ᠭᠤᠤᠯ ᠰᠠᠨᠠᠭᠤᠯᠤᠮᠵᠢ
ᠱᠢᠨ᠎ᠡ ᠵᠠᠮ᠎ᠵᠢᠡᠷ ᠰᠠᠢᠲᠤᠷ ᠵᠠᠮᠨᠠᠬᠤ ᠪᠣᠯ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ ᠱᠢᠨ᠎ᠡ ᠴᠠᠭ ᠦᠶ᠎ᠡ᠎ᠳᠦ ᠣᠷᠣᠵᠤ᠂ ᠮᠠᠨ᠎ᠤ ᠤᠯᠤᠰ᠎ᠤᠨ ᠨᠡᠢᠭᠡᠮ᠎ᠦᠨ ᠭᠤᠤᠯ ᠵᠥᠷᠢᠴᠡᠯ᠎ᠳᠦ ᠭᠦᠨᠵᠡᠭᠡᠶ ᠬᠤᠪᠢᠷᠠᠯᠲᠠ ᠭᠠᠷᠣᠬᠰᠠᠨᠦ ᠪᠤᠰᠤᠳᠴᠢ ᠱᠠᠭᠠᠷᠳᠠᠯᠭ᠎ᠠ ᠮᠥᠨ᠂ ᠥᠪᠥᠷ ᠮᠣᠩᠭᠣᠯ᠎ᠤᠨ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠰᠠᠭᠤᠷᠢᠯᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠣᠰᠢᠯᠠᠭᠣᠯᠵᠦ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠦᠶ᠋ᠯᠡᠴᠢᠯᠡᠬᠦ᠌ ᠪᠠ ᠠᠭᠤᠰᠤᠯᠴᠠᠬᠤ᠎ᠶ᠋ᠢᠨ ᠵᠠᠢᠯᠠᠰᠢ ᠥᠬᠡᠶ ᠰᠣᠩᠭᠣᠯᠲᠠ ᠮᠥᠨ᠃
ᠱᠢᠨ᠎ᠡ ᠵᠠᠮ᠎ᠵᠢᠡᠷ ᠰᠠᠢᠲᠤᠷ ᠵᠠᠮᠨᠠᠬᠤ᠎ᠳᠤ᠂ ᠪᠢᠳᠡᠨ᠎ᠦ ᠤᠯᠤᠰ ᠲᠥᠷᠥ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠦᠨ᠂ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠬᠥᠭ᠌ᠵᠢᠯᠲᠡ᠎ᠶ᠋ᠢᠨ ᠰᠡᠳᠭᠢᠮᠵᠢ᠎ᠪᠡᠨ ᠲᠦᠷᠭᠡᠳᠭᠡᠨ ᠬᠤᠪᠢᠷᠠᠭᠤᠯᠵᠤ᠂ ᠱᠢᠨ᠎ᠡ ᠵᠠᠮ᠎ᠤᠨ ᠱᠠᠭᠠᠷᠳᠠᠯᠭ᠎ᠠ᠎ᠳᠤ ᠥᠯᠥ᠍ ᠨᠡᠢᠴᠡᠬᠦ᠌ ᠴᠢᠨᠠᠭ᠍ᠰᠢᠯᠠᠪᠠᠯ ᠲᠡᠭᠦᠨ᠎ᠡᠴᠡ ᠲᠡᠷᠰᠯᠡᠬᠦ ᠦᠵᠡᠯ ᠰᠠᠨᠠᠭ᠎ᠠ ᠣᠢᠯᠠᠭᠠᠭ᠍ᠳᠠᠬᠤᠨ᠂ ᠦᠶ᠋ᠯᠡ ᠠᠵᠢᠯᠯᠠᠭᠠᠨ᠎ᠦ ᠠᠷᠭ᠎ᠠ ᠬᠡᠯᠪᠡᠷᠢ᠂ ᠬᠥᠭ᠌ᠵᠢᠯᠲᠡ᠎ᠶ᠋ᠢᠨ ᠵᠠᠭ᠍ᠪᠤᠷ ᠲᠦ ᠡᠷᠡᠰ ᠳᠣᠭᠢᠷᠠᠭᠤᠯᠤᠯᠳᠠ ᠬᠢᠵᠦ ᠵᠠᠯᠠᠷᠠᠭᠤᠯᠬᠤ ᠪᠤᠶᠤ ᠲᠠᠶᠠᠭ᠍ᠳᠠᠵᠤ᠂ ᠬᠤᠷᠳᠤᠴᠠ ᠲᠠᠢ ᠵᠢᠭᠤᠷᠠᠯᠳᠤᠬᠤ᠂ ᠠᠷᠭ᠎ᠠ ᠵᠠᠮ ᠳ᠋ᠤ ᠲᠦᠱᠢᠭ᠌ᠯᠡᠬᠦ᠌ ᠡᠴᠡ ᠲᠣᠢᠯᠪᠣᠷᠢᠳᠠᠢ ᠵᠠᠢᠯᠠᠰᠬᠢᠬᠦ ᠬᠡᠷᠡᠭᠳᠡᠢ ᠬᠡᠵᠦ ᠱᠠᠭᠠᠷᠳᠠᠵᠦ ᠪᠠᠢᠨ᠎ᠠ᠃
ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠠᠴᠠ᠂ ᠨᠡᠢᠭᠡᠮ ᠵᠢᠷᠤᠮᠳᠦ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠮᠣᠷᠳᠠᠬᠤ᠎ᠳᠤ ᠥᠪᠥᠷ ᠮᠣᠩᠭᠣᠯ ᠡᠭᠦᠷᠭᠡᠯᠡᠵᠦ᠍ ᠪᠠᠢᠭ᠎ᠠ ᠴᠢᠬᠤᠯᠠ ᠶᠡᠬᠡ ᠬᠠᠷᠢᠭᠤᠴᠠᠯᠭ᠎ᠠ ᠪᠣᠯᠤᠨ ᠢᠷᠠᠭᠤ ᠠᠯᠳᠠᠷᠲᠤ ᠡᠭᠦᠷᠭᠡ᠎ᠪᠡᠨ ᠰᠠᠢᠲᠤᠷ ᠭᠦᠢᠴᠡᠳᠭᠡᠬᠦ᠌᠎ᠳᠦ ᠡᠷᠬᠡᠪᠰᠢ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭ᠌ᠵᠢᠯᠲᠡ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠤᠭᠳᠤ ᠭᠤᠢᠪᠢᠰᠢ ᠦᠭᠡᠢ ᠵᠠᠮᠨᠠᠬᠤ ᠬᠡᠷᠡᠭ᠌ᠲᠡᠢ ᠭᠡᠵᠦ᠍ ᠳᠤᠷᠠᠳᠴᠠᠢ᠃ ᠡᠨᠡ ᠬᠦ᠌ ᠱᠢᠨ᠎ᠡ ᠵᠠᠮ᠎ᠢᠶᠠᠷ ᠰᠠᠢᠲᠤᠷ ᠵᠠᠮᠨᠠᠬᠤ ᠪᠣᠯ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ ᠱᠢᠨ᠎ᠡ ᠴᠠᠭ ᠦᠶ᠎ᠡ᠎ᠳᠦ ᠣᠷᠣᠵᠤ᠂ ᠮᠠᠨ᠎ᠤ ᠤᠯᠤᠰ᠎ᠤᠨ ᠨᠡᠢᠭᠡᠮ᠎ᠦᠨ ᠭᠤᠤᠯ ᠵᠥᠷᠢᠴᠡᠯ᠎ᠳᠦ ᠭᠦᠨᠵᠡᠭᠡᠶ ᠬᠤᠪᠢᠷᠠᠯᠲᠠ ᠭᠠᠷᠣᠬᠰᠠᠨᠦ ᠪᠤᠰᠤᠳᠴᠢ ᠱᠠᠭᠠᠷᠳᠠᠯᠭ᠎ᠠ ᠮᠥᠨ᠂ ᠥᠪᠥᠷ ᠮᠣᠩᠭᠣᠯ᠎ᠤᠨ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠰᠠᠭᠤᠷᠢᠯᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠣᠰᠢᠯᠠᠭᠣᠯᠵᠦ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠦᠶ᠋ᠯᠡᠴᠢᠯᠡᠬᠦ᠌ ᠪᠠ ᠠᠭᠤᠰᠤᠯᠴᠠᠬᠤ᠎ᠶ᠋ᠢᠨ ᠵᠠᠢᠯᠠᠰᠢ ᠥᠬᠡᠶ ᠰᠣᠩᠭᠣᠯᠲᠠ ᠮᠥᠨ᠂ ᠵᠢᠮ᠎ᠡ ᠶᠣᠰᠣᠨ᠎ᠤ ᠬᠠᠨᠳᠤᠰᠢ᠂ ᠶᠡᠬᠡ ᠪᠠᠢᠳᠠᠯ᠎ᠦᠨ ᠬᠠᠨᠳᠤᠰᠢ᠂ ᠠᠷᠠᠳ ᠲᠦᠮᠡᠨ᠎ᠦ ᠬᠦᠰᠡᠯ ᠡᠷᠡᠮᠡᠯᠵᠡᠯ ᠮᠥᠨ᠃ ᠪᠢᠳᠡ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠠᠭᠤᠤ ᠶᠡᠬᠡ ᠲᠣᠭ᠎ᠢ ᠥᠨᠳᠥᠷ ᠮᠠᠨᠳᠤᠭᠤᠯᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠠᠴᠠ ᠥᠪᠥᠷ ᠮᠣᠩᠭᠣᠯ᠎ᠳᠤ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠠᠵᠢᠯᠯᠠᠭᠠᠨ᠎ᠤ ᠬᠥᠲᠥᠯᠪᠦᠷᠢ᠎ᠶ᠋ᠢ ᠦᠨᠡᠨ ᠬᠦ᠌ ᠱᠢᠨ᠎ᠡ ᠴᠠᠭ ᠦᠶ᠎ᠡ᠎ᠳᠦ ᠡᠷᠡᠮᠡᠬᠡᠢᠯᠡᠨ ᠲᠡᠮᠡᠴᠡᠬᠦ᠌᠂ ᠱᠢᠨ᠎ᠡ ᠠᠶᠠᠨ᠎ᠳᠤ ᠡᠷᠡᠯᠬᠡᠭ᠌ᠯᠡᠨ ᠤᠷᠤᠭ᠍ᠰᠢᠯᠠᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠥᠲᠥᠭᠡᠨ ᠪᠠᠢᠭᠤᠯᠬᠤ᠂ ᠠᠭᠤᠤ ᠶᠡᠬᠡ ᠳᠤᠮᠳᠠᠳᠤ᠎ᠶ᠋ᠢᠨ ᠵᠡᠭᠦᠳᠦ᠍᠎ᠪᠡᠨ ᠬᠠᠮᠲᠤ᠎ᠪᠠᠷ ᠲᠡᠷᠭᠡᠯᠱᠢᠭᠦᠯᠬᠦ᠌ ᠠᠮᠢᠳᠤᠯᠢᠭ ᠦᠶ᠋ᠯᠡᠳᠦᠯᠭᠡ ᠪᠣᠯᠭᠠᠨ ᠬᠤᠪᠢᠷᠠᠭᠤᠯᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠣ ᠪᠣᠬᠢᠷᠲᠤᠯ ᠥᠬᠡᠶ ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ ᠶ᠋ᠢᠨ ᠱᠢᠨ᠎ᠡ ᠵᠠᠮ᠎ᠢᠶᠠᠷ ᠯᠠᠪᠳᠠᠭᠤᠨ ᠪᠠᠲᠤᠲᠠᠶ ᠰᠠᠢᠲᠤᠷ ᠵᠠᠮᠨᠠᠬᠤ ᠬᠡᠷᠡᠭ᠌ᠲᠡᠶ᠃
ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ᠎ᠢ ᠪᠠᠲᠤᠯᠠᠵᠤ ᠬᠥᠭ᠌ᠵᠢᠯᠲᠡ᠎ᠶ᠋ᠢᠨ ᠰᠡᠳᠭᠢᠮᠵᠢ᠎ᠶ᠋ᠢ ᠲᠦᠷᠭᠡᠳᠭᠡᠨ ᠬᠤᠪᠢᠷᠠᠭᠤᠯᠬᠣ ᠬᠡᠷᠡᠭᠳᠡᠢ
