠎ᠢ ᠬᠠᠪᠰᠤᠷᠤᠶ᠎ᠠ》 ᠵᠢᠯᠣᠭᠣᠳᠭᠤ ᠲᠥᠪ ᠪᠠᠢᠭᠤᠯᠵᠤ᠂《ᠬᠣᠱᠢᠭᠤᠨ᠎ᠤ ᠬᠠᠮ᠎ᠵᠠᠭᠤᠴᠢᠯᠠᠭᠤᠷ᠎ᠤᠨ ᠲᠥᠪ᠂ ᠬᠣᠱᠢᠭᠤᠨ᠎ᠤ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠲᠥᠪ᠂ ᠬᠣᠱᠢᠭᠤᠨ᠎ᠤ ᠨᠠᠮ ᠪᠠ ᠣᠯᠠᠨ ᠲᠦᠮᠡᠨ᠎ᠦ ᠦᠶ᠋ᠯᠡᠴᠢᠯᠡᠭᠡᠨ᠎ᠦ ᠲᠥᠪ᠂ ᠬᠣᠱᠢᠭᠤᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠥᠪ》 ᠢ᠋ ᠬᠣᠯᠪᠣᠵᠤ᠂ ᠠᠷᠠᠳ᠎ᠲᠤ ᠦᠶ᠋ᠯᠡᠴᠢᠯᠡᠬᠦ᠌᠎ᠶ᠋ᠢ ᠨᠢᠭᠡ ᠴᠣᠭ᠍ᠴᠠᠵᠢᠭᠤᠯᠤᠭ᠍ᠰᠠᠨ ᠲᠠᠪᠴᠠᠩ᠎ᠢ ᠬᠦᠴᠦᠯᠡᠨ ᠪᠠᠢᠭᠤᠯᠵᠤ᠂ ᠣᠳᠣᠬᠠᠨ᠎ᠳᠤ ᠨᠢᠭᠡᠨᠲᠡ 《ᠲᠠᠨ᠎ᠢ ᠬᠠᠪᠰᠤᠷᠤᠶ᠎ᠠ》ᠵᠢᠯᠣᠭᠣᠳᠭᠤ ᠲᠥᠪ᠎ᠢᠶᠡᠷ ᠳᠠᠮᠵᠢᠭᠤᠯᠤᠨ ᠣᠯᠠᠨ ᠲᠦᠮᠡᠨ᠎ᠳᠦ 110 ᠭᠠᠷᠤᠶ ᠠᠰᠠᠭᠤᠳᠠᠯ᠎ᠢ ᠱᠢᠶ᠋ᠳᠪᠦᠷᠢᠯᠡᠵᠦ᠍ ᠥᠭ᠌ᠪᠡ᠃ 《ᠲᠤᠰᠭᠠᠶ ᠵᠦᠶ᠋ᠯ᠎ᠢᠶᠡᠷ ᠬᠢᠨᠠᠨ ᠵᠢᠯᠣᠭᠣᠳᠭᠤ ᠳᠦᠷᠢᠮ》 ᠢ᠋ ᠬᠡᠷᠡᠭ᠌ᠵᠢᠭᠦᠯᠵᠦ᠂ ᠵᠣᠬᠢᠶᠠᠨ ᠪᠠᠢᠭᠤᠯᠬᠤ᠂ ᠰᠠᠬᠢᠯᠭ᠎ᠠ ᠪᠠᠲᠤ ᠪᠠᠢᠴᠠᠭᠠᠬᠤ᠂ ᠲᠣᠭᠣᠷᠢᠨ ᠪᠠᠢᠴᠠᠭᠠᠬᠤ ᠠᠯᠪᠠᠨ ᠭᠡᠷ ᠵᠡᠷᠭᠡ ᠰᠠᠯᠠᠭ᠎ᠠ ᠮᠥᠴᠢᠷ᠎ᠦᠳ ᠬᠠᠮᠳᠤᠷᠠᠨ 6 ᠬᠢᠨᠠᠨ ᠵᠢᠯᠣᠭᠣᠳᠭᠤ ᠳᠤᠭᠤᠢᠯᠠᠩ᠎ᠢ ᠪᠠᠢᠭᠤᠯᠵᠤ᠂ ᠡᠯ᠎ᠡ ᠨᠢᠭᠡᠴᠢ᠂ ᠰᠠᠯᠠᠭ᠎ᠠ ᠮᠥᠴᠢᠷ᠎ᠲᠦ ᠭᠦᠨᠵᠡᠭᠡᠢᠷᠡᠨ᠂ ᠪᠣᠳᠠᠲᠤ ᠬᠡᠷᠡᠭ᠎ᠦᠨ ᠨᠠᠷᠢᠨ ᠲᠠᠩᠰᠠ᠎ᠶ᠋ᠢ ᠪᠡᠶᠡᠯᠡᠭᠦᠯᠦᠭ᠌ᠰᠡᠨ ᠪᠠᠢᠳᠠᠯ᠎ᠢ ᠲᠤᠬᠠᠶ᠎ᠶ᠋ᠢᠨ ᠭᠠᠵᠠᠷ᠎ᠲᠤᠨᠢ ᠪᠠᠢᠴᠠᠭᠠᠵᠤ᠂ ᠪᠦᠬᠦ᠌ ᠲᠠᠯ᠎ᠠ᠎ᠪᠠᠷ ᠬᠢᠨᠠᠨ ᠵᠢᠯᠣᠭᠣᠳᠭᠤ ᠠᠵᠢᠯ᠎ᠢ ᠠᠬᠢᠭᠤᠯᠵᠠᠢ᠃ 《ᠨᠡᠢᠲᠡᠯᠢᠭ ᠵᠢᠱ᠌ᠢᠶ᠎ᠡ᠎ᠶ᠋ᠢ ᠰᠣᠩᠭᠣᠵᠤ ᠪᠣᠶ ᠪᠣᠯᠭᠠᠬᠤ ᠲᠦᠷᠢᠮ》 ᠢ᠋ ᠪᠠᠷᠢᠮᠲᠠᠯᠠᠨ ᠬᠡᠷᠡᠭ᠌ᠵᠢᠭᠦᠯᠵᠦ᠍᠂ ᠬᠠᠷᠠᠴᠢᠨ᠎ᠤ ᠨᠠᠮ᠎ᠤᠨ ᠪᠠᠢᠭᠤᠯᠤᠯᠲᠠ᠂ ᠬᠠᠷᠠᠴᠢᠨ᠎ᠤ ᠬᠠᠮ ᠵᠠᠭᠤᠴᠢᠯᠠᠭᠤᠷ᠎ᠤᠨ ᠤᠯᠠᠨ ᠨᠡᠢᠲᠡ᠎ᠶ᠋ᠢᠨ ᠳ᠋ᠤᠭᠠᠷ ᠳᠦ᠍ 《ᠣᠯᠠᠨ ᠲᠦᠮᠡᠨ᠎ᠳᠦ ᠪᠣᠳᠠᠲᠤ ᠶᠠᠪᠤᠳᠠᠯ ᠬᠢᠵᠦ᠍ ᠥᠭ᠌ᠬᠦ 》 ᠦᠶ᠋ᠯᠡᠳᠦᠯᠭᠡ᠎ᠶ᠋ᠢᠨ ᠠᠵᠢᠯᠯᠠᠭ᠎ᠠ᠎ᠶ᠋ᠢᠨ ᠤᠬᠠᠭᠤᠯᠭ᠎ᠠ᠎ᠶ᠋ᠢᠨ ᠲᠤᠰᠭᠠᠶ ᠪᠤᠯᠤᠩ ᠭᠠᠷᠭᠠᠵᠤ᠂ ᠠᠷᠠᠳ ᠲᠦᠮᠡᠨ᠎ᠦ ᠲᠥᠯᠥᠭᠡ ᠠᠵᠢᠯ ᠶᠠᠪᠤᠳᠠᠯ ᠬᠢᠭ᠌ᠰᠡᠨ ᠨᠡᠢᠲᠡᠯᠢᠭ ᠲᠤᠷᠱᠢᠯᠭ᠎ᠠ ᠪᠠ ᠱᠢᠨ᠎ᠡ᠎ᠶ᠋ᠢ ᠡᠭᠦᠳᠦᠭ᠌ᠰᠡᠨ ᠠᠷᠭ᠎ᠠ ᠵᠢ ᠤᠬᠠᠭᠤᠯᠵᠤ᠂ ᠠᠳᠠᠯᠢᠳᠭᠠᠬᠤ ᠰᠤᠷᠤᠯᠴᠠᠬᠤ ᠭᠦᠶ᠋ᠴᠡᠬᠦ᠌ ᠳᠠᠪᠠᠬᠤ ᠥᠳᠭᠡᠨ ᠵᠤᠵᠠᠭᠠᠨ ᠠᠭᠤᠷ ᠠᠮᠢᠰᠭᠤᠯ᠎ᠢ ᠪᠣᠶ ᠪᠣᠯᠭᠠᠪᠠ᠃ 《ᠡᠬᠡ ᠲᠠᠩᠰᠠ᠎ᠶ᠋ᠢᠨ ᠬᠠᠮᠢᠶᠠᠷᠤᠯᠲᠠ᠎ᠶ᠋ᠢᠨ ᠲᠦᠷᠢᠮ》 ᠢ᠋ ᠪᠠᠷᠢᠮᠲᠠᠯᠠᠨ ᠬᠡᠷᠡᠭ᠌ᠵᠢᠭᠦᠯᠵᠦ᠍᠂ 《ᠬᠣᠶᠠᠷ ᠨᠠᠷᠢᠨ ᠲᠠᠩᠰᠠ》 ᠪᠠᠷ ᠳᠡᠮᠵᠢᠨ ᠪᠥᠬᠥ᠌ ᠬᠣᠱᠢᠭᠤᠨ᠎ᠤ ᠨᠠᠮ᠎ᠤᠨ ᠭᠡᠱᠢᠭᠦᠨ ᠺᠠᠳ᠋ᠷᠴᠤᠳ᠎ᠤᠨ ᠠᠷᠠᠳ᠎ᠤᠨ ᠲᠥᠯᠥᠭᠡ ᠪᠣᠳᠠᠲᠠᠶ ᠠᠵᠢᠯ ᠬᠢᠵᠦ᠍ ᠪᠠᠢᠭ᠎ᠠ ᠪᠠᠢᠳᠠᠯ᠎ᠢ ᠡᠵᠡᠮᠱᠢᠵᠦ᠍᠂ ᠡᠯ᠎ᠡ ᠱᠠᠲᠤᠨ᠎ᠤ ᠤᠳᠤᠷᠢᠳᠭᠤ ᠪᠠᠭ᠎ᠤᠨ ᠪᠦᠷᠢᠯᠳᠦᠬᠦᠨ᠂ ᠨᠠᠮ᠎ᠤᠨ ᠭᠡᠱᠢᠭᠦᠨ ᠺᠠᠳ᠋ᠷ᠎ᠤᠨ ᠪᠤᠲᠠᠳᠤ ᠶᠠᠪᠤᠳᠠᠯ ᠬᠢᠬᠦ᠌ ᠵᠢ ᠠᠬᠢᠭᠤᠯᠪᠠ ᠃

ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠵᠢ ᠪᠦᠬᠦ᠌ ᠬᠦᠴᠦᠨ᠎ᠢᠶᠡᠷ᠎ᠢᠶᠡᠨ ᠲᠠᠢᠴᠢᠯᠠᠪᠠ᠃ ᠬᠠᠷᠠᠴᠢᠨ ᠬᠣᠱᠢᠭᠤᠨ᠎ᠤ ᠬᠢᠨ ᠨᠠᠮ᠎ᠤᠨ ᠭᠡᠱᠢᠭᠦᠨ᠎ᠦ ᠬᠣᠱᠢᠭᠤᠴᠢ ᠵᠢᠱ᠌ᠢᠶᠡᠴᠢ ᠦᠢᠯᠡᠳᠦᠯ᠎ᠢ ᠪᠠᠳᠠᠷᠠᠭᠤᠯᠬᠤ᠎ᠶ᠋ᠢ ᠴᠢᠬᠤᠯᠠᠴᠢᠯᠠᠵᠤ᠂ ᠨᠠᠮ᠎ᠤᠨ ᠭᠡᠱᠢᠭᠦᠨ᠎ᠦ ᠬᠣᠱᠢᠭᠤᠴᠢ ᠠᠵᠢᠯ᠎ᠤᠨ ᠪᠠᠢᠷᠢ᠂ ᠬᠠᠷᠢᠭᠤᠴᠠᠯᠭ᠎ᠠ᠎ᠶ᠋ᠢᠨ ᠲᠣᠭᠣᠷᠢᠭ᠎ᠢ135 ᠪᠠᠢ᠌ᠭᠤᠯᠤᠨ᠂ 13 ᠴᠤᠩᠬᠤᠪᠴᠢ ᠨᠢᠭᠡᠴᠢ 《ᠨᠠᠮ᠎ᠤᠨ ᠰᠦᠯᠳᠡ᠎ᠶ᠋ᠢ ᠵᠡᠭᠦᠵᠦ᠍᠂ ᠪᠡᠶ᠎ᠡ᠎ᠶ᠋ᠢᠨ ᠭᠠᠷᠤᠯ᠎ᠢᠶᠠᠨ ᠢᠯᠡᠷᠡᠭᠦᠯᠵᠦ᠍᠂ ᠪᠣᠳᠠᠲᠤ ᠶᠠᠪᠤᠳᠠᠯ ᠬᠢᠵᠦ᠍᠂ ᠳᠦᠷᠢ ᠲᠥᠷᠬᠦ᠌᠎ᠶ᠋ᠢ ᠱᠤᠭᠤᠬᠤ》ᠠᠵᠢᠯᠯᠠᠭ᠎ᠠ ᠥᠷᠨᠢᠭᠦᠯᠵᠦ᠍᠂ 780 ᠭᠠᠷᠤᠢ ᠪᠠᠢᠭᠤᠯᠭ᠎ᠠ᠎ᠶ᠋ᠢᠨ ᠨᠠᠮ᠎ᠤᠨ ᠭᠡᠱᠢᠭᠦᠨ ᠺᠠᠳ᠋ᠷ ᠣᠷᠣᠯᠴᠠᠪᠠ᠃ 7000 ᠭᠠᠷᠤᠶ ᠲᠣᠰᠭᠣᠨ᠂ ᠨᠡᠢᠭᠡᠮ ᠲᠣᠭᠣᠷᠢᠭ᠎ᠤᠨ ᠨᠠᠮ᠎ᠤᠨ ᠭᠡᠱᠢᠭᠦᠨ ᠣᠯᠠᠨ ᠲᠦᠮᠡᠨ᠎ᠦ ᠶᠠᠪᠤᠵᠤ ᠰᠠᠭᠤᠬᠤ᠎ᠳᠤ ᠳᠥᠭᠥᠮ ᠦᠭᠡᠢ᠂ ᠨᠠᠮᠤᠷ᠎ᠤᠨ ᠬᠤᠷᠢᠶᠠᠯᠲᠠ᠎ᠶ᠋ᠢᠨ ᠬᠦᠴᠢᠷᠳᠡᠯ ᠵᠡᠷᠭᠡ ᠪᠣᠳᠠᠲᠠᠶ ᠬᠦᠴᠢᠷᠳᠡᠯ᠎ᠢ 1100 ᠭᠠᠷᠤᠶ ᠱᠢᠶ᠋ᠳᠪᠦᠷᠢᠯᠡᠪᠡ᠃ ᠡᠭᠦᠨ᠎ᠦ ᠬᠠᠮᠲᠤ᠂ ᠨᠠᠮ᠎ᠤᠨ ᠪᠠᠢᠭᠤᠯᠤᠯᠲᠠ᠎ᠶ᠋ᠢᠨ ᠬᠥᠲᠥᠯᠥᠨ ᠳᠠᠭᠠᠭᠤᠯᠬᠤ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠪᠥᠬᠥ᠌ ᠬᠣᠱᠢᠭᠤᠨ᠎ᠤ 580 ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠂ 8970 ᠨᠠᠮ᠎ᠤᠨ ᠭᠡᠱᠢᠭᠦᠨ ᠬᠠᠮᠲᠤᠷᠠᠨ ᠪᠠᠢᠭᠤᠯᠬᠤ ᠠᠵᠢᠯᠯᠠᠭ᠎ᠠ᠎ᠶ᠋ᠢ ᠨᠡᠢᠲᠡ 63 ᠤᠳᠠᠭ᠎ᠠ ᠥᠷᠨᠢᠭᠦᠯᠵᠦ᠍᠂ 24.8 ᠲᠦᠮᠡᠨ ᠲᠥᠭᠥᠷᠢᠭ᠎ᠦᠨ ᠪᠠᠯᠠ ᠮᠥᠩᠭᠥ ᠪᠠᠭᠤᠯᠭᠠᠵᠤ᠂ ᠡᠯ᠎ᠡ ᠲᠥᠷᠥᠯ᠎ᠦᠨ ᠠᠰᠠᠭᠤᠳᠠᠯ᠎ᠢ 110 ᠭᠠᠷᠤᠶ ᠱᠢᠶ᠋ᠳᠪᠦᠷᠢᠯᠡᠪᠡ᠃ 《ᠨᠢᠭᠡ ᠨᠠᠰᠤᠲᠠᠨ ᠨᠢᠭᠡ ᠨᠢᠯᠬᠠᠰ》᠂ ᠠᠮᠢᠳᠤᠷᠠᠯ ᠨᠢ ᠬᠦᠴᠢᠷᠳᠡᠯᠲᠡᠢ ᠤᠯᠠᠨ ᠲᠦᠮᠡᠨ᠂ ᠦᠢᠯᠡᠳᠪᠦᠷᠢᠯᠡᠯ ᠠᠮᠢᠳᠤᠷᠠᠯ᠎ᠤᠨ ᠬᠡᠷᠡᠭ᠌ᠴᠡᠭᠡ ᠱᠠᠭᠠᠷᠳᠠᠯᠭ᠎ᠠ᠎ᠲᠠᠶ ᠦᠨᠳᠦᠰᠦᠨ ᠱᠠᠲᠤᠨ᠎ᠤ ᠤᠯᠠᠨ ᠲᠦᠮᠡᠨ ᠵᠡᠷᠭᠡ ᠭᠣᠣᠯᠳᠠᠯᠭ᠎ᠠ᠎ᠲᠠᠶ ᠬᠥᠮᠦᠰ᠎ᠲᠦ ᠴᠢᠭ᠌ᠯᠡᠭᠦᠯᠦᠨ᠂ 《ᠪᠢ ᠲᠠᠨ᠎ᠢ ᠬᠠᠪᠰᠤᠷᠤᠶ᠎ᠠ》 ᠭᠣᠣᠯ ᠰᠡᠳᠦᠪᠲᠦ ᠨᠠᠮ᠎ᠤᠨ ᠡᠳᠦᠷ᠎ᠦᠨ ᠠᠵᠢᠯᠯᠠᠭ᠎ᠠ᠎ᠶ᠋ᠢ 700 ᠭᠠᠷᠤᠢ ᠤᠳᠠᠭ᠎ᠠ ᠥᠷᠨᠢᠭᠦᠯᠵᠦ᠍᠂ 17000 ᠭᠠᠷᠤᠢ ᠨᠠᠮ᠎ᠤᠨ ᠭᠡᠱᠢᠭᠦᠨ ᠺᠠᠳ᠋ᠷ᠎ᠢ ᠵᠣᠬᠢᠶᠠᠨ ᠪᠠᠢᠭᠤᠯᠵᠤ ᠣᠷᠣᠯᠴᠠᠭᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号