ᠣᠢᠷ᠎ᠠ ᠳ᠋ᠤ᠂ ᠠᠯᠠᠱᠠ ᠠᠢᠮᠠᠭ ᠤ᠋ᠨ ᠨᠠᠮ ᠤ᠋ᠨ ᠬᠣᠷᠢᠢ᠎ᠠ ᠪᠦᠬᠦ ᠠᠢᠮᠠᠭ ᠤ᠋ᠨ ᠤᠳᠤᠷᠢᠳᠬᠤ ᠺᠠᠳ᠋ᠷᠴᠤᠳ ᠤ᠋ᠨ ᠶᠡᠬᠡ ᠬᠤᠷᠠᠯ
ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠵᠢᠨ ᠨᠠᠮ ᠤ᠋ᠨ ᠲᠥᠯᠥᠭᠡᠯᠡᠭᠴᠢᠳᠦ᠋ᠨ
ᠶᠡᠬᠡ ᠬᠤᠷᠠᠯ ᠤ᠋ᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠪᠦᠬᠦ ᠠᠢᠮᠠᠭ ᠤ᠋ᠨ ᠰᠤᠷᠤᠯᠴᠠᠨ ᠤᠬᠠᠭᠤᠯᠵᠤ
ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ ᠢ᠋ ᠲᠣᠬᠢᠷᠠᠭᠤᠯᠤᠨ ᠪᠠᠢᠷᠢᠯᠠᠭᠤᠯᠵᠠᠢ᠃
ᠬᠤᠷᠠᠯ ᠠ᠋ᠴᠠ᠂ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ
ᠤᠳᠠᠭ᠎ᠠ ᠵᠢᠨ ᠨᠠᠮ ᠤ᠋ᠨ ᠲᠥᠯᠥᠭᠡᠯᠡᠭᠴᠢᠳᠦ᠋ᠨ ᠶᠡᠬᠡ ᠬᠤᠷᠠᠯ ᠪᠣᠯ ᠮᠠᠨ ᠤ᠋ ᠨᠠᠮ ᠪᠠᠢᠭᠤᠯᠤᠭᠳᠠᠭᠰᠠᠨ 100 ᠵᠢᠯᠦ᠋ᠨ ᠣᠢ ᠵᠢᠨ ᠲᠠᠱᠢᠷᠠᠮ ᠵᠢᠨᠷ᠂ ᠮᠠᠨ ᠤ᠋ ᠤᠯᠤᠰ ᠨᠡᠢᠭᠡᠮ ᠵᠢᠷᠤᠮᠳᠤ
ᠤᠳᠤᠬᠢᠴᠢᠯᠠᠭᠰᠠᠨ ᠤᠯᠤᠰ ᠢ᠋ ᠪᠦᠬᠦ ᠲᠠᠯ᠎ᠠ ᠪᠠᠷ ᠪᠦᠲᠦᠭᠡᠨ ᠪᠠᠢᠭᠤᠯᠬᠤ ᠱᠢᠨ᠎ᠡ ᠠᠶᠠᠨ ᠳ᠋ᠤ ᠣᠷᠣᠭᠰᠠᠨ ᠴᠢᠬᠤᠯᠠ
ᠴᠠᠭ ᠮᠥᠴᠡᠳ᠋ᠦ᠍ ᠬᠤᠷᠠᠯᠳᠤᠭᠰᠠᠨ ᠨᠢᠭᠡ ᠤᠳᠠᠭ᠎ᠠ ᠵᠢᠨ ᠲᠤᠢᠯ ᠤ᠋ᠨ ᠴᠢᠬᠤᠯᠠ ᠶᠡᠬᠡ ᠬᠤᠷᠠᠯ ᠪᠣᠯᠤᠨ᠎ᠠ᠃ ᠱᠢ
ᠲᠠᠢ ᠹᠧᠩ ᠱᠦᠵᠢ ᠵᠢᠨ ᠶᠡᠬᠡ ᠬᠤᠷᠠᠯ ᠳᠡᠭᠡᠷ᠎ᠡ ᠬᠢᠭᠰᠡᠨ ᠢᠯᠡᠳᠭᠡᠯ ᠨᠢ ᠥᠪᠥᠷ ᠮᠣᠩᠭᠣᠯ ᠤ᠋ᠨ ᠬᠥᠭᠵᠢᠯᠲᠡ᠎ᠳ᠋ᠦ᠍