ᠴᠢᠨᠠᠷ ᠰᠠᠢᠲᠠᠢ ᠬᠥᠭ᠌ᠵᠢᠯᠲᠡ ᠨᠢ ᠵᠥᠪᠬᠡᠨ ᠠᠵᠤ ᠠᠬᠤᠢ᠎ᠶ᠋ᠢᠨ ᠱᠠᠭᠠᠷᠳᠠᠯᠭ᠎ᠠ ᠲᠡᠳᠦᠢ ᠪᠢᠰᠢ᠂ ᠬᠠᠷᠢᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠲᠠᠯ᠎ᠠ ᠲᠠᠯ᠎ᠠ᠎ᠶ᠋ᠢᠨ ᠶᠡᠷᠦᠩᠬᠡᠢ ᠱᠠᠭᠠᠷᠳᠠᠯᠭ᠎ᠠ ᠪᠣᠯᠤᠨ᠎ᠠ; ᠵᠥᠪᠬᠡᠨ ᠠᠵᠤ ᠠᠬᠤᠢ ᠬᠥᠭ᠌ᠵᠢᠭ᠌ᠰᠡᠨ ᠭᠠᠵᠠᠷ ᠣᠷᠣᠨ᠎ᠳᠤ ᠲᠠᠯᠪᠢᠬᠤ ᠱᠠᠭᠠᠷᠳᠠᠯᠭ᠎ᠠ ᠪᠢᠰᠢ᠂ ᠬᠠᠷᠢᠨ ᠪᠤᠢ ᠪᠦᠬᠦᠢ ᠭᠠᠵᠠᠷ ᠣᠷᠣᠨ᠎ᠤ ᠬᠥᠭ᠌ᠵᠢᠯᠲᠡ᠎ᠳᠦ ᠡᠷᠬᠡᠪᠰᠢ ᠲᠤᠭᠣᠰᠢᠯᠠᠭᠣᠯᠬᠣ ᠱᠠᠭᠠᠷᠳᠠᠯᠭ᠎ᠠ ᠪᠣᠯᠤᠨ᠎ᠠ; ᠨᠢᠭᠡ ᠴᠠᠭ᠎ᠤᠨ ᠱᠠᠭᠠᠷᠳᠠᠯᠭ᠎ᠠ ᠪᠢᠰᠢ᠂ ᠬᠠᠷᠢᠨ ᠡᠷᠬᠡᠪᠰᠢ ᠤᠷᠲᠤ ᠬᠤᠭᠤᠴᠠᠭ᠎ᠠ᠎ᠪᠠᠷ ᠪᠠᠷᠢᠮᠲᠠᠯᠠᠬᠤ ᠱᠠᠭᠠᠷᠳᠠᠯᠭ᠎ᠠ ᠮᠥᠨ᠃ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠰᠠᠢᠲᠤᠷ ᠵᠠᠮᠨᠠᠬᠤ ᠪᠣᠯ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠂ ᠬᠥᠭ᠌ᠵᠢᠯᠲᠡ᠎ᠶ᠋ᠢᠨ ᠠᠷᠭ᠎ᠠ ᠵᠠᠮ᠂ ᠬᠥᠭ᠌ᠵᠢᠯᠲᠡ᠎ᠶ᠋ᠢᠨ ᠠᠷᠭ᠎ᠠ ᠬᠡᠯᠪᠡᠷᠢ᠂ ᠬᠥᠭ᠌ᠵᠢᠯᠲᠡ᠎ᠶ᠋ᠢᠨ ᠬᠠᠷᠠᠯᠲᠠ᠎ᠶ᠋ᠢᠨ ᠪᠦᠬᠦ᠌ ᠲᠠᠯ᠎ᠠ᠎ᠶ᠋ᠢᠨ ᠬᠤᠪᠢᠷᠠᠯᠲᠠ ᠮᠥᠨ ᠂ ᠪᠦᠬᠦ᠌ ᠲᠠᠯ᠎ᠠ᠎ᠶ᠋ᠢᠨ ᠴᠢᠨᠠᠷᠲᠠᠢ᠂ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ᠂ ᠤᠷᠳᠤ ᠬᠤᠭᠤᠴᠠᠭᠠᠲᠤ ᠴᠢᠨᠠᠷᠲᠠᠢ ᠱᠠᠭᠠᠷᠳᠠᠯᠭ᠎ᠠ ᠮᠥᠨ᠂ ᠪᠤᠢ ᠪᠦᠬᠦᠢ ᠬᠦᠷᠢᠶ᠎ᠡ᠂ ᠣᠷᠣᠨ ᠪᠦᠰᠡ᠂ ᠠᠵᠤ ᠦᠢᠯᠡᠰ᠂ ᠠᠵᠢᠯ ᠲᠦᠷᠦᠯ ᠴᠥᠮ ᠡᠭᠦᠨ᠎ᠳᠦ ᠠᠩᠬᠠᠷᠤᠯ᠎ᠢᠶᠠᠨ ᠲᠥᠪᠯᠡᠷᠡᠭᠦᠯᠦᠨ ᠬᠦᠴᠦᠯᠡᠵᠦ᠍᠂ ᠡᠯ᠎ᠡ ᠵᠦᠢᠯ᠎ᠦᠨ ᠴᠢᠬᠤᠯᠠ ᠶᠡᠬᠡ ᠬᠠᠷᠠᠯᠲᠠ ᠡᠭᠦᠷᠭᠡ᠂ ᠴᠢᠬᠤᠯᠠ ᠶᠡᠬᠡ ᠲᠦᠷᠦ᠍᠎ᠶ᠋ᠢᠨ ᠪᠤᠳᠤᠯᠭ᠎ᠠ ᠠᠷᠭ᠎ᠠ ᠬᠡᠮᠵᠢᠶ᠎ᠡ᠂ ᠴᠢᠬᠤᠯᠠ ᠶᠡᠬᠡ ᠢᠨᠵᠧᠨᠧᠷᠢᠩ᠎ᠦᠨ ᠲᠦᠷᠦᠯ ᠵᠦᠢᠯ᠎ᠢ ᠴᠥᠮ ᠡᠨᠡ ᠬᠦ᠌ ᠪᠠᠢᠷᠢᠱᠢᠯ ᠶᠣᠰᠣᠭᠠᠷ ᠥᠷᠨᠢᠭᠦᠯᠬᠦ᠌ ᠬᠡᠷᠡᠭ᠌ᠲᠡᠢ᠃ ᠡᠨᠡ ᠨᠢ ᠳᠠᠷᠤᠢ ᠪᠢᠳᠡᠨ᠎ᠢ ᠤᠯᠤᠰ ᠲᠦᠷᠦ᠍᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠬᠥᠭ᠌ᠵᠢᠯᠲᠡ᠎ᠶ᠋ᠢᠨ ᠰᠡᠳᠭᠢᠴᠡ᠎ᠪᠡᠨ ᠲᠦᠷᠭᠡᠳᠭᠡᠨ ᠬᠤᠪᠢᠷᠠᠭᠤᠯᠵᠤ᠂ ᠱᠢᠨ᠎ᠡ ᠵᠠᠮ᠎ᠤᠨ ᠱᠠᠭᠠᠷᠳᠠᠯᠭ᠎ᠠ᠎ᠳᠤ ᠦᠯᠦ᠍ ᠨᠡᠢᠴᠡᠬᠦ᠌ ᠴᠢᠨᠠᠭ᠍ᠰᠢᠯᠠᠪᠠᠯ ᠲᠡᠭᠦᠨ᠎ᠡᠴᠡ ᠲᠡᠷᠰᠯᠡᠬᠦ᠌ ᠦᠵᠡᠯ ᠰᠠᠨᠠᠭ᠎ᠠ ᠣᠢᠯᠠᠭᠠᠭ᠍ᠳᠠᠬᠤᠨ᠂ ᠦᠢᠯᠡ ᠠᠵᠢᠯᠯᠠᠭ᠎ᠠ᠎ᠶ᠋ᠢᠨ ᠠᠷᠭ᠎ᠠ ᠬᠡᠯᠪᠡᠷᠢ᠂ ᠬᠥᠭ᠌ᠵᠢᠯᠲᠡ᠎ᠶ᠋ᠢᠨ ᠵᠠᠭ᠍ᠪᠤᠷ᠎ᠲᠤ ᠡᠷᠡᠰ ᠲᠤᠬᠢᠷᠠᠭᠤᠯᠤᠯᠳᠠ ᠬᠢᠵᠦ ᠵᠠᠯᠠᠷᠠᠭᠤᠯᠬᠤ ᠪᠤᠶᠤ ᠲᠠᠶᠠᠭ᠍ᠳᠠᠵᠤ᠂ ᠬᠤᠷᠳᠤᠴᠠ᠎ᠲᠠᠢ ᠵᠢᠭᠤᠷᠠᠯᠳᠤᠬᠤ ᠂ ᠠᠷᠭ᠎ᠠ ᠵᠠᠮ᠎ᠳᠦ ᠲᠦᠱᠢᠭ᠌ᠯᠡᠬᠦ ᠡᠴᠡ ᠲᠤᠢᠯᠪᠤᠷᠢᠲᠠᠢ ᠠᠩᠭᠢᠵᠢᠷᠠᠵᠤ᠂ ᠳᠠᠷᠤᠯᠲᠠ᠎ᠶ᠋ᠢ ᠳᠠᠭᠠᠭᠠᠵᠤ᠂ ᠡᠪᠡᠷᠱᠢᠶᠡᠯ᠎ᠢ ᠲᠡᠰᠪᠦᠷᠢᠯᠡᠵᠦ᠍᠂ ᠯᠠᠪᠳᠠᠭᠤᠨ ᠪᠠᠲᠤᠲᠠᠢ᠎ᠪᠠᠷ ᠱᠢᠨ᠎ᠡ ᠵᠠᠮ᠎ᠢᠶᠠᠷ ᠰᠠᠢᠲᠤᠷ ᠵᠠᠮᠨᠠᠬᠤ᠎ᠶ᠋ᠢ ᠱᠠᠭᠠᠷᠳᠠᠵᠤ ᠪᠠᠢᠨ᠎ᠠ᠃ ᠨᠢᠳᠤᠨ ᠴᠡᠴᠡᠭᠡᠢ᠎ᠪᠡᠨ ᠬᠠᠮᠠᠭᠠᠯᠠᠬᠤ ᠲᠠᠶ ᠠᠳᠠᠯᠢ᠎ᠪᠠᠷ ᠠᠮᠢ ᠠᠬᠤᠢ ᠣᠷᠴᠢᠨ ᠲᠣᠭᠣᠷᠢᠨ᠎ᠢ ᠬᠠᠮᠠᠭᠠᠯᠠᠵᠤ᠂ ᠠᠮᠢ ᠨᠠᠰᠤᠨ᠎ᠳᠤ ᠬᠠᠨᠳᠤᠬᠤ᠎ᠲᠠᠶ ᠠᠳᠠᠯᠢ᠎ᠪᠠᠷ ᠠᠮᠢ ᠠᠬᠤᠢ ᠣᠷᠴᠢᠨ ᠲᠣᠭᠣᠷᠢᠨ᠎ᠳᠤ ᠬᠠᠨᠳᠤᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠢᠭᠤᠯᠬᠤ ᠬᠡᠷᠡᠭ᠌ᠲᠡᠢ; 《ᠲᠦᠷᠪᠡᠨ ᠤᠯᠠᠨ ᠲᠦᠷᠪᠡᠨ ᠴᠥᠭᠡᠨ》 ᠤ ᠪᠠᠢᠳᠠᠯ᠎ᠢ ᠴᠢᠷᠮᠠᠢᠨ ᠬᠤᠪᠢᠷᠠᠭᠤᠯᠵᠤ᠂ ᠤᠯᠠᠨ ᠡᠱᠢᠴᠢᠯᠡᠨ ᠬᠥᠭ᠌ᠵᠢᠬᠦ᠌᠂ ᠤᠯᠠᠨ ᠲᠤᠢᠯ᠎ᠢᠶᠠᠷ ᠲᠤᠯᠭᠠᠭᠤᠷᠢᠯᠠᠬᠤ ᠤᠳᠤ ᠦᠶ᠎ᠡ᠎ᠶ᠋ᠢᠨ ᠠᠵᠤ ᠦᠢᠯᠡᠰ᠎ᠦᠨ ᠱᠢᠨ᠎ᠡ ᠱᠢᠰᠲᠸᠮ᠎ᠢ ᠪᠠᠢᠭᠤᠯᠵᠤ᠂ ᠪᠣᠬᠢᠷᠲᠤᠯ ᠦᠭᠡᠢ ᠬᠥᠭ᠌ᠵᠢᠯᠲᠡ᠂ ᠴᠢᠨᠠᠷ ᠰᠠᠢᠲᠠᠢ ᠬᠥᠭ᠌ᠵᠢᠯᠲᠡ᠎ᠶ᠋ᠢ ᠭᠤᠢᠪᠢᠰᠢ ᠦᠭᠡᠢ ᠪᠠᠷᠢᠮᠲᠠᠯᠠᠵᠤ᠂ ᠠᠵᠤ ᠠᠬᠤᠢ᠎ᠶ᠋ᠢᠨ ᠬᠡᠯᠪᠡᠷᠢ᠎ᠶ᠋ᠢ ᠬᠤᠪᠢᠷᠠᠭᠤᠯᠬᠤ᠎ᠶ᠋ᠢ ᠭᠤᠢᠪᠢᠰᠢ ᠦᠭᠡᠢ ᠠᠬᠢᠭᠤᠯᠵᠤ᠂ ᠤᠯᠤᠰ᠎ᠤᠨ ᠡᠨᠧᠷᠭᠢᠪᠠᠪᠠᠢᠯᠳᠤᠬᠤᠪᠤᠳᠤᠯᠭᠠᠶ᠋ᠢᠨ ᠡᠬᠢ ᠪᠠᠶᠠᠯᠢᠭ᠎ᠤᠨ ᠰᠠᠭᠤᠷᠢᠨ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠪᠠᠢᠭᠤᠯᠬᠤ ᠬᠡᠷᠡᠭ᠌ᠲᠡᠢ; ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠣᠰ ᠣᠷᠴᠢᠯ᠎ᠢ ᠱᠢᠯᠤᠭᠤᠳᠭᠠᠵᠤ᠂ ᠣᠷᠣᠨ ᠪᠠᠢᠷᠢ᠎ᠶ᠋ᠢᠨ ᠳᠠᠪᠠᠭᠤᠯᠢᠭ᠎ᠢᠶᠠᠨ ᠨᠡᠭᠡᠭᠡᠯᠳᠠ᠎ᠶ᠋ᠢᠨ ᠳᠠᠪᠠᠭᠤᠯᠢᠭ᠂ ᠬᠥᠭ᠌ᠵᠢᠯᠲᠡ᠎ᠶ᠋ᠢᠨ ᠳᠠᠪᠠᠭᠤᠯᠢᠭ ᠪᠣᠯᠭᠠᠨ ᠨᠡᠩ ᠰᠠᠢᠲᠤᠷ ᠬᠤᠪᠢᠷᠠᠭᠤᠯᠵᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠳᠠ ᠬᠢᠬᠦ᠌ ᠴᠢᠬᠤᠯᠠ ᠪᠡᠬᠢᠯᠡᠯᠲᠡ᠎ᠶ᠋ᠢ ᠪᠦᠳᠦᠭᠡᠨ ᠪᠠᠢᠭᠤᠯᠬᠤ ᠬᠡᠷᠡᠭ᠌ᠲᠡᠢ᠃
ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠵᠤ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠣ ᠬᠡᠷᠡᠭᠳᠡᠢ
