ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠣᠷᠳᠣᠨ᠎ᠤ ᠰᠦᠯᠵᠢᠶᠡᠨ ᠳᠡᠭᠡᠷᠡᠬᠢ ᠪᠣᠯᠪᠠᠰᠤᠷᠠᠯ᠎ᠤᠨ ᠠᠩᠭᠢ ᠶᠠᠪᠤᠭᠳᠠᠪᠠ
2021-12-24 10:11:33
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

ᠤᠢᠷ᠎ᠠ ᠳ᠋ᠤ᠂ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠣᠷᠳᠣᠨ ᠪᠤᠯᠤᠨ ᠲᠥᠪ᠎ᠦᠨ ᠰᠣᠶᠣᠯ ᠪᠠ ᠵᠢᠭᠤᠯᠴᠢᠯᠠᠯ᠎ᠤᠨ ᠬᠠᠮᠢᠶᠠᠷᠤᠯᠲᠠ᠎ᠶ᠋ᠢᠨ ᠺᠠᠳ᠋ᠷ᠎ᠤᠨ ᠳᠡᠭᠡᠳᠦ ᠰᠤᠷᠭᠠᠭᠤᠯᠢ ᠡᠴᠡ ᠬᠠᠮᠲᠤᠷᠠᠨ ᠡᠷᠭᠢᠯᠡᠭ᠌ᠰᠡᠨ 《2021 ᠣᠨ ᠎ᠤ ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ ᠎ᠤ ᠰᠣᠶᠣᠯ ( ᠣᠯᠠᠨ ᠲᠦᠮᠡᠨ᠎ᠦ ᠤᠷᠠᠯᠢᠭ ) ᠤ᠋ᠨ ᠣᠷᠳᠣᠨ᠎ᠤ ᠰᠣᠶᠣᠯ᠎ᠤᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠵᠢᠯ᠎ᠤᠨ ᠬᠠᠮᠢᠶᠠᠷᠤᠯᠲᠠ ᠬᠢᠭᠡᠳ ᠱᠢᠨ᠎ᠡ᠎ᠶ᠋ᠢ ᠡᠭᠦᠳᠬᠦ᠌ ᠰᠦᠯᠵᠢᠶᠡᠨ ᠳᠡᠭᠡᠷᠡᠬᠢ ᠪᠣᠯᠪᠠᠰᠤᠷᠠᠯ᠎ᠤᠨ ᠠᠩᠭᠢ》 ᠲᠡᠭᠦᠰ ᠠᠮᠵᠢᠯᠲᠠᠲᠠᠶ ᠦᠨᠳᠦᠷᠯᠡᠪᠡ᠃