ᠱᠢᠨ᠎ᠡ ᠠᠶᠠᠯᠠᠯ ᠤ᠋ᠨ ᠴᠠᠮᠬᠠᠭ ᠢ᠋ ᠲᠣᠭᠲᠠᠭᠠᠨ ᠥᠭᠴᠦ᠂ ᠱᠢᠨ᠎ᠡ ᠵᠢᠷᠤᠭ ᠲᠥᠰᠥᠪ ᠢ᠋ ᠵᠢᠷᠤᠭᠯᠠᠨ᠂ ᠱᠢᠨ᠎ᠡ ᠴᠠᠭ ᠦᠶ᠎ᠡ ᠵᠢᠨ ᠥᠪᠥᠷ ᠮᠣᠩᠭᠣᠯ ᠤ᠋ᠨ
ᠠᠵᠢᠯ ᠢ᠋ ᠰᠠᠢᠲᠤᠷ ᠬᠢᠬᠦ ᠵᠢ ᠵᠢᠯᠣᠭᠣᠳᠴᠤ ᠂ ᠬᠣᠶᠠᠳᠤᠭᠠᠷ ᠵᠠᠭᠤᠨ ᠵᠢᠯᠦ᠋ᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ
ᠱᠢᠨ᠎ᠡ ᠱᠢᠯᠭᠠᠯᠲᠠ ᠳ᠋ᠤ ᠣᠷᠣᠯᠴᠠᠬᠤ ᠵᠠᠮ ᠵᠢᠨᠷ ᠰᠠᠢᠲᠤᠷ ᠵᠠᠮᠨᠠᠬᠤ ᠬᠥᠲᠥᠯᠪᠦᠷᠢ ᠵᠢᠨ ᠴᠢᠨᠠᠷᠲᠠᠢ ᠪᠢᠴᠢᠭ
ᠮᠠᠲᠧᠷᠢᠶᠠᠯ ᠪᠣᠯᠤᠨ᠎ᠠ᠃ ᠶᠡᠬᠡ ᠬᠤᠷᠠᠯ ᠠ᠋ᠴᠠ ᠭᠠᠷᠭᠠᠭᠰᠠᠨ ᠴᠢᠬᠤᠯᠠ ᠶᠡᠬᠡ ᠪᠠᠢᠷᠢᠯᠠᠭᠤᠯᠤᠯᠲᠠ᠂ ᠳ᠋ᠦᠩᠨᠡᠭᠰᠡᠨ
ᠴᠢᠬᠤᠯᠠ ᠦᠷ᠎ᠡ ᠪᠦᠲᠦᠭᠡᠯ ᠨᠢ ᠪᠦᠬᠦ ᠣᠷᠣᠨ ᠤ᠋ ᠡᠯ᠎ᠡ ᠱᠠᠲᠤᠨ ᠤ᠋ ᠨᠠᠮ ᠤ᠋ᠨ ᠵᠣᠬᠢᠶᠠᠨ ᠪᠠᠢᠭᠤᠯᠤᠯᠲᠠ᠂ ᠥᠷᠭᠡᠨ
ᠣᠯᠠᠨ ᠨᠠᠮ ᠤ᠋ᠨ ᠭᠡᠱᠢᠭᠦᠨ ᠺᠠᠳ᠋ᠷ ᠪᠣᠯᠤᠨ ᠦᠨᠳᠦᠰᠦᠲᠡᠨᠨᠦ᠍ᠭᠦᠳᠦ᠋ᠨ ᠣᠯᠠᠨ ᠲᠦᠮᠡᠨ ᠢ᠋ ᠳᠠᠢᠴᠢᠯᠠᠵᠤ᠂ ᠬᠦᠰᠡᠯ
ᠨᠠᠢᠳᠠᠯᠭ᠎ᠠ ᠵᠢ ᠪᠠᠲᠤ ᠴᠡᠭᠡᠵᠢᠯᠡᠨ᠂ ᠡᠭᠦᠷᠭᠡ ᠬᠠᠷᠢᠭᠤᠴᠠᠯᠭ᠎ᠠ ᠵᠢ ᠵᠣᠷᠢᠭᠲᠠᠢ ᠪᠠᠷ ᠡᠭᠦᠷᠭᠡᠯᠡᠵᠤ᠂ ᠬᠦᠴᠢᠷ
ᠢ᠋ ᠲᠤᠭᠤᠯᠤᠨ ᠪᠡᠷᠬᠡ ᠵᠢ ᠳᠠᠪᠠᠵᠤ᠂ ᠨᠡᠢᠭᠡᠮ ᠵᠢᠷᠤᠮᠳᠤ ᠤᠳᠤᠬᠢᠴᠢᠯᠠᠭᠰᠠᠨ ᠤᠯᠤᠰ ᠢ᠋ ᠪᠦᠬᠦ ᠲᠠᠯ᠎ᠠ ᠪᠠᠷ
ᠪᠦᠲᠦᠭᠡᠨ ᠪᠠᠢᠭᠤᠯᠬᠤ ᠱᠢᠨ᠎ᠡ ᠠᠶᠠᠨ ᠳ᠋ᠤ ᠥᠪᠥᠷ ᠮᠣᠩᠭᠣᠯ ᠤ᠋ᠨ ᠬᠥᠭᠵᠢᠯᠲᠡ ᠵᠢᠨ ᠱᠢᠨ᠎ᠡ ᠬᠠᠭᠤᠳᠠᠰᠤ ᠵᠢ ᠪᠢᠴᠢᠭᠯᠡᠬᠦᠳ᠋ᠦ᠍
ᠴᠢᠬᠤᠯᠠ ᠪᠥᠭᠡᠳ ᠠᠯᠤᠰ ᠬᠡᠳᠦ ᠵᠢᠨ ᠠᠴᠢ ᠬᠣᠯᠪᠣᠭᠳᠠᠯᠲᠠᠢ ᠶᠤᠮ᠃ ᠪᠦᠬᠦ ᠠᠢᠮᠠᠭ ᠤ᠋ᠨ ᠡᠯ᠎ᠡ ᠱᠠᠲᠤᠨ ᠤ᠋ ᠨᠠᠮ ᠤ᠋ᠨ ᠵᠣᠬᠢᠶᠠᠨ ᠪᠠᠢᠭᠤᠯᠤᠯᠲᠠ
ᠪᠣᠯᠤᠨ ᠥᠷᠭᠡᠨ ᠣᠯᠠᠨ ᠨᠠᠮ ᠤ᠋ᠨ ᠭᠡᠱᠢᠭᠦᠨ ᠺᠠᠳ᠋ᠷᠴᠤᠳ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ
ᠤᠳᠠᠭ᠎ᠠ ᠵᠢᠨ ᠨᠠᠮ ᠤ᠋ᠨ ᠲᠥᠯᠥᠭᠡᠯᠡᠭᠴᠢᠳᠦ᠋ᠨ ᠶᠡᠬᠡ ᠬᠤᠷᠠᠯ ᠤ᠋ᠨ ᠴᠢᠬᠤᠯᠠ ᠠᠴᠢ ᠬᠣᠯᠪᠣᠭᠳᠠᠯ ᠢ᠋ ᠭᠦᠨᠵᠡᠭᠡᠢ
ᠲᠠᠨᠢᠵᠤ᠂ ᠶᠡᠬᠡ ᠬᠤᠷᠠᠯ ᠤ᠋ᠨ ᠵᠣᠷᠢᠭ ᠰᠠᠨᠠᠭ᠎ᠠ ᠵᠢ ᠰᠤᠷᠤᠯᠴᠠᠨ
ᠤᠬᠠᠭᠤᠯᠵᠤᠲᠤᠭᠤᠰᠢᠯᠠᠭᠤᠯᠬᠤ ᠬᠠᠷᠢᠭᠤᠴᠠᠯᠭᠠᠲᠤ ᠰᠡᠳᠭᠢᠯᠭᠡ ᠪᠠ ᠳᠡᠦᠭᠡᠨ ᠡᠭᠦᠷᠭᠡᠲᠦ ᠰᠡᠳᠭᠢᠯᠭᠡᠪᠡᠨ ᠦᠨᠡᠨ
ᠬᠦ᠌ ᠴᠢᠩᠭᠠᠳᠭᠠᠨ᠂ ᠠᠮᠢ ᠠᠬᠤᠢ ᠵᠢ ᠤᠷᠢᠳ ᠵᠢᠡᠷ ᠪᠤᠳᠤᠯᠬᠢᠯᠠᠬᠤ ᠪᠣᠬᠢᠷᠲᠤᠯ ᠦᠭᠡᠢ ᠬᠥᠭᠵᠢᠭᠦᠯᠬᠦᠪᠡᠷ ᠤᠳᠤᠷᠢᠳᠤᠮᠵᠢ
ᠪᠣᠯᠭᠠᠭᠰᠠᠨ ᠴᠢᠨᠠᠷ ᠰᠠᠢᠲᠠᠢ ᠬᠥᠭᠵᠢᠯᠲᠡ ᠵᠢᠨ ᠱᠢᠨ᠎ᠡ ᠵᠠᠮ ᠵᠢᠨᠷ ᠭᠤᠢᠪᠢᠱᠢ ᠦᠭᠡᠢ ᠰᠠᠢᠲᠤᠷ ᠵᠠᠮᠨᠠᠵᠤ᠂
ᠦᠵᠡᠰᠭᠦᠯᠡᠩᠲᠦ ᠰᠠᠢᠬᠠᠨ ᠥᠪᠥᠷ ᠮᠣᠩᠭᠣᠯ ᠵᠢᠨᠨ ᠪᠦᠲᠦᠭᠡᠨ ᠪᠠᠢᠭᠤᠯᠵᠤ ᠠᠭᠤᠤ ᠶᠡᠬᠡ ᠳᠤᠮᠳᠠᠳᠤ ᠵᠢᠨ ᠵᠡᠭᠦᠳᠦᠪᠡᠨ
ᠬᠠᠮᠲᠤ ᠪᠠᠷ ᠲᠡᠷᠭᠡᠯᠰᠢᠭᠦᠯᠬᠦᠳ᠋ᠦ᠍ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ
ᠭᠠᠷᠭᠠᠪᠠ᠃
ᠬᠤᠷᠠᠯ ᠠ᠋ᠴᠠ᠂ ᠨᠠᠮ ᠤ᠋ᠨ ᠲᠥᠯᠥᠭᠡᠯᠡᠭᠴᠢᠳᠦ᠋ᠨ ᠶᠡᠬᠡ ᠬᠤᠷᠠᠯ ᠤ᠋ᠨ
ᠭᠣᠣᠯ ᠰᠡᠳᠦᠪ ᠭᠣᠣᠯ ᠱᠢᠵᠢᠮ ᠢ᠋ ᠭᠦᠨᠵᠡᠭᠡᠢ ᠣᠢᠯᠠᠭᠠᠨ ᠣᠨᠣᠪᠴᠢᠲᠠᠢ ᠡᠵᠡᠮᠳᠡᠵᠦ᠂ ᠨᠠᠮ ᠤ᠋ᠨ ᠵᠠᠭᠤᠨ ᠵᠢᠯᠦ᠋ᠨ
ᠲᠡᠮᠡᠴᠡᠯᠦ᠋ᠨ ᠴᠢᠬᠤᠯᠠ ᠶᠡᠬᠡ ᠠᠮᠵᠢᠯᠲᠠ ᠪᠦᠲᠦᠮᠵᠢ ᠪᠣᠯᠤᠨ ᠲᠡᠦᠬᠡᠨ ᠲᠤᠷᠱᠢᠯᠭ᠎ᠠ ᠠ᠋ᠴᠠ ᠣᠶᠤᠨ ᠤᠬᠠᠭᠠᠨ
ᠪᠣᠯᠤᠨ ᠬᠦᠴᠦᠨ ᠴᠢᠳᠠᠯ ᠣᠯᠵᠤ᠂ 《ᠬᠣᠶᠠᠷ ᠢ᠋ ᠲᠣᠭᠲᠠᠭᠠᠬᠤ》 ᠵᠢ ᠪᠠᠷᠢᠮᠲᠠᠯᠠᠨ
ᠬᠠᠮᠠᠭᠠᠯᠠᠵᠤ᠂ 《 ᠬᠣᠶᠠᠷ ᠢ᠋ ᠬᠠᠮᠠᠭᠠᠯᠠᠬᠤ》 ᠵᠢ ᠡᠷᠡᠰ ᠪᠡᠶᠡᠯᠡᠭᠦᠯᠵᠦ᠂
ᠳᠤᠮᠳᠠᠳᠤ ᠵᠢᠨ ᠦᠨᠳᠦᠰᠦᠲᠡᠨᠦ᠌ ᠬᠠᠮᠲᠤ ᠵᠢᠨ ᠴᠣᠭᠴᠠ ᠵᠢᠨ ᠤᠬᠠᠮᠰᠠᠷ ᠢ᠋ ᠴᠥᠬᠥᠷᠡᠱᠢ ᠥᠬᠡᠢ ᠪᠠᠲᠤ ᠴᠣᠭᠴᠠᠯᠠᠨ᠂ ᠠᠮᠢ ᠠᠬᠤᠢ ᠵᠢ ᠤᠷᠢᠳ ᠵᠢᠡᠷ ᠪᠤᠳᠤᠯᠬᠢᠯᠠᠬᠤ ᠪᠣᠬᠢᠷᠲᠤᠯ ᠥᠬᠡᠢ ᠬᠥᠭᠵᠢᠭᠦᠯᠬᠦᠪᠡᠷ ᠤᠳᠤᠷᠢᠳᠤᠮᠵᠢ ᠪᠣᠯᠭᠠᠭᠰᠠᠨ
ᠴᠢᠨᠠᠷ ᠰᠠᠢᠲᠠᠢ ᠬᠥᠭᠵᠢᠯᠲᠡ ᠵᠢᠨ ᠱᠢᠨ᠎ᠡ ᠵᠠᠮ ᠵᠢᠨᠷ ᠭᠤᠢᠪᠢᠱᠢ ᠥᠬᠡᠢ ᠰᠠᠢᠲᠤᠷ ᠵᠠᠮᠨᠠᠵᠤ᠂ ᠠᠯᠠᠱᠠ ᠵᠢᠨ
ᠴᠢᠨᠠᠷ ᠰᠠᠢᠲᠠᠢ ᠬᠥᠭᠵᠢᠯᠲᠡ ᠵᠢᠨ ᠱᠢᠨ᠎ᠡ ᠬᠠᠭᠤᠳᠠᠰᠤ ᠵᠢ ᠴᠢᠷᠮᠠᠢᠨ ᠪᠢᠴᠢᠭᠯᠡᠵᠦ᠂ ᠱᠢᠨ᠎ᠡ ᠭᠠᠷᠤᠭ᠎ᠠ ᠳᠡᠭᠡᠷ᠎ᠡ
ᠡᠴᠡ ᠠᠯᠠᠱᠠ ᠵᠢᠨ ᠡᠯ᠎ᠡ ᠵᠦᠢᠯᠦ᠋ᠨ ᠠᠵᠢᠯ ᠦᠢᠯᠡᠰ ᠢ᠋ ᠲᠠᠰᠤᠷᠠᠯᠲᠠ ᠥᠬᠡᠢ ᠲᠦᠯᠬᠢᠨ ᠤᠷᠤᠭᠱᠢᠯᠠᠭᠤᠯᠬᠤ ᠬᠡᠷᠡᠭᠲᠡᠢ᠃ ᠨᠠᠮ ᠤ᠋ᠨ ᠲᠥᠯᠥᠭᠡᠯᠡᠭᠴᠢᠳᠦ᠋ᠨ ᠶᠡᠬᠡ ᠬᠤᠷᠠᠯ ᠠ᠋ᠴᠠ ᠲᠣᠳᠣᠷᠬᠠᠢᠯᠠᠭᠰᠠᠨ ᠴᠢᠬᠤᠯᠠ ᠶᠡᠬᠡ ᠤᠯᠤᠰ ᠲᠥᠷᠥ
