ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠥᠷ ᠮᠣᠩᠭᠣᠯ᠎ᠤᠨ ᠤᠷᠠᠯᠢᠭ ᠵᠦᠴᠦᠭᠡ ᠵᠢᠨ ᠬᠦᠷᠢᠶᠡᠯᠡᠩ᠎ᠳᠦ ᠤᠬᠠᠭᠤᠯᠤᠨ ᠲᠠᠢᠯᠪᠤᠷᠢᠯᠠᠪᠠ
2021-12-25 21:10:49
ᠵᠣᠬᠢᠶᠠᠭ᠍ᠴᠢ᠄
ᠹᠸᠨᠭ ᠰᠢᠤᠸᠠᠢ ᠢᠤᠢ
ᠣᠩᠱᠢᠭ᠍ᠰᠠᠨ ᠣᠳᠠᠭ᠎ᠠ᠄
★★★☆☆

12 ᠰᠠᠷ᠎ᠠ ᠵᠢᠨ 21᠎ᠤ᠋ ᠡᠳᠦᠷ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠥᠷ ᠮᠣᠩᠭᠣᠯ᠎ᠤᠨ ᠤᠷᠠᠯᠢᠭ ᠵᠦᠴᠦᠭᠡ᠎ᠶ᠋ᠢᠨ ᠬᠦᠷᠢᠶᠡᠯᠡᠩ᠎ᠳᠦ ᠭᠦᠨᠵᠡᠭᠡᠢᠷᠡᠨ ᠤᠬᠠᠭᠤᠯᠤᠨ ᠲᠠᠢᠯᠪᠤᠷᠢᠯᠠᠪᠠ ᠃

ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠬᠡᠰᠢᠬᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ ᠎ᠦᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠺᠢᠨᠣ᠋᠎ᠶ᠋ᠢᠨ ᠲᠣᠪᠴᠢᠶ᠎ᠠ ᠵᠢᠨ ᠳᠠᠷᠤᠭ᠎ᠠ ᠦᠨᠡᠨᠴᠢ 《ᠨᠠᠮ᠎ᠤᠨ ᠠᠷᠪᠠ ᠶᠢᠰᠦᠳᠦᠭᠡᠷ ᠬᠤᠭᠤᠴᠠᠭᠠᠨ ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠤ ᠬᠤᠷᠠᠯ᠎ᠤᠨ ᠵᠣᠷᠢᠭ ᠰᠠᠨᠠᠭ᠎ᠠ᠎ᠶ᠋ᠢ ᠮᠠᠨ᠎ᠤ ᠣᠷᠣᠨ᠎ᠳᠤ ᠪᠤᠳᠠᠳᠠᠢᠵᠢᠭᠤᠯᠤᠨ ᠦᠢᠯᠡᠳᠦᠯᠭᠡᠵᠢᠬᠦᠯᠬᠦ ᠎ᠶ᠋ᠢ ᠯᠠᠪᠳᠠᠭᠤᠨ ᠪᠠᠲᠤᠲᠠᠶ ᠠᠬᠢᠭᠤᠯᠤᠶ᠎ᠠ》 ᠭᠡᠬᠦ᠌ ᠰᠡᠳᠦᠪ ᠵᠢᠡᠷ ᠪᠦᠬᠦ᠌ ᠲᠠᠯ᠎ᠠ ᠪᠠ ᠪᠠᠢᠯᠳᠤᠬᠤ ᠪᠤᠳᠤᠯᠭ᠎ᠠ ᠎ᠶ᠋ᠢᠨ ᠦᠨᠳᠦᠷᠴᠡ ᠡᠴᠡ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠢ ᠲᠠᠨᠢᠬᠤ᠂ ᠨᠠᠮ ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭᠠᠨ᠎ᠤ ᠪᠠᠶᠠᠯᠢᠭ ᠠᠭᠤᠯᠤᠭ᠍ᠳᠠᠬᠤᠨ ᠪᠠ ᠭᠤᠤᠯ ᠴᠢᠬᠤᠯᠠ ᠠᠭᠤᠯᠭ᠎ᠠ ᠎ᠶ᠋ᠢ ᠭᠦᠨᠵᠡᠭᠡᠶ ᠣᠢᠯᠠᠭᠠᠬᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠎ᠶ᠋ᠢ ᠥᠪᠥᠷ ᠮᠣᠩᠭᠣᠯ᠎ᠳᠤ ᠪᠣᠳᠠᠲᠠᠢᠵᠢᠭᠤᠯᠬᠤ ᠵᠢ ᠯᠠᠪᠳᠠᠭᠤᠨ ᠪᠠᠲᠤᠲᠠᠶ ᠠᠬᠢᠭᠤᠯᠬᠤ ᠲᠤᠭᠤᠷᠢᠨ ᠳ᠋ᠤ ᠪᠥᠬᠥᠳᠡ ᠬᠤᠷᠠᠯ᠎ᠤᠨ ᠵᠣᠷᠢᠭ ᠰᠠᠨᠠᠭ᠎ᠠ ᠎ᠶ᠋ᠢ ᠱᠢᠰᠲ᠋ᠧᠮ ᠲᠠᠢ ᠲᠠᠢᠯᠪᠤᠷᠢᠯᠡᠨ ᠭᠦᠨᠵᠡᠭᠡᠶ ᠲᠠᠢᠯᠪᠤᠷᠢᠯᠠᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠬᠤ ᠦᠵᠡᠯ ᠰᠠᠨᠠᠭᠠᠨ᠎ᠤ ᠤᠬᠠᠮᠰᠠᠷ᠂ ᠤᠯᠤᠰ ᠲᠦᠷᠦ᠍  ᠎ᠶ᠋ᠢᠨ ᠤᠬᠠᠮᠰᠠᠷ᠂ ᠦᠢᠯᠡ ᠠᠵᠢᠯᠯᠠᠭ᠎ᠠ ᠵᠢᠨ ᠤᠬᠠᠮᠰᠠᠷ᠎ᠢ ᠤᠯᠠᠮ ᠨᠢᠭᠡ ᠠᠯᠬᠤᠮ ᠴᠢᠩᠭᠠᠳᠬᠠᠨ᠂ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠎ᠶ᠋ᠢ ᠬᠦᠨᠵᠡᠬᠡᠢᠷᠡᠬᠦᠯᠵᠤ ᠪᠤᠳᠠᠳᠠᠢᠵᠢᠭᠤᠯᠬᠤ ᠵᠢ ᠠᠬᠢᠭᠤᠯᠪᠠ ᠃

ᠤᠬᠠᠭᠤᠯᠤᠨ ᠲᠠᠢᠯᠪᠤᠷᠢᠯᠠᠬᠤ ᠎ᠶ᠋ᠢ ᠰᠣᠨᠣᠰᠤᠭ᠍ᠰᠠᠨ ᠎ᠤ ᠳᠠᠷᠠᠭ᠎ᠠ᠂ ᠥᠪᠥᠷ ᠮᠣᠩᠭᠣᠯ ᠎ᠤᠨ ᠤᠷᠠᠯᠢᠭ ᠵᠦᠴᠦᠭᠡ᠎ᠶ᠋ᠢᠨ ᠬᠦᠷᠢᠶᠡᠯᠡᠩ᠎ᠦᠨ ᠼᠢᠷᠺ᠎ᠦᠨ ᠪᠦᠯᠬᠦᠮ᠎ᠦᠨ ᠳᠠᠷᠤᠭ᠎ᠠ ᠲᠠᠨ᠎ᠠ᠄《ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠦᠵᠡᠯ ᠰᠠᠨᠠᠭᠠᠨ᠎ᠤ ᠠᠭᠤᠯᠤᠭ᠍ᠳᠠᠬᠤᠨ᠂ ᠮᠡᠳᠡᠯᠭᠡ᠎ᠶ᠋ᠢᠨ ᠠᠭᠤᠯᠤᠭ᠍ᠳᠠᠬᠤᠨ ᠲᠤᠢᠯ᠎ᠤᠨ ᠡᠯᠪᠡᠭ ᠪᠠᠶᠠᠯᠢᠭ ᠪᠠᠢᠵᠤ᠂ ᠲᠤᠢᠯ᠎ᠤᠨ ᠴᠢᠬᠤᠯᠠ ᠶᠡᠬᠡ ᠠᠴᠢ ᠬᠣᠯᠪᠣᠭ᠍ᠳᠠᠯ ᠲᠠᠢ᠂ ᠲᠤᠢᠯ᠎ᠤᠨ ᠭᠦᠨ ᠭᠦᠨᠵᠡᠭᠡᠢ ᠨᠥᠯᠥᠭᠡ ᠦᠢᠯᠡᠳᠤᠯ ᠲᠠᠢ ᠶᠤᠮ ᠃ ᠪᠢᠳᠡ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠵᠢ ᠰᠠᠢᠲᠤᠷ ᠰᠤᠷᠤᠯᠴᠠᠨ᠂ ᠰᠠᠢᠲᠤᠷ ᠤᠬᠠᠭᠤᠯᠵᠤ᠂ ᠰᠠᠢᠲᠤᠷ ᠲᠤᠭᠤᠱᠢᠯᠠᠭᠤᠯᠬᠤ ᠵᠢ ᠣᠳᠣᠬᠠᠨ ᠪᠠ ᠬᠣᠢᠱᠢᠳᠠ ᠵᠢᠨ ᠨᠢᠭᠡ ᠬᠤᠭᠤᠴᠠᠭᠠᠨ᠎ᠤ ᠠᠵᠢᠯ ᠎ᠤᠨ ᠳᠤᠮᠳᠠᠬᠢ ᠴᠢᠬᠤᠯᠠ ᠶᠡᠬᠡ ᠤᠯᠤᠰ ᠲᠦᠷᠦ᠍᠎ᠶ᠋ᠢᠨ ᠡᠭᠦᠷᠭᠡ ᠪᠠᠨ ᠪᠣᠯᠭᠠᠨ᠎ᠠ᠃ ᠪᠢᠳᠡ ᠨᠠᠮ ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠤᠯᠤᠰ ᠲᠥᠷᠥ ᠎ᠶ᠋ᠢᠨ ᠤᠬᠠᠮᠰᠠᠷ ᠎ᠢᠶᠠᠨ ᠴᠢᠩᠭᠠᠳᠭᠠᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠬᠤ᠎ᠶ᠋ᠢ ᠰᠢ ᠵᠢᠨ ᠫᠢᠩ᠎ᠦᠨ ᠱᠢᠨ᠎ᠡ ᠴᠠᠭ ᠦᠶ᠎ᠡ ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ ᠎ᠤᠨ ᠦᠵᠡᠯ ᠰᠠᠨᠠᠭ᠎ᠠ ᠪᠣᠯᠤᠨ ᠶᠡᠷᠤᠩᠬᠡᠢ ᠱᠦᠵᠢ ᠰᠢ ᠵᠢᠨ ᠫᠢᠩ ᠎ᠤᠨ〈 7·1〉᠎ᠤ᠋ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠲᠠᠶ ᠤᠶᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠤᠳᠭ᠎ᠠ ᠤᠷᠠᠯᠢᠭ᠎ᠤᠨ᠎ᠬᠢᠨ᠎ᠦ ᠬᠣᠯᠪᠣᠭ᠎ᠠ᠂ ᠤᠳᠭ᠎ᠠ ᠤᠷᠠᠯᠢᠭ᠎ᠤᠨ ᠠᠵᠢᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠲᠠᠶ ᠤᠶᠠᠯᠳᠤᠭᠤᠯᠤᠨ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠲᠡᠶ ᠤᠶᠠᠯᠳᠤᠭᠤᠯᠵᠤ ᠂ ᠤᠳᠭ᠎ᠠ ᠤᠷᠠᠯᠢᠭ᠎ᠤᠨ ᠡᠲᠡᠭᠡᠳ᠎ᠲᠦ ᠰᠤᠷᠤᠯᠴᠠᠨ ᠲᠤᠭᠤᠱᠢᠯᠠᠭᠤᠯᠬᠤ ᠬᠠᠯᠠᠭᠤᠨ ᠥᠷᠨᠢᠯᠲᠡ ᠭᠠᠷᠭᠠᠨ᠎ᠠ ᠃ ᠨᠠᠮ ᠎ᠤᠨ ᠡᠭᠦᠷ ᠎ᠢᠶᠡᠷ ᠭᠤᠤᠯᠳᠠᠯᠭ᠎ᠠ ᠪᠣᠯᠭᠠᠨ᠂ ᠪᠥᠬᠥᠳᠡ ᠬᠤᠷᠠᠯ ᠎ᠤᠨ ᠵᠣᠷᠢᠭ ᠰᠠᠨᠠᠭ᠎ᠠ ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ᠎ᠶ᠋ᠢ ᠰᠠᠢᠲᠤᠷ ᠠᠳᠭᠤᠵᠤ᠂ ᠰᠤᠷᠤᠯᠴᠠᠨ ᠲᠤᠭᠤᠱᠢᠯᠠᠭᠤᠯᠬᠤ ᠳᠤᠮᠳᠠ ᠡᠮᠦᠨ᠎ᠡ ᠨᠢ ᠬᠣᠱᠢᠭᠤᠷᠠᠨ ᠥᠯᠢᠭᠡᠷ ᠳᠠᠭᠤᠷᠢᠶᠠᠯ ᠪᠣᠯᠬᠤ ᠪᠠᠷ ᠴᠢᠷᠮᠠᠢᠵᠤ ᠂ 〈ᠬᠣᠶᠠᠷ ᠎ᠢ ᠬᠠᠮᠠᠭᠠᠯᠠᠬᠤ〉 ᠵᠢ ᠼᠢᠷᠺ ᠎ᠦᠨ ᠦᠶ᠋ᠯᠡᠰ ᠎ᠦᠨ ᠡᠯ᠎ᠡ ᠲᠠᠯ᠎ᠠ᠎ᠶ᠋ᠢᠨ ᠠᠵᠢᠯ ᠎ᠳᠤ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ ᠂ ᠼᠢᠷᠺ ᠤᠷᠠᠯᠢᠭ᠎ᠤᠨ ᠦᠷᠭᠦᠯᠵᠢᠯᠡᠨ ᠴᠢᠨᠠᠷ ᠰᠠᠢᠲᠠᠶ ᠪᠡᠷ ᠬᠥᠭ᠌ᠵᠢᠬᠦ᠌ ᠎ᠶ᠋ᠢ ᠯᠠᠪᠳᠠᠭᠤᠨ ᠪᠠᠲᠤᠲᠠᠶ ᠠᠬᠢᠭᠤᠯᠬᠤ ᠪᠡᠷ ᠴᠢᠷᠮᠠᠢᠨ᠎ᠠ》 ᠭᠡᠵᠠᠢ ᠃

ᠥᠪᠥᠷ ᠮᠣᠩᠭᠣᠯ᠎ᠤᠨ ᠤᠷᠠᠯᠢᠭ ᠵᠦᠴᠦᠭᠡ᠎ᠶ᠋ᠢᠨ ᠬᠦᠷᠢᠶᠡᠯᠡᠩ᠎ᠦᠨ ᠡᠯ ᠷᠧᠨ᠎ᠲᠡᠶ ᠤᠷᠠᠯᠢᠭ᠎ᠤᠨ ᠪᠦᠯᠬᠦᠮ᠎ᠦᠨ ᠲᠣᠭ᠍ᠯᠠᠭ᠍ᠴᠢ ᠸᠠᠩ ᠵᠠᠨ ᠱᠢᠨ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ ᠎ᠤ ᠳᠠᠷᠠᠭ᠎ᠠ᠄ 《ᠤᠳᠭ᠎ᠠ ᠤᠷᠠᠯᠢᠭ᠎ᠤᠨ ᠠᠵᠢᠯᠲᠠᠨ ᠪᠣᠯᠤᠭ᠍ᠰᠠᠨ᠎ᠤ ᠬᠤᠪᠢ ᠎ᠳᠤ᠂ ᠢᠲᠡᠭᠡᠯ ᠵᠣᠷᠢᠭ ᠵᠢᠡᠨ ᠪᠠᠲᠤᠳᠭᠠᠨ᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠬᠦ᠌ ᠎ᠶ᠋ᠢ ᠪᠠᠷᠢᠮᠲᠠᠯᠠᠵᠤ᠂ ᠡᠷᠬᠡᠪᠰᠢ ᠨᠠᠮ᠎ᠤᠨ ᠵᠠᠭᠤᠨ ᠵᠢᠯ᠎ᠦᠨ ᠲᠡᠦᠬᠡᠨ ᠶᠠᠪᠤᠴᠠ ᠡᠴᠡ ᠬᠦᠴᠦᠨ ᠴᠢᠳᠠᠯ ᠬᠦᠷᠲᠡᠨ᠂ ᠠᠷᠠᠳ ᠲᠦᠮᠡᠨ᠎ᠦ ᠠᠮᠢᠳᠤᠷᠠᠯ ᠡᠴᠡ ᠱᠢᠮ᠎ᠡ ᠲᠡᠵᠢᠭᠡᠯ ᠬᠦᠷᠲᠡᠵᠦ᠍᠂ ᠳᠤᠮᠳᠠᠳᠤ᠎ᠶ᠋ᠢᠨ ᠦᠨᠳᠦᠰᠦᠲᠡᠨ ᠎ᠦ ᠤᠯᠠᠮᠵᠢᠯᠠᠯᠲᠤ ᠰᠣᠶᠣᠯ ᠎ᠢ ᠤᠳᠭ᠎ᠠ ᠤᠷᠠᠯᠢᠭ ᠎ᠤᠨ ᠪᠦᠲᠦᠭᠡᠯ᠎ᠢᠶᠡᠷ ᠳᠠᠮᠵᠢᠭᠤᠯᠤᠨ ᠢᠯᠡᠷᠡᠭᠦᠯᠵᠦ᠍᠂ ᠠᠮᠢᠳᠤᠷᠠᠯ᠎ᠳᠤ ᠣᠢᠷᠠᠲᠤᠭ᠍ᠰᠠᠨ᠂ ᠠᠷᠠᠳ ᠲᠦᠮᠡᠨ᠎ᠳᠦ ᠣᠢᠷᠠᠲᠤᠭ᠍ᠰᠠᠨ ᠨᠡᠩ ᠤᠯᠠᠨ ᠤᠳᠭ᠎ᠠ ᠤᠷᠠᠯᠢᠭ᠎ᠤᠨ ᠪᠦᠲᠦᠭᠡᠯ᠎ᠢ ᠵᠣᠬᠢᠶᠠᠨ ᠪᠦᠲᠦᠭᠡᠨ᠎ᠡ》 ᠭᠡᠵᠠᠢ᠃

ᠥᠪᠥᠷ ᠮᠣᠩᠭᠣᠯ᠎ᠤᠨ ᠤᠷᠠᠯᠢᠭ ᠵᠦᠴᠦᠭᠡ᠎ᠶ᠋ᠢᠨ ᠬᠦᠷᠢᠶᠡᠯᠡᠩ᠂ ᠱᠢᠭᠤᠳ ᠬᠠᠷᠢᠶ᠎ᠠ ᠤᠯᠠᠭᠠᠨᠮᠥ᠋ᠴᠢᠷ᠎ᠦᠨ100 ᠭᠠᠷᠤᠢ ᠺᠠᠳ᠋ᠷ ᠠᠵᠢᠯᠳᠠᠨ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭᠰᠠᠨ ᠪᠠᠢᠨ᠎ᠠ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号