ᠲᠣᠰ ᠤᠳᠠᠭ᠎ᠠ ᠵᠢᠨ ᠪᠣᠯᠪᠠᠰᠤᠷᠠᠯ᠎ᠤᠨ ᠠᠩᠭᠢ᠎ᠨᠢ ᠪᠤᠯᠪᠠᠰᠤᠷᠠᠯ ᠳ᠋ᠤ ᠤᠷᠤᠯᠴᠠᠭᠰᠠᠨ ᠬᠦᠮᠦᠰ ᠎ᠢ ᠲᠣᠭ᠍ᠲᠠᠭ᠍ᠰᠠᠨ ᠴᠠᠭ᠎ᠤᠨ ᠳᠣᠲᠣᠷ᠎ᠠ ᠲᠠᠢᠯᠤᠮᠵᠢ᠎ᠶ᠋ᠢᠨ ᠸᠢᠳᠢᠣ᠋ ᠰᠣᠨᠢᠷᠬᠠᠭᠤᠯᠬᠤ᠎ᠶ᠋ᠢᠨ ᠬᠠᠮᠲᠤ ᠰᠤᠷᠤᠯᠴᠠᠭ᠍ᠰᠠᠨ ᠣᠯᠤᠯᠲᠠ ᠲᠦᠷᠦᠭᠳᠡᠯ ᠎ᠢ ᠨᠢ ᠰᠤᠯᠢᠯᠴᠠᠭᠤᠯᠵᠤ᠂ ᠲᠥᠪ᠎ᠦᠨ᠎ᠰᠣᠶᠣᠯ ᠪᠠ ᠵᠢᠭᠤᠯᠴᠢᠯᠠᠯ᠎ᠤᠨ ᠬᠠᠮᠢᠶᠠᠷᠤᠯᠲᠠ᠎ᠶ᠋ᠢᠨ ᠺᠠᠳ᠋ᠷ᠎ᠤᠨ ᠳᠡᠭᠡᠳᠦ ᠰᠤᠷᠭᠠᠭᠤᠯᠢ ᠡᠴᠡ ᠪᠤᠯᠪᠠᠰᠤᠷᠠᠯ ᠳ᠋ᠤ ᠤᠷᠤᠯᠴᠠᠭᠰᠠᠨ ᠬᠦᠮᠦᠰ᠎ᠤᠨ ᠰᠤᠷᠤᠯᠴᠠᠯᠭ᠎ᠠ᠎ᠶ᠋ᠢᠨ ᠪᠠᠢᠳᠠᠯ᠎ᠢ ᠬᠥᠳᠡᠯᠦᠩᠭᠦᠶ᠎ᠪᠡᠷ ᠬᠢᠨᠠᠨ ᠬᠡᠮᠵᠢᠬᠦ᠌ ᠵᠢᠨ ᠬᠠᠮᠳᠤ ᠲᠣᠮᠣ ᠳ᠋ᠠᠢᠲ᠋ᠠ᠎ᠶ᠋ᠢᠨ ᠵᠠᠳᠠᠯᠤᠯᠲᠠ ᠬᠢᠵᠠᠢ᠃ ᠡᠨᠡ ᠬᠦ᠌ ᠪᠤᠯᠪᠠᠰᠤᠷᠠᠯ ᠰᠤᠷᠤᠯᠴᠠᠯᠭ᠎ᠠ ᠵᠢᠨ ᠠᠷᠭ᠎ᠠ ᠬᠡᠯᠪᠡᠷᠢ ᠨᠢ ᠴᠠᠭ ᠬᠤᠭᠤᠴᠠᠭ᠎ᠠ᠂ ᠣᠷᠣᠨ ᠵᠠᠢ᠎ᠳᠤ ᠬᠢᠵᠠᠭᠠᠷᠯᠠᠭᠳᠠᠬᠤ ᠦᠭᠡᠢ ᠪᠠᠢᠵᠤ᠂ ᠰᠦᠯᠵᠢᠶᠡᠨ᠎ᠦ ᠡᠬᠢ ᠪᠠᠶᠠᠯᠢᠭ᠎ᠢ ᠭᠦᠢᠴᠡᠳ ᠠᠱᠢᠭ᠍ᠯᠠᠨ᠂ ᠬᠠᠮᠢᠶᠠᠷᠤᠯᠲᠠ ᠵᠢᠨ ᠦᠢᠯᠡᠳᠦᠯ ᠴᠢᠳᠠᠪᠤᠷᠢ᠎ᠶ᠋ᠢ ᠨᠡᠮᠡᠭ᠌ᠳᠡᠭᠦᠯᠵᠦ᠂ ᠲᠠᠨᠢᠨ ᠮᠡᠳᠡᠬᠦᠢ᠎ᠶ᠋ᠢᠨ ᠬᠥᠳᠡᠯᠭᠡᠬᠦ ᠬᠦᠴᠦᠨ᠎ᠢ ᠳᠡᠭᠡᠭ᠌ᠰᠢᠯᠡᠭᠦᠯᠵᠤ᠂ ᠮᠠᠨ᠎ᠤ ᠣᠷᠣᠨ᠎ᠤ ᠦᠨᠳᠦᠰᠦᠨ ᠱᠠᠲᠤᠨ᠎ᠤ ᠰᠣᠶᠣᠯ᠎ᠤᠨ ᠣᠷᠳᠣᠨ᠎ᠤ ᠲᠤᠬᠠᠢᠯᠠᠭ᠍ᠰᠠᠨ ᠠᠵᠢᠯ᠎ᠤᠨ ᠭᠤᠤᠯᠯᠠᠭ᠍ᠴᠢ᠎ᠶ᠋ᠢᠨ ᠶᠡᠷᠦᠩᠬᠡᠢ ᠬᠡᠪ ᠪᠤᠯᠪᠠᠰᠤᠷᠠᠯ ᠪᠠ ᠲᠤᠬᠠᠢᠯᠠᠭ᠍ᠰᠠᠨ ᠠᠵᠢᠯ᠎ᠤᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠬᠠᠷᠠᠯᠳᠠ ᠵᠤᠷᠢᠯᠳᠠ ᠳ᠋ᠤ ᠬᠦᠷᠦᠭᠰᠡᠨ ᠪᠠᠢᠨ᠎ᠠ᠃

ᠤᠢᠯᠠᠭᠠᠭᠰᠠᠨ ᠵᠢᠡᠷ᠂ ᠲᠤᠰ ᠤᠳᠠᠭ᠎ᠠ ᠵᠢᠨ ᠪᠣᠯᠪᠠᠰᠤᠷᠠᠯ ᠨᠢ ᠣᠯᠠᠨ ᠨᠡᠢᠲᠡ᠎ᠶ᠋ᠢᠨ ᠰᠣᠶᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠴᠢᠭ᠌ᠯᠡᠯ ᠪᠠ ᠡᠭᠦᠷᠭᠡ ᠶ᠋ᠢᠨ ᠲᠣᠭᠣᠷᠢᠨ᠎ᠳᠤ ᠠᠭᠤᠯᠭ᠎ᠠ ᠲᠤᠬᠢᠷᠠᠭᠤᠯᠵᠦ᠂ ᠣᠯᠠᠨ ᠨᠡᠢᠲᠡ᠎ᠶ᠋ᠢᠨ ᠰᠣᠶᠣᠯ᠎ᠤᠨ ᠬᠥᠭ᠌ᠵᠢᠯᠲᠡ᠎ᠳᠦ ᠲᠤᠯᠭᠠᠷᠠᠵᠤ ᠪᠠᠢᠭ᠎ᠠ ᠭᠤᠤᠯᠳᠠᠯᠭ᠎ᠠ᠎ᠲᠠᠶ ᠠᠰᠠᠭᠤᠳᠠᠯ᠂ ᠬᠦᠴᠢᠷ ᠠᠰᠠᠭᠤᠳᠠᠯ ᠪᠠ ᠬᠠᠯᠠᠮᠱᠢᠯ ᠠᠰᠠᠭᠤᠳᠠᠯ᠎ᠢ ᠠᠳᠠᠯᠢ ᠪᠤᠰᠤ ᠲᠠᠯ᠎ᠠ ᠡᠴᠡ ᠵᠠᠳᠠᠯᠤᠨ ᠲᠠᠢᠯᠪᠤᠷᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号