ᠱᠢᠨ᠎ᠡ᠎ᠶ᠋ᠢ ᠡᠭᠦᠳᠬᠦ᠌ ᠮᠠᠶᠢᠭ᠎ᠤᠨ ᠥᠪᠥᠷ ᠮᠣᠩᠭᠣᠯ
2021-12-24 10:45:29
ᠵᠣᠬᠢᠶᠠᠭ᠍ᠴᠢ᠄
ᠬᠠ ᠯᠢ ᠴᠢᠨ
ᠣᠩᠱᠢᠭ᠍ᠰᠠᠨ ᠣᠳᠠᠭ᠎ᠠ᠄
★★★☆☆

ᠠᠵᠤ ᠠᠬᠤᠢ ᠎ᠶ᠋ᠢᠨ ᠬᠡᠯᠪᠡᠷᠢ ᠎ᠪᠡᠨ ᠬᠤᠪᠢᠷᠠᠭᠤᠯᠤᠨ ᠬᠥᠭ᠌ᠵᠢᠬᠦ᠌ ᠶ᠋ᠢ ᠲᠦᠷᠭᠡᠳᠭᠡᠵᠦ᠍᠂ ᠣᠳᠣᠬᠢᠴᠢᠯᠠᠭ᠍ᠰᠠᠨ ᠠᠵᠤ ᠠᠬᠤᠢ ᠎ᠶ᠋ᠢᠨ ᠱᠢᠰᠲᠸᠮ ᠎ᠢ ᠪᠠᠢᠭᠤᠯᠬᠤ ᠎ᠳᠤ᠂ ᠱᠢᠨ᠎ᠡ ᠎ᠶ᠋ᠢ ᠡᠭᠦᠳᠬᠦ᠌ ᠮᠠᠶᠢᠭ ᠎ᠦᠨ  ᠥᠪᠥᠷ ᠮᠣᠩᠭᠣᠯ ᠎ᠢ ᠲᠦᠷᠭᠡᠳᠭᠡᠨ ᠪᠠᠢᠭᠤᠯᠤᠨ᠎ᠠ᠃ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ ᠎ᠶ᠋ᠢ ᠡᠭᠦᠳᠬᠦ᠌ ᠎ᠶ᠋ᠢ ᠴᠢᠩᠭᠠᠳᠭᠠᠬᠤ ᠎ᠶ᠋ᠢ ᠬᠠᠮᠤᠭ᠎ᠤᠨ ᠲᠤᠯᠭᠠᠮ ᠡᠭᠦᠷᠭᠡ ᠪᠣᠯᠭᠠᠵᠤ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢ ᠎ᠶ᠋ᠢ ᠳᠡᠭᠡᠭ᠌ᠰᠢᠯᠡᠭᠦᠯᠬᠦ᠌ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠡᠷᠡᠰ ᠰᠠᠢᠲᠤᠷ ᠬᠢᠵᠦ᠍᠂ ᠱᠢᠨ᠎ᠡ ᠎ᠶ᠋ᠢ ᠡᠭᠦᠳᠬᠦ᠌ ᠎ᠪᠡᠷ ᠬᠥᠳᠡᠯᠭᠡᠭᠦᠷ ᠪᠣᠯᠭᠠᠭ᠍ᠰᠠᠨ ᠬᠥᠭ᠌ᠵᠢᠯᠲᠡ᠎ᠶ᠋ᠢᠨ ᠱᠢᠨ᠎ᠡ ᠳᠠᠪᠠᠭᠤᠯᠢᠭ᠎ᠢ ᠪᠤᠢ ᠪᠣᠯᠭᠠᠨ᠎ᠠ᠃ ᠠᠵᠤ ᠦᠶ᠋ᠯᠡᠰ ᠎ᠦᠨ ᠬᠡᠯᠬᠢᠶ᠎ᠡ ᠎ᠬᠠᠩᠭᠠᠯᠭ᠎ᠠ ᠎ᠶ᠋ᠢᠨ ᠬᠡᠯᠬᠢᠶ᠎ᠡ ᠎ᠲᠡᠶ ᠨᠢᠭ᠍ᠲᠠ ᠤᠶᠠᠯᠳᠤᠭᠤᠯᠤᠨ ᠱᠢᠨ᠎ᠡ ᠎ᠶ᠋ᠢ ᠡᠭᠦᠳᠬᠦ᠌ ᠬᠡᠯᠬᠢᠶ᠎ᠡ ᠎ᠶ᠋ᠢ ᠪᠠᠢᠷᠢᠯᠠᠭᠤᠯᠵᠤ᠂ ᠵᠠᠷᠢᠮ ᠎ᠢ ᠨᠢ ᠬᠢᠵᠦ᠍ ᠵᠠᠷᠢᠮ ᠎ᠢ ᠨᠢ ᠦᠯᠦ ᠬᠢᠬᠦ᠎ᠶ᠋ᠢ ᠪᠠᠷᠢᠮᠲᠠᠯᠠᠨ᠂ ᠰᠦ ᠵᠢᠨ ᠦᠶ᠋ᠯᠡᠰ᠂ ᠬᠣᠪᠣᠷ ᠱᠢᠷᠣᠶ ᠎ᠶ᠋ᠢᠨ ᠱᠢᠨ᠎ᠡ ᠮᠠᠲ᠋ᠧᠷᠢᠶᠠᠯ᠂ ᠨᠡᠭᠦᠷᠡᠰᠦᠲᠥ᠋ᠷᠥᠭ᠌ᠴᠢ ᠎ᠪᠡᠷ ᠰᠠᠭᠤᠷᠢ ᠪᠣᠯᠭᠠᠭ᠍ᠰᠠᠨ ᠱᠢᠨ᠎ᠡ ᠮᠠᠲ᠋ᠧᠷᠢᠶᠠᠯ᠂ ᠱᠢᠨ᠎ᠡ ᠡᠨᠧᠷᠭᠢ᠂ ᠡᠭᠦᠯᠳᠡᠷ᠎ᠦᠨ ᠦᠶ᠋ᠯᠡᠰ ᠵᠡᠷᠭᠡ ᠬᠦᠷᠢᠶᠡᠨ᠎ᠳᠦ ᠨᠢᠭᠡ ᠪᠦᠯᠦᠭ ᠴᠢᠬᠤᠯᠠ ᠶᠡᠬᠡ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠥᠷᠥᠯ ᠵᠦᠶ᠋ᠯ ᠎ᠢ ᠭᠣᠸ᠋ᠯᠳᠠᠯᠭ᠎ᠠ ᠎ᠲᠠᠶ ᠬᠡᠷᠡᠭ᠌ᠵᠢᠭᠦᠯᠵᠦ᠍᠂ ᠵᠠᠩᠭᠢᠯᠠᠭ᠎ᠠ ᠎ᠶ᠋ᠢᠨ ᠭᠣᠸ᠋ᠯᠯᠠᠬᠤ ᠮᠡᠷᠭᠡᠵᠢᠯ ᠎ᠦᠨ ᠪᠣᠭᠣᠮᠲᠠ ᠱᠢᠪᠲᠤᠯᠬᠤ ᠡᠷᠴᠢᠮ ᠎ᠢ ᠴᠢᠩᠭᠠᠷᠠᠭᠤᠯᠤᠨ᠂ ᠠᠵᠤ ᠠᠬᠤᠢᠯᠠᠯ ᠶᠡᠭᠡ ᠳᠡᠭᠡᠳᠦ ᠰᠤᠷᠭᠠᠭᠤᠯᠢ ᠱᠢᠨᠵᠢᠯᠡᠬᠦ᠌ ᠤᠬᠠᠭᠠᠨ ᠎ᠤ ᠰᠤᠳᠤᠯᠭᠠᠨ ᠎ᠤ ᠭᠦᠨᠵᠡᠭᠡᠶ ᠠᠭᠤᠰᠤᠯᠴᠠᠯ ᠎ᠢ ᠲᠦᠷᠭᠡᠳᠭᠡᠨ ᠠᠬᠢᠭᠤᠯᠵᠤ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠎ᠦᠨ ᠦᠷ᠎ᠡ ᠪᠦᠲᠦᠭᠡᠯ ᠎ᠢ ᠤᠯᠠᠷᠢᠭᠤᠯᠤᠨ ᠬᠡᠷᠡᠭ᠌ᠯᠡᠬᠦ᠌ ᠎ᠶ᠋ᠢ ᠲᠦᠷᠭᠡᠳᠭᠡᠨ᠎ᠡ᠃ ᠱᠢᠨ᠎ᠡ᠎ᠶ᠋ᠢ ᠡᠭᠦᠳᠬᠦ᠌ ᠲᠠᠪᠴᠠᠩ᠎ᠤᠨ ᠱᠢᠰᠲ᠋ᠧᠮ᠎ᠢ ᠲᠡᠭᠦᠯᠳᠡᠷᠵᠢᠭᠦᠯᠵᠦ᠍᠂ ᠨᠢᠭᠡ ᠪᠦᠯᠦᠭ ᠭᠣᠣᠯᠳᠠᠯᠭ᠎ᠠ᠎ᠲᠠᠶ ᠲᠤᠷᠱᠢᠯᠲᠠ ᠎ᠶ᠋ᠢᠨ ᠲᠠᠰᠤᠭ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠎ᠦᠨ ᠱᠢᠨ᠎ᠡ ᠎ᠶ᠋ᠢ ᠡᠭᠦᠳᠬᠦ᠌ ᠲᠥᠪ ᠪᠠ ᠱᠢᠨ᠎ᠡ ᠬᠡᠯᠪᠡᠷᠢ ᠶ᠋ᠢᠨ ᠰᠤᠳᠤᠯᠤᠨ ᠨᠡᠭᠡᠭᠡᠬᠦ᠌ ᠪᠠᠢᠭᠤᠯᠤᠮᠵᠢ᠎ᠶ᠋ᠢ ᠪᠠᠢᠷᠢᠱᠢᠭᠤᠯᠵᠤ᠂ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ᠎ᠤᠨ《ᠶᠠᠰᠤ ᠴᠢᠨᠠᠷ᠎ᠢ ᠳᠡᠭᠡᠭ᠌ᠰᠢᠯᠡᠭᠦᠯᠦᠨ ᠣᠷᠣᠨ ᠪᠠᠢᠷᠢ᠎ᠳᠤᠨᠢ ᠣᠷᠣᠭᠤᠯᠬᠤ》ᠪᠠ《ᠱᠢᠯᠢᠳᠡᠭ ᠎ᠢ ᠠᠬᠢᠭᠤᠯᠤᠨ ᠪᠣᠢᠵᠢᠭᠤᠯᠬᠤ》ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠰᠦ᠎ᠶ᠋ᠢᠨ ᠦᠶ᠋ᠯᠡᠰ᠂ ᠬᠣᠪᠣᠷ ᠱᠢᠷᠣᠶ ᠎ᠶ᠋ᠢᠨ ᠱᠢᠨ᠎ᠡ ᠮᠠᠲ᠋ᠧᠷᠢᠶᠠᠯ᠎ᠤᠨ ᠤᠯᠤᠰ᠎ᠤᠨ ᠮᠡᠷᠭᠡᠵᠢᠯ ᠎ᠦᠨ ᠱᠢᠨ᠎ᠡ ᠎ᠶ᠋ᠢ ᠡᠭᠦᠳᠬᠦ᠌ ᠲᠥᠪ ᠎ᠢ ᠥᠨᠳᠥᠷ ᠪᠠᠷᠢᠮᠵᠢᠶ᠎ᠠ ᠎ᠪᠠᠷ ᠪᠠᠢᠭᠤᠯᠵᠤ᠂ ᠬᠥᠬᠡᠬᠣᠲᠠ ᠪᠤᠭᠤᠲᠤ ᠣᠷᠳᠣᠰ ᠎ᠤᠨ ᠤᠯᠤᠰ᠎ᠤᠨ ᠪᠡᠶ᠎ᠡ ᠎ᠪᠡᠨ ᠳᠠᠭᠠᠭᠠᠵᠤ ᠱᠢᠨ᠎ᠡ ᠎ᠶ᠋ᠢ ᠡᠭᠦᠳᠬᠦ᠌ ᠵᠢᠱ᠌ᠢᠶ᠎ᠡ ᠦᠵᠡᠭᠦᠯᠬᠦ᠌ ᠣᠷᠣᠨ᠂ ᠣᠷᠳᠣᠰ᠎ᠤᠨ ᠤᠯᠤᠰ᠎ᠤᠨ ᠦᠷᠭᠦᠯᠵᠢᠯᠡᠬᠦ᠌ ᠬᠥᠭ᠌ᠵᠢᠯᠲᠡ᠎ᠶ᠋ᠢᠨ ᠵᠥᠪᠯᠡᠬᠦ᠌ ᠵᠦᠶ᠋ᠯ ᠎ᠦᠨ ᠱᠢᠨ᠎ᠡ ᠎ᠶ᠋ᠢ ᠡᠭᠦᠳᠬᠦ᠌ ᠵᠢᠱ᠌ᠢᠶ᠎ᠡ ᠦᠵᠡᠭᠦᠯᠬᠦ᠌ ᠣᠷᠣᠨ ᠪᠠ ᠪᠠᠶᠠᠨᠨᠠᠭᠤᠷ ᠎ᠤᠨ ᠤᠯᠤᠰ ᠎ᠤᠨ ᠲᠠᠷᠢᠶᠠᠯᠠᠩ ᠎ᠤᠨ ᠳᠡᠭᠡᠳᠦ ᠱᠢᠨ᠎ᠡ ᠮᠡᠷᠭᠡᠵᠢᠯ ᠎ᠦᠨ ᠠᠵᠤ ᠦᠶ᠋ᠯᠡᠰ ᠎ᠦᠨ ᠵᠢᠱ᠌ᠢᠶ᠎ᠡ ᠦᠵᠡᠭᠦᠯᠬᠦ᠌ ᠣᠷᠣᠨ ᠎ᠢ ᠴᠢᠨᠠᠷ ᠰᠠᠢᠲᠠᠶ ᠪᠥᠲᠥᠭᠡᠨ ᠪᠠᠢᠭᠤᠯᠤᠨ᠎ᠠ᠃ ᠠᠵᠤ ᠠᠬᠤᠢᠯᠠᠯ ᠎ᠤᠨ ᠱᠢᠨ᠎ᠡ ᠎ᠶ᠋ᠢ ᠡᠭᠦᠳᠬᠦ᠌ ᠭᠤᠤᠯ ᠴᠣᠭ᠍ᠴᠠ ᠎ᠶ᠋ᠢᠨ ᠪᠠᠢᠷᠢ ᠰᠠᠭᠤᠷᠢ ᠎ᠶ᠋ᠢ ᠴᠢᠩᠭᠠᠳᠬᠠᠵᠦ᠂ ᠬᠡᠪᠴᠢᠶᠡᠵᠢᠯ ᠎ᠡᠴᠡ ᠳᠡᠭᠡᠭ᠌ᠰᠢᠬᠢ ᠠᠵᠤ ᠦᠢᠯᠡᠳᠪᠦᠷᠢ ᠎ᠶ᠋ᠢᠨ ᠠᠵᠤ ᠠᠬᠤᠢᠯᠠᠯ᠎ᠤᠨ ᠰᠤᠳᠤᠯᠤᠨ ᠨᠡᠭᠡᠭᠡᠬᠦ᠌ ᠠᠵᠢᠯᠯᠠᠭ᠎ᠠ ᠎ᠶ᠋ᠢ ᠨᠡᠢᠳᠡᠮ ᠬᠠᠮᠤᠷᠬᠤ ᠎ᠶ᠋ᠢ ᠲᠦᠯᠬᠢᠨ ᠠᠬᠢᠭᠤᠯᠵᠤ᠂ ᠳᠡᠭᠡᠳᠦ ᠱᠢᠨ᠎ᠡ ᠮᠡᠷᠭᠡᠵᠢᠯ ᠎ᠦᠨ ᠠᠵᠤ ᠠᠬᠤᠢᠯᠠᠯ ᠪᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠎ᠦᠨ ᠬᠡᠯᠪᠡᠷᠢ ᠎ᠶ᠋ᠢᠨ ᠳᠤᠮᠳᠠ ᠵᠢᠵᠢᠭ ᠠᠵᠤ ᠠᠬᠤᠢᠯᠠᠯ ᠎ᠤᠨ 《ᠬᠣᠶᠠᠷ ᠲᠠᠬᠢᠨ ᠎ᠢᠶᠠᠷ ᠨᠡᠮᠡᠭ᠌ᠳᠡᠭᠦᠯᠬᠦ᠌》ᠠᠵᠢᠯᠯᠠᠭ᠎ᠠ ᠎ᠶ᠋ᠢ ᠬᠡᠷᠡᠭ᠌ᠵᠢᠭᠦᠯᠵᠦ᠍᠂ ᠨᠢᠭᠡ ᠪᠦᠯᠦᠭ 《ᠲᠤᠰᠭᠠᠶ ᠨᠠᠷᠢᠯᠢᠭ ᠣᠨᠴᠠ ᠱᠢᠨ᠎ᠡ》ᠳᠤᠮᠳᠠ ᠵᠢᠵᠢᠭ ᠠᠵᠤ ᠠᠬᠤᠢᠯᠠᠯ᠂ ᠱᠢᠨ᠎ᠡ ᠎ᠶ᠋ᠢ ᠡᠭᠦᠳᠬᠦ᠌ ᠬᠡᠯᠪᠡᠷᠢ ᠎ᠶ᠋ᠢᠨ ᠲᠠᠭᠠᠭᠤᠯᠤᠭ᠍ᠴᠢ ᠠᠵᠤ ᠠᠬᠤᠢᠯᠠᠯ ᠪᠠ ᠱᠢᠨ᠎ᠡ ᠎ᠶ᠋ᠢ ᠡᠭᠦᠳᠬᠦ᠌ ᠬᠣᠯᠪᠣᠭᠠᠲᠤ ᠴᠣᠭ᠍ᠴᠠ ᠎ᠶ᠋ᠢ ᠪᠣᠢᠵᠢᠭᠤᠯᠤᠨ᠎ᠠ᠃ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠪᠠᠢᠭᠤᠯᠤᠮᠵᠢ ᠵᠢᠨ ᠥᠭᠡᠷᠡᠴᠢᠯᠡᠯᠲᠡ ᠎ᠶ᠋ᠢ ᠭᠦᠨᠵᠡᠭᠡᠶ ᠠᠬᠢᠭᠤᠯᠵᠤ᠂ ᠵᠠᠰᠠᠭ ᠎ᠤᠨ ᠣᠷᠳᠣᠨ ᠎ᠤ ᠪᠡᠯᠡ ᠣᠷᠣᠭᠤᠯᠤᠯᠲᠠ ᠎ᠶ᠋ᠢᠨ ᠬᠠᠳᠠᠭᠤ ᠨᠡᠮᠡᠭ᠌ᠳᠡᠯ ᠎ᠦᠨ ᠲᠣᠭ᠍ᠲᠠᠴᠠ ᠪᠠ ᠨᠡᠢᠭᠡᠮ ᠎ᠦᠨ ᠤᠯᠠᠨ ᠠᠷᠭ᠎ᠠ ᠵᠠᠮ ᠎ᠤᠨ ᠪᠡᠯᠡ ᠣᠷᠣᠭᠤᠯᠤᠯᠲᠠ ᠎ᠶ᠋ᠢᠨ ᠤᠷᠮᠠᠱᠢᠭᠤᠯᠬᠤ ᠲᠣᠭ᠍ᠲᠠᠴᠠ ᠎ᠶ᠋ᠢ ᠪᠠᠢᠭᠤᠯᠵᠤ᠂ ᠴᠢᠬᠤᠯᠠ ᠶᠡᠬᠡ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠎ᠦᠨ ᠵᠦᠢᠯᠡᠰ ᠎ᠢ ᠲᠣᠭ᠍ᠲᠠᠭᠠᠬᠤ ᠪᠠ ᠵᠣᠬᠢᠶᠠᠨ ᠪᠠᠢᠭᠤᠯᠵᠤ ᠬᠠᠮᠢᠶᠠᠷᠬᠤ ᠠᠷᠭ᠎ᠠ ᠮᠠᠶᠢᠭ᠎ᠲᠤ ᠥᠭᠡᠷᠡᠴᠢᠯᠡᠯᠲᠡ ᠬᠢᠵᠦ᠍ ᠱᠢᠨ᠎ᠡ ᠎ᠶ᠋ᠢ ᠡᠭᠦᠳᠴᠦ᠍᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠎ᠦᠨ ᠦᠨᠡᠯᠡᠯᠲᠡ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠦᠨ᠂ ᠮᠡᠳᠡᠯᠭᠡ ᠎ᠶ᠋ᠢᠨ ᠥᠮᠴᠢᠯᠡᠯ᠎ᠤᠨ ᠡᠷᠬᠡ ᠎ᠶ᠋ᠢᠨ ᠬᠠᠮᠠᠭᠠᠯᠠᠯᠲᠠ ᠎ᠶ᠋ᠢ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠎ᠦᠨ ᠨᠡᠭᠡᠭᠡᠯᠲᠡᠲᠦ ᠬᠠᠮᠲᠤᠷᠠᠯᠴᠠᠭ᠎ᠠ ᠎ᠶ᠋ᠢ ᠥᠷᠭᠡᠳᠭᠡᠵᠦ᠍᠂ ᠲᠡᠷᠢᠭᠦᠨ ᠎ᠦ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠴᠢᠳᠠᠪᠤᠷᠢᠲᠠᠨ ᠪᠠ ᠱᠢᠨ᠎ᠡ᠎ᠶ᠋ᠢ ᠡᠭᠦᠳᠬᠦ᠌ ᠪᠦᠯᠬᠦᠮ ᠨᠡᠢᠲᠡ᠎ᠶ᠋ᠢ ᠬᠥᠲᠥᠯᠥᠨ ᠬᠥᠮᠦᠵᠢᠭᠦᠯᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠡᠯ᠎ᠡ ᠲᠦᠷᠦᠯ᠎ᠦᠨ ᠱᠢᠨ᠎ᠡ ᠎ᠶ᠋ᠢ ᠡᠭᠦᠳᠬᠦ᠌ ᠡᠬᠢ ᠪᠠᠶᠠᠯᠢᠭ ᠎ᠢ ᠬᠠᠮᠤᠭ᠎ᠤᠨ ᠶᠡᠬᠡ ᠬᠡᠮᠵᠢᠶ᠎ᠡ ᠎ᠪᠡᠷ ᠲᠥᠪᠯᠡᠷᠡᠭᠦᠯᠦᠨ ᠰᠠᠢᠲᠤᠷ ᠬᠡᠷᠡᠭ᠌ᠯᠡᠨ᠎ᠡ᠃ ᠱᠢᠨᠵᠢᠯᠡᠬᠦ᠌ ᠤᠬᠠᠭᠠᠨ ᠎ᠤ ᠵᠣᠷᠢᠭ ᠰᠠᠨᠠᠭ᠎ᠠ᠂ ᠱᠢᠨᠵᠢᠯᠡᠬᠦ᠌ ᠤᠬᠠᠭᠠᠨᠲᠠᠨ ᠎ᠤ ᠵᠣᠷᠢᠭ ᠰᠠᠨᠠᠭ᠎ᠠ᠎ᠶ᠋ᠢ ᠶᠡᠬᠡ ᠪᠡᠷ ᠪᠠᠳᠠᠷᠠᠭᠤᠯᠵᠤ᠂ ᠱᠢᠨ᠎ᠡ ᠎ᠶ᠋ᠢ ᠡᠭᠦᠳᠬᠦ᠌ ᠎ᠶ᠋ᠢ ᠡᠷᠬᠢᠮᠯᠡᠬᠦ᠂ ᠱᠢᠨ᠎ᠡ ᠎ᠶ᠋ᠢ ᠡᠭᠦᠳᠬᠦ᠌᠎ᠶ᠋ᠢ ᠤᠷᠮᠠᠱᠢᠭᠤᠯᠬᠤ᠂ ᠱᠢᠨ᠎ᠡ ᠎ᠶ᠋ᠢ ᠡᠭᠦᠳᠬᠦ᠌ ᠎ᠶ᠋ᠢ ᠪᠠᠭ᠍ᠲᠠᠭᠠᠬᠤ ᠨᠡᠢᠭᠡᠮ ᠎ᠦᠨ ᠤᠷᠴᠢᠨ᠎ᠢ ᠪᠤᠢ ᠪᠣᠯᠭᠠᠨ᠎ᠠ᠃  

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号