ᠵᠢᠨ ᠬᠠᠷᠢᠭᠤᠴᠠᠯᠭ᠎ᠠ ᠵᠢ ᠭᠦᠨᠵᠡᠭᠡᠢ ᠣᠢᠯᠠᠭᠠᠨ ᠣᠨᠣᠪᠴᠢᠲᠠᠢ ᠡᠵᠡᠮᠳᠡᠵᠦ ᠂ ᠠᠯᠠᠱᠠ ᠨᠢ ᠬᠢᠯᠢ ᠬᠢᠵᠠᠭᠠᠷ
ᠤ᠋ᠨ ᠦᠨᠳᠦᠰᠦᠲᠡᠨᠦ᠌ ᠭᠠᠵᠠᠷ ᠣᠷᠣᠨ ᠪᠣᠯᠤᠭᠰᠠᠨ ᠤ᠋ ᠬᠤᠪᠢ ᠳ᠋ᠤ ᠨᠡᠢᠭᠡᠮ ᠵᠢᠷᠤᠮᠳᠤ ᠤᠳᠤᠬᠢᠴᠢᠯᠠᠭᠰᠠᠨ ᠤᠯᠤᠰ
ᠢ᠋ ᠪᠦᠬᠦ ᠲᠠᠯ᠎ᠠ ᠪᠠᠷ ᠪᠦᠲᠦᠭᠡᠨ ᠪᠠᠢᠭᠤᠯᠬᠤ ᠱᠢᠨ᠎ᠡ ᠠᠶᠠᠨ ᠳ᠋ᠠᠬᠢ ᠴᠢᠬᠤᠯᠠ ᠶᠡᠬᠡ ᠬᠠᠷᠢᠭᠤᠴᠠᠯᠭ᠎ᠠ ᠪᠠ
ᠢᠷᠠᠭᠤ ᠠᠯᠳᠠᠷᠲᠤ ᠡᠭᠦᠷᠭᠡ ᠵᠢ ᠪᠠᠲᠤ ᠡᠭᠦᠷᠭᠡᠯᠡᠵᠦ ᠂《ᠬᠣᠶᠠᠷ ᠬᠠᠯᠬᠠᠪᠴᠢ》᠂《ᠬᠣᠶᠠᠷ ᠰᠠᠭᠤᠷᠢᠨ》 ᠂ 《ᠨᠢᠭᠡ ᠪᠡᠬᠢᠯᠡᠯᠲᠡ》 ᠵᠢ ᠪᠦᠲᠦᠭᠡᠨ ᠪᠠᠢᠭᠤᠯᠬᠤ ᠳ᠋ᠤ ᠠᠯᠠᠱᠠ ᠵᠢᠨ ᠬᠤᠪᠢ ᠨᠡᠮᠡᠷᠢ ᠵᠢ ᠦᠵᠡᠭᠦᠯᠬᠦ ᠬᠡᠷᠡᠭᠳᠠᠢ᠃ ᠨᠠᠮ ᠤ᠋ᠨ ᠲᠥᠯᠥᠭᠡᠯᠡᠭᠴᠢᠳᠦ᠋ᠨ ᠶᠡᠬᠡ ᠬᠤᠷᠠᠯ ᠠ᠋ᠴᠠ ᠲᠣᠭᠲᠠᠭᠠᠭᠰᠠᠨ ᠲᠡᠮᠡᠴᠡᠬᠦ ᠬᠠᠷᠠᠯᠲᠠ ᠵᠢ ᠭᠦᠨᠵᠡᠭᠡᠢ ᠣᠢᠯᠠᠭᠠᠨ ᠣᠨᠣᠪᠴᠢᠲᠠᠢ ᠡᠵᠡᠮᠳᠡᠵᠦ᠂ ᠪᠦᠬᠦ ᠠᠢᠮᠠᠭ ᠤ᠋ᠨ ᠥᠷᠭᠡᠨ ᠣᠯᠠᠨ ᠨᠠᠮ ᠤ᠋ᠨ ᠭᠡᠱᠢᠭᠦᠨ ᠪᠣᠯᠤᠨ ᠺᠠᠳ᠋ᠷ ᠣᠯᠠᠨ ᠲᠦᠮᠡᠨ ᠢ᠋ ᠪᠦᠯᠬᠦᠮᠳᠡᠭᠦᠯᠦᠨ ᠳᠠᠭᠠᠭᠤᠯᠵᠤ ᠲᠡᠮᠡᠴᠡᠬᠦ ᠬᠠᠷᠠᠯᠲᠠ ᠳᠠᠢᠱᠢ ᠡᠷᠡᠮᠡᠬᠡᠢᠯᠡᠨ ᠤᠷᠤᠭᠱᠢᠯᠠᠵᠤ ᠂ ᠠᠯᠠᠱᠠ ᠵᠢᠨ ᠴᠢᠨᠠᠷ ᠰᠠᠢᠲᠠᠢ ᠬᠥᠭᠵᠢᠯᠲᠡ ᠳ᠋ᠤ ᠨᠡᠩ ᠶᠡᠬᠡ ᠠᠮᠵᠢᠯᠲᠠ ᠣᠯᠬᠤ ᠬᠡᠷᠡᠭᠲᠡᠢ᠃ ᠨᠠᠮ ᠤ᠋ᠨ ᠲᠥᠯᠥᠭᠡᠯᠡᠭᠴᠢᠳᠦ᠋ᠨ ᠶᠡᠬᠡ ᠬᠤᠷᠠᠯ ᠠ᠋ᠴᠠ ᠪᠠᠢᠷᠢᠯᠠᠭᠤᠯᠤᠭᠰᠠᠨ ᠠᠵᠢᠯ ᠤ᠋ᠨ ᠡᠭᠦᠷᠭᠡ ᠵᠢ ᠭᠦᠨᠵᠡᠭᠡᠢ ᠣᠢᠯᠠᠭᠠᠨ ᠣᠨᠣᠪᠴᠢᠲᠠᠢ ᠡᠵᠡᠮᠳᠡᠵᠦ᠂ ᠪᠣᠳᠠᠲᠤ ᠪᠠᠢᠳᠠᠯ ᠲᠠᠢ ᠪᠠᠨ ᠨᠢᠭᠲᠠ ᠤᠶᠠᠯᠳᠤᠭᠤᠯᠤᠨ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠭᠠᠷᠲᠠᠴᠠ ᠪᠣᠯᠤᠨ ᠬᠦᠴᠦᠯᠡᠴᠡ ᠵᠢ ᠣᠨᠣᠪᠴᠢᠲᠠᠢ ᠡᠷᠢᠨ ᠤᠯᠵᠤ᠂ ᠡᠯ᠎ᠡ ᠵᠦᠢᠯᠦ᠋ᠨ ᠬᠠᠷᠠᠯᠲᠠ ᠡᠭᠦᠷᠭᠡ ᠵᠢ ᠠᠯᠠᠱᠠ ᠳ᠋ᠤ ᠦᠨᠡᠨ ᠪᠣᠳᠠᠲᠠᠢ ᠨᠠᠢᠳᠠᠪᠤᠷᠢᠵᠢᠭᠤᠯᠬᠤ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠭᠰᠠᠨ ᠪᠠᠢᠨ᠎ᠠ ᠃
ᠬᠤᠷᠠᠯ ᠠ᠋ᠴᠠ᠂ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠵᠢᠨ ᠨᠠᠮ ᠤ᠋ᠨ ᠲᠥᠯᠥᠭᠡᠯᠡᠭᠴᠢᠳᠦ᠋ᠨ ᠶᠡᠬᠡ ᠬᠤᠷᠠᠯ ᠤ᠋ᠨ ᠵᠣᠷᠢᠭ ᠰᠠᠨᠠᠭ᠎ᠠ ᠵᠢ ᠰᠠᠢᠲᠤᠷ ᠰᠤᠷᠤᠯᠴᠠᠬᠤ᠂ ᠰᠠᠢᠲᠤᠷ ᠤᠬᠠᠭᠤᠯᠬᠤ᠂ ᠰᠠᠢᠲᠤᠷ ᠲᠤᠭᠤᠰᠢᠯᠠᠭᠤᠯᠬᠤ ᠵᠢ ᠣᠳᠣᠬᠠᠨ ᠤ᠋ ᠪᠠ ᠬᠣᠢᠱᠢᠳᠠ ᠵᠢᠨ ᠬᠡᠰᠡᠭ ᠬᠤᠭᠤᠴᠠᠭᠠᠨ ᠤ᠋ ᠴᠢᠬᠤᠯᠠ ᠤᠯᠤᠰ ᠲᠥᠷᠥ ᠵᠢᠨ ᠡᠭᠦᠷᠭᠡ ᠪᠠᠨ ᠪᠣᠯᠭᠠᠵᠤ ᠂ ᠤᠯᠤᠰ ᠲᠥᠷᠥ ᠵᠢ ᠡᠷᠬᠢᠮᠯᠡᠬᠦ ᠥᠨᠳᠥᠷᠴᠡ ᠡᠴᠡ ᠨᠠᠮ ᠤ᠋ᠨ ᠲᠥᠯᠥᠭᠡᠯᠡᠭᠴᠢᠳᠦ᠋ᠨ ᠶᠡᠬᠡ ᠬᠤᠷᠠᠯ ᠤ᠋ᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠵᠢ ᠰᠠᠢᠲᠤᠷ ᠠᠳᠭᠤᠵᠤ᠂ ᠨᠠᠮ ᠤ᠋ᠨ ᠲᠥᠯᠥᠭᠡᠯᠡᠭᠴᠢᠳᠦ᠋ᠨ ᠶᠡᠬᠡ ᠬᠤᠷᠠᠯ ᠤ᠋ᠨ ᠵᠣᠷᠢᠭ ᠰᠠᠨᠠᠭ᠎ᠠ ᠵᠢ ᠠᠯᠠᠱᠠ ᠳ᠋ᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠵᠢ ᠪᠦᠬᠦ ᠬᠦᠴᠦᠨᠢ᠋ᠶ᠋ᠡᠷ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠵᠢᠨ ᠨᠠᠮ ᠤ᠋ᠨ ᠲᠥᠯᠥᠭᠡᠯᠡᠭᠴᠢᠳᠦ᠋ᠨ ᠶᠡᠬᠡ ᠬᠤᠷᠠᠯ ᠤ᠋ᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠵᠢ ᠰᠢ ᠵᠢᠨ ᠫᠢᠩ ᠤ᠋ᠨ ᠱᠢᠨ᠎ᠡ ᠴᠠᠭ ᠦᠶ᠎ᠡ ᠵᠢᠨ ᠳᠤᠮᠳᠠᠳᠤ ᠤᠯᠤᠰ ᠤ᠋ᠨ ᠣᠨᠴᠠᠯᠢᠭᠲᠠᠢᠨᠡᠢᠭᠡᠮᠵᠢᠷᠤᠮᠤ᠋ᠨᠦᠵᠡᠯᠰᠠᠨᠠᠭᠠᠵᠢᠰᠤᠷᠤᠯᠴᠠᠨᠤᠬᠠᠭᠤᠯᠵᠤᠲᠤᠭᠤᠰᠢᠯᠠᠭᠤᠯᠬᠤᠲᠠᠢ ᠨᠢᠭᠲᠠ ᠤᠶᠠᠯᠳᠤᠭᠤᠯᠤᠨ᠂ ᠨᠠᠮ ᠤ᠋ᠨ ᠠᠷᠪᠠ ᠶᠢᠰᠦᠳᠦᠭᠡᠷ ᠬᠤᠭᠤᠴᠠᠭᠠᠨ ᠤ᠋ ᠲᠥᠪ ᠬᠣᠷᠢᠶᠠᠨ ᠤ᠋ ᠵᠢᠷᠭᠤᠳᠤᠭᠠᠷ ᠪᠦᠭᠦᠳᠡ ᠬᠤᠷᠠᠯ ᠤ᠋ᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠠᠢ ᠨᠢᠭᠲᠠ ᠤᠶᠠᠯᠳᠤᠭᠤᠯᠵᠤ᠂ ᠨᠠᠮ ᠤ᠋ᠨ ᠲᠡᠦᠬᠡ ᠵᠢᠨ ᠰᠤᠷᠤᠯᠴᠠᠯᠭ᠎ᠠ ᠬᠥᠮᠦᠵᠢᠯᠦ᠋ᠨ ᠦᠷ᠎ᠡ ᠪᠦᠲᠦᠭᠡᠯ ᠢ᠋ ᠪᠡᠬᠢᠵᠢᠭᠦᠯᠦᠨ ᠥᠷᠭᠡᠳᠭᠡᠬᠦ ᠲᠠᠢ ᠨᠢᠭᠲᠠ ᠤᠶᠠᠯᠳᠤᠭᠤᠯᠤᠨ᠂ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠭᠦᠨ ᠵᠤᠵᠠᠭᠠᠨ ᠠᠭᠤᠷ ᠠᠮᠢᠰᠭᠤᠯ ᠢ᠋ ᠶᠡᠬᠡ ᠪᠡᠷ ᠪᠣᠢ ᠪᠣᠯᠭᠠᠵᠤ᠂ ᠨᠠᠮ ᠤ᠋ᠨ ᠲᠥᠯᠥᠭᠡᠯᠡᠭᠴᠢᠳᠦ᠋ᠨ ᠶᠡᠬᠡ ᠬᠤᠷᠠᠯ ᠤ᠋ᠨ ᠵᠣᠷᠢᠭ ᠰᠠᠨᠠᠭ᠎ᠠ ᠵᠢ ᠥᠷᠭᠡᠨ ᠣᠯᠠᠨ ᠨᠠᠮ ᠤ᠋ᠨ ᠭᠡᠱᠢᠭᠦᠨ ᠺᠠᠳ᠋ᠷ ᠣᠯᠠᠨ ᠲᠦᠮᠡᠨᠦ᠌ ᠰᠡᠳᠬᠢᠯ ᠵᠢᠷᠦᠭᠡᠨᠳ᠋ᠦ᠍ ᠬᠠᠳᠠᠩᠱᠢᠭᠤᠯᠵᠤ᠂ ᠭᠦᠨᠵᠡᠭᠡᠢᠷᠡᠬᠦᠯᠵᠤ ᠪᠣᠳᠠᠲᠠᠢᠵᠢᠭᠤᠯᠬᠤ ᠵᠢ ᠦᠨᠡᠨ ᠬᠦ᠌ ᠠᠬᠢᠭᠤᠯᠬᠤ ᠬᠡᠷᠡᠭᠲᠡᠢ᠃ ᠣᠳᠣᠬᠠᠨ ᠤ᠋ ᠭᠣᠣᠯᠳᠠᠯᠭ᠎ᠠ ᠲᠠᠢ ᠠᠵᠢᠯ ᠢ᠋ ᠯᠠᠪᠳᠠᠭᠤᠨ ᠪᠠᠲᠤᠲᠠᠢ ᠰᠠᠢᠲᠤᠷ ᠬᠢᠵᠦ᠂ ᠱᠢᠨ᠎ᠡ ᠲᠢᠲᠢᠮᠯᠢᠭ ᠠᠭᠤᠰᠭᠢᠨ ᠦᠷᠪᠢᠰᠦᠯᠦ᠋ᠨ ᠬᠢᠵᠢᠭᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠠᠵᠢᠯ ᠢ᠋ ᠥᠴᠦᠬᠡᠨ ᠴᠦ᠍ ᠰᠤᠯᠠᠷᠠᠭᠤᠯᠤᠯ ᠦᠭᠡᠢ ᠰᠠᠢᠲᠤᠷ ᠠᠳᠭᠤᠨ᠂ ᠭᠣᠣᠯᠳᠠᠯᠭ᠎ᠠ ᠲᠠᠢ ᠲᠥᠷᠥᠯ ᠵᠦᠢᠯᠦ᠋ᠨ ᠪᠦᠲᠦᠭᠡᠨ ᠪᠠᠢᠭᠤᠯᠤᠯᠲᠠ ᠵᠢ ᠲᠦᠷᠭᠡᠳᠭᠡᠨ ᠠᠬᠢᠭᠤᠯᠵᠤ ᠂ ᠠᠷᠠᠳ ᠤ᠋ᠨ ᠠᠮᠢᠳᠤᠷᠠᠯ ᠤ᠋ᠨ ᠪᠣᠳᠠᠲᠤ ᠶᠠᠪᠤᠳᠠᠯ ᠢ᠋ ᠰᠡᠳᠭᠢᠯ ᠲᠠᠯᠪᠢᠨ ᠰᠠᠢᠲᠤᠷ ᠬᠢᠵᠦ᠂ ᠲᠣᠭᠲᠠᠭᠤᠨ ᠢ᠋ ᠬᠠᠮᠠᠭᠠᠯᠠᠬᠤ᠂ ᠨᠡᠢᠭᠡᠮᠦ᠋ᠨ ᠵᠠᠰᠠᠯᠲᠠ᠂ ᠠᠶᠤᠯᠭᠦᠢ ᠦᠢᠯᠡᠳᠪᠦᠷᠢᠯᠡᠯ᠂ ᠢᠳᠡᠭᠡᠨ ᠪᠠ ᠡᠮᠦ᠋ᠨ ᠵᠦᠢᠯᠡᠰᠦ᠋ᠨ ᠠᠮᠤᠷ ᠲᠦᠪᠱᠢᠨ ᠵᠡᠷᠭᠡ ᠠᠵᠢᠯ ᠢ᠋ ᠯᠠᠪᠳᠠᠭᠤᠨ ᠪᠠᠲᠤᠲᠠᠢ ᠰᠠᠢᠲᠤᠷ ᠬᠢᠵᠦ᠂ ᠪᠦᠬᠦ ᠵᠢᠯᠦ᠋ᠨ ᠡᠯ᠎ᠡ ᠵᠦᠢᠯᠦ᠋ᠨ ᠡᠭᠦᠷᠭᠡ ᠬᠠᠷᠠᠯᠲᠠ ᠵᠢ ᠴᠢᠷᠮᠠᠢᠨ ᠪᠡᠶᠡᠯᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ ᠃