ᠥᠪᠥᠷ ᠮᠣᠩᠭᠣᠯ᠎ᠳᠤ ᠣᠶ ᠱᠢᠭᠤᠶ᠂ ᠨᠤᠲᠤᠭ ᠪᠡᠯᠴᠢᠭᠡᠷ᠂ ᠨᠤᠭᠤ ᠭᠠᠵᠠᠷ ᠵᠡᠷᠭᠡ ᠡᠯᠪᠡᠭ ᠪᠠᠶᠠᠯᠢᠭ ᠪᠠᠢᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠲᠠᠯᠠᠪᠠᠶ᠎ᠪᠠᠷ ᠬᠠᠮᠤᠭ᠎ᠤᠨ ᠶᠡᠬᠡ᠂ ᠲᠥᠷᠥᠯ ᠵᠦᠶ᠋ᠯ᠎ᠢᠶᠡᠷ ᠬᠠᠮᠤᠭ᠎ᠤᠨ ᠪᠦᠷᠢᠨ ᠠᠮᠢ ᠠᠬᠤᠶ᠎ᠶ᠋ᠢᠨ ᠴᠢᠳᠠᠮᠵᠢᠲᠤ ᠣᠷᠣᠨ ᠪᠣᠯᠤᠨ᠎ᠠ᠂ ᠣᠶ ᠱᠢᠭᠤᠶ᠎ᠶ᠋ᠢᠨ ᠲᠠᠯᠠᠪᠠᠶ᠂ ᠨᠤᠲᠤᠭ ᠪᠡᠯᠴᠢᠭᠡᠷ᠎ᠦᠨ ᠲᠠᠯᠠᠪᠠᠶ᠎ᠨᠢ ᠴᠥᠮ ᠪᠥᠬᠥ᠌ ᠤᠯᠤᠰ᠎ᠤᠨ ᠲᠡᠷᠢᠭᠦᠨ᠎ᠳᠦ ᠣᠷᠣᠵᠤ᠂ ᠨᠤᠭᠤ ᠭᠠᠵᠠᠷ᠎ᠤᠨ ᠲᠠᠯᠠᠪᠠᠶ᠎ᠨᠢ ᠪᠥᠬᠥ᠌ ᠤᠯᠤᠰ᠎ᠤᠨ ᠭᠤᠷᠪᠠᠳᠤᠭᠠᠷ᠎ᠲᠤ ᠣᠷᠣᠨ᠎ᠠ᠃ ᠥᠪᠥᠷ ᠮᠣᠩᠭᠣᠯ᠎ᠤᠨ ᠠᠮᠢ ᠠᠬᠤᠢ᠎ᠶ᠋ᠢᠨ ᠪᠠᠢᠳᠠᠯ ᠶᠠᠮᠠᠷ ᠪᠠᠢᠬᠤ ᠨᠢ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠣᠷᠣᠱᠢᠨ ᠲᠣᠭ᠍ᠲᠠᠨᠢᠯ ᠪᠠ ᠬᠥᠭ᠌ᠵᠢᠯᠲᠡ᠎ᠲᠡᠶ ᠬᠣᠯᠪᠣᠭ᠍ᠳᠠᠬᠤ᠎ᠪᠠᠷ ᠪᠠᠷᠠᠬᠤ ᠦᠭᠡᠢ ᠤᠮᠠᠷᠠᠲᠤ ᠣᠷᠣᠨ᠂ ᠵᠡᠭᠦᠨ ᠬᠣᠢᠲᠤ ᠣᠷᠣᠨ᠂ ᠪᠠᠷᠠᠭᠤᠨ ᠬᠣᠢᠲᠤ ᠣᠷᠣᠨ᠂ ᠴᠢᠨᠠᠭ᠍ᠰᠢᠯᠠᠪᠠᠯ ᠪᠦᠬᠦ᠌ ᠤᠯᠤᠰ᠎ᠤᠨ ᠠᠮᠢ ᠠᠬᠤᠢ᠎ᠶ᠋ᠢᠨ ᠠᠮᠤᠷ ᠲᠦᠪᠱᠢᠨ᠎ᠲᠡᠶ ᠬᠣᠯᠪᠣᠭ᠍ᠳᠠᠨ᠎ᠠ᠃ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ ᠪᠣᠯ ᠥᠪᠥᠷ ᠮᠣᠩᠭᠣᠯ᠎ᠤᠨ ᠡᠷᠬᠡᠪᠰᠢ ᠡᠭᠦᠷᠭᠡᠯᠡᠬᠦ᠌ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ ᠮᠥᠨ ᠂ ᠡᠷᠬᠡᠪᠰᠢ ᠰᠡᠳᠭᠢᠯ᠎ᠳᠡᠭᠡᠨ ᠪᠠᠲᠤ ᠴᠡᠭᠡᠵᠢᠯᠡᠬᠦ᠌ 《ᠤᠯᠤᠰ᠎ᠤᠨ ᠶᠡᠬᠡ ᠶᠠᠪᠤᠳᠠᠯ》 ᠮᠥᠨ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠳᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠢᠮᠠᠭ᠍ᠲᠠ ᠳᠡᠢᠯᠦᠩᠭᠦᠢ ᠪᠠᠢᠷᠢᠨ᠎ᠳᠤ ᠲᠠᠯᠪᠢᠵᠤ᠂ ᠶᠡᠬᠡ ᠬᠠᠮᠠᠭᠠᠯᠠᠯᠲᠠ᠎ᠶ᠋ᠢ ᠬᠠᠮᠲᠤ᠎ᠪᠠᠷ ᠠᠳᠭᠤᠬᠤ᠎ᠶ᠋ᠢ ᠪᠠᠷᠢᠮᠲᠠᠯᠠᠵᠤ᠂ ᠶᠡᠬᠡ ᠨᠡᠬᠡᠬᠡᠯᠳᠡ ᠬᠢᠬᠦ᠌ ᠦᠬᠡᠢ ᠪᠠᠢᠵᠤ᠂ ᠡᠬᠢ ᠪᠠᠶᠠᠯᠢᠭ ᠣᠷᠴᠢᠨ ᠲᠣᠭᠣᠷᠢᠨ᠎ᠤ ᠳᠠᠭᠠᠭᠠᠴᠠ᠎ᠳᠤ ᠰᠠᠭᠤᠷᠢᠯᠠᠵᠤ᠂ ᠡᠯ᠎ᠡ ᠭᠠᠵᠠᠷ᠎ᠤᠨ ᠬᠠᠷᠢᠴᠠᠭᠤᠯᠤᠭ᠍ᠰᠠᠨ ᠳᠠᠪᠠᠭᠤᠯᠢᠭ᠎ᠢ ᠪᠠᠳᠠᠷᠠᠭᠤᠯᠵᠤ᠂ ᠤᠯᠤᠰ᠎ᠤᠨ ᠭᠠᠵᠠᠷ ᠱᠢᠷᠣᠢ ᠶ᠋ᠢᠨ ᠣᠷᠣᠨ ᠵᠠᠢ᠎ᠶ᠋ᠢᠨ ᠬᠡᠷᠡᠭ᠌ᠴᠡᠭᠡ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠵᠤ᠂ ᠭᠣᠣᠯ ᠴᠣᠭ᠍ᠴᠠ ᠶ᠋ᠢᠨ ᠴᠢᠳᠠᠮᠵᠢ᠎ᠶ᠋ᠢᠨ ᠪᠠᠢᠷᠢ ᠲᠣᠭ᠍ᠲᠠᠭᠠᠯᠲᠠ ᠶᠣᠰᠣᠭᠠᠷ ᠴᠢᠬᠤᠯᠠ ᠶᠡᠬᠡ ᠰᠠᠭᠤᠷᠢ ᠲᠥᠬᠥᠭᠡᠷᠦᠮᠵᠢ᠂ ᠴᠢᠬᠤᠯᠠ ᠶᠡᠬᠡ ᠦᠢᠯᠡᠳᠪᠦᠷᠢᠯᠡᠯ᠎ᠦᠨ ᠬᠦᠴᠦᠨ ᠪᠣᠯᠤᠨ ᠤᠯᠠᠨ ᠨᠡᠢᠲᠡ᠎ᠶ᠋ᠢᠨ ᠡᠬᠢ ᠪᠠᠶᠠᠯᠢᠭ᠎ᠤᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠠᠮᠢ ᠠᠬᠤᠢ᠎ᠶ᠋ᠢᠨ ᠴᠢᠳᠠᠮᠵᠢᠳᠤ ᠣᠷᠣᠨ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠭᠣᠣᠯ ᠭᠠᠷᠤᠯᠲᠠ᠎ᠶ᠋ᠢᠨ ᠣᠷᠣᠨ᠂ ᠬᠣᠲᠠᠴᠢᠯᠠᠭ᠍ᠰᠠᠨ ᠭᠠᠵᠠᠷ ᠣᠷᠣᠨ ᠵᠡᠷᠭᠡ ᠭᠤᠷᠪᠠᠨ ᠶᠡᠬᠡ ᠣᠷᠣᠨ ᠵᠠᠢ᠎ᠶ᠋ᠢᠨ ᠪᠠᠢᠷᠢᠱᠢᠯ᠎ᠢ ᠠᠯᠬᠤᠮ ᠠᠯᠬᠤᠮ᠎ᠢᠶᠠᠷ ᠪᠦᠷᠢᠯᠳᠦᠭᠦᠯᠬᠦ᠌ ᠬᠡᠷᠡᠭ᠌ᠲᠡᠢ; ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ᠎ᠶ᠋ᠢ ᠨᠢᠭᠡ ᠴᠤᠬ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠪᠠᠷᠢᠮᠲᠠᠯᠠᠵᠤ᠂ ᠨᠤᠲᠤᠭ ᠪᠡᠯᠴᠢᠭᠡᠷ ᠤᠢ ᠱᠢᠭᠤᠢ᠎ᠶ᠋ᠢ ᠬᠠᠮᠠᠭᠠᠯᠠᠨ ᠰᠡᠷᠭᠦᠭᠡᠬᠦ᠌᠎ᠶ᠋ᠢ ᠴᠢᠩᠭᠠᠳᠭᠠᠵᠤ᠂ ᠰᠠᠪᠠ ᠭᠠᠵᠠᠷ᠎ᠢ ᠶᠡᠷᠦᠩᠬᠡᠢᠯᠡᠨ ᠵᠠᠰᠠᠬᠤ ᠪᠠ ᠨᠤᠭᠤ ᠭᠠᠵᠠᠷ᠎ᠢ ᠬᠠᠮᠠᠭᠠᠯᠠᠨ ᠰᠡᠷᠭᠦᠭᠡᠬᠦ᠌᠎ᠶ᠋ᠢ ᠠᠬᠢᠭᠤᠯᠵᠤ᠂ ᠭᠠᠵᠠᠷ ᠱᠢᠷᠣᠢ᠎ᠶ᠋ᠢᠨ ᠡᠯᠡᠰᠦᠷᠬᠡᠭ᠌ᠵᠢᠯ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ᠎ᠶ᠋ᠢ ᠴᠢᠩᠭᠠᠳᠭᠠᠵᠤ᠂ ᠴᠢᠨᠠᠷ ᠰᠠᠢᠲᠠᠢ ᠠᠮᠢ ᠠᠬᠤᠢ᠎ᠶ᠋ᠢᠨ ᠪᠦᠲᠦᠭᠡᠭ᠌ᠳᠡᠬᠦᠨ᠎ᠦ ᠬᠠᠩᠭᠠᠯᠭ᠎ᠠ᠎ᠶ᠋ᠢ ᠪᠦᠲᠦᠮᠵᠢᠲᠡᠢ ᠨᠡᠮᠡᠭ᠌ᠳᠡᠭᠦᠯᠦᠨ᠎ᠡ; ᠪᠣᠬᠢᠷᠲᠤᠯ᠎ᠢ ᠪᠠᠭᠠᠰᠭᠠᠵᠤ ᠨᠡᠭᠦᠷᠡᠰᠦᠲᠥ᠋ᠷᠥᠭ᠌ᠴᠢ᠎ᠶ᠋ᠢ ᠪᠠᠭᠠᠰᠭᠠᠬᠤ ᠬᠠᠮᠵᠢᠯᠴᠠᠬᠤ ᠦᠢᠯᠡᠳᠦᠯ᠎ᠢ ᠪᠡᠶᠡᠯᠡᠭᠦᠯᠬᠦ᠌᠎ᠶ᠋ᠢ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠭᠦᠨᠵᠡᠭᠡᠢ ᠰᠠᠢᠲᠤᠷ ᠬᠢᠬᠦ᠌᠎ᠶ᠋ᠢᠨ ᠬᠠᠷᠠᠯᠲᠠ ᠱᠠᠭᠠᠷᠳᠠᠯᠭ᠎ᠠ ᠪᠣᠯᠭᠠᠵᠤ᠂ ᠠᠵᠤ ᠦᠢᠯᠡᠰ᠎ᠦᠨ ᠪᠦᠲᠦᠴᠡ᠎ᠶ᠋ᠢᠨ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠬᠦ᠌᠎ᠶ᠋ᠢ ᠲᠦᠷᠭᠡᠳᠭᠡᠵᠦ᠍᠂ ᠠᠷᠢᠭᠤᠨ ᠴᠡᠪᠡᠷ ᠨᠡᠭᠦᠷᠡᠰᠦᠲᠥ᠋ᠷᠥᠭ᠌ᠴᠢ ᠪᠠᠭ᠎ᠠ ᠡᠨᠧᠷᠭᠢ᠎ᠶ᠋ᠢᠨ ᠱᠢᠰᠲ᠋ᠧᠮ᠎ᠢ ᠪᠠᠢᠭᠤᠯᠵᠤ᠂ ᠪᠣᠬᠢᠷᠲᠤᠯ ᠦᠭᠡᠢ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠱᠢᠰᠲ᠋ᠧᠮ᠎ᠢ ᠬᠦᠴᠦᠯᠡᠨ ᠪᠠᠢᠭᠤᠯᠵᠤ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠪᠦᠬᠦ᠌ ᠲᠠᠯ᠎ᠠ᠎ᠶ᠋ᠢᠨ ᠪᠣᠬᠢᠷᠲᠤᠯ ᠦᠭᠡᠢ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠬᠡᠯᠪᠡᠷᠢ᠎ᠶ᠋ᠢᠨ ᠬᠤᠪᠢᠷᠠᠯᠲᠠ᠎ᠶ᠋ᠢ ᠠᠬᠢᠭᠤᠯᠬᠤ ᠬᠡᠷᠡᠭ᠌ᠲᠡᠢ᠃
ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ ᠦ ᠪᠣᠬᠢᠷᠲᠤᠯ ᠥᠬᠡᠶ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠬᠡᠯᠪᠡᠷᠢᠲᠠᠢᠰᠢ ᠬᠣᠪᠢᠷᠠᠬᠣ ᠵᠢ ᠠᠬᠢᠭᠣᠯᠵᠦ ᠤᠯᠤᠰ᠎ᠤᠨ ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ᠎ᠶ᠋ᠢᠨ ᠵᠢᠱ᠌ᠢᠶ᠎ᠡ ᠦᠵᠡᠭᠦᠯᠬᠦ᠌ ᠣᠷᠣᠨ᠎ᠢ ᠪᠥᠲᠥᠭᠡᠨ ᠪᠠᠢᠭᠤᠯᠬᠤ ᠬᠡᠷᠡᠭᠳᠡᠢ
ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ᠎ᠶ᠋ᠢᠨ ᠠᠵᠢᠯ᠎ᠢ ᠰᠠᠢᠲᠤᠷ ᠬᠢᠬᠦ᠌ ᠪᠣᠯ ᠥᠪᠥᠷ ᠮᠣᠩᠭᠣᠯ᠎ᠤᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠦᠶ᠋ᠯᠡᠴᠢᠯᠡᠬᠦ᠌ ᠪᠠ ᠠᠭᠤᠰᠤᠯᠴᠠᠬᠤ ᠠᠬᠤᠶ ᠪᠠᠢᠳᠠᠯ ᠳᠤᠤᠷ᠎ᠠ᠂ ᠤᠯᠤᠰ᠎ᠤᠨ ᠡᠨᠧᠷᠭᠢ ᠪᠠ ᠪᠠᠢᠯᠳᠤᠬᠤ ᠪᠣᠳᠣᠯᠭ᠎ᠠ ᠶ᠋ᠢᠨ ᠡᠬᠢ ᠪᠠᠶᠠᠯᠢᠭ᠎ᠤᠨ ᠰᠠᠭᠤᠷᠢᠨ᠎ᠢ ᠴᠢᠨᠠᠷ ᠰᠠᠢᠲᠠᠶ ᠪᠥᠲᠥᠭᠡᠨ ᠪᠠᠢᠭᠤᠯᠵᠤ᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠢ ᠪᠠᠲᠤᠯᠠᠬᠤ᠂ ᠠᠵᠤ ᠦᠶ᠋ᠯᠡᠰ᠎ᠦᠨ ᠠᠮᠤᠷ ᠲᠦᠪᠱᠢᠨ᠎ᠢ ᠰᠠᠢᠲᠤᠷ ᠭᠦᠶ᠋ᠴᠡᠳᠭᠡᠬᠦ ᠴᠢᠬᠣᠯᠠ ᠶᠡᠬᠡ ᠣᠯᠣᠰ ᠲᠦᠷᠦ ᠵᠢᠨ ᠬᠠᠷᠢᠭᠣᠴᠠᠯᠭ᠎ᠠ ᠵᠢᠨ ᠦᠨᠳᠦᠰᠦᠨ ᠱᠠᠭᠠᠷᠳᠠᠯᠭ᠎ᠠ ᠪᠣᠯᠣᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠦᠨ ᠵᠤᠷᠢᠭ ᠰᠠᠨᠠᠭ᠎ᠠ ᠵᠢ ᠰᠣᠷᠣᠯᠴᠠᠨ ᠲᠣᠭᠣᠰᠢᠯᠠᠭᠣᠯᠵᠦ᠂ ᠣᠯᠠᠨ ᠵᠦᠢᠯ᠎ᠦᠨ ᠡᠨ᠋ᠸᠷᠬᠢ ᠵᠢᠨ ᠵᠣᠬᠢᠴᠠᠩᠭᠣᠢ ᠬᠠᠷᠢᠯᠴᠠᠨ ᠨᠦᠬᠦᠪᠦᠷᠢᠯᠡᠬᠦ᠂ ᠶᠡᠷᠦᠩᠬᠡᠢᠯᠡᠨ ᠠᠰᠢᠭᠯᠠᠬᠣ᠂ ᠡᠷᠴᠢᠮᠯᠢᠭ ᠦᠨᠳᠣᠷ ᠪᠦᠳᠦᠮᠵᠢᠳᠡᠢ ᠪᠡᠷ ᠡᠨ᠋ᠸᠷᠬᠢ ᠬᠠᠩᠭᠠᠬᠣ ᠬᠡᠯᠪᠡᠷᠢ ᠵᠢ ᠲᠦᠷᠭᠡᠨ ᠪᠦᠷᠢᠯᠳᠦᠬᠦᠯᠵᠦ᠂ ᠣᠯᠣᠰ ᠦᠨ ᠣᠳᠣ ᠦᠶ᠎ᠡ ᠵᠢᠨ ᠡᠨ᠋ᠸᠷᠬᠢ ᠵᠢᠨ ᠠᠵᠦ ᠠᠬᠣᠢ ᠵᠢᠨ ᠵᠢᠱ᠌ᠢᠶ᠎ᠡ ᠦᠵᠡᠬᠦᠯᠬᠦ ᠣᠷᠣᠨ᠎ᠢ ᠪᠠᠢᠭᠣᠯᠵᠦ᠂ ᠦᠪᠣᠷ ᠮᠣᠩᠭᠣᠯ᠎ᠢ ᠴᠢᠯᠠᠭᠣᠵᠢᠮᠠᠯ ᠡᠨ᠋ᠸᠷᠬᠢ ᠵᠢᠨ ᠶᠡᠬᠡ ᠣᠷᠣᠨ ᠡᠴᠡ ᠠᠷᠢᠭᠣᠨ ᠴᠡᠪᠡᠷ ᠡᠨ᠋ᠸᠷᠬᠢ ᠵᠢᠨ ᠶᠡᠬᠡ ᠣᠷᠣᠨ ᠪᠣᠯᠣᠨ ᠬᠣᠪᠢᠷᠠᠭᠣᠯᠬᠣ ᠵᠢ ᠠᠬᠢᠭᠣᠯᠣᠨᠡ᠃ ᠡᠬᠢ ᠪᠠᠶᠠᠯᠢᠬ᠎ᠦᠨ ᠲᠠᠪᠠᠭᠣᠯᠢᠬ᠂ ᠠᠵᠦ ᠦᠢᠯᠡᠰ᠎ᠦᠨ ᠰᠠᠭᠣᠷᠢ ᠵᠡᠷᠭᠡ ᠵᠢᠨ ᠬᠠᠷᠢᠴᠠᠩᠭᠣᠢ ᠲᠠᠪᠠᠭᠣᠯᠢᠬ ᠵᠢᠡᠨ ᠪᠠᠳᠠᠷᠠᠭᠣᠯᠵᠦ᠂ ᠨᠡᠬᠦᠷᠡᠰᠦ ᠵᠢ ᠨᠠᠷᠢᠯᠢᠬ ᠬᠦᠨᠵᠡᠭᠡᠢ ᠪᠣᠯᠪᠠᠰᠣᠷᠠᠭᠣᠯᠬᠣ ᠲᠦᠪᠰᠢᠨ᠎ᠢ ᠲᠡᠭᠡᠭᠰᠢᠯᠡᠬᠦᠯᠵᠦ ᠨᠡᠬᠦᠷᠡᠰᠦᠨᠦ ᠡᠬᠢ ᠪᠠᠶᠠᠯᠢᠬ᠎ᠢ ᠠᠷᠢᠭᠣᠨ ᠴᠡᠪᠡᠷ ᠠᠮᠣᠷ ᠲᠦᠪᠰᠢᠨ ᠦᠷ᠎ᠡ ᠪᠦᠳᠦᠮᠵᠢᠳᠡᠢ ᠠᠰᠢᠬᠯᠠᠬᠣ ᠵᠢ ᠠᠬᠢᠭᠣᠯᠣᠨ᠎ᠠ; ᠰᠠᠯᠬᠢᠨ ᠡᠨᠧᠷᠭᠢ᠂ ᠨᠡᠷᠡᠨ ᠡᠨᠧᠷᠭᠢ ᠵᠡᠷᠭᠡ ᠱᠢᠨ᠎ᠡ ᠡᠨᠧᠷᠭᠢ᠎ᠶ᠋ᠢᠨ ᠨᠡᠭᠡᠭᠡᠯᠲᠡ᠎ᠶ᠋ᠢᠨ ᠬᠡᠪᠴᠢᠶ᠎ᠡ᠎ᠶ᠋ᠢ ᠥᠷᠭᠡᠳᠭᠡᠵᠦ᠍᠂ ᠨᠢᠭᠡ ᠪᠦᠯᠦᠭ ᠮᠢᠩᠭᠠᠨ ᠲᠦᠮᠡᠨ ᠺᠢᠯᠤᠸᠠᠲ᠎ᠤᠨ ᠲᠠᠰ᠎ᠤᠨ ᠱᠢᠨ᠎ᠡ ᠡᠨᠧᠷᠭᠢ᠎ᠶ᠋ᠢᠨ ᠰᠠᠭᠤᠷᠢᠨ᠎ᠢ ᠪᠠᠢᠷᠢᠱᠢᠭᠤᠯᠤᠨ ᠪᠦᠲᠦᠭᠡᠨ ᠪᠠᠢᠭᠤᠯᠣᠨ᠎ᠠ ; ᠱᠢᠨ᠎ᠡ ᠡᠨᠧᠷᠭᠢ᠎ᠶ᠋ᠢ ᠲᠤᠬᠠᠶ᠎ᠶ᠋ᠢᠨ ᠭᠠᠵᠠᠷ᠎ᠲᠤᠨᠢ ᠱᠢᠩᠭᠡᠭᠡᠬᠦ᠌᠂ ᠭᠠᠳᠠᠭ᠍ᠰᠢ ᠬᠦᠷᠭᠡᠬᠦ᠌ ᠬᠡᠷᠡᠭ᠌ᠴᠡᠭᠡ ᠱᠠᠭᠠᠷᠳᠠᠯᠭ᠎ᠠ᠎ᠶ᠋ᠢ ᠦᠨᠳᠦᠰᠦᠯᠡᠨ᠂ ᠰᠠᠯᠬᠢᠨ ᠬᠡᠷᠡᠯ᠎ᠢᠶᠡᠷ ᠤᠰᠤᠲᠥ᠋ᠷᠥᠭ᠌ᠴᠢ ᠦᠶ᠋ᠯᠡᠳᠬᠦ᠌᠂ ᠡᠨᠧᠷᠭᠢ ᠬᠠᠳᠠᠭᠠᠯᠠᠬᠤ ᠵᠡᠷᠭᠡ ᠱᠢᠨ᠎ᠡ᠎ᠪᠡᠷ ᠪᠣᠶ ᠪᠣᠯᠤᠭ᠍ᠰᠠᠨ ᠠᠵᠤ ᠦᠶ᠋ᠯᠡᠰ᠎ᠢ ᠲᠦᠷᠭᠡᠳᠭᠡᠨ ᠬᠥᠭ᠌ᠵᠢᠭᠦᠯᠦᠨ᠎ᠡ᠃ ᠬᠣᠪᠣᠷ ᠱᠢᠷᠣᠢ᠎ᠶ᠋ᠢᠨ ᠠᠵᠤ ᠦᠢᠯᠡᠰ ᠤᠨ ᠬᠡᠯᠬᠢᠶ᠎ᠡ ᠶ᠋ᠢ ᠬᠦᠴᠦᠷᠬᠡᠭ᠌ᠵᠢᠭᠦᠯᠦᠨ ᠱᠢᠯᠢᠳᠡᠭ᠌ᠵᠢᠭᠦᠯᠵᠦ᠍᠂ ᠤᠮᠠᠷᠠᠲᠤ ᠣᠷᠣᠨ᠎ᠦ ᠬᠣᠪᠣᠷ ᠱᠢᠷᠣᠢ᠎ᠪᠠᠷ ᠲᠠᠭᠠᠭᠤᠯᠤᠭ᠍ᠴᠢ ᠪᠣᠯᠭᠠᠨ᠂ ᠤᠯᠤᠰ ᠤᠨ ᠬᠣᠪᠣᠷ ᠱᠢᠷᠣᠢ᠎ᠶ᠋ᠢᠨ ᠱᠢᠨ᠎ᠡ ᠮᠠᠲᠧᠷᠢᠶᠠᠯ᠎ᠤᠨ ᠠᠵᠤ ᠦᠢᠯᠡᠰ᠎ᠤᠨ ᠬᠦᠷᠢᠶᠡᠯᠡᠩ᠂ ᠬᠣᠪᠣᠷ ᠱᠢᠷᠣᠢ᠎ᠶ᠋ᠢᠨ ᠴᠢᠳᠠᠮᠵᠢ᠎ᠶ᠋ᠢᠨ ᠮᠠᠲᠧᠷᠢᠶᠠᠯ᠎ᠤᠨ ᠱᠢᠨ᠎ᠡ᠎ᠶ᠋ᠢ ᠡᠭᠦᠳᠬᠦ᠌ ᠲᠥᠪ᠎ᠢ ᠪᠠᠢᠷᠢᠯᠠᠭᠤᠯᠤᠨ ᠪᠥᠳᠥᠭᠡᠨ ᠪᠠᠢᠭᠤᠯᠵᠤ᠂ ᠬᠣᠪᠣᠷ ᠱᠢᠷᠣᠢ᠎ᠶ᠋ᠢᠨ ᠬᠡᠷᠡᠭ᠌ᠯᠡᠭᠡᠨ᠎ᠤ ᠠᠵᠤ ᠦᠢᠯᠡᠰ᠎ᠢ ᠲᠦᠷᠭᠡᠳᠭᠡᠨ ᠪᠣᠢᠵᠢᠭᠤᠯᠤᠨ ᠪᠤᠵᠠᠭᠠᠢᠷᠠᠭᠤᠯᠣᠨᠠ᠃
ᠮᠠᠯ᠎ᠤᠨ ᠠᠱᠢᠭ ᠱᠢᠮ᠎ᠡ᠎ᠲᠠᠷᠢᠶᠠᠯᠠᠩ᠎ᠦᠨ ᠪᠦᠳᠦᠭᠡᠭᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨᠦ ᠴᠢᠨᠠᠷ ᠰᠠᠢᠲᠠᠶ ᠥᠨᠳᠥᠷ ᠦᠷ᠎ᠡ ᠪᠦᠲᠦᠮᠵᠢᠲᠡᠶ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠵᠤ ᠴᠢᠨᠠᠷ ᠰᠠᠢᠲᠠᠶ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ ᠲᠠᠷᠢᠶᠠᠯᠠᠩ᠎ᠦᠨ ᠪᠦᠳᠦᠭᠡᠭᠳᠡᠬᠦᠨᠦᠬᠠᠩᠭᠠᠯᠭᠠ ᠶ᠋ᠢ ᠨᠡᠮᠡᠭ᠌ᠳᠡᠭᠦᠯᠬᠦ ᠬᠡᠷᠡᠭᠳᠡᠢ
ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠪᠦᠳᠦᠬᠡᠨ ᠪᠠᠢᠭᠤᠯᠬᠤ ᠪᠣᠯ ᠨᠠᠮ᠎ᠤᠨ ᠲᠦᠪ ᠬᠣᠷᠢᠶ᠎ᠠ ᠡᠴᠡ ᠥᠪᠥᠷ ᠮᠣᠩᠭᠣᠯ᠎ᠳᠤ ᠣᠯᠭᠣᠭ᠍ᠰᠠᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠳᠤ᠂ ᠥᠪᠥᠷ ᠮᠣᠩᠭᠣᠯ᠎ᠤᠨ ᠪᠦᠬᠦ᠌ᠤᠯᠤᠰᠤᠨᠱᠢᠨᠡᠬᠥᠭ᠌ᠵᠢᠯᠲᠡᠶ᠋ᠢᠨᠪᠠᠢᠷᠢᠱᠢᠯᠢᠴᠣᠭ᠍ᠴᠠᠯᠠᠬᠤᠳᠤᠮᠳᠠᠬᠢᠪᠠᠢᠷᠢᠲᠣᠭ᠍ᠲᠠᠭᠠᠯᠲᠠᠲᠠᠶᠨᠢᠭ᠍ᠲᠠ ᠤᠶᠠᠯᠳᠤᠭᠤᠯᠤᠨ᠂ ᠠᠮᠢ ᠠᠬᠤᠢ᠎ᠶ᠋ᠢᠨ ᠮᠠᠯ ᠠᠵᠤ ᠠᠬᠤᠢ ᠲᠠᠷᠢᠶᠠᠯᠠᠩ᠎ᠢ ᠶᠡᠬᠡᠪᠡᠷ ᠬᠥᠭ᠌ᠵᠢᠭᠦᠯᠵᠦ᠍᠂ ᠤᠯᠤᠰ᠎ᠲᠤ ᠨᠡᠩ ᠲᠣᠭ᠍ᠲᠠᠭᠤᠨ᠂ ᠨᠡᠩ ᠠᠮᠤᠷ ᠲᠦᠪᠱᠢᠨ᠂ ᠨᠡᠩ ᠤᠯᠠᠨ ᠪᠣᠬᠢᠷᠲᠤᠯ ᠦᠭᠡᠢ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠬᠠᠩᠭᠠᠯᠭ᠎ᠠ᠎ᠶ᠋ᠢ ᠬᠠᠩᠭᠠᠬᠤ ᠬᠡᠷᠡᠭ᠌ᠲᠡᠢ᠃ ᠡᠬᠢ ᠪᠠᠶᠠᠯᠢᠭ᠎ᠤᠨ ᠳᠠᠪᠠᠭᠤᠯᠢᠭ ᠪᠠ ᠵᠠᠬ᠎ᠠ ᠳᠡᠯᠭᠡᠭᠦᠷ᠎ᠦᠨ ᠬᠡᠷᠡᠭ᠌ᠴᠡᠭᠡ ᠱᠠᠭᠠᠷᠳᠠᠯᠭ᠎ᠠ᠎ᠳᠤ ᠰᠠᠭᠤᠷᠢᠯᠠᠨ᠂ ᠳᠠᠪᠠᠭᠤᠯᠢᠭ ᠣᠷᠣᠨ ᠪᠦᠰᠡ᠎ᠶ᠋ᠢᠨ ᠪᠠᠢᠷᠢᠱᠢᠯ ᠪᠠ ᠲᠤᠰᠭᠠᠢᠵᠢᠭ᠍ᠰᠠᠨ ᠦᠶ᠋ᠯᠡᠳᠪᠦᠷᠢᠯᠡᠯ᠎ᠦᠨ ᠪᠠᠢᠷᠢᠱᠢᠯ᠎ᠢ ᠪᠠᠢᠭᠤᠯᠵᠤ᠂ ᠣᠨᠴᠠᠯᠢᠭ᠍ᠲᠤ ᠲᠠᠷᠢᠶᠠᠯᠠᠩ ᠮᠠᠯ ᠠᠵᠤ ᠠᠬᠤᠢ᠎ᠶ᠋ᠢᠨ ᠣᠨᠴᠠᠯᠢᠭ᠍ᠲᠤ ᠠᠵᠤ ᠦᠢᠯᠡᠰ᠎ᠦᠨ ᠪᠥᠭᠡᠮᠨᠡᠷᠡᠯ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠵᠦ᠍ ᠱᠢᠯᠢᠳᠡᠭ᠌ᠵᠢᠭᠦᠯᠦᠨ᠎ᠡ ᠃ ᠪᠣᠬᠢᠷᠲᠤᠯ ᠥᠬᠡᠶ ᠲᠠᠷᠢᠶᠠᠯᠠᠩ ᠮᠠᠯ ᠠᠵᠤ ᠠᠬᠤᠶ᠎ᠶ᠋ᠢ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠲᠠᠷᠢᠶᠠᠯᠠᠩᠦᠶ᠋ᠯᠡᠳᠪᠦᠷᠢᠯᠡᠯᠦᠨ ᠪᠠᠷᠢᠮᠵᠢᠶᠠᠵᠢᠭᠤᠯᠤᠭ᠍ᠰᠠᠨ ᠠᠵᠢᠯᠯᠠᠭᠠᠨ᠎ᠤ ᠲᠥᠯᠥᠪᠯᠡᠭᠡ᠎ᠶ᠋ᠢ ᠬᠡᠷᠡᠭ᠌ᠵᠢᠭᠦᠯᠦᠨ᠂ ᠴᠢᠨᠠᠷ ᠰᠠᠢᠲᠠᠶ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ᠎ᠲᠠᠷᠢᠶᠠᠯᠠᠩ᠎ᠦᠨ ᠪᠦᠲᠦᠭᠡᠭ᠌ᠳᠡᠬᠦᠨ᠎ᠦ ᠬᠠᠩᠭᠠᠯᠭ᠎ᠠ᠎ᠶ᠋ᠢ ᠨᠡᠮᠡᠭ᠌ᠳᠡᠭᠦᠯᠦᠨ᠎ᠠ᠃ ᠠᠮᠤ ᠪᠤᠳᠠᠭᠠᠨ᠎ᠤ ᠬᠠᠩᠭᠠᠯᠭ᠎ᠠ᠎ᠶ᠋ᠢ ᠪᠠᠲᠤᠯᠠᠬᠤ᠎ᠳᠤ ᠭᠠᠵᠠᠷ ᠱᠢᠷᠣᠢ᠎ᠶ᠋ᠢ ᠰᠠᠢᠵᠢᠷᠠᠭᠤᠯᠬᠤ᠎ᠳᠤ ᠲᠦᠱᠢᠭ᠌ᠯᠡᠬᠦ᠌᠂ ᠠᠮᠤ ᠪᠤᠳᠠᠭᠠᠨ᠎ᠤ ᠤᠨᠠᠯᠲᠠ᠎ᠶ᠋ᠢ ᠨᠡᠮᠡᠭ᠌ᠳᠡᠭᠦᠯᠬᠦ᠌᠎ᠳᠦ ᠱᠢᠨᠵᠢᠯᠡᠬᠦ᠌ ᠤᠬᠠᠭᠠᠨ ᠮᠡᠷᠭᠡᠵᠢᠯ᠎ᠳᠦ ᠲᠦᠱᠢᠭ᠌ᠯᠡᠬᠦ᠌ ᠪᠠᠢᠯᠳᠤᠬᠤ ᠪᠤᠳᠤᠯᠭ᠎ᠠ᠎ᠶ᠋ᠢ ᠨᠠᠢᠳᠠᠪᠤᠷᠢᠵᠢᠭᠤᠯᠵᠤ᠂ ᠤᠳᠤ ᠦᠶ᠎ᠡ᠎ᠶ᠋ᠢᠨ ᠲᠠᠷᠢᠶᠠᠨ ᠦᠷ᠎ᠡ᠎ᠶ᠋ᠢᠨ ᠦᠢᠯᠡᠰ᠎ᠢ ᠳᠡᠭᠡᠭ᠌ᠰᠢᠯᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠦᠨ᠂ ᠮᠠᠯ ᠵᠢᠭᠦᠷᠲᠡᠨ᠎ᠦ ᠤᠳᠤᠮᠯᠠᠯ᠎ᠢ ᠰᠠᠢᠵᠢᠷᠠᠭᠤᠯᠬᠤ ᠲᠥᠯᠥᠪᠯᠡᠭᠡ᠎ᠶ᠋ᠢ ᠥᠷᠨᠢᠭᠦᠯᠵᠦ᠍᠂ ᠦᠨᠳᠦᠰᠦᠨ ᠱᠠᠲᠤᠨ᠎ᠤ ᠲᠠᠷᠢᠶᠠᠯᠠᠩ ᠮᠠᠯ ᠠᠵᠤ ᠠᠬᠤᠢ᠎ᠶ᠋ᠢᠨ ᠱᠢᠨᠵᠢᠯᠡᠬᠦ᠌ ᠤᠬᠠᠭᠠᠨ ᠮᠡᠷᠭᠡᠵᠢᠯ᠎ᠦᠨ ᠦᠢᠯᠡᠴᠢᠯᠡᠭᠡᠨ᠎ᠦ ᠱᠢᠰᠲ᠋ᠧᠮ᠎ᠢ ᠲᠡᠭᠦᠯᠳᠡᠷᠵᠢᠭᠦᠯᠦᠨ᠂ ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠢᠶᠡᠷ ᠲᠠᠷᠢᠶᠠᠯᠠᠩ ᠮᠠᠯ ᠠᠵᠤ ᠠᠬᠤᠢ᠎ᠶ᠋ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠤᠨ᠎ᠠ᠃ ᠳᠠᠭᠠᠭᠤᠯᠤᠭ᠍ᠴᠢ ᠠᠵᠤ ᠠᠬᠤᠢᠯᠠᠯ ᠪᠣᠯᠤᠨ ᠭᠡᠷ ᠪᠦᠯᠢ᠎ᠶ᠋ᠢᠨ ᠲᠠᠷᠢᠶᠠᠯᠠᠩ᠎ᠤᠨ ᠲᠠᠯᠠᠪᠠᠶ᠂ ᠲᠠᠷᠢᠶᠠᠴᠢᠨ ᠮᠠᠯᠴᠢᠳ᠎ᠤᠨ ᠬᠣᠷᠱᠢᠶ᠎ᠠ ᠵᠡᠷᠭᠡ ᠱᠢᠨ᠎ᠡ ᠮᠠᠶᠢᠭ᠎ᠦᠨ ᠲᠠᠷᠢᠶᠠᠯᠠᠩ ᠮᠠᠯ ᠠᠵᠤ ᠠᠬᠤᠶ᠎ᠶ᠋ᠢᠨ ᠡᠵᠡᠩᠨᠡᠯᠲᠡ᠎ᠶ᠋ᠢᠨ ᠭᠣᠣᠯ ᠴᠣᠭ᠍ᠴᠠ᠎ᠶ᠋ᠢ ᠶᠡᠬᠡ ᠪᠡᠷ ᠪᠣᠢᠵᠢᠭᠤᠯᠤᠨ ᠪᠤᠵᠠᠭᠠᠢᠷᠠᠭᠤᠯᠵᠤ᠂ ᠣᠯᠠᠨ ᠵᠦᠢᠯ᠎ᠦᠨ ᠬᠡᠯᠪᠡᠷᠢ ᠮᠠᠶᠢᠭ᠎ᠦᠨ ᠵᠣᠬᠢᠬᠤ ᠬᠡᠪᠴᠢᠶ᠎ᠡ ᠲᠠᠢ ᠡᠵᠡᠩᠨᠡᠯᠲᠡ᠎ᠶ᠋ᠢ ᠬᠥᠭ᠌ᠵᠢᠭᠦᠯᠦᠨ᠂ ᠲᠠᠷᠢᠶᠠᠯᠠᠩ ᠮᠠᠯ ᠠᠵᠤ ᠠᠬᠤᠶ᠎ᠶ᠋ᠢᠨ ᠲᠤᠰᠭᠠᠢᠵᠢᠭ᠍ᠰᠠᠨ ᠨᠡᠢᠭᠡᠮᠴᠢᠯᠡᠭ᠌ᠰᠡᠨ ᠦᠢᠯᠡᠴᠢᠯᠡᠭᠡᠨ᠎ᠦ ᠱᠢᠰᠲᠧᠮ᠎ᠢ ᠪᠦᠷᠢᠨᠱᠢᠭᠦᠯᠵᠦ᠍᠂ ᠲᠠᠷᠢᠶᠠᠯᠠᠩ ᠮᠠᠯ ᠠᠵᠤ ᠠᠬᠤᠶ᠎ᠶ᠋ᠢᠨ ᠠᠵᠤ ᠦᠶ᠋ᠯᠡᠰᠴᠢᠯᠡᠬᠦ᠌ ᠲᠦᠪᠰᠢᠨ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠦᠨ᠎ᠡ᠃ ᠨᠡᠷᠡᠲᠦ ᠲᠡᠮᠳᠡᠭ᠌ᠲᠦ᠍᠎ᠪᠡᠷ ᠲᠠᠷᠢᠶᠠᠯᠠᠩ ᠮᠠᠯ ᠠᠵᠤ ᠠᠬᠤᠶ᠎ᠶ᠋ᠢ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ 《ᠥᠪᠥᠷ ᠮᠣᠩᠭᠣᠯ ᠨᠡᠷᠡᠮᠵᠢᠲᠦ》 ᠨᠡᠷᠡᠲᠦ ᠲᠡᠮᠳᠡᠭ᠌ᠲᠦ᠍᠎ᠶ᠋ᠢ ᠬᠠᠮᠲᠤ ᠪᠠᠷ ᠪᠤᠢ ᠪᠣᠯᠭᠠᠵᠤ᠂ ᠨᠠᠩ ᠣᠯᠠᠨ ᠮᠠᠯ᠎ᠤᠨ ᠠᠱᠢᠭ ᠱᠢᠮ᠎ᠡ᠎ᠲᠠᠷᠢᠶᠠᠯᠠᠩ᠎ᠦᠨ ᠪᠦᠲᠦᠭᠡᠭ᠌ᠳᠡᠬᠦᠨ᠎ᠦ ᠣᠷᠣᠨ ᠪᠦᠰᠡ᠎ᠶ᠋ᠢᠨ ᠣᠯᠠᠨ ᠨᠡᠢᠲᠡ᠎ᠶ᠋ᠢᠨ ᠨᠡᠷᠡᠲᠦ ᠲᠡᠮᠳᠡᠭ᠌ᠲᠦ᠍᠎ᠶ᠋ᠢ ᠪᠣᠢᠵᠢᠭᠤᠯᠵᠤ᠂ ᠬᠠᠮᠠᠭᠠᠯᠠᠵᠤ ᠳᠡᠯᠭᠡᠷᠡᠭᠦᠯᠦᠨ᠎ᠡ᠃
ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠵᠦ᠍ ᠤᠯᠤᠰ᠎ᠠᠴᠠ ᠳᠣᠲᠣᠭᠠᠳᠤ ᠭᠠᠳᠠᠭᠠᠳᠤ᠎ᠶ᠋ᠢᠨ ᠬᠣᠣᠰ ᠣᠷᠴᠢᠯ᠎ᠳᠤ ᠦᠢᠯᠡᠴᠢᠯᠡᠬᠦ ᠬᠡᠷᠡᠭᠳᠡᠢ
ᠥᠪᠥᠷ ᠮᠣᠩᠭᠣᠯ᠎ᠢ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠪᠣᠯᠭᠠᠨ ᠪᠥᠲᠥᠭᠡᠨ ᠪᠠᠢᠭᠤᠯᠬᠤ ᠪᠣᠯ ᠶᠡᠷᠦᠩᠬᠡᠶ ᠱᠦᠵᠢ ᠰᠢ ᠵᠢᠨ ᠫᠢᠩ᠎ᠦᠨ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠶᠠᠷ ᠶᠡᠬᠡ ᠲᠠᠯ᠎ᠠ᠎ᠶ᠋ᠢ ᠨᠢᠭᠡᠳᠦᠯᠲᠡᠶ ᠲᠥᠯᠥᠪᠵᠢᠭᠦᠯᠬᠦ᠌ ᠦᠨᠳᠦᠷᠴᠡ᠎ᠠᠴᠠ ᠥᠪᠥᠷ ᠮᠣᠩᠭᠣᠯ᠎ᠳᠤ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠣᠳᠣᠯᠭ᠎ᠠ ᠶ᠋ᠢᠨ ᠪᠠᠢᠷᠢ ᠲᠣᠭ᠍ᠲᠠᠭᠠᠯᠲᠠ ᠮᠥᠨ᠂ ᠪᠠᠰᠠ ᠴᠤ᠌ ᠥᠪᠥᠷ ᠮᠣᠩᠭᠣᠯ᠎ᠤᠨ ᠨᠠᠩ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠶ᠋ᠢ ᠠᠬᠢᠭᠤᠯᠬᠤ᠎ᠶ᠋ᠢᠨ ᠬᠠᠮᠲᠤ ᠥᠨᠳᠥᠷ ᠲᠦᠪᠱᠢᠨ ᠪᠥᠬᠥᠶ ᠨᠡᠭᠡᠭᠡᠯᠲᠡ᠎ᠪᠡᠷ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠶ᠋ᠢᠨ ᠪᠣᠳᠠᠲᠤ ᠬᠡᠷᠡᠭ᠌ᠴᠡᠭᠡ ᠮᠥᠨ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠠᠴᠠ᠂ ᠥᠪᠥᠷ ᠮᠣᠩᠭᠣᠯ ᠶᠡᠬᠡ ᠲᠠᠯ᠎ᠠ᠎ᠶ᠋ᠢ ᠡᠷᠬᠢᠮᠯᠡᠵᠦ᠍᠂ ᠡᠭᠦᠷᠭᠡ ᠬᠠᠷᠢᠭᠤᠴᠠᠯᠭ᠎ᠠ ᠡᠭᠦᠷᠭᠡᠯᠡᠵᠦ᠍᠂ ᠡᠷᠬᠡᠪᠰᠢ ᠤᠯᠤᠰ᠎ᠤᠨ ᠡᠷᠬᠢᠨ ᠲᠣᠭᠣᠷᠢᠨ᠎ᠤ ᠤᠯᠤᠰ ᠪᠠ ᠭᠠᠳᠠᠭᠠᠳᠤ ᠨᠡᠬᠡᠬᠡᠯᠳᠡ᠎ᠶ᠋ᠢᠨ ᠪᠠᠢᠯᠳᠤᠬᠤ ᠪᠤᠳᠤᠯᠭ᠎ᠠ᠎ᠳᠤ ᠦᠢᠯᠡᠴᠢᠯᠡᠬᠦ᠌ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠰᠠᠢᠲᠤᠷ ᠭᠦᠢᠴᠡᠳᠭᠡᠬᠦ᠌᠎ᠶ᠋ᠢᠨ ᠬᠠᠮᠲᠤ ᠨᠡᠭᠡᠭᠡᠯᠲᠡᠲᠦ ᠬᠡᠯᠪᠡᠷᠢ᠎ᠶ᠋ᠢᠨ ᠪᠠᠢᠭᠤᠯᠤᠮᠵᠢ᠎ᠶ᠋ᠢᠨ ᠱᠢᠨ᠎ᠡ᠎ᠶ᠋ᠢ ᠡᠭᠦᠳᠬᠦ᠌᠂ ᠥᠷᠭᠡᠨ ᠬᠡᠪᠴᠢᠶᠡᠨ᠎ᠦ ᠬᠢᠯᠢ᠎ᠶ᠋ᠢᠨ ᠪᠣᠭᠣᠮᠲᠠ᠎ᠶ᠋ᠢᠨ ᠠᠵᠤ ᠠᠬᠤᠢ᠎ᠶ᠋ᠢ ᠬᠥᠭ᠌ᠵᠢᠭᠦᠯᠬᠦ᠌᠂ ᠭᠠᠳᠠᠭᠠᠳᠤ ᠠᠷᠠᠯᠵᠢᠶᠠᠨ᠎ᠤ ᠱᠢᠨ᠎ᠡ᠎ᠶ᠋ᠢ ᠡᠭᠦᠳᠦᠨ ᠬᠥᠭ᠌ᠵᠢᠭᠦᠯᠬᠦ᠌᠂ ᠣᠷᠣᠨ ᠪᠦᠰᠡ᠎ᠶ᠋ᠢᠨ ᠠᠵᠤ ᠠᠬᠤᠢ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠌ ᠵᠡᠷᠭᠡ ᠲᠠᠯ᠎ᠠ᠎ᠪᠠᠷ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠤᠮᠠᠷᠠᠰᠢ ᠨᠡᠬᠡᠬᠡᠯᠳᠡ ᠬᠢᠬᠦ᠌ ᠴᠢᠬᠤᠯᠠ ᠪᠡᠬᠢᠯᠡᠯᠲᠡ᠎ᠶ᠋ᠢᠨ ᠪᠦᠳᠦᠬᠡᠨ ᠪᠠᠢᠭᠤᠯᠤᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌᠎ᠳᠦ ᠱᠢᠪᠲᠤᠯᠤᠯᠲᠠ ᠭᠠᠷᠭᠠᠬᠤ ᠬᠡᠷᠡᠭ᠌ᠲᠡᠢ ᠭᠡᠵᠦ᠍ ᠳᠤᠷᠠᠳᠪᠠ᠃ ᠣᠷᠣᠨ ᠳᠠᠶᠠᠭᠠᠷ᠎ᠢᠶᠠᠨ ᠲᠠᠨᠢᠯᠲᠠ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠥᠪᠥᠷ ᠮᠣᠩᠭᠣᠯ᠎ᠤᠨ ᠨᠡᠭᠡᠭᠡᠯᠲᠡ᠎ᠶ᠋ᠢ ᠤᠯᠤᠰ᠎ᠤᠨ ᠶᠡᠷᠦᠩᠬᠡᠶ ᠨᠡᠭᠡᠭᠡᠯᠲᠡ᠎ᠶ᠋ᠢᠨ ᠪᠠᠢᠷᠢᠱᠢᠭᠤᠯᠤᠯᠲᠠ᠎ᠳᠤ ᠠᠭᠤᠰᠤᠯᠴᠠᠭᠤᠯᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠤᠰ ᠣᠷᠴᠢᠯ᠎ᠢ ᠴᠣᠭ᠍ᠴᠠᠯᠠᠬᠤ ᠪᠠᠢᠯᠳᠤᠬᠤ ᠪᠣᠳᠣᠯᠭ᠎ᠠ᠎ᠶ᠋ᠢᠨ ᠲᠤᠯᠬᠤ ᠴᠡᠭ᠎ᠢ ᠪᠣᠶ ᠪᠣᠯᠭᠠᠵᠤ᠂ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭᠠᠨ᠎ᠤ ᠶᠠᠪᠤᠳᠠᠯ᠎ᠤᠨ ᠶᠡᠷᠦᠩᠬᠡᠢᠯᠡᠭ᠌ᠰᠡᠨ ᠲᠤᠷᠱᠢᠯᠲᠠ᠎ᠶ᠋ᠢᠨ ᠣᠷᠣᠨ᠂ ᠶᠡᠷᠦᠩᠬᠡᠢᠯᠡᠭ᠌ᠰᠡᠨ ᠭᠠᠢᠯᠢ ᠪᠠᠲᠤᠯᠠᠬᠤ ᠣᠷᠣᠨ᠂ ᠭᠠᠳᠠᠭᠠᠳᠤ ᠠᠷᠠᠯᠵᠢᠶᠠᠨ᠎ᠤ ᠬᠡᠯᠪᠡᠷᠢ᠎ᠶ᠋ᠢ ᠬᠤᠪᠢᠷᠠᠭᠤᠯᠤᠨ ᠲᠠᠰ ᠳᠡᠪᠱᠢᠭᠦᠯᠬᠦ᠌ ᠰᠠᠭᠤᠷᠢᠨ ᠵᠡᠷᠭᠡ ᠪᠥᠲᠥᠭᠡᠨ ᠪᠠᠢᠭᠤᠯᠤᠯᠲᠠ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠬᠠᠤᠯᠢᠵᠢᠭ᠍ᠰᠠᠨ᠂ ᠳᠡᠯᠡᠬᠡᠢᠵᠢᠭ᠌ᠰᠡᠨ᠂ ᠳᠥᠭᠥᠮᠴᠢᠯᠡᠭ᠌ᠰᠡᠨ ᠨᠡᠭᠡᠭᠡᠯᠲᠡᠲᠦ ᠬᠡᠯᠪᠡᠷᠢ᠎ᠶ᠋ᠢᠨ ᠠᠵᠤ ᠠᠬᠤᠶ᠎ᠶ᠋ᠢᠨ ᠣᠷᠴᠢᠨ ᠲᠣᠭᠣᠷᠢᠨ᠎ᠢ ᠪᠣᠶ ᠪᠣᠯᠭᠠᠬᠤ ᠬᠡᠷᠡᠭ᠌ᠲᠡᠶ᠃ ᠪᠣᠭᠣᠮᠲᠠ᠎ᠶ᠋ᠢᠨ ᠠᠵᠤ ᠠᠬᠤᠶ᠎ᠶ᠋ᠢ ᠬᠥᠭ᠌ᠵᠢᠭᠦᠯᠵᠦ᠍᠂ ᠳᠣᠲᠣᠭᠠᠳᠤ ᠭᠠᠳᠠᠭᠠᠳᠤ᠎ᠶ᠋ᠢ ᠬᠣᠯᠪᠣᠭ᠍ᠰᠠᠨ᠂ ᠡᠷᠬᠢᠨ ᠲᠣᠭᠣᠷᠢᠨ᠎ᠢ ᠨᠥᠯᠥᠭᠡᠯᠡᠭ᠌ᠰᠡᠨ᠂ ᠡᠬᠢ ᠪᠠᠶᠠᠯᠢᠭ᠎ᠢ ᠲᠥᠪᠯᠡᠷᠡᠭᠦᠯᠵᠦ᠍ ᠲᠠᠷᠬᠠᠭᠠᠭ᠍ᠰᠠᠨ᠂ ᠴᠢᠬᠤᠯᠠ ᠬᠦᠴᠦᠨ ᠵᠦᠶ᠋ᠯ᠎ᠢ ᠠᠭᠤᠰᠤᠯᠴᠠᠭᠤᠯᠤᠨ ᠨᠡᠪᠲᠡᠷᠡᠯᠴᠡᠭᠦᠯᠦᠭ᠌ᠰᠡᠨ ᠪᠥᠬᠥ᠌ ᠣᠷᠣᠨ ᠪᠦᠰᠡ ᠶ᠋ᠢᠨ ᠨᠡᠭᠡᠭᠡᠯᠲᠡ᠎ᠶ᠋ᠢᠨ ᠲᠠᠪᠴᠠᠩ᠎ᠢ ᠪᠠᠢᠭᠤᠯᠵᠤ᠂ ᠪᠣᠭᠣᠮᠲᠠ ᠬᠢᠭᠡᠳ ᠳᠣᠲᠣᠷ᠎ᠠ ᠭᠠᠵᠠᠷ᠎ᠤᠨ ᠠᠢᠮᠠᠭ ᠬᠣᠲᠠ᠎ᠶ᠋ᠢᠨ ᠬᠣᠭᠣᠷᠣᠨᠳᠣᠬᠢ ᠠᠵᠤ ᠦᠶ᠋ᠯᠡᠰ᠎ᠦᠨ ᠬᠠᠮᠲᠤᠷᠠᠯᠴᠠᠭ᠎ᠠ ᠬᠥᠭ᠌ᠵᠢᠯᠲᠡ᠎ᠶ᠋ᠢ ᠲᠦᠷᠭᠡᠳᠭᠡᠵᠦ᠍᠂ ᠪᠣᠭᠣᠮᠲᠠ᠎ᠪᠠᠷ ᠳᠠᠢᠴᠢᠯᠠᠬᠤ᠂ ᠳᠣᠲᠣᠷ᠎ᠠ ᠭᠠᠵᠠᠷ᠎ᠢᠶᠠᠷ ᠲᠤᠯᠭᠠᠭᠤᠷᠢᠯᠠᠬᠤ᠂ ᠬᠢᠯᠢ ᠬᠢᠵᠠᠭᠠᠷ ᠳᠣᠲᠣᠷ᠎ᠠ ᠬᠠᠷᠢᠯᠴᠠᠨ ᠬᠥᠳᠡᠯᠦᠯᠴᠡᠬᠦ᠌ ᠪᠠᠢᠷᠢᠱᠢᠯ᠎ᠢ ᠪᠦᠷᠢᠯᠳᠦᠭᠦᠯᠦᠨ᠎ᠡ᠃ ᠭᠠᠳᠠᠭᠠᠳᠤ ᠠᠷᠠᠯᠵᠢᠶ᠎ᠠ᠎ᠶ᠋ᠢᠨ ᠱᠢᠨ᠎ᠡ᠎ᠶ᠋ᠢ ᠡᠭᠦᠳᠦᠨ ᠬᠥᠭ᠌ᠵᠢᠭᠦᠯᠵᠦ᠍᠂ ᠭᠠᠳᠠᠭᠠᠳᠤ ᠠᠷᠠᠯᠵᠢᠶ᠎ᠠ᠎ᠶ᠋ᠢᠨ ᠱᠢᠨ᠎ᠡ ᠡᠵᠡᠩᠨᠡᠯᠲᠡ᠎ᠶ᠋ᠢᠨ ᠪᠠᠢᠳᠠᠯ᠎ᠢ ᠪᠣᠢᠵᠢᠭᠤᠯᠤᠨ᠂ ᠢᠨᠲ᠋ᠧᠷ ᠰᠦᠯᠵᠢᠶ᠎ᠡ᠂ ᠪᠠᠷᠠᠭᠠᠨᠦ ᠬᠦᠢᠯᠭᠡᠭᠡᠨᠦ ᠰᠦᠯᠵᠢᠶ᠎ᠡ᠂ ᠲᠣᠮᠣ ᠳ᠋ᠠᠢᠲ᠋ᠠ᠂ ᠵᠣᠬᠢᠶᠠᠮᠠᠯ ᠣᠶᠤᠨ ᠴᠢᠳᠠᠪᠤᠷᠢ᠂ ᠴᠦᠷᠬᠦᠯᠡᠭᠡᠳ᠋ᠠᠢᠲ᠋ᠠ ᠬᠢᠭᠡᠳ ᠠᠷᠠᠯᠵᠢᠶ᠎ᠠ᠎ᠶ᠋ᠢᠨ ᠣᠷᠭᠠᠨᠢᠭ ᠠᠭᠤᠰᠤᠯᠴᠠᠯ᠎ᠢ ᠠᠬᠢᠭᠤᠯᠵᠤ᠂ ᠠᠵᠤ ᠠᠬᠤᠢᠯᠠᠯ᠎ᠤᠨ ᠳᠡᠯᠡᠬᠡᠶ᠎ᠶ᠋ᠢᠨ ᠵᠠᠬ᠎ᠠ ᠳᠡᠯᠭᠡᠭᠦᠷ᠎ᠲᠦ ᠬᠠᠨᠳᠤᠭᠤᠯᠤᠭ᠍ᠰᠠᠨ ᠰᠤᠳᠤᠯᠤᠨ ᠨᠡᠭᠡᠭᠡᠵᠦ᠍ ᠱᠢᠨ᠎ᠡ᠎ᠶ᠋ᠢ ᠡᠭᠦᠳᠬᠦ᠌᠎ᠶ᠋ᠢ ᠵᠣᠷᠢᠭ᠍ᠵᠢᠭᠤᠯᠤᠨ᠎ᠠ᠃ ᠣᠷᠣᠨ ᠪᠦᠰᠡ᠎ᠶ᠋ᠢᠨ ᠠᠵᠤ ᠠᠬᠤᠢ᠎ᠶ᠋ᠢᠨ ᠬᠠᠮᠲᠤᠷᠠᠯᠴᠠᠭ᠎ᠠ᠎ᠶ᠋ᠢ ᠴᠢᠩᠭᠠᠳᠭᠠᠨ᠂ ᠪᠡᠭᠡᠵᠢᠩ ᠲᠢᠶᠠᠨᠵᠢᠨ ᠾᠸᠪᠸᠢ᠂ ᠬᠥᠬᠡᠮᠥ᠋ᠷᠡᠨ᠎ᠦ ᠭᠤᠷᠪᠠᠯᠵᠢᠨ ᠬᠣᠢᠭ᠂ ᠭᠤᠸᠠᠩᠳᠦ᠋ᠩ ᠱᠢᠶᠠᠩᠭᠠᠩ ᠣᠣᠮᠧᠨ ᠯᠤᠭ᠎ᠠ᠎ᠶ᠋ᠢᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ ᠵᠡᠭᠦᠨ ᠬᠣᠢᠲᠤ᠎ᠶ᠋ᠢᠨ ᠭᠤᠷᠪᠠᠨ ᠮᠤᠵᠢ᠂ ᠬᠠᠳᠤᠨ ᠭᠣᠣᠯ ᠳᠠᠭᠠᠤ᠎ᠶ᠋ᠢᠨ ᠮᠤᠵᠢ ᠣᠷᠣᠨ᠎ᠯᠤᠭ᠎ᠠ᠎ᠶ᠋ᠢᠨ ᠬᠠᠷᠢᠯᠴᠠᠨ ᠠᠱᠢᠭ᠍ᠲᠠᠢ ᠬᠠᠮᠲᠤᠷᠠᠯᠴᠠᠭ᠎ᠠ᠎ᠶ᠋ᠢ ᠴᠢᠩᠭᠠᠳᠭᠠᠨ᠂ ᠤᠯᠤᠰ᠎ᠤᠨ ᠳᠣᠲᠣᠭᠠᠳᠤ᠎ᠶ᠋ᠢᠨ ᠲᠡᠷᠢᠭᠦᠨ᠎ᠦ ᠠᠵᠤ ᠦᠢᠯᠡᠰ᠎ᠦᠨ ᠱᠢᠯᠵᠢᠯᠲᠡ᠎ᠶ᠋ᠢ ᠡᠮᠬᠢ ᠵᠢᠷᠤᠮ᠎ᠲᠠᠶ᠎ᠪᠠᠷ ᠬᠦᠯᠢᠶᠡᠨ ᠠᠪᠴᠤ᠌᠂ ᠣᠷᠣᠨ᠎ᠤ ᠳᠣᠲᠣᠷᠠᠬᠢ ᠠᠵᠤ ᠦᠢᠯᠡᠰ᠎ᠦᠨ ᠬᠡᠯᠬᠢᠶ᠎ᠡ᠂ ᠱᠢᠨ᠎ᠡ᠎ᠶ᠋ᠢ ᠡᠭᠦᠳᠬᠦ᠌ ᠬᠡᠯᠬᠢᠶ᠎ᠡ᠂ ᠬᠠᠩᠭᠠᠯᠭ᠎ᠠ᠎ᠶ᠋ᠢᠨ ᠬᠡᠯᠬᠢᠶ᠎ᠡ᠂ ᠪᠠᠷᠠᠭᠠᠨ᠎ᠤ ᠭᠦᠢᠯᠭᠡᠭᠡᠨ᠎ᠦ ᠬᠡᠯᠬᠢᠶ᠎ᠡ᠂ ᠦᠷᠳᠡᠭ᠎ᠦᠨ ᠬᠡᠯᠬᠢᠶ᠎ᠡ᠎ᠶ᠋ᠢ ᠪᠦᠬᠦ᠌ ᠤᠯᠤᠰ᠎ᠤᠨ ᠲᠤᠮᠤ ᠵᠠᠬ᠎ᠠ ᠳᠡᠯᠭᠡᠭᠦᠷ᠎ᠯᠦᠭᠡ ᠪᠦᠬᠦ᠌ ᠲᠠᠯ᠎ᠠ᠎ᠪᠠᠷ ᠵᠣᠯᠭᠠᠯᠳᠤᠭᠤᠯᠤᠨ᠂ ᠭᠦᠨᠵᠡᠭᠡᠢ ᠠᠭᠤᠰᠤᠯᠴᠠᠭᠤᠯᠬᠤ᠎ᠶ᠋ᠢ ᠠᠬᠢᠭᠤᠯᠤᠨ᠎ᠠ᠃
ᠣᠷᠣᠨ ᠪᠦᠰᠡ᠎ᠶ᠋ᠢᠨ ᠬᠤᠳᠠ ᠬᠥᠳᠡᠭᠡ᠎ᠶ᠋ᠢᠨ ᠵᠥᠷᠢᠶᠡᠲᠦ ᠵᠣᠬᠢᠴᠠᠩᠭᠤᠢ ᠬᠥᠭ᠌ᠵᠢᠯᠲᠡ᠎ᠶ᠋ᠢ ᠨᠢᠭᠡᠳᠦᠯᠲᠡᠢ ᠲᠥᠯᠥᠪᠵᠢᠭᠦᠯᠵᠦ᠍ ᠣᠷᠣᠨ ᠪᠦᠰᠡ᠎ᠶ᠋ᠢᠨ ᠬᠤᠳᠠ ᠬᠥᠳᠡᠭᠡ᠎ᠶ᠋ᠢᠨ ᠬᠥᠭ᠌ᠵᠢᠯᠲᠡ᠎ᠶ᠋ᠢᠨ ᠱᠢᠨ᠎ᠡ ᠪᠠᠢᠷᠢᠱᠢᠯ᠎ᠢ ᠴᠣᠭ᠍ᠴᠠᠯᠠᠨ ᠪᠠᠢᠭᠤᠯᠬᠤ ᠬᠡᠷᠡᠭᠳᠡᠢ
ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ ᠱᠢᠨ᠎ᠡ ᠴᠠᠭ ᠦᠶ᠎ᠡ᠎ᠳᠦ ᠣᠷᠣᠵᠤ᠂ ᠮᠠᠨ᠎ᠤ ᠤᠯᠤᠰ᠎ᠤᠨ ᠨᠡᠢᠭᠡᠮ᠎ᠦᠨ ᠭᠣᠣᠯ ᠵᠥᠷᠢᠴᠡᠯ ᠨᠢᠭᠡᠨᠲᠡ ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠰᠠᠢ᠌ᠨ ᠰᠠᠢᠬᠠᠨ ᠠᠮᠢᠳᠤᠷᠠᠯ᠎ᠤᠨ ᠬᠡᠷᠡᠭ᠌ᠴᠡᠭᠡ ᠪᠣᠯᠤᠨ ᠲᠡᠩᠴᠡᠭᠦᠷᠢ ᠦᠭᠡᠢ ᠭᠦᠢᠴᠡᠳ ᠦᠭᠡᠢ ᠬᠥᠭ᠌ᠵᠢᠯᠲᠡ᠎ᠶ᠋ᠢᠨ ᠬᠣᠭᠣᠷᠣᠨᠳᠣᠬᠢ ᠵᠥᠷᠢᠴᠡᠯ ᠪᠤᠯᠵᠤ ᠬᠤᠪᠢᠷᠠᠪᠠ᠃ ᠲᠡᠩᠴᠡᠭᠦᠷᠢ ᠦᠭᠡᠢ ᠪᠠᠢᠬᠤ ᠨᠢ ᠣᠷᠣᠨ ᠪᠦᠰᠡ ᠬᠤᠳᠠ ᠬᠥᠳᠡᠭᠡ᠎ᠶ᠋ᠢᠨ ᠬᠥᠭ᠌ᠵᠢᠯᠲᠡ ᠲᠡᠩᠴᠡᠭᠦᠷᠢ ᠦᠭᠡᠢ ᠪᠠᠢᠬᠤ ᠳᠡᠭᠡᠷ᠎ᠡ ᠢᠯᠡᠷᠡᠵᠦ᠍᠂ ᠭᠦᠢᠴᠡᠳ ᠦᠭᠡᠢ ᠪᠠᠢᠬᠤ ᠨᠢ ᠭᠣᠣᠯᠳᠠᠭᠤ ᠬᠥᠳᠡᠭᠡ ᠲᠣᠰᠭᠣᠨ᠎ᠤ ᠬᠥᠭ᠌ᠵᠢᠯᠲᠡ ᠭᠦᠢᠴᠡᠳ ᠦᠭᠡᠢ ᠪᠠᠢᠬᠤ ᠳᠡᠭᠡᠷ᠎ᠡ ᠢᠯᠡᠷᠡᠵᠦ᠍ ᠪᠠᠢᠨ᠎ᠠ᠃ ᠣᠷᠣᠨ ᠪᠦᠰᠡ ᠬᠤᠳᠠ ᠬᠥᠳᠡᠭᠡ᠎ᠶ᠋ᠢᠨ ᠬᠥᠭ᠌ᠵᠢᠯᠲᠡ᠎ᠶ᠋ᠢᠨ ᠱᠢᠨ᠎ᠡ ᠪᠠᠢᠷᠢᠱᠢᠯ᠎ᠢ ᠪᠠᠢᠭᠤᠯᠵᠤ᠂ ᠣᠷᠣᠨ ᠪᠦᠰᠡ ᠬᠤᠳᠠ ᠬᠥᠳᠡᠭᠡ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢ ᠠᠬᠢᠭᠤᠯᠬᠤ ᠪᠣᠯ ᠴᠢᠨᠠᠷ ᠰᠠᠢᠲᠠᠢ ᠬᠥᠭ᠌ᠵᠢᠯᠲᠡ᠎ᠶ᠋ᠢᠨ ᠳᠣᠲᠣᠭᠠᠳᠤ ᠱᠠᠭᠠᠷᠳᠠᠯᠭ᠎ᠠ ᠮᠥᠨ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠣᠰᠢᠯᠠᠭᠣᠯᠣᠨ ᠨᠠᠢᠳᠠᠪᠤᠷᠢᠵᠢᠭᠤᠯᠬᠤ᠎ᠳᠤ᠂ ᠣᠷᠣᠨ ᠪᠦᠰᠡ᠎ᠶ᠋ᠢᠨ ᠵᠥᠷᠢᠶᠡᠲᠦ ᠵᠣᠬᠢᠴᠠᠩᠭᠤᠢ ᠬᠥᠭ᠌ᠵᠢᠯᠲᠡ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠣᠷᠣᠨ ᠪᠦᠰᠡ᠎ᠶ᠋ᠢᠨ ᠬᠤᠳᠠ ᠬᠥᠳᠡᠭᠡ᠎ᠶ᠋ᠢᠨ ᠬᠥᠭ᠌ᠵᠢᠯᠲᠡ᠎ᠶ᠋ᠢᠨ ᠱᠢᠨ᠎ᠡ ᠪᠠᠢᠷᠢᠱᠢᠯ᠎ᠢ ᠪᠤᠢ ᠪᠣᠯᠭᠠᠬᠣ ᠬᠡᠷᠡᠭ᠌ᠲᠡᠢ᠃ ᠬᠥᠮᠦᠨ᠎ᠢᠶᠡᠷ ᠭᠤᠤᠯᠳᠠᠯᠭ᠎ᠠ ᠪᠣᠯᠭᠠᠭ᠍ᠰᠠᠨ ᠱᠢᠨ᠎ᠡ ᠬᠡᠯᠪᠡᠷᠢ᠎ᠶ᠋ᠢᠨ ᠬᠣᠲᠠ ᠪᠠᠯᠭᠠᠰᠤᠵᠢᠯᠲᠠ᠎ᠶ᠋ᠢ ᠭᠦᠨᠵᠡᠭᠡᠶ ᠠᠬᠢᠭᠤᠯᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠥᠬᠥ᠌ ᠲᠠᠯ᠎ᠠ᠎ᠪᠠᠷ ᠠᠬᠢᠭᠤᠯᠵᠤ᠂ ᠣᠷᠣᠨ ᠪᠦᠰᠡ ᠬᠣᠲᠠ ᠬᠥᠳᠡᠭᠡ᠎ᠶ᠋ᠢᠨ ᠵᠥᠷᠢᠶ᠎ᠡ᠎ᠶ᠋ᠢ ᠲᠠᠰᠤᠷᠠᠯᠲᠠ ᠥᠬᠡᠶ ᠪᠠᠭᠠᠰᠭᠠᠨ᠎ᠠ᠃ ᠣᠨᠣᠪᠴᠢᠲᠠᠢ᠎ᠪᠠᠷ ᠪᠠᠢᠷᠢ ᠲᠣᠭ᠍ᠲᠠᠭᠠᠯᠲᠠ ᠬᠢᠵᠦ᠍᠂ ᠵᠡᠭᠦᠨ ᠳᠤᠮᠳᠠ ᠪᠠᠷᠠᠭᠤᠨ ᠣᠷᠣᠨ᠎ᠤ ᠵᠦᠷᠢᠶᠡᠴᠢᠯᠡᠭ᠌ᠰᠡᠨ ᠵᠣᠬᠢᠴᠠᠩᠭᠤᠢ ᠬᠥᠭ᠌ᠵᠢᠯᠲᠡ᠎ᠶ᠋ᠢ ᠠᠬᠢᠭᠤᠯᠤᠨ᠎ᠠ᠃ ᠵᠡᠭᠦᠨ ᠬᠡᠰᠡᠭ᠎ᠦᠨ ᠠᠢᠮᠠᠭ ᠬᠣᠲᠠᠠᠮᠢ ᠠᠬᠤᠶ᠎ᠶ᠋ᠢᠨ ᠣᠷᠴᠢᠨ ᠲᠣᠭᠣᠷᠢᠨ᠎ᠢ ᠰᠠᠢᠲᠤᠷ ᠬᠠᠮᠠᠭᠠᠯᠠᠭ᠍ᠰᠠᠨ ᠰᠠᠭᠤᠷᠢᠨ ᠳᠡᠭᠡᠷ᠎ᠡ᠂ ᠠᠮᠢ ᠠᠬᠤᠶ᠎ᠶ᠋ᠢᠨ ᠲᠠᠷᠢᠶᠠᠯᠠᠩ ᠮᠠᠯ ᠠᠵᠤ ᠠᠬᠤᠶ᠂ ᠠᠮᠢ ᠠᠬᠤᠶ᠎ᠶ᠋ᠢᠨ ᠵᠢᠭᠤᠯᠴᠢᠯᠠᠯ᠎ᠤᠨ ᠦᠶ᠋ᠯᠡᠰ᠎ᠢᠶᠡᠷ ᠲᠤᠯᠭᠠᠭᠤᠷᠢ ᠠᠵᠤ ᠦᠶ᠋ᠯᠡᠰ ᠪᠣᠯᠭᠠᠭ᠍ᠰᠠᠨ ᠪᠣᠬᠢᠷᠲᠤᠯ ᠥᠬᠡᠶ ᠠᠵᠤ ᠦᠶ᠋ᠯᠡᠰ᠎ᠦᠨ ᠱᠢᠰᠲ᠋ᠧᠮ᠎ᠢ ᠪᠠᠢᠭᠤᠯᠤᠨ᠎ᠠ; ᠳᠤᠮᠳᠠ ᠬᠡᠰᠡᠭ᠎ᠦᠨ ᠠᠢᠮᠠᠭ ᠬᠣᠲᠠ ᠨᠢ ᠣᠳᠣ ᠦᠶ᠎ᠡ᠎ᠶ᠋ᠢᠨ ᠦᠢᠯᠡᠴᠢᠯᠡᠭᠡᠨ᠎ᠦ ᠬᠡᠯᠪᠡᠷᠢ᠎ᠶ᠋ᠢᠨ ᠠᠵᠤ ᠠᠬᠤᠶ᠎ᠶ᠋ᠢ ᠬᠥᠭ᠌ᠵᠢᠭᠦᠯᠵᠦ᠍᠂ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠪᠠᠢᠭᠤᠯᠵᠤ᠂ ᠪᠠᠷᠠᠭᠠᠨ᠎ᠤ ᠭᠦᠢᠯᠭᠡᠭᠡᠨ᠎ᠦ ᠵᠠᠩᠭᠢᠯᠠᠭ᠎ᠠ ᠪᠠ ᠪᠣᠭᠣᠮᠲᠠ᠎ᠶ᠋ᠢᠨ ᠥᠷᠥᠴᠡ ᠭᠠᠵᠠᠷ᠎ᠢ ᠪᠠᠢᠭᠤᠯᠵᠤ᠂ ᠬᠦᠴᠦᠲᠡᠶ ᠬᠥᠭ᠌ᠵᠢᠶᠡᠨᠲᠡᠶ ᠨᠡᠮᠡᠭ᠌ᠳᠡᠯ᠎ᠦᠨ ᠳᠠᠢᠴᠢᠯᠠᠬᠤ ᠲᠤᠢᠯ᠎ᠢ ᠪᠤᠶ ᠪᠣᠯᠭᠠᠨ᠎ᠠ; ᠪᠠᠷᠠᠭᠤᠨ ᠬᠡᠰᠡᠭ᠎ᠦᠨ ᠠᠢᠮᠠᠭ ᠬᠣᠲᠠ ᠠᠮᠢ ᠠᠬᠤᠶ᠎ᠶ᠋ᠢᠨ ᠣᠷᠴᠢᠨ ᠲᠣᠭᠣᠷᠢᠨ᠎ᠤ ᠳᠤᠲᠠᠭᠤᠳᠠᠯ᠎ᠢ ᠨᠥᠬᠥᠪᠥᠷᠢᠯᠡᠵᠦ᠍᠂ ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠪᠦᠬᠦᠯᠢ ᠴᠣᠭ᠍ᠴᠠ᠎ᠶ᠋ᠢᠨ ᠥᠷᠢᠰᠦᠯᠳᠦᠬᠦ᠌ ᠬᠦᠴᠦᠨ᠎ᠢ ᠴᠢᠩᠭᠠᠷᠠᠭᠤᠯᠤᠨ᠎ᠠ᠃ ᠣᠨᠴᠠᠯᠢᠭ᠎ᠢ ᠳᠣᠪᠣᠢᠯᠭᠠᠵᠤ᠂ ᠬᠥᠮᠦᠨ᠎ᠢᠶᠡᠷ ᠭᠤᠤᠯ ᠪᠣᠯᠭᠠᠭ᠍ᠰᠠᠨ ᠱᠢᠨ᠎ᠡ ᠬᠡᠯᠪᠡᠷᠢ᠎ᠶ᠋ᠢᠨ ᠬᠣᠲᠠ ᠪᠠᠯᠭᠠᠰᠤᠵᠢᠯᠲᠠ᠎ᠶ᠋ᠢ ᠠᠬᠢᠭᠤᠯᠤᠨ᠎ᠠ᠃ ᠬᠥᠬᠡᠬᠣᠲᠠ ᠪᠤᠭᠤᠲᠤ ᠣᠷᠳᠣᠰ ᠤᠯᠠᠭᠠᠨᠴᠠᠪ ᠬᠣᠲᠠ᠎ᠶ᠋ᠢᠨ ᠪᠦᠬᠡᠮᠨᠡᠷᠡᠯ ᠪᠠ ᠤᠯᠠᠭᠠᠨᠬᠠᠳᠠ᠂ ᠲᠦᠩᠯᠢᠶᠣᠤ᠎ᠵᠢᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠤᠨ᠎ᠠ; ᠱᠢᠶᠠᠨ᠎ᠤ ᠬᠣᠲᠠ᠎ᠶ᠋ᠢᠨ ᠬᠥᠭ᠌ᠵᠢᠯᠲᠡ᠎ᠶ᠋ᠢᠨ ᠳᠤᠲᠠᠭᠤᠳᠠᠯ᠎ᠢ ᠨᠥᠬᠥᠪᠥᠷᠢᠯᠡᠵᠦ᠍᠂ ᠨᠡᠢᠭᠡᠮ᠎ᠦᠨ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠨᠢᠭᠡ ᠪᠦᠯᠦᠭ ᠣᠨᠴᠠᠯᠢᠭ᠍ᠲᠤ ᠵᠢᠵᠢᠭ ᠪᠠᠯᠭᠠᠰᠤ᠎ᠶ᠋ᠢ ᠴᠢᠨᠠᠷ ᠰᠠᠢᠲᠠᠶ ᠪᠣᠢᠵᠢᠭᠤᠯᠵᠤ ᠡᠭᠦᠳᠦᠨ ᠪᠠᠢᠭᠤᠯᠤᠨ᠎ᠠ᠃ ᠬᠥᠳᠡᠭᠡ ᠲᠣᠰᠭᠣᠨ᠎ᠤ ᠪᠥᠲᠥᠭᠡᠨ ᠪᠠᠢᠭᠤᠯᠤᠯᠲᠠ᠎ᠶ᠋ᠢᠨ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌ ᠶ᠋ᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠬᠦ᠌ ᠲᠡᠶ ᠣᠷᠭᠠᠨᠢᠭ᠎ᠢᠶᠠᠷ ᠤᠶᠠᠯᠳᠤᠭᠤᠯᠵᠤ᠂ ᠣᠯᠠᠨ ᠨᠡᠢᠲᠡ᠎ᠶ᠋ᠢᠨ ᠡᠬᠢ ᠪᠠᠶᠠᠯᠢᠭ᠎ᠢ ᠬᠣᠲᠠ ᠬᠥᠳᠡᠭᠡ᠎ᠶ᠋ᠢᠨ ᠬᠣᠭᠣᠷᠣᠨᠳᠣ ᠲᠡᠩᠴᠡᠭᠦᠷᠢᠲᠡᠶ ᠲᠣᠬᠢᠷᠠᠭᠤᠯᠬᠤ᠎ᠶ᠋ᠢ ᠠᠬᠢᠭᠤᠯᠤᠨ᠎ᠠ᠃
ᠠᠷᠠᠳ ᠲᠦᠮᠡᠨ᠎ᠢᠶᠡᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ ᠬᠠᠮᠲᠤ᠎ᠪᠠᠷ ᠪᠠᠶᠠᠵᠢᠬᠤ ᠶ᠋ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠳᠡᠢ
ᠬᠠᠮᠲᠤ᠎ᠪᠠᠷ ᠪᠠᠶᠠᠵᠢᠬᠤ ᠶ᠋ᠢ ᠪᠡᠶᠡᠯᠡᠭᠦᠯᠬᠦ᠌ ᠪᠣᠯ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠮᠥᠨ ᠴᠢᠨᠠᠷ᠎ᠤᠨ ᠱᠠᠭᠠᠷᠳᠠᠯᠭ᠎ᠠ ᠮᠥᠨ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠳᠤ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠦᠷᠭᠦᠯᠵᠢᠯᠡᠨ ᠨᠡᠮᠡᠭ᠌ᠳᠡᠭᠦᠯᠵᠦ᠍᠂ ᠬᠠᠮᠲᠤ᠎ᠪᠠᠷ ᠪᠠᠶᠠᠵᠢᠬᠤ᠌᠎ᠶ᠋ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭ᠌ᠲᠡᠢ᠃ ᠠᠵᠤ ᠠᠬᠤᠢ᠎ᠶ᠋ᠢᠨ ᠬᠥᠭ᠌ᠵᠢᠯᠲᠡ ᠠᠵᠢᠯ ᠣᠯᠭᠣᠯᠲᠠ᠎ᠶ᠋ᠢᠨ ᠤᠳᠤᠷᠢᠳᠤᠮᠵᠢ᠎ᠶ᠋ᠢ ᠪᠠᠷᠢᠮᠲᠠᠯᠠᠨ᠂ ᠠᠳᠠᠯ ᠦᠢᠯᠡᠰ ᠴᠣᠭ᠍ᠴᠠᠯᠠᠬᠤ᠎ᠪᠠᠷ ᠠᠵᠢᠯ ᠣᠯᠭᠣᠯᠲᠠ᠎ᠶ᠋ᠢ ᠳᠠᠢᠴᠢᠯᠠᠬᠤ᠎ᠶ᠋ᠢ ᠠᠬᠢᠭᠤᠯᠵᠤ᠂ ᠤᠯᠠᠨ ᠠᠷᠭ᠎ᠠ ᠵᠠᠮ᠎ᠢᠶᠠᠷ ᠠᠮᠢᠳᠤᠯᠢᠭ᠎ᠢᠶᠠᠷ ᠠᠵᠢᠯ ᠣᠯᠭᠣᠬᠤ᠎ᠶ᠋ᠢ ᠲᠡᠮᠵᠢᠵᠤ᠂ ᠭᠣᠣᠯᠳᠠᠯᠭ᠎ᠠ᠎ᠲᠠᠶ ᠬᠠᠮᠲᠤᠯᠢᠭ᠎ᠤᠨ ᠠᠵᠢᠯ ᠣᠯᠭᠣᠯᠲᠠ᠎ᠶ᠋ᠢ ᠲᠤᠪᠤᠢ᠌ᠯᠭᠠᠨ ᠰᠠᠢᠲᠤᠷ ᠠᠳᠭᠤᠵᠤ᠂ ᠠᠵᠢᠯ ᠤᠯᠬᠤ᠎ᠳᠤ ᠬᠦᠴᠢᠷᠲᠡᠢ ᠬᠥᠮᠦᠰ᠎ᠤᠨ ᠦᠨᠳᠦᠰᠦᠨ ᠵᠦᠢᠯ᠎ᠢ ᠪᠠᠲᠤᠯᠠᠨ ᠬᠠᠪᠰᠤᠷᠤᠨ ᠲᠡᠳᠬᠦᠵᠦ᠍᠂ ᠪᠦᠬᠦᠨ᠎ᠢ ᠠᠵᠢᠯ ᠲᠠᠢ ᠬᠥᠮᠦᠨ ᠦᠭᠡᠢ ᠭᠡᠷ ᠪᠦᠯᠢ ᠪᠤᠯᠭᠠᠬᠤ ᠵᠢ ᠬᠥᠳᠡᠯᠦᠩᠭᠦᠢ᠎ᠪᠡᠷ ᠦᠨᠡᠨ ᠬᠦ᠌ ᠪᠠᠲᠤᠯᠠᠵᠤ᠂ ᠨᠡᠩ ᠭᠦᠢᠴᠡᠳ ᠨᠡᠩ ᠴᠢᠨᠠᠷ ᠰᠠᠢᠲᠠᠢ ᠠᠵᠢᠯ ᠣᠯᠭᠣᠯᠲᠠ᠎ᠶ᠋ᠢ ᠪᠡᠶᠡᠯᠡᠭᠦᠯᠬᠦ᠌᠎ᠶ᠋ᠢ ᠠᠬᠢᠭᠤᠯᠤᠨ᠎ᠠ᠃ ᠶᠣᠰᠣ ᠰᠤᠷᠲᠠᠬᠤᠨ᠎ᠢ ᠪᠤᠢ ᠪᠣᠯᠭᠠᠵᠤ ᠬᠥᠮᠦᠨ᠎ᠢ ᠬᠥᠮᠦᠵᠢᠭᠦᠯᠬᠦ᠌ ᠦᠨᠳᠦᠰᠦᠨ ᠡᠭᠦᠷᠭᠡ᠎ᠶ᠋ᠢ ᠨᠠᠢᠳᠠᠪᠤᠷᠢᠵᠢᠭᠤᠯᠵᠤ᠂ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠢ ᠲᠦᠭᠡᠮᠡᠯᠵᠢᠭᠦᠯᠦᠨ ᠨᠡᠢᠳᠡᠮ ᠠᠱᠢᠭ ᠬᠦᠷᠲᠡᠭᠡᠬᠦ᠌᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠢ ᠴᠢᠨᠠᠷ ᠰᠠᠢᠲᠠᠢ ᠲᠡᠩᠴᠡᠭᠦᠷᠢᠲᠡᠢ ᠪᠠᠢᠯᠭᠠᠬᠤ᠂ ᠡᠩ᠎ᠦᠨ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠰᠤᠷᠭᠠᠨ ᠬᠥᠮᠦᠵᠢᠯ᠎ᠢ ᠤᠯᠠᠨ ᠶᠠᠩᠵᠤ ᠪᠡᠷ ᠣᠨᠴᠠᠯᠢᠭ᠎ᠲᠠᠶ ᠬᠥᠭ᠌ᠵᠢᠭᠦᠯᠬᠦ᠌᠂ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠦᠨ ᠠᠭᠤᠯᠤᠭ᠍ᠳᠠᠬᠤᠨ ᠮᠠᠶᠢᠭ᠎ᠤᠨ ᠴᠢᠨᠠᠷ ᠰᠠᠢᠲᠠᠢ ᠬᠥᠭ᠌ᠵᠢᠯᠲᠡ᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠢ ᠲᠦᠷᠦᠯ ᠬᠡᠯᠪᠡᠷᠢᠵᠢᠭᠦᠯᠦᠨ ᠨᠡᠪᠲᠡᠷᠡᠯᠴᠡᠭᠦᠯᠬᠦ᠌ ᠮᠠᠶᠢᠭ᠎ᠤᠨ ᠬᠥᠭ᠌ᠵᠢᠯᠲᠡ᠎ᠶ᠋ᠢ ᠠᠬᠢᠭᠤᠯᠤᠨ᠎ᠠ᠃ ᠪᠦᠬᠦ᠌ ᠠᠷᠠᠳ᠎ᠢᠶᠠᠷ᠎ᠢᠶᠠᠨ ᠳᠠᠭᠠᠳᠭᠠᠯ᠎ᠳᠤ ᠣᠷᠣᠯᠴᠠᠬᠤ ᠲᠥᠯᠥᠪᠯᠡᠭᠡ᠎ᠶ᠋ᠢ ᠭᠦᠨᠵᠡᠭᠡᠢ ᠬᠡᠷᠡᠭ᠌ᠵᠢᠭᠦᠯᠵᠦ᠍᠂ ᠲᠡᠰ ᠳᠠᠪᠬᠤᠷᠭ᠎ᠠ ᠬᠤᠪᠢᠶᠠᠨ ᠲᠦᠷᠦᠯ ᠬᠤᠪᠢᠶᠠᠵᠤ᠂ ᠬᠤᠲᠠ ᠬᠥᠳᠡᠭᠡ᠎ᠶ᠋ᠢ ᠨᠢᠭᠡᠳᠦᠯᠲᠡᠢ ᠲᠥᠯᠥᠪᠵᠢᠭᠦᠯᠦᠭ᠌ᠰᠡᠨ ᠨᠡᠢᠭᠡᠮ᠎ᠦᠨ ᠠᠪᠤᠷᠠᠨ ᠲᠤᠰᠠᠯᠠᠬᠤ ᠱᠢᠰᠲ᠋ᠧᠮ᠎ᠢ ᠲᠡᠭᠦᠯᠳᠡᠷᠵᠢᠭᠦᠯᠵᠦ᠍᠂ ᠤᠯᠠᠨ ᠪᠡᠶᠡᠴᠢ ᠴᠣᠭ᠍ᠴᠠ᠎ᠠᠴᠠ ᠬᠠᠩᠭᠠᠬᠤ᠂ ᠤᠯᠠᠨ ᠠᠷᠭ᠎ᠠ ᠵᠠᠮ᠎ᠢᠶᠠᠷ ᠪᠠᠲᠤᠯᠠᠬᠤ᠂ ᠲᠦᠷᠢᠶᠡᠰᠦᠯᠡᠬᠦ᠌ ᠪᠠ ᠬᠤᠳᠠᠯᠳᠤᠨ ᠠᠪᠬᠤ᠎ᠶ᠋ᠢ ᠵᠡᠷᠭᠡ᠎ᠪᠡᠷ ᠴᠢᠬᠤᠯᠠᠴᠢᠯᠠᠬᠤ ᠣᠷᠣᠨ ᠰᠠᠭᠤᠴᠠ᠎ᠶ᠋ᠢᠨ ᠳᠦᠷᠢᠮ᠎ᠢ ᠪᠠᠢᠭᠤᠯᠵᠤ᠂ ᠡᠮᠡᠭ᠌ᠲᠡᠢᠴᠦᠳ ᠬᠡᠦᠬᠡᠳ᠎ᠦᠨ ᠬᠠᠤᠯᠢ ᠶᠣᠰᠣᠨ᠎ᠤ ᠡᠷᠬᠡ ᠠᠱᠢᠭ᠎ᠢ ᠪᠠᠲᠤᠯᠠᠨ᠎ᠠ᠃ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠱᠢᠰᠲ᠋ᠧᠮ ᠢᠲᠡᠭᠦᠯᠳᠡᠷᠵᠢᠭᠦᠯᠵᠦ᠍᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠶ᠋ᠢ ᠪᠠᠢᠩᠭᠤᠵᠢᠭᠤᠯᠤᠨ ᠰᠠᠢᠲᠤᠷ ᠠᠳᠭᠤᠵᠤ᠂ ᠴᠢᠨᠠᠷ ᠰᠠᠢᠲᠠᠶ ᠡᠮᠴᠢᠯᠡᠭᠡᠨ᠎ᠦ ᠡᠬᠢ ᠪᠠᠶᠠᠯᠢᠭ᠎ᠤᠨ ᠪᠠᠭ᠍ᠲᠠᠭᠠᠮᠵᠢ᠎ᠶ᠋ᠢ ᠥᠷᠭᠡᠳᠭᠡᠬᠦ᠌ ᠪᠠ ᠣᠷᠣᠨ ᠪᠦᠰᠡ᠎ᠶ᠋ᠢ ᠲᠡᠩᠴᠡᠭᠦᠷᠢᠲᠡᠶ ᠪᠠᠢᠷᠢᠯᠠᠭᠤᠯᠬᠤ᠎ᠶ᠋ᠢ ᠲᠦᠷᠭᠡᠳᠭᠡᠵᠦ᠍᠂ ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ )᠎ᠶ᠋ᠢ ᠤᠯᠠᠮᠵᠢᠯᠠᠨ ᠱᠢᠨ᠎ᠡ᠎ᠶ᠋ᠢ ᠡᠭᠦᠳᠴᠦ᠍᠂ ᠡᠷᠡᠭᠦᠯ ᠡᠩᠬᠡ ᠥᠪᠥᠷ ᠮᠣᠩᠭᠣᠯ᠎ᠢ ᠪᠥᠲᠥᠭᠡᠨ ᠪᠠᠢᠭᠤᠯᠤᠨ᠎ᠠ᠃ ᠬᠣᠲᠠ᠎ᠶ᠋ᠢᠨ ᠬᠡᠪᠴᠢᠶᠡᠨ᠎ᠦ ᠨᠡᠢᠭᠡᠮ᠎ᠦᠨ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢ ᠠᠬᠢᠭᠤᠯᠵᠤ᠂ ᠬᠣᠲᠠ ᠬᠥᠳᠡᠭᠡ᠎ᠶ᠋ᠢᠨ ᠨᠡᠢᠭᠡᠮ ᠲᠣᠭᠣᠷᠢᠭ᠎ᠤᠨ ᠵᠠᠰᠠᠯᠲᠠ ᠪᠠ ᠦᠢᠯᠡᠴᠢᠯᠡᠭᠡᠨ᠎ᠦ ᠱᠢᠰᠲ᠋ᠧᠮ᠎ᠦᠨ ᠪᠠᠢᠭᠤᠯᠤᠯᠲᠠ᠎ᠶ᠋ᠢ ᠴᠢᠩᠭᠠᠳᠭᠠᠵᠤ᠂ ᠬᠥᠮᠦᠨ ᠪᠦᠬᠦᠨ ᠬᠠᠷᠢᠭᠤᠴᠠᠯᠭ᠎ᠠ᠎ᠲᠠᠶ᠂ ᠬᠥᠮᠦᠨ ᠪᠦᠬᠦᠨ ᠬᠠᠷᠢᠭᠤᠴᠠᠯᠭ᠎ᠠ᠎ᠪᠠᠨ ᠭᠦᠢᠴᠡᠳᠭᠡᠬᠦ᠌᠂ ᠬᠥᠮᠦᠨ ᠪᠦᠬᠦᠨ ᠡᠳ᠋ᠯᠡᠬᠦ᠌ ᠨᠡᠢᠭᠡᠮ᠎ᠦᠨ ᠵᠠᠰᠠᠯᠲᠠ᠎ᠶ᠋ᠢᠨ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠣ ᠬᠡᠷᠡᠭᠳᠡᠢ᠃
(ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠸ᠎ᠠ ᠠᠵᠤ ᠠᠬᠤᠶ ᠰᠤᠳᠤᠯᠬᠣ ᠲᠥᠪ᠎ᠦᠨ ᠰᠣᠳᠣᠯᠭᠠᠨᠦ ᠰᠡᠳᠦᠪ᠎ᠦᠨ ᠳᠤᠭᠤᠢᠯᠠᠩ)